ᠪᠥᠲᠥᠭᠡᠨ ᠪᠠᠶᠢᠭᠤᠯᠤᠯᠲᠠ ᠶᠢᠨ ᠢᠨᠵᠧᠨᠧᠷᠢᠩ ᠤᠨ ᠠᠵᠤ ᠠᠬᠤᠶᠢᠯᠠᠯ ᠤᠨ ᠬᠢᠷᠢ ᠭᠡᠮ ᠢ ᠦᠷᠭᠦᠯᠵᠢᠯᠡᠭᠦᠯᠬᠦ ᠬᠤᠯᠪᠣᠭᠳᠠᠯ ᠪᠥᠬᠦᠶ ᠵᠦᠢᠯᠡᠰ ᠤᠨ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠢᠩᠬᠢᠮ ᠤᠨ ᠨᠥᠬᠦᠪᠥᠷᠢ ᠮᠡᠳᠡᠭᠳᠡᠯ
ᠨᠡᠶᠢᠲᠡᠯᠡᠭᠰᠡᠨ ᠴᠠᠭ᠄
2024/4/23
        ᠥᠪᠥᠷ ᠪᠦᠲᠦᠭᠡᠨ ᠵᠠᠰᠠᠭ ᠵᠠᠬᠢᠳᠠᠯ ﹇2024﹈ 96 ᠳ᠋ᠤᠭᠠᠷ ᠲᠣᠭᠠᠲᠤ ᠡᠯ᠎ᠡ ᠠᠶᠢᠮᠠᠭ ᠬᠤᠲᠠ ︵ᠮᠠᠨᠵᠤᠤᠷ ᠬᠤᠲᠠ᠂ ᠡᠷᠢᠶᠡᠨ ᠬᠤᠲᠠ︶ ᠶᠢᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ᠂ ᠬᠦᠬᠡᠬᠤᠲᠠ ᠶᠢᠨ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠯᠳᠡ ᠪᠠ ᠵᠠᠰᠠᠭ ᠤᠨ ᠶᠠᠪᠤᠳᠠᠯ ᠤᠨ ᠦᠢᠯᠡᠴᠢᠯᠡᠭᠡ ᠶᠢᠨ ᠲᠣᠪᠴᠢᠶ᠎ᠠ᠂ ᠬᠢᠩᠭᠠᠨ ᠠᠶᠢᠮᠠᠭ ᠤᠨ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠯ ᠵᠠᠰᠠᠭ ᠤᠨ ᠶᠠᠪᠤᠳᠠᠯ ᠤᠨ ᠦᠢᠯᠡᠴᠢᠯᠡᠭᠡ ᠬᠢᠭᠡᠳ ᠲᠤᠭ᠎ᠠ ᠪᠠᠷᠢᠮᠲᠠ ᠶᠢᠨ ᠬᠠᠮᠢᠶᠠᠷᠤᠯᠲᠠ ᠶᠢᠨ ᠲᠣᠪᠴᠢᠶ᠎ᠠ᠂ ᠲᠦᠩᠯᠢᠶᠣᠤ ᠬᠤᠲᠠ ᠶᠢᠨ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠯᠳᠡ ᠪᠠ ᠵᠠᠰᠠᠭ ᠤᠨ ᠶᠠᠪᠤᠳᠠᠯ ᠤᠨ ᠦᠢᠯᠡᠴᠢᠯᠡᠭᠡ ᠶᠢᠨ ᠲᠣᠪᠴᠢᠶ᠎ᠠ᠂ ᠣᠷᠳᠣᠰ ᠬᠤᠲᠠ ᠶᠢᠨ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠯ ᠵᠠᠰᠠᠭ ᠤᠨ ᠶᠠᠪᠤᠳᠠᠯ ᠤᠨ ᠦᠢᠯᠡᠴᠢᠯᠡᠭᠡ ᠬᠢᠭᠡᠳ ᠲᠤᠭ᠎ᠠ ᠪᠠᠷᠢᠮᠲᠠ ᠶᠢᠨ ᠬᠠᠮᠢᠶᠠᠷᠤᠯᠲᠠ ᠶᠢᠨ ᠲᠣᠪᠴᠢᠶ᠎ᠠ᠂ ᠬᠤᠯᠪᠣᠭᠳᠠᠯ ᠪᠦᠬᠦᠢ ᠠᠵᠤ ᠠᠬᠤᠶᠢᠯᠠᠯ ᠳᠤ᠄     ︽ᠬᠤᠯᠪᠣᠭᠳᠠᠯ ᠪᠦᠬᠦᠢ ᠪᠦᠲᠦᠭᠡᠨ ᠪᠠᠶᠢᠭᠤᠯᠤᠯᠲᠠ ᠶᠢᠨ ᠢᠨᠵᠧᠨᠧᠷᠢᠩ ᠤᠨ ᠠᠵᠤ ᠠᠬᠤᠶᠢᠯᠠᠯ ᠤᠨ ᠬᠢᠷᠢ ᠬᠡᠮ ᠤᠨ ᠦᠨᠡᠮᠯᠡᠯ ᠢ ᠰᠣᠯᠢᠵᠤ ᠠᠪᠬᠤ ᠪᠠ ᠦᠷᠭᠦᠯᠵᠢᠯᠡᠭᠦᠯᠬᠦ ᠠᠵᠢᠯ ᠢ ᠰᠠᠶᠢᠲᠤᠷ ᠬᠢᠬᠦ ᠲᠤᠬᠠᠶ ᠣᠷᠣᠨ ᠰᠠᠭᠤᠴᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠶᠠᠮᠤᠨ ᠤ ᠠᠯᠪᠠᠨ ᠲᠢᠩᠬᠢᠮ ᠤᠨ ᠮᠡᠳᠡᠭᠳᠡᠯ︾ ︵ ᠪᠦᠲᠦᠭᠡᠨ ᠠᠯᠪᠠᠨ ᠵᠠᠬ᠎ᠠ ﹇ 2023 ﹈ 47 ᠳ᠋ᠤᠭᠠᠷ ᠲᠣᠭᠠᠲᠤ︶ ᠪᠠ ︽ᠪᠦᠲᠦᠭᠡᠨ ᠪᠠᠶᠢᠭᠤᠯᠤᠯᠲᠠ ᠶᠢᠨ ᠢᠨᠵᠧᠨᠧᠷᠢᠩ ᠤᠨ ᠠᠵᠤ ᠠᠬᠤᠶᠢᠯᠠᠯ ᠤᠨ ᠬᠢᠷᠢ ᠬᠡᠮ ᠢ ᠦᠷᠭᠦᠯᠵᠢᠯᠡᠭᠦᠯᠬᠦ ᠬᠤᠯᠪᠣᠭᠳᠠᠯ ᠪᠦᠬᠦᠢ ᠵᠦᠢᠯᠡᠰ ᠤᠨ ᠲᠤᠬᠠᠶ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠶᠠᠮᠤᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠮᠡᠳᠡᠭᠳᠡᠯ︾ ︵ ᠪᠦᠲᠦᠭᠡᠨ ᠵᠤᠷᠭᠠᠨ ᠲᠣᠪᠴᠢᠶ᠎ᠠ ᠵᠠᠬᠢᠳᠠᠯ ᠵᠠᠬ᠎ᠠ ﹇ 2023 ﹈ 116 ᠳ᠋ᠤᠭᠠᠷ ᠲᠣᠭᠠᠲᠤ︶ ᠤᠨ ᠪᠢᠴᠢᠭ ᠮᠠᠲ᠋ᠧᠷᠢᠶᠠᠯ ᠤᠨ ᠵᠣᠷᠢᠭ ᠰᠠᠨᠠᠭᠠᠨ ᠤ ᠶᠣᠰᠣᠭᠠᠷ᠂ ᠣᠶᠢᠷ᠎ᠠ ᠶᠢᠨ ᠬᠤᠭᠤᠴᠠᠭᠠᠨ ᠤ ᠮᠠᠨ ᠤ ᠣᠷᠣᠨ ᠤ ᠪᠦᠲᠦᠭᠡᠨ ᠪᠠᠶᠢᠭᠤᠯᠤᠯᠲᠠ ᠶᠢᠨ ᠢᠨᠵᠧᠨᠧᠷᠢᠩ ᠤᠨ ᠠᠵᠤ ᠠᠬᠤᠶᠢᠯᠠᠯ ᠤᠨ ᠬᠢᠷᠢ ᠬᠡᠮ ᠢ ᠦᠷᠭᠦᠯᠵᠢᠯᠡᠭᠦᠯᠬᠦ ᠠᠵᠢᠯ ᠢ ᠥᠷᠨᠢᠭᠦᠯᠵᠦ ᠪᠠᠶᠢᠭ᠎ᠠ ᠪᠠᠶᠢᠳᠠᠯ ᠲᠠᠢ ᠤᠶᠠᠯᠳᠤᠭᠤᠯᠤᠨ᠂ ᠠᠵᠤ ᠠᠬᠤᠶᠢᠯᠠᠯ ᠤᠨ ᠬᠡᠪ ᠤᠨ ᠦᠢᠯᠡᠳᠪᠦᠷᠢᠯᠡᠯ ᠡᠵᠡᠩᠨᠡᠯᠲᠡ ᠶᠢ ᠪᠠᠲᠤᠯᠠᠵᠤ᠂ ᠵᠠᠬ᠎ᠠ ᠳᠡᠯᠭᠡᠭᠦᠷ ᠤᠨ ᠠᠮᠢᠵᠢᠷᠠᠯ ᠤᠨ ᠬᠦᠴᠦᠨ ᠢ ᠬᠥᠭᠵᠢᠭᠡᠬᠦ ᠶᠢᠨ ᠲᠤᠰᠠᠳᠠ᠂ ᠡᠳᠦᠭᠡ ᠮᠠᠨ ᠤ ᠣᠷᠣᠨ ᠤ ᠪᠦᠲᠦᠭᠡᠨ ᠪᠠᠶᠢᠭᠤᠯᠤᠯᠲᠠ ᠶᠢᠨ ᠢᠨᠵᠧᠨᠧᠷᠢᠩ ᠤᠨ ᠠᠵᠤ ᠠᠬᠤᠶᠢᠯᠠᠯ ᠤᠨ ᠬᠢᠷᠢ ᠬᠡᠮ ᠢ ᠦᠷᠭᠦᠯᠵᠢᠯᠡᠭᠦᠯᠬᠦ ᠬᠤᠯᠪᠣᠭᠳᠠᠯ ᠪᠦᠬᠦᠢ ᠵᠦᠢᠯᠡᠰ ᠤᠨ ᠲᠤᠬᠠᠶ ᠨᠥᠬᠦᠪᠥᠷᠢ ᠮᠡᠳᠡᠭᠳᠡᠯ ᠳᠣᠣᠷᠠᠬᠢ ᠮᠡᠲᠦ᠄    ᠮᠠᠨ ᠤ ᠲᠢᠩᠬᠢᠮ ᠤᠨ ᠬᠠᠷᠭᠤᠭᠤᠯᠤᠨ ᠣᠯᠭᠤᠭᠰᠠᠨ ᠪᠠᠷᠢᠯᠭ᠎ᠠ ᠶᠢᠨ ᠦᠢᠯᠡᠰ ᠤᠨ ᠠᠵᠤ ᠠᠬᠤᠶᠢᠯᠠᠯ ᠤᠨ ᠬᠢᠷᠢ ᠬᠡᠮ ᠤᠨ ᠦᠨᠡᠮᠯᠡᠯ ᠨᠢ 2024 ᠣᠨ ᠤ 9 ᠳ᠋ᠦ᠋ᠭᠡᠷ ᠰᠠᠷ᠎ᠠ ᠶᠢᠨ 15 ᠤ ᠡᠳᠦᠷ ᠠᠴᠠ ᠡᠮᠦᠨ᠎ᠡ ᠬᠤᠭᠤᠴᠠᠭ᠎ᠠ ᠨᠢ ᠳᠦᠭᠦᠷᠦᠭᠰᠡᠨ ᠪᠠᠶᠢᠪᠠᠯ᠂ ᠠᠵᠤ ᠠᠬᠤᠶᠢᠯᠠᠯ ᠤᠨ ᠬᠦᠴᠦᠨ ᠲᠠᠢ ᠬᠤᠭᠤᠴᠠᠭ᠎ᠠ ᠨᠢ ᠳᠠᠭᠤᠰᠬᠤ ᠠᠴᠠ ᠡᠮᠦᠨ᠎ᠡ ᠦᠷᠭᠦᠯᠵᠢᠯᠡᠭᠦᠯᠬᠦ ᠪᠠᠷ ᠭᠤᠶᠤᠴᠢᠯᠠᠬᠤ ᠦᠶ᠎ᠡ ᠳᠤ᠂ ᠭᠤᠶᠤᠴᠢᠯᠠᠬᠤ ᠬᠢᠷᠢ ᠬᠡᠮ ᠤᠨ ᠦᠨᠡᠮᠯᠡᠯ ᠨᠢ 5 ᠵᠢᠯ ᠦᠷᠭᠦᠯᠵᠢᠯᠡᠬᠦ ᠪᠤᠶᠤ 1 ᠵᠢᠯ ᠬᠦᠴᠦᠨ ᠲᠠᠢ ᠬᠤᠭᠤᠴᠠᠭ᠎ᠠ ᠶᠢ ᠰᠣᠩᠭᠤᠵᠤ ᠪᠣᠯᠤᠨ᠎ᠠ᠃ 1 ᠵᠢᠯ ᠤᠨ ᠬᠦᠴᠦᠨ ᠲᠠᠢ ᠬᠢᠷᠢ ᠭᠡᠮ ᠤᠨ ᠦᠨᠡᠮᠯᠡᠯ ᠢ ᠭᠤᠶᠤᠴᠢᠯᠠᠭᠰᠠᠨ ᠪᠣᠯ᠂ ᠠᠵᠤ ᠠᠬᠤᠶᠢᠯᠠᠯ ᠤᠨ ᠳᠠᠩᠰᠠᠯᠠᠭᠤᠯᠤᠨ ᠪᠠᠶᠢᠭᠤᠯᠤᠯᠲᠠ ᠶᠢᠨ ᠪᠠᠶᠢᠭᠤᠯᠤᠭᠴᠢ ᠵᠡᠷᠭᠡ ᠳᠤ ᠲᠦᠷ ᠬᠢᠨᠠᠨ ᠪᠠᠶᠢᠴᠠᠭᠠᠯᠲᠠ ᠬᠢᠬᠦ ᠦᠭᠡᠶ᠃ ᠠᠵᠤ ᠠᠬᠤᠶᠢᠯᠠᠯ ᠨᠢ ᠬᠢᠷᠢ ᠭᠡᠮ ᠤᠨ ᠦᠨᠡᠮᠯᠡᠯ ᠤᠨ 1 ᠵᠢᠯ ᠤᠨ ᠬᠦᠴᠦᠨ ᠲᠠᠢ ᠬᠤᠭᠤᠴᠠᠭ᠎ᠠ ᠨᠢ ᠳᠦᠭᠦᠷᠬᠦ ᠠᠴᠠ ᠡᠮᠦᠨ᠎ᠡ᠂ ᠬᠤᠯᠪᠣᠭᠳᠠᠯ ᠪᠦᠬᠦᠢ ᠬᠢᠷᠢ ᠭᠡᠮ ᠤᠨ ᠬᠠᠮᠢᠶᠠᠷᠤᠯᠲᠠ ᠶᠢᠨ ᠲᠣᠭᠲᠠᠭᠠᠯ ᠪᠠ ᠬᠢᠷᠢ ᠭᠡᠮ ᠤᠨ ᠪᠠᠷᠢᠮᠵᠢᠶ᠎ᠠ ᠶᠣᠰᠣᠭᠠᠷ ᠦᠷᠭᠦᠯᠵᠢᠯᠡᠭᠦᠯᠬᠦ ᠪᠠᠷ ᠭᠤᠶᠤᠴᠢᠯᠠᠵᠤ᠂ ᠬᠢᠨᠠᠨ ᠪᠠᠶᠢᠴᠠᠭᠠᠭᠠᠳ ᠬᠢᠷᠢ ᠲᠡᠩᠴᠡᠭᠰᠡᠨ ᠳᠤᠨᠢ 5 ᠵᠢᠯ ᠤᠨ ᠬᠦᠴᠦᠨ ᠲᠠᠢ ᠬᠤᠭᠤᠴᠠᠭᠠᠨ ᠤ ᠬᠢᠷᠢ ᠭᠡᠮ ᠤᠨ ᠦᠨᠡᠮᠯᠡᠯ ᠣᠯᠭᠤᠨ᠎ᠠ᠃ ᠬᠢᠷᠢ ᠭᠡᠮ ᠤᠨ ᠦᠨᠡᠮᠯᠡᠯ ᠤᠨ ᠬᠦᠴᠦᠨ ᠲᠠᠢ ᠬᠤᠭᠤᠴᠠᠭ᠎ᠠ ᠨᠢ ᠳᠦᠭᠦᠷᠬᠦ ᠠᠴᠠ ᠡᠮᠦᠨ᠎ᠡ ᠦᠷᠭᠦᠯᠵᠢᠯᠡᠭᠦᠯᠬᠦ ᠪᠠᠷ ᠭᠤᠶᠤᠴᠢᠯᠠᠭᠰᠠᠨ ᠦᠭᠡᠶ ᠪᠣᠯ ᠬᠤᠭᠤᠴᠠᠭ᠎ᠠ ᠥᠩᠭᠡᠷᠡᠯ᠎ᠡ ᠠᠶᠠᠨᠳᠠᠭᠠᠨ ᠬᠦᠴᠦᠨ ᠦᠭᠡᠶ ᠪᠣᠯᠤᠨ᠎ᠠ᠃          2024 ᠣᠨ ᠤ 4 ᠳ᠋ᠦ᠋ᠭᠡᠷ ᠰᠠᠷ᠎ᠠ ᠶᠢᠨ 3 ᠤ ᠡᠳᠦᠷ 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠢᠩᠬᠢᠮ
Baidu
map