ᠪᠥᠲᠥᠭᠡᠨ ᠪᠠᠶᠢᠭᠤᠯᠤᠯᠲᠠ ᠶᠢᠨ ᠢᠨᠵᠧᠨᠧᠷᠢᠩ ᠤᠨ ᠠᠵᠤ ᠠᠬᠤᠶᠢᠯᠠᠯ ᠤᠨ ᠬᠢᠷᠢ ᠴᠢᠳᠠᠮᠵᠢ ᠪᠠᠷ ᠦᠨᠡᠮᠯᠡᠯ ᠰᠣᠯᠢᠬᠤ ᠬᠤᠯᠪᠣᠭᠳᠠᠯ ᠪᠥᠬᠦᠶ ᠠᠵᠢᠯ ᠤᠨ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠢᠩᠬᠢᠮ ᠤᠨ ᠰᠠᠨᠠᠭᠤᠯᠤᠮᠵᠢ
ᠨᠡᠶᠢᠲᠡᠯᠡᠭᠰᠡᠨ ᠴᠠᠭ᠄
2024/3/23
    ᠠᠵᠤ ᠠᠬᠤᠶᠢᠯᠠᠯ ᠳᠤ ᠠᠰᠢᠭ ᠬᠦᠷᠲᠡᠭᠡᠵᠦ ᠠᠷᠠᠳ ᠲᠤ ᠠᠰᠢᠭ ᠬᠦᠷᠲᠡᠭᠡᠬᠦ ᠵᠠᠷᠴᠢᠮ ᠶᠣᠰᠣᠭᠠᠷ᠂ ᠣᠶᠢᠷ᠎ᠠ ᠶᠢᠨ ᠬᠤᠭᠤᠴᠠᠭᠠᠨ ᠳᠤ ᠮᠠᠨ ᠤ ᠣᠷᠣᠨ ᠤ ᠪᠥᠲᠥᠭᠡᠨ ᠪᠠᠶᠢᠭᠤᠯᠤᠯᠲᠠ ᠶᠢᠨ ᠢᠨᠵᠧᠨᠧᠷᠢᠩ ᠤᠨ ᠠᠵᠤ ᠠᠬᠤᠶᠢᠯᠠᠯ ᠤᠨ ᠬᠢᠷᠢ ᠬᠡᠮ ᠤᠨ ᠦᠨᠡᠮᠯᠡᠯ ᠰᠣᠯᠢᠬᠤ ᠠᠵᠢᠯ ᠤᠨ ᠪᠣᠳᠠᠲᠤ ᠪᠠᠶᠢᠳᠠᠯ ᠲᠠᠢ ᠤᠶᠠᠯᠳᠤᠭᠤᠯᠤᠨ᠂ ᠮᠠᠨ ᠤ ᠲᠢᠩᠬᠢᠮ ᠤᠨ ᠰᠣᠯᠢᠵᠤ ᠣᠯᠭᠤᠬᠤ ᠬᠡᠪᠴᠢᠶᠡᠨ ᠳᠣᠲᠣᠷᠠᠬᠢ ᠢᠨᠵᠧᠨᠧᠷᠢᠩ ᠤᠨ ᠬᠠᠶᠢᠨ ᠪᠠᠶᠢᠴᠠᠭᠠᠬᠤ᠂ ᠢᠨᠵᠧᠨᠧᠷᠢᠩ ᠤᠨ ᠵᠢᠷᠤᠭ ᠲᠥᠯᠥᠪᠯᠡᠭᠡ᠂ ᠢᠨᠵᠧᠨᠧᠷᠢᠩ ᠤᠨ ᠦᠢᠯᠡᠰ ᠤᠨ ᠠᠵᠤ ᠠᠬᠤᠶᠢᠯᠠᠯ᠂ ᠢᠨᠵᠧᠨᠧᠷᠢᠩ ᠤᠨ ᠬᠢᠨᠠᠨ ᠬᠠᠮᠢᠶᠠᠷᠬᠤ ᠠᠵᠤ ᠠᠬᠤᠶᠢᠯᠠᠯ ᠤᠨ ᠬᠢᠷᠢ ᠬᠡᠮ᠂ ᠬᠢᠷᠢ ᠬᠡᠮ ᠤᠨ ᠦᠨᠡᠮᠯᠡᠯ ᠤᠨ ᠬᠦᠴᠦᠨ ᠲᠠᠢ ᠬᠤᠭᠤᠴᠠᠭ᠎ᠠ ᠨᠢ 2024 ᠣᠨ ᠤ 3 ᠳ᠋ᠤᠭᠠᠷ ᠰᠠᠷ᠎ᠠ ᠶᠢᠨ 31 ᠤ ᠡᠳᠦᠷ ᠠᠴᠠ ᠡᠮᠦᠨ᠎ᠡ ᠬᠤᠭᠤᠴᠠᠭ᠎ᠠ ᠨᠢ ᠳᠦᠭᠦᠷᠦᠭᠰᠡᠨ ᠪᠣᠯᠪᠠᠴᠤ ᠦᠨᠡᠮᠯᠡᠯ ᠰᠣᠯᠢᠬᠤ ᠭᠤᠶᠤᠴᠢᠯᠠᠯ ᠢᠶᠠᠨ ᠬᠠᠷᠠᠬᠠᠨ ᠲᠤᠰᠢᠶᠠᠭᠠᠳᠤᠢ ᠠᠵᠤ ᠠᠬᠤᠶᠢᠯᠠᠯ ᠮᠠᠨ ᠤ ᠲᠢᠩᠬᠢᠮ ᠤᠨ 2024 ᠣᠨ ᠤ 1 ᠳ᠋ᠦ᠋ᠭᠡᠷ ᠰᠠᠷ᠎ᠠ ᠶᠢᠨ 4 ᠤ ᠡᠳᠦᠷ ᠨᠡᠶᠢᠲᠡᠯᠡᠭᠰᠡᠨ ︽ᠬᠤᠯᠪᠣᠭᠳᠠᠯ ᠪᠥᠬᠦᠶ ᠪᠥᠲᠥᠭᠡᠨ ᠪᠠᠶᠢᠭᠤᠯᠤᠯᠲᠠ ᠶᠢᠨ ᠢᠨᠵᠧᠨᠧᠷᠢᠩ ᠤᠨ ᠠᠵᠤ ᠠᠬᠤᠶᠢᠯᠠᠯ ᠤᠨ ᠬᠢᠷᠢ ᠬᠡᠮ ᠤᠨ ᠦᠨᠡᠮᠯᠡᠯ ᠢ ᠰᠣᠯᠢᠵᠤ ᠠᠪᠬᠤ ᠠᠵᠢᠯ ᠢ ᠰᠠᠶᠢᠲᠤᠷ ᠬᠢᠬᠦ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠢᠩᠬᠢᠮ ᠤᠨ ᠮᠡᠳᠡᠭᠳᠡᠯ︾ ︵ᠥᠪᠥᠷ ᠪᠥᠲᠥᠭᠡᠨ ᠵᠠᠰᠠᠭ ᠵᠠᠬᠢᠳᠠᠯ ﹇2024﹈ 4 ᠳ᠋ᠤᠭᠡᠷ ᠲᠣᠭᠠᠲᠤ︶ ᠤᠨ ᠱᠠᠭᠠᠷᠳᠠᠯᠭ᠎ᠠ ᠶᠣᠰᠣᠭᠠᠷ᠂ 2024 ᠣᠨ ᠤ 3 ᠳ᠋ᠤᠭᠠᠷ ᠰᠠᠷ᠎ᠠ ᠶᠢᠨ 31 ᠤ ᠡᠳᠦᠷ ᠠᠴᠠ ᠡᠮᠦᠨ᠎ᠡ ᠦᠨᠡᠮᠯᠡᠯ ᠰᠣᠯᠢᠬᠤ ᠭᠤᠶᠤᠴᠢᠯᠠᠯ ᠢᠶᠠᠨ ᠲᠤᠰᠢᠶᠠᠵᠤ᠂ ᠲᠣᠰ ᠬᠢᠷᠢ ᠬᠡᠮ ᠤᠨ ᠲᠥᠷᠥᠯ ᠵᠦᠢᠯ ᠨᠢ 2024 ᠣᠨ ᠤ 1 ᠳ᠋ᠦ᠋ᠭᠡᠷ ᠰᠠᠷ᠎ᠠ ᠶᠢᠨ 31 ᠤ ᠡᠳᠦᠷ ᠠᠴᠠ ᠦᠨᠡᠮᠯᠡᠯ ᠰᠣᠯᠢᠬᠤ ᠠᠯᠪᠠᠨ ᠵᠠᠷ ᠠᠴᠠ ᠡᠮᠦᠨ᠎ᠡ ᠬᠦᠴᠦᠨ ᠥᠬᠡᠶ ᠪᠣᠯᠤᠨ᠎ᠠ᠃ ᠦᠨᠡᠮᠯᠡᠯ ᠰᠣᠯᠢᠬᠤ ᠴᠢᠬᠤᠯᠠᠲᠠᠶ ᠠᠵᠤ ᠠᠬᠤᠶᠢᠯᠠᠯ ᠨᠢ ᠦᠨᠡᠮᠯᠡᠯ ᠰᠣᠯᠢᠬᠤ ᠭᠤᠶᠤᠴᠢᠯᠠᠯ ᠢᠶᠠᠨ ᠴᠠᠭ ᠲᠤᠬᠠᠶ ᠳᠤᠨᠢ ᠲᠤᠰᠢᠶᠠᠬᠤ  ᠶᠢᠨ ᠬᠠᠮᠲᠤ᠂ ᠦᠨᠡᠮᠯᠡᠯ ᠰᠣᠯᠢᠬᠤ ᠴᠢᠬᠤᠯᠠᠲᠠᠶ ᠪᠣᠯᠪᠠᠴᠤ ᠬᠦᠴᠦᠨ ᠲᠠᠢ ᠬᠤᠭᠤᠴᠠᠭ᠎ᠠ ᠨᠢ ᠬᠠᠷᠠᠬᠠᠨ ᠳᠠᠭᠤᠰᠤᠭᠠᠳᠤᠶ ᠠᠵᠤ ᠠᠬᠤᠶᠢᠯᠠᠯ ᠨᠢ ᠦᠨᠡᠮᠯᠡᠯ ᠤᠨ ᠮᠡᠳᠡᠭᠡ ᠵᠠᠩᠭᠢ ᠶᠢ ᠴᠠᠭ ᠲᠤᠬᠠᠶ ᠳᠤᠨᠢ ᠠᠩᠬᠠᠷᠴᠤ᠂ ᠡᠷᠬᠡᠪᠰᠢ ᠦᠨᠡᠮᠯᠡᠯ ᠤᠨ ᠬᠦᠴᠦᠨ ᠲᠠᠢ ᠬᠤᠭᠤᠴᠠᠭ᠎ᠠ ᠨᠢ ᠳᠠᠭᠤᠰᠬᠤ ᠠᠴᠠ ᠡᠮᠦᠨ᠎ᠡ ᠦᠨᠡᠮᠯᠡᠯ ᠰᠣᠯᠢᠬᠤ ᠭᠤᠶᠤᠴᠢᠯᠠᠯ ᠢᠶᠠᠨ ᠲᠤᠰᠢᠶᠠᠬᠤ ᠬᠡᠷᠡᠭᠲᠡᠶ᠂ 2024 ᠣᠨ ᠤ 3 ᠰᠠᠷ᠎ᠠ ᠶᠢᠨ 31 ᠤ ᠡᠳᠦᠷ ᠠᠴᠠ ᠳᠠᠷᠠᠭ᠎ᠠ ᠮᠠᠨ ᠤ ᠣᠷᠣᠨ ᠤ ᠡᠯ᠎ᠡ ᠱᠠᠲᠤᠨ ᠤ ᠪᠥᠲᠥᠭᠡᠨ ᠪᠠᠶᠢᠭᠤᠯᠤᠯᠲᠠ ᠶᠢᠨ ᠢᠨᠵᠧᠨᠧᠷᠢᠩ ᠤᠨ ᠠᠵᠤ ᠠᠬᠤᠶᠢᠯᠠᠯ ᠤᠨ ᠬᠢᠷᠢ ᠬᠡᠮ ᠢ ᠬᠢᠨᠠᠨ ᠵᠥᠪᠰᠢᠶᠡᠷᠡᠬᠦ ᠰᠠᠯᠠᠭ᠎ᠠ ᠮᠥᠴᠢᠷ ᠠᠴᠠ ᠬᠦᠴᠦᠨ ᠲᠠᠢ ᠬᠤᠭᠤᠴᠠᠭ᠎ᠠ ᠳᠦᠭᠦᠷᠦᠭᠰᠡᠨ ᠬᠢᠷᠢ ᠬᠡᠮ ᠤᠨ ᠦᠨᠡᠮᠯᠡᠯ ᠰᠣᠯᠢᠬᠤ ᠭᠤᠶᠤᠴᠢᠯᠠᠯ ᠢ ᠳᠠᠭᠢᠵᠤ ᠭᠥᠯᠢᠶᠡᠨ ᠠᠪᠴᠤ ᠰᠢᠢᠳᠪᠦᠷᠢᠯᠡᠬᠦ ᠥᠬᠡᠶ᠃     2024 ᠣᠨ ᠤ 3 ᠳ᠋ᠤᠭᠠᠷ ᠰᠠᠷ᠎ᠠ ᠶᠢᠨ 18 ᠤ ᠡᠳᠦᠷ 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠢᠩᠬᠢᠮ
Baidu
map