ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠢᠩᠬᠢᠮ ᠨᠠᠮ ᠤᠨ ᠤᠳᠤᠷᠢᠳᠬᠤ ᠳᠤᠭᠤᠶᠢᠯᠠᠩ ︵ᠥᠷᠭᠡᠳᠬᠡᠭᠰᠡᠨ︶ ᠤᠨ ᠬᠤᠷᠠᠯ ᠵᠢᠴᠢ ᠲᠢᠩᠬᠢᠮ ᠤᠨ ᠪᠠᠶᠢᠭᠤᠯᠤᠯᠭ᠎ᠠ ᠶᠢᠨ ᠨᠠᠮ ᠤᠨ ᠪᠠᠶᠢᠭᠤᠯᠤᠯᠲᠠ ᠶᠢᠨ ᠠᠵᠢᠯ ᠤᠨ ᠤᠳᠤᠷᠢᠳᠬᠤ ᠳᠤᠭᠤᠶᠢᠯᠠᠩ ᠤᠨ ᠬᠤᠷᠠᠯ ᠬᠤᠷᠠᠯᠳᠤᠭᠤᠯᠵᠤ ᠲᠢᠩᠬᠢᠮ ᠤᠨ ᠰᠢᠰᠲ᠋ᠧᠮ ᠤᠨ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ
ᠨᠡᠶᠢᠲᠡᠯᠡᠭᠰᠡᠨ ᠴᠠᠭ᠄
2024/4/17
    4 ᠳ᠋ᠤᠭᠡᠷ ᠰᠠᠷ᠎ᠠ ᠶᠢᠨ 12 ᠤᠨ ᠡᠳᠦᠷ᠂ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠢᠩᠬᠢᠮ ᠨᠠᠮ ᠤᠨ ᠤᠳᠤᠷᠢᠳᠬᠤ ᠳᠤᠭᠤᠶᠢᠯᠠᠩ ︵ᠥᠷᠭᠡᠳᠬᠡᠭᠰᠡᠨ︶ ᠤᠨ ᠬᠤᠷᠠᠯ ᠵᠢᠴᠢ ᠲᠢᠩᠬᠢᠮ ᠤᠨ ᠪᠠᠶᠢᠭᠤᠯᠤᠯᠭ᠎ᠠ ᠶᠢᠨ ᠨᠠᠮ ᠤᠨ ᠪᠠᠶᠢᠭᠤᠯᠤᠯᠲᠠ ᠶᠢᠨ ᠠᠵᠢᠯ ᠤᠨ ᠤᠳᠤᠷᠢᠳᠬᠤ ᠳᠤᠭᠤᠶᠢᠯᠠᠩ ᠤᠨ ᠬᠤᠷᠠᠯ ᠬᠤᠷᠠᠯᠳᠤᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠣᠶᠢᠷ᠎ᠠ ᠶᠢᠨ ᠬᠤᠭᠤᠴᠠᠭᠠᠨ ᠤ ᠴᠢᠬᠤᠯᠠ ᠶᠠᠷᠢᠶ᠎ᠠ᠂ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ᠂ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠦᠬᠦᠢ ᠬᠤᠷᠠᠯ ᠪᠠ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠲᠤᠭᠤᠰᠢᠯᠠᠭᠤᠯᠤᠨ ᠨᠠᠶᠢᠳᠠᠪᠦᠷᠢᠵᠢᠭᠤᠯᠪᠠ᠃ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠢᠩᠬᠢᠮ ᠤᠨ ᠳᠠᠷᠤᠭ᠎ᠠ ᠭᠦᠸᠧ ᠢᠦᠢ ᠹᠧᠩ ᠬᠤᠷᠠᠯ ᠡᠷᠭᠢᠯᠡᠪᠡ᠃
W020240415332249858770.png
    ᠬᠤᠷᠠᠯ ᠠᠴᠠ᠂ ᠲᠥᠪ ᠤᠨ ᠨᠠᠮ ᠤᠨ ᠪᠠᠶᠢᠭᠤᠯᠤᠯᠲᠠ ᠶᠢᠨ ᠠᠵᠢᠯ ᠤᠨ ᠤᠳᠤᠷᠢᠳᠬᠤ ᠳᠤᠭᠤᠶᠢᠯᠠᠩ ᠤᠨ ᠬᠤᠷᠠᠯ ᠤᠨ ᠵᠣᠷᠢᠭ ᠰᠠᠨᠠᠭ᠎ᠠ ᠪᠣᠯᠣᠨ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠠᠯᠪᠠᠨ ᠲᠢᠩᠬᠢᠮ ᠤᠨ ︽ᠪᠦᠬᠦ ᠨᠠᠮ ᠤᠨ ᠳᠣᠲᠣᠷ᠎ᠠ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠥᠷᠨᠢᠭᠦᠯᠬᠦ ᠲᠤᠬᠠᠢ ᠮᠡᠳᠡᠭᠳᠡᠯ︾ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠲᠢᠩᠬᠢᠮ ᠤᠨ ᠰᠢᠰᠲ᠋ᠧᠮ ᠤᠨ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃ ᠤᠯᠤᠰ ᠲᠦᠷᠦ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠬᠠᠷᠠᠯᠲᠠ ᠱᠠᠭᠠᠷᠳᠠᠯᠭ᠎ᠠ ᠶᠢ ᠣᠨᠣᠪᠴᠢᠲᠠᠢ ᠡᠵᠡᠮᠳᠡᠵᠦ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢᠶᠠᠷ ᠳᠠᠮᠵᠢᠭᠤᠯᠵᠤ᠂ ︽ᠬᠤᠶᠠᠷ ᠢ ᠲᠤᠭᠳᠠᠭᠠᠭᠰᠠᠨ︾ ᠤ ᠰᠢᠢᠳᠪᠦᠷᠢᠯᠡᠭᠴᠢ ᠴᠢᠨᠠᠷᠲᠠᠢ ᠠᠴᠢ ᠬᠤᠯᠪᠣᠭᠳᠠᠯ ᠢ ᠭᠦᠨᠵᠡᠭᠡᠢ ᠣᠶᠢᠯᠠᠭᠠᠵᠤ᠂ ︽ᠬᠤᠶᠠᠷ ᠢ ᠬᠦᠷᠢᠶᠡᠯᠡᠬᠦ︾ ᠶᠢ ᠡᠷᠡᠰ ᠪᠡᠶᠡᠯᠡᠭᠦᠯᠵᠦ᠂ ᠤᠬᠠᠮᠰᠠᠷ ᠠᠴᠠ ᠪᠠᠨ ᠤᠯᠤᠰ ᠲᠦᠷᠦ ᠶᠢᠨ ᠵᠣᠭᠰᠣᠯᠲᠠ᠂ ᠤᠯᠤᠰ ᠲᠦᠷᠦ ᠶᠢᠨ ᠴᠢᠭᠯᠡᠯ᠂ ᠤᠯᠤᠰ ᠲᠦᠷᠦ ᠶᠢᠨ ᠵᠠᠷᠴᠢᠮ᠂ ᠤᠯᠤᠰ ᠲᠦᠷᠦ ᠶᠢᠨ ᠵᠠᠮ ᠳᠡᠭᠡᠷ᠎ᠡ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶ᠎ᠠ ᠲᠠᠢ ᠳᠡᠭᠡᠳᠦ ᠬᠡᠮᠵᠢᠶ᠎ᠡ ᠪᠠᠷ ᠨᠢᠭᠡᠳᠦᠯᠲᠡᠢ ᠪᠠᠶᠢᠬᠤ ᠬᠡᠷᠡᠭᠲᠡᠢ᠃ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠥᠷᠨᠢᠭᠦᠯᠬᠦ ᠶᠢ ᠴᠢᠬᠤᠯᠠ ᠶᠡᠭᠡ ᠤᠯᠤᠰ ᠲᠥᠷᠥ ᠶᠢᠨ ᠡᠭᠦᠷᠭᠡ ᠪᠣᠯᠭᠠᠵᠤ᠂ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ  ᠪᠠᠨ ᠴᠢᠩᠭᠠᠳᠬᠠᠵᠤ᠂ ᠨᠠᠷᠢᠨ ᠨᠢᠮᠪᠠᠢ ᠵᠣᠬᠢᠶᠠᠨ ᠪᠠᠶᠢᠭᠤᠯᠵᠤ᠂ ᠨᠠᠷᠢᠨ ᠨᠢᠮᠪᠠᠢ ᠲᠣᠬᠢᠷᠠᠭᠤᠯᠵᠤ᠂ ᠬᠤᠶᠠᠷ ᠲᠠᠯ᠎ᠠ ᠶᠢ ᠠᠳᠬᠤᠵᠤ᠂ ᠬᠤᠶᠠᠷ ᠲᠠᠯ᠎ᠠ ᠶᠢ ᠠᠬᠢᠭᠤᠯᠬᠤ ᠶᠢ ᠪᠠᠷᠢᠮᠲᠠᠯᠠᠵᠤ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠲᠠᠯᠪᠢᠭᠰᠠᠨ ᠴᠢᠬᠤᠯᠠ ᠶᠠᠷᠢᠶ᠎ᠠ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠬᠤ ᠂ ᠥᠪᠡᠷᠲᠡᠭᠡᠨ ᠵᠠᠰᠠᠬᠤ ᠣᠷᠣᠨ ᠤ ︽ᠬᠤᠶᠠᠷ ᠶᠡᠭᠡ ᠶᠠᠪᠤᠳᠠᠯ︾ ᠢ ᠰᠠᠶᠢᠲᠤᠷ ᠬᠢᠬᠦ᠂ ᠣᠯᠠᠨ ᠲᠦᠮᠡᠨ ᠤ ᠳᠡᠷᠭᠡᠳᠡᠬᠢ ᠲᠥᠪ ᠪᠤᠰᠤ ᠰᠤᠷᠲᠠᠯ ᠪᠠ ᠢᠯᠵᠢᠷᠡᠯ ᠤᠨ ᠠᠰᠠᠭᠤᠳᠠᠯ ᠢ ᠴᠡᠭᠴᠡᠯᠡᠨ ᠵᠠᠰᠠᠬᠤ ᠂ ᠣᠨ ᠤ ᠭᠤᠣᠯᠳᠠᠯᠭ᠎ᠠ ᠲᠠᠢ ᠡᠭᠦᠷᠭᠡ ᠶᠢ ᠰᠠᠶᠢᠲᠤᠷ ᠠᠳᠬᠤᠬᠤ ᠲᠠᠢ ᠤᠶᠠᠯᠳᠤᠭᠤᠯᠵᠤ᠂ ︽ᠴᠢᠩᠭ᠎ᠠ︾ ᠪᠠ ︽ᠪᠣᠳᠠᠲᠠᠢ︾ ᠰᠤᠷᠲᠠᠯ ᠢ ᠢᠮᠠᠭᠲᠠ ᠲᠤᠭᠤᠰᠢᠯᠠᠭᠤᠯᠵᠤ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠦᠷ᠎ᠡ ᠪᠦᠲᠦᠮᠵᠢ ᠶᠢ ᠦᠨᠡᠨᠬᠦ ᠣᠷᠣᠨ ᠰᠠᠭᠤᠴᠠ ᠶᠢᠨ ᠪᠦᠲᠦᠭᠡᠨ ᠪᠠᠶᠢᠭᠤᠯᠤᠯᠲᠠ ᠶᠢᠨ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠦᠴᠦᠷᠬᠡᠭ ᠶᠡᠭᠡ ᠬᠥᠳᠡᠯᠭᠡᠬᠦ ᠬᠦᠴᠦᠨ ᠪᠣᠯᠭᠠᠨ ᠬᠤᠪᠢᠷᠠᠭᠤᠯᠬᠤ ᠬᠡᠷᠡᠭᠲᠡᠢ᠃ ᠰᠤᠷᠤᠯᠴᠠᠯᠭ᠎ᠠ ᠶᠢᠨ ᠭᠤᠣᠯᠳᠠᠯᠭ᠎ᠠ ᠶᠢ ᠠᠳᠬᠤᠵᠤ᠂ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠰᠠᠬᠢᠯᠭ᠎ᠠ ᠪᠠᠲᠤ ᠶᠢᠨ ᠰᠢᠢᠳᠬᠡᠯ ᠥᠭᠬᠦ ᠳᠦᠷᠢᠮ︾ ᠢ ᠰᠤᠷᠤᠯᠴᠠᠨ ᠲᠤᠭᠤᠰᠢᠯᠠᠭᠤᠯᠬᠤ ᠳᠡᠭᠡᠷ᠎ᠡ ᠬᠦᠴᠦ ᠣᠷᠣᠭᠤᠯᠤᠨ ᠦᠷ᠎ᠡ ᠪᠦᠲᠦᠮᠵᠢ ᠭᠠᠷᠭᠠᠵᠤ᠂ ᠳᠦᠷᠢᠮ ᠲᠣᠭᠲᠠᠭᠠᠯ ᠳᠠᠷᠠᠭᠠᠯᠠᠨ ᠰᠤᠷᠤᠯᠴᠠᠬᠤ᠂ ᠪᠣᠳᠠᠲᠠᠢ ᠲᠠᠢ ᠤᠶᠠᠯᠳᠤᠭᠤᠯᠤᠨ ᠰᠤᠷᠤᠯᠴᠠᠬᠤ ᠶᠢ ᠪᠠᠷᠢᠮᠲᠠᠯᠠᠵᠤ᠂ ᠲᠡᠭᠦᠨ ᠤ ᠭᠤᠣᠯ ᠵᠣᠷᠢᠯᠲᠠ ᠴᠢᠬᠤᠯᠠ ᠠᠭᠤᠯᠭ᠎ᠠ ᠪᠠ ᠲᠣᠭᠲᠠᠭᠠᠯ ᠤᠨ ᠱᠠᠭᠠᠷᠳᠠᠯᠭ᠎ᠠ ᠶᠢ ᠣᠨᠣᠪᠴᠢᠲᠠᠢ ᠡᠵᠡᠮᠰᠢᠵᠦ᠂ ᠰᠠᠬᠢᠯᠭ᠎ᠠ ᠪᠠᠲᠤ ᠶᠣᠰᠣ ᠳᠦᠷᠢᠮ ᠭᠡᠵᠤ ᠶᠠᠭᠤ ᠪᠣᠯᠬᠤ᠂ ᠶᠠᠭᠤ ᠬᠢᠵᠦ ᠪᠣᠯᠬᠤ᠂ ᠶᠠᠭᠤ ᠬᠢᠵᠦ ᠦᠯᠦ ᠪᠣᠯᠬᠤ ᠶᠢ ᠲᠣᠳᠣᠷᠬᠠᠢ ᠣᠶᠢᠯᠠᠭᠠᠵᠤ᠂ ᠨᠠᠮ ᠤᠨ ᠲᠣᠭᠲᠠᠭᠠᠯ ᠨᠠᠮ ᠤᠨ ᠰᠠᠬᠢᠯᠭ᠎ᠠ ᠪᠠᠲᠤ ᠪᠠᠷ ᠦᠵᠡᠯ ᠰᠠᠨᠠᠭ᠎ᠠ ᠪᠠ ᠦᠢᠯᠡ ᠠᠵᠢᠯᠯᠠᠭ᠎ᠠ ᠪᠠᠨ ᠴᠠᠭ ᠢᠮᠠᠭᠲᠠ ᠵᠠᠯᠠᠷᠠᠭᠤᠯᠵᠤ᠂ ᠨᠠᠮ ᠤᠨ ᠰᠠᠬᠢᠯᠭ᠎ᠠ ᠪᠠᠲᠤ ᠶᠢ ᠰᠤᠷᠤᠯᠴᠠᠬᠤ ᠶᠠᠪᠤᠴᠠ ᠶᠢ ᠦᠨᠡᠨ ᠬᠦ ᠰᠠᠬᠢᠯᠭ᠎ᠠ ᠪᠠᠲᠤ ᠶᠢᠨ ᠤᠬᠠᠮᠰᠠᠷ ᠢᠶᠠᠨ ᠴᠢᠩᠭᠠᠳᠬᠠᠬᠤ᠂ ᠨᠠᠮᠴᠢ ᠴᠢᠨᠠᠷ ᠤᠨ ᠪᠣᠯᠪᠠᠰᠤᠷᠠᠯ ᠢᠶᠠᠨ ᠳᠡᠭᠡᠭᠰᠢᠯᠡᠭᠦᠯᠬᠦ ᠶᠠᠪᠤᠴᠠ ᠪᠣᠯᠭᠠᠬᠤ ᠬᠡᠷᠡᠭᠲᠡᠢ᠃ ᠨᠠᠮ ᠤᠨ ᠭᠡᠰᠢᠭᠦᠨ᠂ ᠺᠠᠳ᠋ᠷᠴᠤᠳ ᠤᠨ ᠰᠠᠬᠢᠯᠭ᠎ᠠ ᠪᠠᠲᠤ ᠶᠢ ᠰᠤᠷᠤᠯᠴᠠᠬᠤ᠂ ᠰᠠᠬᠢᠯᠭ᠎ᠠ ᠪᠠᠲᠤ  ᠶᠢ ᠮᠡᠳᠡᠬᠦ᠂ ᠰᠠᠬᠢᠯᠭ᠎ᠠ ᠪᠠᠲᠤ  ᠶᠢ ᠤᠶᠢᠯᠠᠭᠠᠬᠤ᠂ ᠰᠠᠬᠢᠯᠭ᠎ᠠ ᠪᠠᠲᠤ  ᠶᠢ ᠰᠠᠬᠢᠬᠤ  ᠶᠢ ᠬᠥᠮᠥᠵᠢᠭᠦᠯᠦᠨ ᠬᠥᠲᠥᠯᠥᠨ ᠵᠢᠯᠤᠭᠤᠳᠴᠤ᠂ ᠤᠬᠠᠮᠰᠠᠷ ᠠᠴᠠ ᠪᠠᠨ ᠳᠦᠷᠢᠮ ᠲᠣᠭᠲᠠᠭᠠᠯ ᠢ ᠵᠢᠷᠤᠮᠯᠠᠨ ᠰᠠᠬᠢᠯᠭ᠎ᠠ ᠪᠠᠲᠤ ᠶᠢ ᠰᠠᠬᠢᠬᠤ ᠶᠢ ᠰᠡᠳᠬᠢᠯ ᠳᠡᠭᠡᠨ ᠬᠠᠳᠠᠩᠰᠢᠭᠤᠯᠵᠤ᠂ ᠡᠳᠦᠷ ᠲᠤᠳᠤᠮ ᠤᠨ ᠦᠭᠡ ᠶᠠᠷᠢᠶ᠎ᠠ ᠦᠢᠯᠡ ᠠᠵᠢᠯᠯᠠᠭ᠎ᠠ  ᠢᠶᠠᠨ ᠪᠠᠷᠢᠮᠵᠢᠶ᠎ᠠ  ᠪᠠᠷ ᠴᠢᠩᠭ᠎ᠠ ᠱᠠᠭᠠᠷᠲᠠᠵᠤ᠂ ᠰᠠᠬᠢᠯᠭ᠎ᠠ ᠪᠠᠲᠤ ᠶᠢᠨ ᠤᠬᠠᠮᠰᠠᠷ ᠢᠶᠠᠨ ᠠᠯᠬᠤᠮ ᠳᠡᠭᠡᠭᠰᠢᠯᠡᠭᠦᠯᠵᠦ᠂ ᠦᠯᠦ ᠬᠠᠯᠳᠠᠭᠠᠬᠤ ᠴᠢᠳᠠᠪᠤᠷᠢ ᠪᠠᠨ ᠳᠡᠭᠡᠭᠰᠢᠯᠡᠭᠦᠯᠵᠦ᠂ ᠤᠯᠤᠰ ᠲᠦᠷᠦ ᠶᠢᠨ ᠲᠣᠭᠲᠠᠯ ᠬᠦᠴᠦᠨ ᠢᠶᠠᠨ ᠴᠢᠩᠭᠠᠳᠬᠠᠵᠤ᠂ ᠰᠠᠬᠢᠯᠭ᠎ᠠ ᠪᠠᠲᠤ ᠶᠢᠨ ᠲᠣᠭᠲᠠᠯ ᠬᠦᠴᠦᠨ ᠢᠶᠠᠨ ᠴᠢᠩᠭᠠᠳᠬᠠᠵᠤ᠂ ᠶᠣᠰᠣ ᠰᠤᠷᠲᠠᠬᠤᠨ ᠤ ᠲᠣᠭᠲᠠᠯ ᠬᠦᠴᠦᠨ ᠢᠶᠠᠨ ᠴᠢᠩᠭᠠᠳᠬᠠᠵᠤ᠂ ᠢᠯᠵᠢᠷᠡᠯ ᠢ ᠡᠰᠡᠷᠭᠦᠴᠡᠬᠦ ᠲᠣᠭᠲᠠᠯ ᠬᠦᠴᠦᠨ ᠢᠶᠠᠨ ᠴᠢᠩᠭᠠᠳᠬᠠᠵᠤ᠂ ᠢᠮᠠᠭᠲᠠ ᠦᠨᠡᠨᠴᠢ ᠰᠢᠳᠤᠷᠭᠤ ᠠᠷᠢᠭᠤᠨ ᠴᠢᠬᠡᠴᠢ ᠬᠠᠷᠢᠭᠤᠴᠠᠯᠭ᠎ᠠ ᠡᠭᠦᠷᠭᠡᠯᠡᠬᠦ ᠶᠢ ᠪᠡᠶᠡᠯᠡᠭᠦᠯᠬᠦ ᠬᠡᠷᠡᠭᠲᠡᠢ᠃ ᠬᠡᠷᠡᠭ ᠢᠶᠠᠷ ᠰᠠᠬᠢᠯᠭ᠎ᠠ ᠪᠠᠲᠤ ᠶᠢ ᠶᠠᠷᠢᠬᠤ᠂ ᠬᠡᠷᠡᠭ ᠢᠶᠠᠷ ᠬᠠᠤᠯᠢ ᠶᠢ ᠶᠠᠷᠢᠬᠤ᠂ ᠬᠡᠷᠡᠭ ᠢᠶᠠᠷ ᠬᠠᠷᠢᠭᠤᠴᠠᠯᠭ᠎ᠠ ᠶᠢ ᠶᠠᠷᠢᠬᠤ ᠶᠢ ᠪᠠᠷᠢᠮᠲᠠᠯᠠᠵᠤ᠂ ᠰᠠᠬᠢᠯᠭ᠎ᠠ ᠪᠠᠲᠤ ᠬᠠᠤᠯᠢ ᠴᠠᠭᠠᠵᠠ ᠶᠢ ᠵᠥᠷᠢᠴᠡᠭᠰᠡᠨ ᠨᠡᠶᠢᠲᠡᠯᠢᠭ ᠬᠡᠷᠡᠭ ᠤᠨ ᠵᠢᠱᠢᠶ᠎ᠡ ᠶᠢᠨ ᠠᠰᠠᠭᠤᠳᠠᠯ᠂ ᠰᠢᠯᠲᠠᠭᠠᠨ᠂ ᠰᠤᠷᠭᠠᠮᠵᠢ ᠶᠢ ᠲᠣᠳᠣᠷᠬᠠᠢ ᠶᠠᠷᠢᠵᠤ᠂ ᠶᠣᠰᠣ ᠮᠣᠷᠠᠯ ᠤᠨ ᠰᠡᠷᠭᠡᠶᠢᠯᠡᠯᠲᠡ ᠶᠢᠨ ᠱᠤᠭᠤᠮ᠂ ᠰᠠᠬᠢᠯᠭ᠎ᠠ ᠪᠠᠲᠤ  ᠶᠢᠨ ᠤᠯᠠᠭᠠᠨ ᠱᠤᠭᠤᠮ᠂ ᠬᠠᠷᠢᠭᠤᠴᠠᠯᠭ᠎ᠠ ᠶᠢᠨ ᠵᠠᠭᠠᠭ ᠱᠤᠭᠤᠮ ᠢ ᠲᠣᠳᠣᠷᠬᠠᠢ ᠶᠠᠷᠢᠵᠤ᠂ ᠨᠠᠮ ᠤᠨ ᠭᠡᠰᠢᠭᠦᠨ ᠺᠠᠳ᠋ᠷᠴᠤᠳ ᠢ ᠰᠡᠳᠬᠢᠯ ᠵᠢᠷᠦᠬᠡᠨ ᠠᠴᠠ ᠪᠠᠨ ᠡᠮᠢᠶᠡᠵᠦ᠂ ᠦᠢᠯᠡ ᠠᠵᠢᠯᠯᠠᠭ᠎ᠠ  ᠪᠠᠨ ᠵᠣᠭᠰᠣᠴᠠ ᠲᠠᠢ ᠪᠣᠯᠭᠠᠬᠤ ᠬᠡᠷᠡᠭᠲᠡᠢ᠃     ᠬᠤᠷᠠᠯ ᠠᠴᠠ᠂ ᠶᠡᠷᠦᠩᠬᠡᠢ ᠱᠦᠵᠢ ᠰᠢ ᠶᠢᠨ ᠫᠢᠩ ᠤᠨ ᠲᠥᠪ ᠬᠤᠷᠢᠶᠠᠨ ᠤ ᠤᠯᠤᠰ ᠲᠥᠷᠥ ᠶᠢᠨ ᠲᠣᠪᠴᠢᠶᠠᠨ ᠤ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠰᠢᠨ᠎ᠡ ᠪᠠᠷ ᠵᠠᠰᠠᠪᠤᠷᠢ ᠣᠷᠣᠭᠤᠯᠤᠭᠰᠠᠨ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠲᠣᠭᠤᠷᠢᠨ ᠪᠠᠶᠢᠴᠠᠭᠠᠬᠤ ᠠᠵᠢᠯ ᠤᠨ ᠳᠦᠷᠢᠮ︾ ᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠰᠢᠨ᠎ᠡ ᠴᠠᠭ ᠦᠶ᠎ᠡ ᠶᠢᠨ ᠲᠣᠭᠤᠷᠢᠨ ᠪᠠᠶᠢᠴᠠᠭᠠᠬᠤ ᠠᠵᠢᠯ ᠤᠨ ᠤᠯᠤᠰ ᠲᠦᠷᠦ ᠶᠢᠨ ᠪᠠᠶᠢᠷᠢ ᠲᠣᠭᠲᠠᠭᠠᠯᠲᠠ᠂ ᠦᠨᠳᠦᠰᠦᠨ ᠡᠭᠦᠷᠭᠡ᠂ ᠡᠭᠦᠷᠭᠡ ᠬᠠᠷᠢᠭᠤᠴᠠᠯᠭ᠎ᠠ ᠶᠢ ᠭᠦᠨᠵᠡᠭᠡᠢ ᠡᠵᠡᠮᠳᠡᠵᠦ᠂ ᠴᠢᠩᠭ᠎ᠠ ᠬᠦᠭ ᠠᠶᠠᠰ᠂ ᠴᠢᠩᠭ᠎ᠠ ᠠᠷᠭ᠎ᠠ ᠬᠡᠮᠵᠢᠶ᠎ᠡ᠂ ᠴᠢᠩᠭ᠎ᠠ ᠠᠭᠤᠷ ᠠᠮᠢᠰᠬᠤᠯ ᠢ ᠲᠤᠭᠤᠰᠢᠳᠠᠢ ᠪᠠᠷᠢᠮᠲᠠᠯᠠᠵᠤ᠂ ᠰᠤᠷᠲᠠᠯ ᠢ ᠴᠡᠭᠴᠡᠯᠡᠨ ᠢᠯᠵᠢᠷᠡᠯ ᠢ ᠡᠰᠡᠷᠭᠦᠴᠡᠬᠦ ᠰᠦᠷ ᠬᠦᠴᠦᠲᠦ ᠪᠠᠶᠢᠳᠠᠯ ᠢ ᠦᠷᠭᠦᠯᠵᠢᠯᠡᠨ ᠪᠠᠲᠤᠯᠠᠬᠤ ᠬᠡᠷᠡᠭᠲᠡᠢ᠃ ᠭᠤᠣᠯᠳᠠᠯᠭ᠎ᠠ ᠲᠠᠢ ᠬᠦᠷᠢᠶ᠎ᠡ ᠶᠢ ᠴᠢᠩᠭ᠎ᠠ ᠠᠩᠬᠠᠷᠴᠤ᠂ ᠡᠷᠬᠡ ᠶᠢᠨ ᠠᠵᠢᠯᠯᠠᠭᠠᠨ ᠤ ᠠᠶᠤᠯ ᠲᠦᠭᠰᠢᠭᠦᠷᠢ ᠶᠢᠨ ᠴᠡᠭ᠂ ᠳᠦᠷᠢᠮ ᠤᠨ ᠪᠠᠶᠢᠭᠤᠯᠤᠯᠲᠠ ᠶᠢᠨ ᠪᠠᠭᠤᠷᠠᠢ ᠲᠠᠯ᠎ᠠ᠂ ᠬᠢᠨᠠᠯᠲᠠ ᠬᠠᠮᠢᠶᠠᠷᠤᠯᠲᠠ ᠶᠢᠨ ᠬᠤᠭᠤᠰᠤᠨ ᠲᠠᠯ᠎ᠠ ᠶᠢ ᠭᠦᠨᠵᠡᠭᠡᠢ ᠪᠠᠶᠢᠴᠠᠭᠠᠨ᠂ ᠢᠯᠵᠠᠷᠠᠯ  ᠢ ᠡᠰᠡᠷᠭᠦᠴᠡᠨ ᠬᠤᠪᠢᠷᠠᠬᠤ  ᠶᠢ ᠰᠡᠷᠭᠡᠶᠢᠯᠡᠬᠦ ︽ᠬᠠᠰᠢᠯᠭ᠎ᠠ︾ ᠶᠢ ᠪᠠᠬᠢᠵᠢᠭᠦᠯᠬᠦ ᠬᠡᠷᠡᠭᠲᠡᠢ᠃ ᠠᠵᠢᠯ ᠤᠨ ᠳᠤᠮᠳᠠ ᠣᠷᠣᠰᠢᠵᠤ ᠪᠠᠶᠢᠭ᠎ᠠ ᠨᠡᠶᠢᠲᠡᠴᠢ ᠴᠢᠨᠠᠷᠲᠠᠢ ᠠᠰᠠᠭᠤᠳᠠᠯ ᠪᠠ ᠭᠦᠨ ᠳᠠᠪᠬᠤᠷᠭ᠎ᠠ ᠶᠢᠨ ᠠᠰᠠᠭᠤᠳᠠᠯ ᠢ ᠭᠦᠨᠵᠡᠭᠡᠢ ᠰᠤᠳᠤᠯᠤᠨ ᠰᠢᠢᠳᠪᠦᠷᠢᠯᠡᠵᠦ᠂ ᠰᠢᠢᠳᠪᠦᠷᠢᠲᠦ ᠪᠣᠳᠣᠯᠭ᠎ᠠ ᠶᠢ ᠤᠯᠠᠮ ᠨᠢᠭᠡ ᠠᠯᠬᠤᠮ ᠵᠢᠷᠤᠮᠵᠢᠭᠤᠯᠤᠨ᠂ ᠲᠦᠷᠦ ᠶᠢᠨ ᠪᠣᠳᠣᠯᠭ᠎ᠠ ᠶᠢ ᠲᠡᠭᠦᠯᠳᠡᠷᠵᠢᠭᠦᠯᠵᠦ᠂ ᠠᠯᠳᠠᠰᠢ ᠭᠠᠷᠬᠤ ᠶᠢ ᠬᠤᠷᠢᠭᠯᠠᠵᠤ᠂ ᠲᠣᠭᠲᠠᠴᠠ ᠶᠢ ᠲᠡᠭᠦᠯᠳᠡᠷᠵᠢᠭᠦᠯᠦᠨ᠂ ᠨᠢᠭᠡ  ᠠᠴᠠ ᠵᠦᠢᠴᠢᠯᠡᠵᠦ ᠨᠦᠬᠦᠭᠡ ᠶᠢ ᠮᠡᠳᠡᠬᠦ᠂ ᠦᠡᠭᠭᠡᠨ ᠲᠠᠯ᠎ᠠ ᠪᠠ ᠦᠨᠳᠦᠰᠦ ᠰᠤᠷᠪᠤᠯᠵᠢ ᠶᠢ ᠵᠡᠷᠭᠡ ᠪᠠᠷ ᠵᠠᠰᠠᠬᠤ᠂ ᠡᠬᠢ ᠰᠤᠷᠪᠤᠯᠵᠢ ᠠᠴᠠ ᠨᠢ ᠵᠠᠰᠠᠬᠤ ᠶᠢ ᠪᠡᠶᠡᠯᠡᠭᠦᠯᠬᠦ ᠬᠡᠷᠡᠭᠲᠡᠢ ᠭᠡᠵᠤ ᠱᠠᠭᠠᠷᠳᠠᠪᠠ᠃
W020240415332249959531.png
    ᠬᠤᠷᠠᠯ ᠠᠴᠠ᠂ ᠬᠦᠬᠡ ᠠᠭᠤᠯᠠ ᠬᠥᠬᠡᠮᠳᠦᠭ ᠤᠰᠤ ᠪᠣᠯ ᠠᠯᠳᠠ ᠮᠥᠩᠭᠦᠨ ᠠᠭᠤᠯᠠ ᠪᠣᠯᠬᠤ ᠣᠶᠢᠯᠠᠭᠠᠭᠳᠠᠬᠤᠨ  ᠢ ᠪᠠᠲᠤ ᠦᠢᠯᠡᠳᠦᠯᠭᠡᠵᠢᠭᠦᠯᠵᠦ᠂ ᠨᠣᠭᠤᠭᠠᠷᠠᠭᠤᠯᠤᠯᠲᠠ ᠶᠢ ᠥᠷᠭᠡᠳᠬᠡᠬᠦ᠂ ᠨᠣᠭᠤᠭᠠᠷᠠᠭᠤᠯᠤᠯᠲᠠ ᠶᠢ ᠬᠥᠭᠵᠢᠭᠦᠯᠬᠦ᠂ ᠨᠣᠭᠤᠭᠠᠷᠠᠭᠤᠯᠤᠯᠲᠠ ᠶᠢ ᠬᠠᠮᠠᠭᠠᠯᠠᠬᠤ ᠶᠢ ᠵᠡᠷᠭᠡᠪᠡᠷ ᠠᠳᠬᠤᠬᠤ ᠶᠢ ᠪᠠᠷᠢᠮᠲᠠᠯᠠᠵᠤ᠂ ᠬᠤᠳᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠪᠣᠬᠢᠷᠲᠤᠯ ᠦᠭᠡᠢ ᠨᠡᠭᠦᠷᠡᠰᠦᠲᠥ᠋ᠷᠥᠭᠴᠢ ᠪᠠᠭ᠎ᠠ ᠬᠥᠭᠵᠢᠯᠲᠡ ᠶᠢ ᠲᠦᠷᠭᠡᠨ ᠠᠬᠢᠭᠤᠯᠵᠤ᠂ᠦᠵᠡᠰᠬᠦᠯᠡᠩᠲᠦ ᠰᠠᠶᠢᠬᠠᠨ ᠥᠪᠥᠷ ᠮᠣᠩᠭᠤᠯ ᠢ ᠪᠦᠲᠦᠭᠡᠨ ᠪᠠᠶᠢᠭᠤᠯᠬᠤ ᠳᠤ ᠥᠩᠭᠡ ᠭᠡᠷᠡᠯ ᠨᠡᠮᠡᠷᠢᠯᠡᠬᠦ ᠬᠡᠷᠡᠭᠲᠡᠢ᠃ ᠪᠣᠬᠢᠷᠲᠤᠯ ᠦᠭᠡᠢ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ᠂ ᠣᠷᠴᠢᠨ ᠲᠣᠭᠤᠷᠢᠨ ᠳᠤ ᠣᠷᠣᠰᠢᠨ ᠰᠠᠭᠤᠬᠤ ᠳᠤ ᠲᠣᠬᠢᠷᠠᠮᠵᠢᠲᠠᠢ ᠰᠠᠶᠢᠨ ᠭᠡᠷ ᠪᠠᠶᠢᠰᠢᠩ᠂ ᠰᠠᠶᠢᠨ ᠰᠠᠭᠤᠭᠠᠯᠢ ᠠᠷᠠᠳ ᠤᠨ ᠲᠣᠭᠤᠷᠢᠭ᠂ ᠰᠠᠶᠢᠨ ᠨᠡᠶᠢᠭᠡᠮ ᠲᠣᠭᠤᠷᠢᠭ᠂ ᠰᠠᠶᠢᠨ ᠬᠤᠳᠠ ᠶᠢᠨ ᠲᠣᠭᠤᠷᠢᠭ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠭᠡᠨ ᠠᠬᠢᠭᠤᠯᠵᠤ᠂ ᠪᠣᠬᠢᠷᠲᠤᠯ ᠦᠭᠡᠢ ᠪᠠᠷᠢᠯᠭ᠎ᠠ ᠶᠢ ᠡᠭᠦᠳᠦᠨ ᠪᠠᠶᠢᠭᠤᠯᠬᠤ᠂ ᠪᠣᠬᠢᠷᠲᠤᠯ ᠦᠭᠡᠢ ᠪᠠᠷᠢᠯᠭ᠎ᠠ ᠶᠢᠨ ᠮᠠᠲ᠋ᠧᠷᠢᠶᠠᠯ ᠢ ᠳᠡᠯᠭᠡᠷᠡᠭᠦᠯᠦᠨ ᠬᠡᠷᠡᠭᠯᠡᠬᠦ ᠶᠢ ᠦᠷᠭᠦᠯᠵᠢᠯᠡᠨ ᠥᠷᠨᠢᠭᠦᠯᠵᠦ᠂ ᠪᠣᠬᠢᠷᠲᠤᠯ ᠦᠭᠡᠢ ᠪᠠᠷᠢᠯᠭ᠎ᠠ ᠶᠢ ᠣᠷᠣᠨ ᠰᠠᠭᠤᠴᠠ ᠶᠢᠨ ᠪᠦᠲᠦᠭᠡᠨ ᠪᠠᠶᠢᠭᠤᠯᠤᠯᠲᠠ ᠶᠢᠨ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢᠨ ᠢᠯᠡ ᠲᠣᠳᠣ ᠰᠠᠭᠤᠷᠢ ᠥᠩᠭᠡ ᠪᠣᠯᠭᠠᠬᠤ ᠬᠡᠷᠡᠭᠲᠡᠢ᠃ ︽ᠥᠪᠡᠷᠲᠡᠭᠡᠨ ᠵᠠᠰᠠᠬᠤ ᠣᠷᠣᠨ ᠤ ᠬᠤᠲᠠ ᠪᠠᠯᠭᠠᠰᠤ ᠶᠢᠨ ᠨᠣᠭᠤᠭᠠᠷᠠᠭᠤᠯᠤᠯᠲᠠ ᠶᠢᠨ ᠳᠦᠷᠢᠮ︾ ᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠬᠤᠲᠠ ᠬᠥᠳᠡᠭᠡ ᠶᠢᠨ ᠵᠦᠯᠭᠡ ᠭᠠᠵᠠᠷ ᠤᠨ ᠪᠠᠶᠢᠷᠢᠰᠢᠭᠤᠯᠤᠯᠲᠠ ᠶᠢ ᠰᠢᠯᠢᠳᠡᠭᠵᠢᠭᠦᠯᠦᠨ᠂ ᠬᠤᠲᠠ ᠶᠢᠨ ᠨᠣᠭᠤᠭᠠᠨ ᠵᠠᠮ᠂ ᠠᠮᠢ ᠠᠬᠤᠢ ᠶᠢᠨ ᠬᠤᠩᠭᠢᠯ ᠪᠠ ︽ᠬᠠᠷᠮᠠᠨ ᠴᠡᠴᠡᠷᠯᠢᠭ︾ ᠤᠨ ᠪᠦᠲᠦᠭᠡᠨ ᠪᠠᠶᠢᠭᠤᠯᠤᠯᠲᠠ ᠶᠢ ᠨᠢᠭᠡᠳᠦᠯᠲᠡᠢ ᠲᠥᠯᠥᠪᠯᠡᠨ ᠠᠬᠢᠭᠤᠯᠵᠤ᠂ ᠣᠯᠠᠨ ᠡᠰᠢᠵᠢᠭᠦᠯᠦᠨ ᠨᠣᠭᠤᠭᠠᠷᠠᠭᠤᠯᠬᠤ᠂ ᠵᠠᠪᠰᠠᠷ ᠵᠠᠢ ᠶᠢ ᠨᠣᠭᠤᠭᠠᠷᠠᠭᠤᠯᠬᠤ᠂ ᠪᠣᠰᠤᠭ᠎ᠠ ᠨᠣᠭᠤᠭᠠᠷᠠᠭᠤᠯᠤᠯᠲᠠ ᠶᠢ ᠪᠡᠶᠡᠯᠡᠭᠦᠯᠵᠦ᠂ ᠬᠤᠲᠠ ᠶᠢᠨ ᠪᠦᠲᠦᠭᠡᠨ ᠪᠠᠶᠢᠭᠤᠯᠤᠯᠲᠠ ᠶᠢᠨ ︽ᠪᠣᠬᠢᠷᠲᠤᠯ ᠦᠭᠡᠢ ᠬᠥᠷᠥᠩᠭᠡ︾ ᠶᠢ ᠲᠠᠰᠤᠷᠠᠯᠲᠠ ᠦᠭᠡᠢ ᠨᠡᠮᠡᠭᠳᠡᠭᠦᠯᠬᠦ ᠬᠡᠷᠡᠭᠲᠡᠢ᠃ ᠬᠠᠲᠤᠨ ᠭᠤᠣᠯ ᠤᠨ ᠰᠠᠪᠠ ᠭᠠᠵᠠᠷ ᠤᠨ ︽ᠨᠢᠭᠡ ᠨᠠᠭᠤᠷ ᠬᠤᠶᠠᠷ ᠲᠡᠯᠡᠶ︾ ᠶᠢᠨ ᠤᠰᠤᠨ ᠤ ᠠᠮᠢ ᠠᠬᠤᠢ ᠶᠢᠨ ᠵᠠᠰᠠᠯᠲᠠ᠂ ᠪᠣᠬᠢᠷ ᠦᠮᠡᠬᠡᠢ ᠤᠰᠤᠨ ᠴᠣᠭᠴᠠ ᠶᠢᠨ ᠵᠠᠰᠠᠯᠲᠠ᠂ ᠪᠠᠶᠢᠭᠤᠯᠤᠯᠲᠤ ᠪᠠᠯᠭᠠᠰᠤ ᠶᠢᠨ ᠠᠮᠢᠳᠤᠷᠠᠯ ᠤᠨ ᠪᠣᠬᠢᠷ ᠤᠰᠤᠨ ᠤ ᠵᠠᠰᠠᠯᠲᠠ᠂ ᠮᠠᠯᠵᠢᠬᠤ ᠲᠠᠷᠢᠶᠠᠯᠠᠬᠤ ᠣᠷᠣᠨ ᠤ ᠠᠮᠢᠳᠤᠷᠠᠯ ᠤᠨ ᠬᠤᠭ ᠨᠣᠪᠰᠢ ᠶᠢᠨ ᠵᠠᠰᠠᠯᠲᠠ᠂ ᠠᠷᠢᠭᠤᠨ ᠴᠡᠪᠡᠷ ᠢᠶᠠᠷ ᠳᠤᠯᠠᠭᠠᠯᠠᠬᠤ ᠵᠡᠷᠭᠡ ᠠᠵᠢᠯ ᠢ ᠲᠦᠷᠭᠡᠳᠬᠡᠨ ᠠᠬᠢᠭᠤᠯᠵᠤ᠂ ︽ᠭᠤᠷᠪᠠᠨ ᠤᠮᠠᠷᠠᠲᠤ︾ ᠶᠢᠨ ᠢᠨᠵᠧᠨᠧᠷᠢᠩ ᠤᠨ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠢᠯᠠᠯᠲᠠ ᠶᠢ ᠣᠯᠬᠤ ᠳᠤ ᠬᠦᠴᠦ ᠨᠡᠮᠡᠷᠢᠯᠡᠵᠦ᠂ ᠡᠬᠡ ᠤᠯᠤᠰ ᠤᠨ ᠤᠮᠠᠷᠠᠲᠤ ᠶᠢᠨ ᠪᠣᠬᠢᠷᠲᠤᠯ ᠦᠭᠡᠢ ᠣᠷᠳᠣ ᠴᠠᠭᠠᠨ ᠬᠡᠷᠡᠮ ᠢ ᠪᠠᠲᠤ ᠴᠣᠭᠴᠠᠯᠠᠬᠤ ᠬᠡᠷᠡᠭᠲᠡᠢ ᠭᠡᠵᠦ ᠴᠢᠬᠤᠯᠠᠴᠢᠯᠠᠪᠠ᠃     ᠬᠤᠷᠠᠯ ᠠᠴᠠ᠂ ᠤᠯᠠᠨ ᠲᠦᠮᠡᠨ ᠤ ︽ᠪᠠᠴᠢᠮ ᠬᠦᠴᠢᠷ ᠵᠤᠪᠠᠨᠢᠯ ᠬᠦᠰᠡᠯ︾ ᠠᠰᠠᠭᠤᠳᠠᠯ ᠢ ᠰᠡᠳᠬᠢᠯ ᠲᠠᠯᠪᠢᠨ ᠬᠦᠴᠦ ᠲᠠᠯᠪᠢᠨ ᠬᠠᠶᠢᠷ᠎ᠠ ᠰᠡᠳᠬᠢᠯᠭᠡ ᠪᠠᠷ ᠢᠶᠠᠨ ᠰᠢᠢᠳᠪᠦᠷᠢᠯᠡᠬᠦ ᠬᠡᠷᠡᠭᠲᠡᠢ᠃ ᠠᠷᠠᠳ ᠲᠦᠮᠡᠨ ᠤ ᠠᠮᠤᠷ ᠲᠠᠶᠢᠪᠤᠩ ᠠᠵᠤ ᠲᠦᠷᠦᠭᠦ᠂ ᠠᠮᠤᠷ ᠲᠦᠪᠰᠢᠨ ᠠᠶᠤᠯ ᠲᠦᠭᠰᠢᠭᠦᠷᠢ ᠠᠵᠤ ᠠᠮᠢᠳᠤᠷᠠᠯ ᠢ ᠰᠡᠳᠬᠢᠯ ᠳᠡᠭᠡᠨ ᠪᠤᠳᠤᠵᠤ᠂ ᠠᠷᠠᠳ ᠤᠨ ᠠᠮᠢᠳᠤᠷᠠᠯ ᠤᠨ ᠬᠦᠴᠢᠷ ᠲᠦᠪᠡᠭᠲᠡᠢ ᠠᠰᠠᠭᠤᠳᠠᠯ ᠢ ᠰᠢᠢᠳᠪᠦᠷᠢᠯᠡᠬᠦ ᠶᠠᠪᠤᠳᠠᠯ ᠢ ᠴᠢᠬᠤᠯᠠ ᠡᠭᠦᠷᠭᠡ ᠪᠠᠨ ᠪᠣᠯᠭᠠᠵᠤ᠂ ᠵᠠᠰᠠᠭ ᠤᠨ ᠶᠠᠪᠤᠳᠠᠯ ᠢ ᠠᠷᠠᠳ ᠠᠴᠠ ᠠᠰᠠᠭᠤᠵᠤ᠂ ᠠᠷᠭ᠎ᠠ ᠪᠣᠳᠣᠯᠭ᠎ᠠ ᠶᠢ ᠠᠷᠠᠳ ᠠᠴᠠ ᠠᠰᠠᠭᠤᠵᠤ᠂ ᠲᠦᠷᠦ ᠶᠢᠨ ᠪᠣᠳᠣᠯᠭ᠎ᠠ ᠶᠢ ᠠᠷᠠᠳ ᠠᠴᠠ ᠠᠰᠠᠭᠤᠵᠤ᠂ ᠠᠷᠠᠳ ᠤᠨ ᠠᠮᠢᠳᠤᠷᠠᠯ ᠤᠨ ᠠᠵᠠ ᠵᠢᠷᠭᠠᠯ ᠢ ᠨᠡᠮᠡᠭᠳᠡᠭᠦᠯᠵᠦ᠂ ᠣᠯᠠᠨ ᠲᠦᠮᠡᠨ ᠤ ᠣᠷᠣᠨ ᠰᠠᠭᠤᠴᠠ᠂ ᠤᠰᠤ᠂ ᠬᠡᠢ᠂ ᠳᠤᠯᠠᠭᠠᠯᠠᠭ᠎ᠠ ᠵᠡᠷᠭᠡ ᠪᠣᠳᠠᠲᠠᠢ ᠠᠰᠠᠭᠤᠳᠠᠯ ᠢ ᠰᠠᠶᠢᠲᠤᠷ ᠰᠢᠢᠳᠪᠦᠷᠢᠯᠡᠵᠦ ᠂ ᠳᠤᠯᠠᠭᠠᠨ ᠪᠦᠯᠢᠶᠡᠨ ᠢᠨᠵᠧᠨᠧᠷᠢᠩ᠂ ᠪᠠᠲᠤᠯᠠᠭᠠᠲᠤ ᠲᠤᠰᠢᠶᠠᠬᠤ ᠠᠰᠠᠷ᠂ ᠪᠠᠲᠤᠯᠠᠭ᠎ᠠ ᠶᠢᠨ ᠴᠢᠨᠠᠷᠲᠠᠢ ᠬᠢᠮᠳᠠ ᠲᠣᠬᠢᠯᠢᠭ ᠣᠷᠣᠨ ᠰᠠᠭᠤᠴᠠ ᠶᠢᠨ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ᠂ ᠬᠤᠲᠠ ᠶᠢᠨ ᠪᠡᠶ᠎ᠡ ᠶᠢᠨ ᠪᠠᠶᠢᠴᠠᠭᠠᠯᠲᠠ᠂ ᠬᠠᠭᠤᠴᠢᠨ ᠬᠤᠭᠤᠯᠠᠢ ᠲᠣᠣᠷ ᠢ ᠥᠭᠡᠷᠡᠴᠢᠯᠡᠨ ᠰᠢᠨᠡᠳᠬᠡᠬᠦ᠂ ᠬᠠᠭᠤᠴᠢᠨ ᠰᠠᠭᠤᠭᠠᠯᠢ ᠠᠷᠠᠳ ᠤᠨ ᠲᠣᠭᠤᠷᠢᠭ ᠢ ᠥᠭᠡᠷᠡᠴᠢᠯᠡᠨ ᠰᠢᠨᠡᠳᠬᠡᠬᠦ᠂ ᠰᠠᠭᠤᠭᠠᠯᠢ ᠠᠷᠠᠳ ᠤᠨ ᠲᠣᠭᠤᠷᠢᠭ ᠤᠨ ᠠᠳᠠᠯ ᠠᠬᠤᠢ ᠶᠢᠨ ᠬᠠᠮᠢᠶᠠᠷᠤᠯᠲᠠ ᠵᠡᠷᠭᠡ ᠭᠤᠣᠯᠳᠠᠯᠭ᠎ᠠ ᠲᠠᠢ ᠡᠭᠦᠷᠭᠡ ᠶᠢ ᠰᠠᠶᠢᠲᠤᠷ ᠠᠳᠬᠤᠵᠤ᠂ ᠪᠠᠭ᠎ᠠ ᠶᠠᠪᠤᠳᠠᠯ ᠪᠠ ᠨᠠᠷᠢᠨ ᠵᠦᠢᠯᠡᠰ ᠠᠴᠠ ᠭᠠᠷᠳᠠᠵᠤ᠂ ᠬᠠᠮᠤᠭ ᠤᠨ ᠬᠦᠴᠢᠷᠳᠡᠯ ᠲᠠᠢ ᠬᠠᠮᠲᠤᠯᠢᠭ ᠪᠠ ᠬᠠᠮᠤᠭ ᠤᠨ ᠲᠣᠪᠣᠶᠢᠮ᠎ᠠ ᠠᠰᠠᠭᠤᠳᠠᠯ ᠠᠴᠠ ᠡᠬᠢᠯᠡᠨ ᠠᠳᠬᠤᠵᠤ᠂ ᠠᠷᠠᠳ ᠤᠨ ᠠᠮᠢᠳᠤᠷᠠᠯ ᠳᠤ ᠠᠰᠢᠭ ᠬᠦᠷᠲᠡᠭᠡᠬᠦ᠂ ᠠᠷᠠᠳ ᠤᠨ ᠰᠡᠳᠬᠢᠯ ᠢ ᠳᠤᠯᠠᠭᠠᠴᠠᠭᠤᠯᠬᠤ ᠨᠡᠩ ᠤᠯᠠᠨ ᠠᠷᠭ᠎ᠠ ᠬᠡᠮᠵᠢᠶ᠎ᠡ ᠶᠢ ᠠᠪᠴᠤ᠂ ᠠᠷᠠᠳ ᠤᠯᠠᠨ ᠤ ᠬᠦᠷᠲᠡᠮᠵᠢ ᠶᠢᠨ ᠲᠥᠷᠥᠭᠳᠡᠯ᠂ ᠵᠣᠯ ᠵᠢᠷᠭᠠᠯᠲᠤ ᠲᠥᠷᠥᠭᠳᠡᠯ᠂ ᠠᠮᠤᠷ ᠲᠦᠪᠰᠢᠨ ᠤ ᠲᠥᠷᠥᠭᠳᠡᠯ ᠢ ᠲᠠᠰᠤᠷᠠᠯᠳᠠ ᠦᠭᠡᠢ ᠨᠡᠮᠡᠭᠳᠡᠭᠦᠯᠬᠦ ᠬᠡᠷᠡᠭᠳᠡᠢ ᠭᠡᠵᠦ ᠱᠠᠭᠠᠷᠳᠠᠪᠠ᠃     ᠬᠤᠷᠠᠯ  ᠠᠴᠠ᠂ ᠦᠨᠡᠨᠴᠢ ᠢᠲᠡᠭᠡᠮᠵᠢ  ᠶᠢᠨ ᠪᠠᠶᠢᠭᠤᠯᠤᠯᠲᠠ  ᠶᠢᠨ ᠢᠨᠵᠧᠨᠧᠷᠢᠩ ᠤᠨ ᠶᠠᠰᠤ ᠴᠢᠨᠠᠷ ᠤᠨ ᠳᠡᠭᠡᠭᠰᠢᠯᠡᠯᠲᠡ ᠶᠢ ᠠᠬᠢᠭᠤᠯᠵᠤ᠂ ᠠᠷᠠᠳ ᠤᠨ ᠡᠵᠡᠩᠨᠡᠯᠲᠡ ᠶᠢᠨ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠪᠦᠬᠦ ᠬᠦᠴᠦᠨ ᠢᠶᠠᠷ ᠢᠶᠠᠨ ᠲᠡᠮᠵᠢᠨ᠎ᠡ᠃ ᠲᠥᠷᠥ ᠶᠢᠨ ᠪᠣᠳᠣᠯᠭ᠎ᠠ ᠶᠢᠨ ᠬᠠᠩᠭᠠᠯᠭ᠎ᠠ ᠶᠢᠨ ︽ᠬᠠᠮ ᠠᠷᠭ᠎ᠠ︾ ᠶᠢ ᠰᠠᠶᠢᠲᠤᠷ ᠬᠡᠷᠡᠭᠵᠢᠭᠦᠯᠵᠦ᠂ ᠦᠨ᠎ᠡ ᠴᠠᠨ᠎ᠠ ᠪᠠᠷ ᠥᠨᠳᠥᠷ᠂ ᠬᠠᠨᠳᠤᠯᠭᠠᠲᠤ ᠴᠢᠨᠠᠷ ᠢᠶᠠᠷ ᠴᠢᠩᠭ᠎ᠠ ᠲᠥᠷᠥ ᠶᠢᠨ ᠪᠣᠳᠣᠯᠭ᠎ᠠ ᠶᠢᠨ ᠪᠢᠴᠢᠭ ᠮᠠᠲ᠋ᠧᠷᠢᠶᠠᠯ ᠢ ᠱᠠᠯᠠᠪᠳᠠᠨ ᠰᠤᠳᠤᠯᠤᠨ ᠨᠡᠶᠢᠲᠡᠯᠡᠵᠦ᠂ ᠲᠥᠷᠥ ᠶᠢᠨ ᠪᠣᠳᠣᠯᠭ᠎ᠠ ᠶᠢᠨ ᠬᠠᠩᠭᠠᠯᠭ᠎ᠠ ᠶᠢᠨ ︽ᠣᠨᠣᠪᠴᠢ ᠶᠢᠨ ᠬᠡᠮᠵᠢᠶ᠎ᠡ︾᠂ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢᠨ ︽ᠣᠶᠢᠯᠠᠭᠠᠬᠤ ᠬᠡᠮᠵᠢᠶ᠎ᠡ︾᠂ ᠲᠥᠷᠥ ᠶᠢᠨ ᠪᠣᠳᠣᠯᠭ᠎ᠠ ᠶᠢᠨ ᠨᠠᠶᠢᠳᠠᠪᠤᠷᠢᠵᠢᠭᠤᠯᠤᠯᠲᠠ ᠶᠢᠨ ︽ᠬᠡᠷᠡᠭᠵᠢᠭᠦᠯᠬᠦ ᠬᠦᠴᠦᠨ︾ ᠢ ᠳᠡᠭᠡᠭᠰᠢᠯᠡᠭᠦᠯᠵᠦ᠂ᠢᠲᠡᠭᠡᠮᠵᠢ ᠲᠠᠢ ᠬᠥᠮᠥᠰ ᠲᠤ ᠦᠨᠡᠨ ᠬᠦ ︽ᠠᠰᠢᠭ ᠲᠤᠰᠠ︾ ᠬᠦᠷᠲᠡᠭᠡᠵᠦ᠂ ᠢᠲᠡᠭᠡᠯ ᠠᠯᠳᠠᠭᠰᠠᠳ ᠲᠤ ︽ᠡᠪᠡᠷᠰᠢᠶᠡᠯ︾ ᠣᠯᠭᠤᠬᠤ ᠬᠡᠷᠡᠭᠲᠡᠢ᠃ ᠵᠠᠬ᠎ᠠ ᠳᠡᠯᠭᠡᠭᠦᠷ ᠤᠨ ᠡᠮᠬᠢ ᠳᠢᠭᠯᠢᠮ ᠤᠨ ︽ᠰᠠᠬᠢᠨ ᠬᠠᠮᠠᠭᠠᠯᠠᠭᠴᠢ︾ ᠪᠣᠯᠵᠤ᠂ ᠬᠠᠤᠯᠢ ᠶᠣᠰᠣᠭᠠᠷ ᠵᠠᠰᠠᠭ ᠶᠠᠪᠤᠭᠤᠯᠬᠤ᠂ ᠬᠠᠤᠯᠢ ᠶᠣᠰᠣᠭᠠᠷ ᠠᠵᠢᠯᠯᠠᠬᠤ ᠶᠢ ᠪᠠᠷᠢᠮᠲᠠᠯᠠᠵᠤ ᠂ ᠡᠷᠬᠡ ᠲᠡᠭᠰᠢ ᠥᠷᠢᠰᠦᠯᠳᠦᠭᠡᠨ ᠢ ᠬᠦᠴᠦᠯᠡᠨ ᠠᠬᠢᠭᠤᠯᠵᠤ᠂ ᠬᠠᠤᠯᠢ ᠳᠦᠷᠢᠮᠵᠢᠭᠦᠯᠦᠭᠰᠡᠨ ᠲᠡᠷᠢᠭᠦᠨ ᠤ ᠡᠵᠡᠩᠨᠡᠯᠲᠡ ᠶᠢᠨ ᠣᠷᠴᠢᠨ ᠲᠣᠭᠤᠷᠢᠨ ᠢ ᠪᠤᠢ ᠪᠣᠯᠭᠠᠬᠤ ᠬᠡᠷᠡᠭᠲᠡᠢ᠃ ᠨᠡᠪᠲᠡᠷᠡᠯᠴᠡᠨ ᠬᠠᠮᠵᠢᠯᠴᠠᠬᠤ ︽ᠬᠤᠯᠪᠣᠯᠳᠤᠭᠰᠠᠨ ᠬᠥᠭᠦᠷᠭᠡ︾ ᠶᠢ ᠰᠠᠶᠢᠲᠤᠷ ᠴᠣᠭᠴᠠᠯᠠᠵᠤ᠂ ᠤᠯᠤᠰ ᠤᠨ ᠦᠮᠴᠢᠯᠡᠯᠳᠦ ᠠᠵᠤ ᠠᠬᠤᠶᠢᠯᠠᠯ ᠪᠣᠯᠣᠨ ᠠᠷᠠᠳ ᠤᠨ ᠡᠵᠡᠩᠨᠡᠯᠲᠡ ᠠᠵᠤ ᠠᠬᠤᠶᠢᠯᠠᠯ ᠤᠨ ᠠᠭᠤᠰᠤᠯᠴᠠᠨ ᠬᠥᠭᠵᠢᠬᠦ ᠲᠠᠪᠴᠠᠩ ᠢ ᠲᠦᠷᠭᠡᠳᠬᠡᠨ ᠪᠠᠶᠢᠭᠤᠯᠵᠤ᠂ ᠵᠠᠰᠠᠭ᠂ ᠪᠠᠩᠬᠢ᠂ ᠠᠵᠤ ᠠᠬᠤᠶᠢᠯᠠᠯ᠂ ᠰᠤᠷᠭᠠᠭᠤᠯᠢ ᠶᠢᠨ ᠭᠦᠨᠵᠡᠭᠡᠢ ᠬᠠᠮᠲᠤᠷᠠᠯᠴᠠᠭ᠎ᠠ ᠶᠢ ᠴᠢᠩᠭᠠᠳᠬᠠᠨ᠂ ᠮᠥᠩᠭᠦᠨ ᠭᠦᠢᠯᠭᠡᠭᠡᠨ ᠤ ᠳᠡᠮᠵᠢᠯᠭᠡ᠂ ᠮᠡᠷᠭᠡᠵᠢᠯ ᠤᠨ ᠰᠢᠨᠡᠴᠢᠯᠡᠯᠲᠡ ᠪᠣᠯᠣᠨ ᠴᠢᠳᠠᠪᠤᠷᠢᠲᠠᠨ ᠢ ᠬᠥᠮᠥᠵᠢᠭᠦᠯᠬᠦ ᠶᠢ ᠴᠢᠩᠭᠠᠳᠬᠠᠵᠤ᠂ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠤᠨ ᠬᠥᠭᠵᠢᠯᠲᠡ ᠶᠢ ᠳᠡᠮᠵᠢᠬᠦ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠬᠤ ᠬᠡᠷᠡᠭᠲᠡᠢ᠃ ᠠᠵᠤ ᠠᠬᠤᠶᠢᠯᠠᠯ ᠤᠨ ᠰᠢᠨ᠎ᠡ ᠶᠢ ᠡᠭᠦᠳᠬᠦ ᠬᠥᠭᠵᠢᠯᠲᠡ ᠶᠢᠨ ︽ᠬᠦᠴᠦᠨ ᠨᠡᠮᠡᠷᠢᠯᠡᠬᠦ ᠪᠠᠭᠠᠵᠢ︾ ᠪᠣᠯᠵᠤ᠂ ᠪᠠᠷᠢᠯᠭ᠎ᠠ ᠶᠢᠨ ᠦᠢᠯᠡᠰ ᠤᠨ ᠭᠤᠷᠪᠠᠨ ᠵᠢᠯ ᠳᠤ ᠳᠠᠬᠢᠨ ᠢᠶᠠᠷ ᠨᠡᠮᠡᠭᠳᠡᠭᠦᠯᠬᠦ ᠠᠵᠢᠯᠯᠠᠭᠠᠨ ᠤ ᠲᠥᠯᠥᠪᠯᠡᠭᠡ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠤᠨ᠂ ︽ᠳᠣᠲᠣᠭᠠᠳᠤ ᠳᠠᠭᠠᠨ ᠬᠥᠮᠥᠵᠢᠭᠦᠯᠬᠦ + ᠭᠠᠳᠠᠨ᠎ᠠ  ᠠᠴᠠ ᠣᠷᠣᠭᠤᠯᠬᠤ + ᠴᠢᠳᠠᠪᠤᠷᠢᠲᠠᠨ + ᠲᠠᠪᠴᠠᠩ︾ ᠤᠨ ᠬᠠᠮ ᠠᠷᠭ᠎ᠠ ᠪᠠᠷᠢᠯ ᠢ ᠦᠷᠭᠦᠯᠵᠢᠯᠡᠨ ᠰᠠᠶᠢᠲᠤᠷ ᠬᠡᠷᠡᠭᠵᠢᠭᠦᠯᠵᠦ᠂ ᠪᠠᠷᠢᠯᠭ᠎ᠠ ᠶᠢᠨ ᠦᠢᠯᠡᠰ ᠤᠨ ᠠᠵᠤ ᠠᠬᠤᠶᠢᠯᠠᠯ ᠤᠨ ︽ᠰᠢᠷᠪᠦᠰᠦ ᠶᠢ ᠴᠢᠩᠭᠠᠷᠠᠭᠤᠯᠤᠨ ᠶᠠᠰᠤ ᠶᠢ ᠴᠢᠭᠢᠷᠠᠭᠵᠢᠭᠤᠯᠬᠤ︾ ᠶᠢ ᠲᠦᠯᠬᠢᠨ ᠠᠬᠢᠭᠤᠯᠵᠤ᠂ ᠠᠵᠤ ᠠᠬᠤᠶᠢᠯᠠᠯ ᠤᠨ ᠭᠤᠣᠯᠯᠠᠬᠤ ᠥᠷᠢᠰᠦᠯᠳᠦᠬᠦ ᠬᠦᠴᠦᠨ ᠢ ᠳᠡᠭᠡᠭᠰᠢᠯᠡᠭᠦᠯᠬᠦ ᠬᠡᠷᠡᠭᠲᠡᠢ᠃ ᠣᠳᠣᠬᠠᠨ ᠳᠤ ᠶᠠᠭ ᠠᠵᠤ ᠠᠬᠤᠶᠢᠯᠠᠯ ᠤᠨ ᠠᠵᠢᠯ ᠢᠶᠠᠨ ᠰᠡᠷᠭᠦᠭᠡᠵᠦ ᠦᠢᠯᠡᠳᠪᠦᠷᠢᠯᠡᠯ ᠢᠶᠠᠨ ᠰᠡᠷᠭᠦᠭᠡᠬᠦ ᠵᠠᠩᠭᠢᠯᠠᠭ᠎ᠠ ᠶᠢᠨ ᠴᠠᠭ ᠦᠶ᠎ᠡ ᠪᠣᠯᠵᠤ ᠪᠠᠶᠢᠭ᠎ᠠ ᠪᠣᠯᠬᠤᠷ ᠵᠠᠬ᠎ᠠ ᠳᠡᠯᠭᠡᠭᠦᠷ ᠤᠨ ᠭᠤᠣᠯ ᠴᠣᠭᠴᠠ ᠳᠤ ᠨᠡᠩ ᠰᠠᠶᠢᠨ ᠦᠢᠯᠡᠴᠢᠯᠡᠵᠦ᠂ ᠠᠵᠤ ᠠᠬᠤᠶᠢᠯᠠᠯ ᠢ ᠬᠠᠪᠰᠤᠷᠤᠨ ᠦᠢᠯᠡᠳᠪᠦᠷᠢᠯᠡᠯ ᠡᠵᠡᠩᠨᠡᠯᠲᠡ ᠶᠢᠨ ᠶᠠᠪᠤᠴᠠ ᠳᠤ ᠲᠤᠯᠭᠠᠷᠠᠭᠰᠠᠨ ᠬᠦᠴᠢᠷᠳᠡᠯ᠂ ᠲᠦᠭᠵᠢᠷᠡᠯ᠂ ᠡᠪᠡᠷᠰᠢᠶᠡᠯ ᠠᠰᠠᠭᠤᠳᠠᠯ ᠢ ᠵᠣᠬᠢᠴᠠᠭᠤᠯᠤᠨ ᠰᠢᠢᠳᠪᠦᠷᠢᠯᠡᠵᠦ᠂ ᠦᠢᠯᠡᠴᠢᠯᠡᠭᠡᠨ ᠤ ᠠᠵᠤ ᠠᠬᠤᠶᠢᠯᠠᠯ ᠤᠨ ︽ᠡᠴᠦᠰ ᠤᠨ ᠨᠢᠭᠡ ᠺᠢᠯᠣᠮᠧᠲᠷ︾ ᠤᠨ ᠠᠰᠠᠭᠤᠳᠠᠯ ᠢ ᠪᠦᠬᠦ ᠬᠦᠴᠦᠨ ᠢᠶᠠᠷ ᠢᠶᠠᠨ ᠰᠢᠢᠳᠪᠦᠷᠢᠯᠡᠬᠦ ᠬᠡᠷᠡᠭᠲᠡᠢ ᠭᠡᠵᠦ ᠴᠢᠬᠤᠯᠠᠴᠢᠯᠠᠪᠠ᠃     ᠬᠤᠷᠠᠯ ᠠᠴᠠ᠂ ᠬᠡᠯᠪᠡᠷᠢᠴᠢ ᠦᠵᠡᠯ ᠢ ᠦᠷᠭᠦᠯᠵᠢᠯᠡᠨ ᠭᠦᠨᠵᠡᠭᠡᠢ ᠴᠡᠭᠴᠡᠯᠡᠨ ᠵᠠᠰᠠᠵᠤ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠬᠦ ᠬᠡᠷᠡᠭᠲᠡᠢ᠃ ᠲᠥᠪ ᠤᠨ ᠪᠠ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠦᠬᠦᠢ ᠪᠠᠶᠢᠷᠢᠯᠠᠭᠤᠯᠤᠯᠲᠠ ᠶᠢᠨ ᠱᠠᠭᠠᠷᠳᠠᠯᠭ᠎ᠠ ᠶᠢ ᠦᠷᠭᠦᠯᠵᠢᠯᠡᠨ ᠳᠠᠭᠠᠵᠤ ᠰᠠᠶᠢᠲᠤᠷ ᠨᠠᠶᠢᠳᠠᠪᠤᠷᠢᠵᠢᠭᠤᠯᠵᠤ᠂ ᠪᠠᠷᠢᠮᠵᠢᠶ᠎ᠠ ᠳᠤ ᠵᠣᠬᠢᠴᠠᠭᠤᠯᠤᠨ ᠨᠠᠶᠢᠳᠠᠪᠤᠷᠢᠵᠢᠭᠤᠯᠬᠤ ᠶᠢ ᠠᠳᠬᠤᠬᠤ ᠶᠢ ᠪᠠᠷᠢᠮᠲᠠᠯᠠᠨ᠂ ᠨᠢᠭᠡᠳᠦᠯᠲᠡᠢ ᠲᠥᠯᠥᠪᠯᠡᠨ ᠠᠬᠢᠭᠤᠯᠬᠤ ᠶᠢ ᠪᠠᠷᠢᠮᠲᠠᠯᠠᠵᠤ᠂ ᠰᠢᠮᠳᠠᠭᠤᠯᠤᠨ ᠪᠠᠶᠢᠴᠠᠭᠠᠵᠤ ᠰᠢᠯᠭᠠᠨ ᠬᠢᠨᠠᠬᠤ ᠠᠵᠢᠯ ᠢ ᠨᠢᠭᠡᠳᠦᠯᠲᠡᠢ ᠲᠥᠯᠥᠪᠯᠡᠨ ᠵᠢᠷᠤᠮᠵᠢᠭᠤᠯᠬᠤ ᠶᠢ ︽ᠭᠤᠷᠪᠠᠨ ᠣᠯᠠᠨ ᠭᠤᠷᠪᠠᠨ ᠴᠥᠭᠡᠨ ᠭᠤᠷᠪᠠᠨ ᠤᠳᠠᠭᠠᠨ︾ ᠪᠠ ︽ᠤᠳᠠᠭᠠᠨ ᠪᠦᠳᠦᠭᠦᠯᠢᠭ︾ ᠠᠰᠠᠭᠤᠳᠠᠯ ᠢ ᠴᠡᠭᠴᠡᠯᠡᠨ ᠵᠠᠰᠠᠬᠤ ᠶᠢ ᠦᠷᠭᠦᠯᠵᠢᠯᠡᠨ ᠲᠦᠯᠬᠢᠨ ᠠᠬᠢᠭᠤᠯᠬᠤ ᠲᠠᠢ ᠤᠶᠠᠯᠳᠤᠭᠤᠯᠤᠨ᠂ ᠠᠵᠢᠯ ᠤᠨ ︽ᠵᠢᠷᠤᠮᠵᠢᠭᠤᠯᠬᠤ᠂ ᠴᠣᠮᠬᠠᠳᠬᠠᠬᠤ᠂ ᠬᠤᠷᠳᠤᠴᠠ ᠶᠢ ᠳᠡᠭᠡᠭᠰᠢᠯᠡᠭᠦᠯᠬᠦ︾ ᠶᠢ ᠣᠷᠭᠠᠨᠢᠭ ᠢᠶᠠᠷ ᠤᠶᠠᠯᠳᠤᠭᠤᠯᠵᠤ᠂ ᠰᠢᠰᠲ᠋ᠧᠮ ᠲᠠᠢ ᠪᠠᠷ ᠬᠦᠴᠦᠯᠡᠵᠦ᠂ ᠵᠦᠢ ᠵᠣᠬᠢᠰᠲᠠᠢ ᠪᠠᠷ ᠴᠡᠭᠴᠡᠯᠡᠨ ᠵᠠᠰᠠᠬᠤ ᠶᠢ ᠠᠬᠢᠭᠤᠯᠬᠤ ᠬᠡᠷᠡᠭᠲᠡᠢ᠃ ᠴᠢᠩᠭ᠎ᠠ ᠬᠢᠵᠠᠭᠠᠷᠯᠠᠯ ᠢ ᠪᠠᠷᠢᠮᠲᠠᠯᠠᠵᠤ᠂ ᠡᠯ᠎ᠡ ᠲᠦᠷᠦᠯ ᠤᠨ ᠰᠢᠮᠳᠠᠭᠤᠯᠤᠨ ᠪᠠᠶᠢᠴᠠᠭᠠᠵᠤ ᠰᠢᠯᠭᠠᠨ ᠬᠢᠨᠠᠬᠤ ᠳᠤ ᠲᠥᠯᠥᠪᠯᠡᠭᠡᠲᠦ ᠬᠠᠮᠢᠶᠠᠷᠤᠯᠲᠠ ᠶᠢ ᠴᠢᠩᠭ᠎ᠠ ᠬᠡᠷᠡᠭᠵᠢᠭᠦᠯᠵᠦ᠂ ᠪᠢᠴᠢᠭ ᠮᠠᠲ᠋ᠧᠷᠢᠶᠠᠯ ᠤᠨ ᠬᠤᠷᠠᠯ ᠪᠣᠯᠣᠨ ᠰᠢᠮᠳᠠᠭᠤᠯᠤᠨ ᠪᠠᠶᠢᠴᠠᠭᠠᠵᠤ ᠰᠢᠯᠭᠠᠨ ᠬᠢᠨᠠᠬᠤ ᠲᠤᠭ᠎ᠠ ᠬᠡᠮᠵᠢᠶ᠎ᠡ ᠶᠢ ᠦᠨᠡᠨᠬᠦ ᠪᠠᠭᠠᠰᠬᠠᠵᠤ᠂ ᠶᠠᠰᠤ ᠴᠢᠨᠠᠷ ᠪᠣᠯᠣᠨ ᠦᠷ᠎ᠡ ᠪᠦᠲᠦᠮᠵᠢ ᠶᠢ ᠳᠡᠭᠡᠭᠰᠢᠯᠡᠭᠦᠯᠬᠦ ᠬᠡᠷᠡᠭᠲᠡᠢ᠃ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠰᠢᠮᠳᠠᠭᠤᠯᠤᠨ ᠪᠠᠶᠢᠴᠠᠭᠠᠵᠤ ᠬᠢᠨᠠᠨ ᠰᠢᠯᠭᠠᠬᠤ ᠲᠥᠯᠥᠪᠯᠡᠭᠡ  ᠶᠢ ᠬᠡᠷᠡᠭᠵᠢᠭᠦᠯᠦᠭᠰᠡᠨ ᠪᠠᠶᠢᠳᠠᠯ ᠢ ᠨᠠᠷᠢᠨ ᠬᠢᠨᠠᠮᠠᠭᠠᠢ ᠡᠮᠬᠢᠯᠡᠵᠦ᠂ ᠥᠪᠡᠷ ᠤᠨ ᠪᠠᠶᠢᠴᠠᠭᠠᠯᠲᠠ ᠪᠠᠨ ᠭᠦᠨᠵᠡᠭᠡᠢ ᠦᠷᠨᠢᠭᠦᠯᠵᠦ᠂ ᠨᠢᠭᠡ ᠠᠴᠠ ᠵᠦᠢᠴᠢᠯᠡᠵᠦ ᠨᠥᠬᠦᠭᠡ ᠶᠢ ᠨᠠᠷᠢᠨ ᠬᠢᠨᠠᠮᠠᠭᠠᠢ ᠴᠡᠭᠴᠡᠯᠡᠨ ᠰᠠᠶᠢᠵᠢᠷᠠᠭᠤᠯᠵᠤ᠂ ᠥᠷᠭᠡᠨ ᠤᠯᠠᠨ ᠨᠠᠮ ᠤᠨ ᠭᠡᠰᠢᠭᠦᠨ ᠺᠠᠳ᠋ᠷᠴᠤᠳ ᠢ ᠬᠥᠲᠥᠯᠥᠨ ᠵᠢᠯᠤᠭᠤᠳᠴᠤ ᠪᠠᠶᠢᠭᠠᠳ ᠨᠡᠩ ᠤᠯᠠᠨ ᠴᠠᠭ ᠪᠠ ᠤᠶᠤᠨ ᠴᠢᠳᠠᠯ ᠢᠶᠠᠨ ᠠᠵᠢᠯ ᠬᠢᠵᠦ ᠦᠢᠯᠡᠰ ᠪᠣᠰᠬᠠᠬᠤ᠂ ᠠᠷᠠᠳ ᠲᠦᠮᠡᠨ ᠳᠤ ᠦᠢᠯᠡᠴᠢᠯᠡᠬᠦ ᠳᠡᠭᠡᠷ᠎ᠡ ᠬᠡᠷᠡᠭᠯᠡᠭᠦᠯᠬᠦ ᠬᠡᠷᠡᠭᠲᠡᠢ ᠭᠡᠵᠤ ᠱᠠᠭᠠᠷᠳᠠᠪᠠ᠃    ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃  
ᠢᠷᠡᠯᠲᠡ᠄ ᠠᠯᠪᠠᠨ ᠭᠡᠷ
Baidu
map