ᠪᠦᠲᠦᠭᠡᠨ ᠪᠠᠶᠢᠭᠤᠯᠤᠯᠲᠠ ᠶᠢᠨ ᠢᠨᠵᠧᠨᠧᠷᠢᠩ ᠤᠨ ᠠᠵᠤ ᠠᠬᠤᠶᠢᠯᠠᠯ ᠤᠨ ᠬᠢᠷᠢ ᠴᠢᠳᠠᠮᠵᠢ ᠶᠢ ᠬᠢᠨᠠᠨ ᠵᠥᠪᠰᠢᠶᠡᠷᠡᠬᠦ ᠬᠠᠮᠢᠶᠠᠷᠤᠯᠲᠠ ᠶᠢᠨ ᠠᠵᠢᠯ ᠢ ᠤᠯᠠᠮ ᠨᠢᠭᠡ ᠠᠯᠬᠤᠮ ᠴᠢᠩᠭᠠᠳᠬᠠᠬᠤ ᠲᠤᠬᠠᠶ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠶᠠᠮᠤᠨ ᠤ ᠮᠡᠳᠡᠭᠳᠡᠯ
ᠨᠡᠶᠢᠲᠡᠯᠡᠭᠰᠡᠨ ᠴᠠᠭ᠄
2024/4/23
ᠡᠯ᠎ᠡ ᠮᠤᠵᠢ᠂ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠢᠩᠬᠢᠮ᠂ ᠰᠢᠭᠤᠳ ᠬᠠᠷᠢᠶ᠎ᠠ ᠬᠤᠲᠠ ᠶᠢᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ︵ᠬᠠᠮᠢᠶᠠᠷᠤᠯᠲᠠ︶ ᠶᠢᠨ ᠵᠥᠪᠯᠡᠯ᠂ ᠪᠡᠭᠡᠵᠢᠩ ᠬᠤᠲᠠ ᠶᠢᠨ ᠲᠥᠯᠥᠪᠵᠢᠭᠦᠯᠭᠡ ᠪᠠ ᠪᠠᠶᠢᠭᠠᠯᠢ ᠶᠢᠨ ᠡᠬᠢ ᠪᠠᠶᠠᠯᠢᠭ ᠤᠨ ᠵᠥᠪᠯᠡᠯ᠂ ᠰᠢᠨᠵᠢᠶᠠᠩ ᠤᠨ ᠦᠢᠯᠡᠳᠪᠦᠷᠢᠯᠡᠯ ᠪᠦᠲᠦᠭᠡᠨ ᠪᠠᠶᠢᠭᠤᠯᠤᠯᠲᠠ ᠶᠢᠨ ᠴᠡᠷᠢᠭ ᠤᠨ ᠬᠤᠷᠢᠶᠠᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠬᠤᠯᠪᠣᠭᠳᠠᠯ ᠪᠦᠬᠦᠢ ᠰᠠᠯᠠᠭ᠎ᠠ ᠮᠥᠴᠢᠷ᠂ ᠬᠤᠯᠪᠣᠭᠳᠠᠯ ᠪᠦᠬᠦᠢ ᠲᠥᠪ ᠤᠨ ᠠᠵᠤ ᠠᠬᠤᠶᠢᠯᠠᠯ ᠳᠤ᠄    ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠢᠨᠵᠧᠨᠧᠷᠢᠩ ᠤᠨ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠯᠠᠪᠳᠠᠭᠤᠨ ᠪᠠᠲᠤᠲᠠᠢ ᠠᠬᠢᠭᠤᠯᠤᠨ᠂ ᠢᠨᠵᠧᠨᠧᠷᠢᠩ ᠤᠨ ᠶᠠᠰᠤ ᠴᠢᠨᠠᠷ ᠤᠨ ᠠᠮᠤᠷ ᠲᠦᠪᠰᠢᠨ ᠪᠠ ᠠᠷᠠᠳ ᠲᠦᠮᠡᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠦᠨᠡᠨ ᠬᠦ ᠪᠠᠲᠤᠯᠠᠵᠤ᠂ ᠵᠠᠬ᠎ᠠ ᠳᠡᠯᠭᠡᠭᠦᠷ ᠤᠨ ᠡᠮᠬᠢ ᠳᠢᠭᠯᠢᠮ ᠢ ᠵᠢᠷᠤᠮᠵᠢᠭᠤᠯᠤᠨ᠂ ᠠᠵᠤ ᠠᠬᠤᠶᠢᠯᠠᠯ ᠤᠨ ᠠᠮᠢᠵᠢᠷᠠᠯ ᠤᠨ ᠬᠦᠴᠦᠨ ᠢ ᠬᠥᠭᠵᠢᠭᠡᠬᠦ ᠶᠢᠨ ᠲᠤᠰᠠᠳᠠ᠂ ᠡᠳᠦᠭᠡ ᠪᠦᠲᠦᠭᠡᠨ ᠪᠠᠶᠢᠭᠤᠯᠤᠯᠲᠠ ᠶᠢᠨ ᠢᠨᠵᠧᠨᠧᠷᠢᠩ ᠤᠨ ᠠᠵᠤ ᠠᠬᠤᠶᠢᠯᠠᠯ ᠤᠨ ᠬᠢᠷᠢ ᠬᠡᠮ ᠢ ᠬᠢᠨᠠᠨ ᠵᠥᠪᠰᠢᠶᠡᠷᠡᠬᠦ ᠬᠠᠮᠢᠶᠠᠷᠤᠯᠲᠠ ᠶᠢᠨ ᠠᠵᠢᠯ ᠢ ᠤᠯᠠᠮ ᠨᠢᠭᠡ ᠠᠯᠬᠤᠮ ᠴᠢᠩᠭᠠᠳᠬᠠᠬᠤ ᠲᠤᠬᠠᠢ ᠳᠣᠣᠷᠠᠬᠢ ᠮᠡᠲᠦ ᠮᠡᠳᠡᠭᠳᠡᠶ᠎ᠡ᠃    ᠨᠢᠭᠡ᠂ ᠬᠢᠷᠢ ᠭᠡᠮ ᠢ ᠬᠢᠨᠠᠨ ᠵᠥᠪᠰᠢᠶᠡᠷᠡᠬᠦ ᠦᠷ᠎ᠡ ᠪᠦᠲᠦᠮᠵᠢ ᠶᠢ ᠳᠡᠭᠡᠭᠰᠢᠯᠡᠭᠦᠯᠬᠦ ᠬᠡᠷᠡᠭᠲᠡᠶ᠃ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠪᠠ ᠬᠤᠯᠪᠣᠭᠳᠠᠯ ᠪᠥᠬᠦᠶ ᠲᠤᠰᠬᠠᠶ ᠠᠵᠢᠯ ᠤᠨ ᠰᠠᠯᠠᠭ᠎ᠠ ᠮᠥᠴᠢᠷ ᠤᠳ ᠠᠵᠤ ᠠᠬᠤᠶᠢᠯᠠᠯ ᠤᠨ ᠬᠢᠷᠢ ᠬᠡᠮ ᠢ ᠬᠢᠨᠠᠨ ᠵᠥᠪᠰᠢᠶᠡᠷᠡᠬᠦ ᠲᠣᠭᠲᠠᠴᠠ ᠶᠢ ᠢᠳᠡᠪᠬᠢᠲᠡᠶ ᠲᠡᠭᠦᠯᠳᠡᠷᠵᠢᠭᠦᠯᠵᠦ᠂ ᠠᠵᠤ ᠠᠬᠤᠶᠢᠯᠠᠯ ᠤᠨ ᠬᠢᠷᠢ ᠬᠡᠮ ᠢ ᠬᠢᠨᠠᠨ ᠪᠠᠶᠢᠴᠠᠭᠠᠬᠤ ᠮᠡᠳᠡᠭᠡ ᠵᠠᠩᠭᠢᠵᠢᠯᠲᠠ ᠶᠢᠨ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠂ ᠬᠢᠨᠠᠨ ᠵᠥᠪᠰᠢᠶᠡᠷᠡᠬᠦ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ᠴᠠᠭ ᠲᠤᠬᠠᠶ ᠳᠤᠨᠢ ᠬᠢᠨᠠᠨ ᠵᠥᠪᠰᠢᠶᠡᠷᠡᠬᠦ ᠲᠣᠭᠲᠠᠭᠠᠯ ᠭᠠᠷᠭᠠᠬᠤ ᠶᠢ ᠦᠨᠡᠨᠬᠦ ᠪᠠᠲᠤᠯᠠᠬᠤ ᠬᠡᠷᠡᠭᠲᠡᠶ᠃ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠶᠠᠮᠤᠨ ᠠᠴᠠ ᠬᠢᠨᠠᠨ ᠵᠥᠪᠰᠢᠶᠡᠷᠡᠬᠦ ᠠᠵᠤ ᠠᠬᠤᠶᠢᠯᠠᠯ ᠤᠨ ᠬᠢᠷᠢ ᠬᠡᠮ ᠢ ᠬᠠᠷᠢᠭᠤᠴᠠᠵᠤ᠂ 2 ᠰᠠᠷ᠎ᠠ ᠶᠢᠨ ᠳᠣᠲᠣᠷ᠎ᠠ ᠲᠤᠰᠬᠠᠢ ᠮᠡᠷᠭᠡᠵᠢᠯᠲᠡᠨ ᠤ ᠬᠢᠨᠠᠨ ᠲᠣᠭᠲᠠᠭᠠᠬᠤ ᠶᠢ ᠪᠡᠶᠡᠯᠡᠭᠦᠯᠵᠦ᠂ ᠬᠢᠨᠠᠨ ᠪᠠᠶᠢᠴᠠᠭᠠᠭᠰᠠᠨ ᠦᠷ᠎ᠡ ᠳ᠋ᠦᠩ ᠢ ᠵᠠᠷᠯᠠᠨ ᠨᠡᠶᠢᠲᠡᠯᠡᠵᠦ᠂ ᠠᠵᠤ ᠠᠬᠤᠶᠢᠯᠠᠯ ᠨᠢ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠶᠠᠮᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠠᠪᠴᠠᠩ ᠲᠤ ᠣᠷᠣᠵᠤ᠂ ︽ᠭᠤᠶᠤᠴᠢᠯᠠᠬᠤ ᠵᠦᠢᠯᠡᠰ ᠢ ᠭᠦᠢᠴᠡᠳᠬᠡᠬᠦ ᠠᠬᠢᠴᠠ ᠶᠢ ᠪᠠᠶᠢᠴᠠᠭᠠᠨ ᠯᠠᠪᠯᠠᠬᠤ ︵ᠭᠥᠯᠢᠶᠡᠨ ᠠᠪᠴᠤ ᠦᠨᠡᠮᠯᠡᠯ ᠣᠯᠭᠤᠭᠰᠠᠨ ᠮᠡᠳᠡᠭᠡ ᠵᠠᠩᠭᠢ ᠶᠢ ᠪᠠᠶᠢᠴᠠᠭᠠᠨ ᠯᠠᠪᠯᠠᠬᠤ︶︾ ᠪᠤᠯᠤᠩ ᠢ ᠲᠣᠪᠴᠢᠯᠠᠨ ᠬᠢᠨᠠᠨ ᠵᠥᠪᠰᠢᠶᠡᠷᠡᠭᠰᠡᠨ ᠠᠬᠢᠴᠠ ᠪᠠ ᠦᠷ᠎ᠡ ᠳ᠋ᠦᠩ ᠢ ᠪᠠᠶᠢᠴᠠᠭᠠᠨ ᠯᠠᠪᠯᠠᠵᠤ ᠪᠣᠯᠣᠨ᠎ᠠ᠃    ᠬᠤᠶᠠᠷ᠂ ᠪᠦᠬᠦ ᠤᠯᠤᠰ ᠤᠨ ᠬᠢᠷᠢ ᠴᠢᠳᠠᠮᠵᠢ ᠶᠢ ᠬᠢᠨᠠᠨ ᠵᠥᠪᠰᠢᠶᠡᠷᠡᠬᠦ ᠡᠷᠬᠡ ᠮᠡᠳᠡᠯ ᠢ ᠨᠢᠭᠡᠳᠦᠯᠲᠡᠶ ᠪᠣᠯᠭᠠᠬᠤ ᠬᠡᠷᠡᠭᠲᠡᠶ᠃ ᠲᠣᠰ ᠮᠡᠳᠡᠭᠳᠡᠯ ᠢ ᠬᠡᠷᠡᠭᠵᠢᠭᠦᠯᠦᠭᠰᠡᠨ ᠡᠳᠦᠷ ᠠᠴᠠ ᠡᠬᠢᠯᠡᠨ᠂ ᠠᠵᠤ ᠠᠬᠤᠶᠢᠯᠠᠯ ᠤᠨ ᠬᠢᠷᠢ ᠴᠢᠳᠠᠮᠵᠢ ᠶᠢ ᠬᠢᠨᠠᠨ ᠵᠥᠪᠰᠢᠶᠡᠷᠡᠬᠦ ᠡᠷᠬᠡ ᠮᠡᠳᠡᠯ ᠢ ᠳᠣᠷᠣᠭᠰᠢ ᠪᠠᠭᠤᠯᠭᠠᠬᠤ ᠲᠤᠷᠰᠢᠯᠲᠠ ᠶᠢᠨ ᠴᠡᠭ ᠤᠨ ᠭᠠᠵᠠᠷ ᠣᠷᠣᠨ ᠳᠤ ᠲᠤᠷᠰᠢᠯᠲᠠ ᠶᠢᠨ ᠴᠡᠭ ᠤᠨ ᠬᠢᠷᠢ ᠬᠡᠮ ᠤᠨ ᠭᠤᠶᠤᠴᠢᠯᠠᠬᠤ ᠵᠦᠢᠯᠡᠰ ᠢ ᠳᠠᠭᠢᠵᠤ ᠭᠥᠯᠢᠶᠡᠨ ᠠᠪᠴᠤ ᠰᠢᠢᠳᠪᠦᠷᠢᠯᠡᠬᠦ ᠥᠬᠡᠶ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠶᠠᠮᠤᠨ ᠠᠴᠠ ᠨᠢᠭᠡᠳᠦᠯᠲᠡᠶ ᠬᠡᠷᠡᠭᠵᠢᠭᠦᠯᠦᠨ᠎ᠡ᠃ ᠲᠤᠷᠰᠢᠯᠲᠠ ᠶᠢᠨ ᠭᠠᠵᠠᠷ ᠣᠷᠣᠨ ᠤ ᠨᠢᠭᠡᠨᠲᠡ ᠬᠦᠯᠢᠶᠡᠨ ᠠᠪᠤᠭᠰᠠᠨ ᠭᠤᠶᠤᠴᠢᠯᠠᠬᠤ ᠵᠦᠢᠯᠡᠰ ᠢ ᠲᠣᠭᠲᠠᠭᠰᠠᠨ ᠴᠠᠭ ᠤᠨ ᠳᠣᠲᠣᠷ᠎ᠠ ᠬᠢᠨᠠᠨ ᠵᠥᠪᠰᠢᠶᠡᠷᠡᠵᠦ ᠭᠦᠢᠴᠡᠳᠬᠡᠬᠦ ᠬᠡᠷᠡᠭᠲᠡᠶ᠃ ᠲᠣᠷᠰᠢᠯᠳᠡ ᠶᠢᠨ ᠴᠢᠬ ᠤᠨ ᠬᠤᠭᠤᠴᠠᠭᠠᠨ ᠳᠤ ᠣᠯᠭᠤᠠᠠᠰᠠᠨ ᠬᠢᠷᠢ ᠴᠢᠳᠠᠮᠵᠢ ᠶᠢᠨ ᠦᠨᠡᠮᠯᠠᠯ ᠤᠨ ᠬᠦᠴᠣᠨ ᠲᠠᠢ ᠬᠤᠭᠤᠴᠠᠭ᠎ᠠ ᠳᠤ ᠬᠦᠷᠬᠦ ᠠᠴᠠ ᠡᠮᠤᠨ᠎ᠠ ᠦᠷᠬᠦᠯᠵᠢᠯᠡᠨ ᠬᠦᠴᠣᠨ ᠲᠠᠢ ᠪᠠᠶᠢᠵᠦ᠂ ᠠᠵᠦ ᠠᠬᠤᠶᠢᠯᠠᠯ ᠤᠨ ᠬᠠᠦᠯᠢ ᠶᠣᠰᠣᠭᠠᠷ ᠠᠵᠢᠯ ᠢ ᠨᠢ ᠵᠤᠠᠠᠰᠣᠵᠦ ᠴᠡᠭᠴᠡᠯᠡᠬᠦ᠂ ᠬᠢᠷᠢ ᠴᠢᠳᠠᠮᠵᠢ ᠶᠢᠨ ᠳᠡᠰ ᠵᠡᠷᠭᠡ ᠶᠢ ᠨᠢ ᠪᠠᠭᠤᠷᠡᠭᠤᠯᠬᠤ᠂ ᠬᠢᠷᠢ ᠴᠢᠳᠠᠮᠵᠢ ᠶᠢᠨ ᠦᠨᠡᠮᠯᠠᠯ ᠢ ᠬᠦᠴᠣᠨ ᠦᠭᠡᠢ ᠪᠤᠯᠭᠠᠠᠠᠰᠠᠨ ᠪᠤᠶᠤ ᠬᠦᠴᠣᠨ ᠦᠭᠡᠢ ᠪᠤᠯᠭᠠᠠᠠᠰᠠᠨ ᠪᠠᠶᠢᠪᠠᠯ᠂ ᠲᠣᠷᠰᠢᠯᠳᠡ ᠶᠢᠨ ᠴᠢᠬ ᠤᠨ ᠭᠠᠵᠡᠷ ᠣᠷᠣᠨ ᠤ ᠣᠷᠣᠨ ᠰᠠᠭᠤᠴᠠ ᠬᠤᠳᠡ ᠬᠦᠳᠡᠭᠡ ᠶᠢᠨ ᠪᠦᠳᠦᠭᠡᠨ ᠪᠠᠶᠢᠭᠤᠯᠥᠯᠳᠡ ᠶᠢᠨ ᠭᠤᠤᠯᠴᠢᠯᠠᠨ ᠬᠠᠮᠢᠶᠡᠷᠬᠤ ᠰᠠᠯᠠᠭ᠎ᠠ ᠮᠦᠴᠢᠷ ᠠᠴᠠ ᠭᠡᠷᠡᠭᠵᠢᠬᠦᠯᠦᠨ᠎ᠠ᠃    ᠭᠤᠷᠪᠠ᠂ ᠠᠵᠤ ᠠᠬᠤᠶᠢᠯᠠᠯ ᠤᠨ ᠳᠠᠬᠢᠨ ᠵᠣᠬᠢᠶᠠᠨ ᠪᠠᠶᠢᠭᠤᠯᠵᠤ ᠲᠤᠰᠠᠭᠠᠷᠯᠠᠬᠤ ᠵᠢᠴᠢ ᠨᠡᠶᠢᠯᠡᠭᠦᠯᠬᠦ ᠬᠢᠷᠢ ᠬᠡᠮ ᠢ ᠬᠢᠨᠠᠨ ᠲᠣᠭᠲᠠᠭᠠᠬᠤ ᠶᠢ ᠴᠢᠩᠭᠠᠳᠬᠠᠨ᠎ᠠ᠃ ᠠᠵᠤ ᠠᠬᠤᠶᠢᠯᠠᠯ ᠨᠢ ᠳᠠᠬᠢᠨ ᠵᠣᠬᠢᠶᠠᠨ ᠪᠠᠶᠢᠭᠤᠯᠬᠤ ᠲᠤᠰᠠᠭᠠᠷ ᠪᠠᠶᠢᠭᠤᠯᠬᠤ ᠭᠤᠶᠤᠴᠢᠯᠠᠯ ᠡᠭᠦᠰᠬᠦ ᠠᠴᠠ ᠪᠣᠯᠵᠤ᠂ ᠤᠤᠯ ᠤᠨ ᠠᠵᠤ ᠠᠬᠤᠶᠢᠯᠠᠯ ᠪᠣᠯᠤᠨ ᠬᠢᠷᠢ ᠴᠢᠳᠠᠮᠵᠢ ᠶᠢᠨ ᠵᠠᠯᠭᠠᠮᠵᠢᠯᠠᠯ ᠠᠵᠤ ᠠᠬᠤᠶᠢᠯᠠᠯ ᠳᠤ ᠬᠢᠷᠢ ᠭᠡᠮ ᠤᠨ ᠪᠠᠷᠢᠮᠵᠢᠶ᠎ᠠ ᠶᠣᠰᠣᠭᠠᠷ ᠬᠢᠨᠠᠨ ᠰᠢᠯᠭᠠᠯᠲᠠ ᠬᠢᠬᠦ ᠬᠡᠷᠡᠭᠲᠡᠶ᠃ ᠠᠵᠤ ᠠᠬᠤᠶᠢᠯᠠᠯ ᠨᠢ ᠨᠡᠶᠢᠯᠡᠭᠦᠯᠬᠦ ᠭᠤᠶᠤᠴᠢᠯᠠᠬᠤ ᠬᠢᠷᠢ ᠬᠡᠮ ᠢ ᠬᠢᠨᠠᠨ ᠲᠣᠭᠲᠠᠭᠠᠬᠤ ᠠᠴᠠ ᠪᠣᠯᠵᠣ ᠠᠵᠤ ᠠᠬᠤᠶᠢᠯᠠᠯ ᠤᠨ ᠡᠳ᠋ ᠬᠥᠷᠥᠩᠭᠡ᠂ ᠠᠵᠢᠯᠲᠠᠨ ᠵᠢᠴᠢ ᠬᠠᠮᠢᠶ᠎ᠠ ᠪᠥᠬᠦᠶ ᠬᠠᠤᠯᠢ ᠴᠠᠭᠠᠵᠠ ᠶᠢᠨ ᠬᠠᠷᠢᠴᠠᠭ᠎ᠠ ᠵᠡᠷᠭᠡ ᠪᠠᠶᠢᠳᠠᠯ ᠳᠤ ᠬᠢᠨᠠᠨ ᠰᠢᠯᠭᠠᠯᠲᠠ ᠬᠢᠬᠦ ᠬᠡᠷᠡᠭᠲᠡᠶ᠃    ᠳᠥᠷᠪᠡ᠂ ᠠᠵᠢᠯ ᠤᠨ ᠠᠮᠵᠢᠯᠲᠠ ᠪᠦᠲᠦᠮᠵᠢ ᠶᠢ ᠭᠡᠷᠡᠴᠢᠯᠡᠬᠦ ᠠᠷᠭ᠎ᠠ ᠮᠠᠶ᠋ᠢᠭ ᠢ ᠲᠡᠭᠦᠯᠳᠡᠷᠵᠢᠭᠦᠯᠦᠨ᠎ᠡ᠃ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠶᠠᠮᠤᠨ ᠠᠴᠠ ᠬᠠᠷᠢᠭᠤᠴᠠᠵᠤ ᠬᠢᠨᠠᠨ ᠵᠥᠪᠰᠢᠶᠡᠷᠡᠬᠦ ᠠᠵᠤ ᠠᠬᠤᠶᠢᠯᠠᠯ ᠤᠨ ᠬᠢᠷᠢ ᠭᠡᠮ ᠢ ᠭᠤᠶᠤᠴᠢᠯᠠᠵᠤ᠂ ᠠᠵᠤ ᠠᠬᠤᠶᠢᠯᠠᠯ ᠤᠨ ᠠᠮᠵᠢᠯᠲᠠ ᠪᠦᠲᠦᠮᠵᠢ ᠶᠢ ᠪᠦᠬᠦ ᠤᠯᠤᠰ ᠤᠨ ᠢᠨᠵᠧᠨᠧᠷᠢᠩ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠣᠯᠠᠨ ᠨᠡᠶᠢᠲᠡ ᠶᠢᠨ ᠦᠢᠯᠡᠴᠢᠯᠡᠭᠡᠨ ᠤ ᠲᠠᠪᠴᠠᠩ ︵ᠳᠣᠷᠣᠭᠰᠢ ᠪᠦᠬᠦ ᠤᠯᠤᠰ ᠤᠨ ᠢᠨᠵᠧᠨᠧᠷᠢᠩ ᠤᠨ ᠵᠠᠬ᠎ᠠ ᠳᠡᠯᠭᠡᠭᠦᠷ ᠤᠨ ᠲᠠᠪᠴᠠᠩ ᠭᠡᠵᠦ ᠲᠣᠪᠴᠢᠯᠠᠨ᠎ᠠ︶ ᠳᠡᠭᠡᠷ᠎ᠡ ᠬᠢᠷᠢ ᠭᠡᠮ ᠤᠨ ᠪᠠᠷᠢᠮᠵᠢᠶ᠎ᠠ ᠶᠢᠨ ᠱᠠᠭᠠᠷᠳᠠᠯᠭ᠎ᠠ ᠶᠢ ᠬᠠᠩᠭᠠᠬᠤ A ᠲᠠᠰ ᠤᠨ ᠢᠨᠵᠧᠨᠧᠷᠢᠩ ᠤᠨ ᠲᠥᠷᠥᠯ ᠵᠦᠢᠯ ᠪᠠᠶᠢᠵᠤ᠂ ᠲᠤᠰᠬᠠᠶ ᠮᠡᠷᠭᠡᠵᠢᠯ ᠤᠨ ᠠᠵᠢᠯᠲᠠᠨ ᠤ ᠬᠤᠪᠢ ᠬᠥᠮᠦᠨ ᠤ ᠠᠮᠵᠢᠯᠲᠠ ᠪᠦᠲᠦᠮᠵᠢ ᠶᠢ ᠪᠦᠬᠦ ᠤᠯᠤᠰ ᠤᠨ ᠢᠨᠵᠧᠨᠧᠷᠢᠩ ᠤᠨ ᠵᠠᠬ᠎ᠠ ᠳᠡᠯᠭᠡᠭᠦᠷ ᠤᠨ ᠲᠠᠪᠴᠠᠩ ᠳᠡᠭᠡᠷ᠎ᠡ ᠬᠢᠷᠢ ᠭᠡᠮ ᠤᠨ ᠪᠠᠷᠢᠮᠵᠢᠶ᠎ᠠ ᠶᠢᠨ ᠱᠠᠭᠠᠷᠳᠠᠯᠭ᠎ᠠ ᠶᠢ ᠬᠠᠩᠭᠠᠵᠤ A ᠲᠠᠰ ᠤᠨ ᠪᠤᠶᠤ B ᠲᠠᠰ ᠤᠨ ᠢᠨᠵᠧᠨᠧᠷᠢᠩ ᠤᠨ ᠲᠥᠷᠥᠯ ᠵᠦᠢᠯ ᠪᠠᠶᠢᠬᠤ ᠬᠡᠷᠡᠭᠲᠡᠶ᠃ ᠠᠮᠵᠢᠯᠲᠠ ᠪᠦᠲᠦᠮᠵᠢ ᠪᠠᠷ ᠪᠦᠬᠦ ᠤᠯᠤᠰ ᠤᠨ ᠢᠨᠵᠧᠨᠧᠷᠢᠩ ᠤᠨ ᠵᠠᠬ᠎ᠠ ᠳᠡᠯᠭᠡᠭᠦᠷ ᠤᠨ ᠲᠠᠪᠴᠠᠩ ᠳᠤ ᠣᠷᠣᠭᠤᠯᠤᠭᠰᠠᠨ ᠦᠭᠡᠶ ᠪᠣᠯ᠂ ᠭᠤᠶᠤᠴᠢᠯᠠᠭᠰᠠᠨ ᠠᠵᠤ ᠠᠬᠤᠶᠢᠯᠠᠯ ᠨᠢ ᠬᠢᠷᠢ ᠴᠢᠳᠠᠮᠵᠢ ᠪᠠᠨ ᠲᠤᠰᠢᠶᠠᠬᠤ ᠠᠴᠠ ᠡᠮᠦᠨ᠎ᠡ ᠠᠵᠢᠯ ᠤᠨ ᠠᠮᠵᠢᠯᠲᠠ ᠪᠦᠲᠦᠮᠵᠢ ᠶᠢᠨ ᠲᠥᠷᠥᠯ ᠵᠦᠢᠯ ᠤᠨ ᠪᠠᠶᠢᠭ᠎ᠠ ᠭᠠᠵᠠᠷ ᠤᠨ ᠮᠤᠵᠢ ᠶᠢᠨ ᠱᠠᠲᠤᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠠᠴᠠ ᠠᠵᠢᠯ ᠤᠨ ᠪᠦᠲᠦᠮᠵᠢ ᠶᠢᠨ ᠭᠦᠢᠴᠡᠳᠬᠡᠬᠦ ᠲᠤᠭ᠎ᠠ ᠶᠢᠨ ᠦᠨᠡᠨ ᠪᠣᠳᠠᠲᠤ ᠴᠢᠨᠠᠷ ᠢ ᠨᠤᠲᠠᠯᠠᠬᠤ ᠬᠡᠷᠡᠭᠲᠡᠶ᠃ 2024 ᠣᠨ ᠤ 1 ᠰᠠᠷ᠎ᠠ ᠶᠢᠨ 1 ᠤ ᠡᠳᠦᠷ ᠠᠴᠠ ᠡᠬᠢᠯᠡᠨ᠂ ᠬᠢᠷᠢ ᠬᠡᠮ ᠭᠤᠶᠤᠴᠢᠯᠠᠭᠰᠠᠨ ᠠᠵᠤ ᠠᠬᠤᠶᠢᠯᠠᠯ ᠤᠨ ᠠᠮᠵᠢᠯᠲᠠ ᠪᠦᠲᠦᠮᠵᠢ ᠶᠢ ᠪᠥᠬᠦ ᠤᠯᠤᠰ ᠤᠨ ᠢᠨᠵᠧᠨᠧᠷᠢᠩ ᠤᠨ ᠵᠠᠬ᠎ᠠ ᠳᠡᠯᠭᠡᠭᠦᠷ ᠤᠨ ᠲᠠᠪᠴᠠᠩ ᠳᠤ ᠣᠷᠣᠭᠤᠯᠬᠤ ᠬᠡᠷᠡᠭᠲᠡᠶ᠃ ᠬᠤᠯᠪᠣᠭᠳᠠᠯ ᠪᠦᠬᠦᠢ ᠲᠤᠰᠬᠠᠶ ᠮᠡᠷᠭᠡᠵᠢᠯ ᠤᠨ ᠰᠠᠯᠠᠭ᠎ᠠ ᠮᠥᠴᠢᠷ ᠠᠴᠠ ᠬᠢᠨᠠᠨ ᠪᠠᠶᠢᠴᠠᠭᠠᠬᠤ ᠠᠵᠤ ᠠᠬᠤᠶᠢᠯᠠᠯ ᠤᠨ ᠬᠢᠷᠢ ᠴᠢᠳᠠᠮᠵᠢ ᠶᠢ ᠬᠠᠮᠵᠢᠯᠴᠠᠨ᠂ ᠬᠠᠮᠢᠶ᠎ᠠ ᠪᠦᠬᠦᠢ ᠠᠮᠵᠢᠯᠲᠠ ᠪᠦᠲᠦᠮᠵᠢ ᠶᠢ ᠬᠤᠯᠪᠣᠭᠳᠠᠯ ᠪᠦᠬᠦᠢ ᠲᠤᠰᠬᠠᠶ ᠮᠡᠷᠭᠡᠵᠢᠯ ᠤᠨ ᠰᠠᠯᠠᠭ᠎ᠠ ᠮᠥᠴᠢᠷ ᠠᠴᠠ ᠬᠠᠷᠢᠭᠤᠴᠠᠨ ᠨᠤᠲᠠᠯᠠᠬᠤ ᠬᠡᠷᠡᠭᠲᠡᠶ᠃    ᠲᠠᠪᠤ᠂ ᠠᠵᠤ ᠠᠬᠤᠶᠢᠯᠠᠯ ᠤᠨ ᠬᠢᠷᠢ ᠴᠢᠳᠠᠮᠵᠢ ᠶᠢ ᠬᠥᠳᠡᠯᠦᠩᠭᠦᠶ ᠪᠠᠷ ᠬᠠᠷᠭᠤᠭᠤᠯᠤᠨ ᠪᠠᠶᠢᠴᠠᠭᠠᠬᠤ ᠢ ᠴᠢᠩᠭᠠᠷᠠᠭᠤᠯᠤᠨ᠎ᠠ᠃ ᠣᠷᠣᠨ ᠰᠠᠭᠤᠴᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠳ ᠮᠡᠳᠡᠭᠡ ᠵᠠᠩᠭᠢᠵᠢᠯᠲᠠ ᠶᠢᠨ ᠠᠷᠭ᠎ᠠ ᠪᠠᠷᠢᠯ ᠢᠶᠠᠨ ᠲᠡᠭᠦᠯᠳᠡᠷᠵᠢᠭᠦᠯᠵᠦ᠂ ᠠᠵᠤ ᠠᠬᠤᠶᠢᠯᠠᠯ ᠤᠨ ᠳᠠᠩᠰᠠᠯᠠᠭᠤᠯᠤᠭᠰᠠᠨ ᠬᠥᠮᠦᠰ ᠵᠡᠷᠭᠡ ᠳᠤ ᠬᠥᠳᠡᠯᠦᠩᠭᠦᠶ ᠬᠢᠨᠠᠨ ᠪᠠᠶᠢᠴᠠᠭᠠᠯᠲᠠ ᠬᠢᠵᠦ᠂ ᠬᠢᠨᠠᠨ ᠪᠠᠶᠢᠴᠠᠭᠠᠭᠰᠠᠨ ᠮᠡᠳᠡᠭᠡ ᠵᠠᠩᠭᠢ ᠪᠠᠨ ᠴᠠᠭ ᠲᠤᠬᠠᠶ ᠳᠤᠨᠢ ᠢᠯᠡ ᠪᠣᠯᠭᠠᠬᠤ ᠬᠡᠷᠡᠭᠲᠡᠶ᠃ ᠬᠠᠷᠭᠤᠭᠤᠯᠤᠨ ᠪᠠᠶᠢᠴᠠᠭᠠᠬᠤ ᠪᠠᠷ ᠳᠠᠮᠵᠢᠭᠠᠳ᠂ ᠠᠵᠤ ᠠᠬᠤᠶᠢᠯᠠᠯ ᠬᠢᠷᠢ ᠬᠡᠮ ᠤᠨ ᠪᠠᠷᠢᠮᠵᠢᠶ᠎ᠠ ᠶᠢᠨ ᠱᠠᠭᠠᠷᠳᠠᠯᠭ᠎ᠠ ᠶᠢ ᠬᠠᠩᠭᠠᠭᠰᠠᠨ ᠥᠬᠡᠶ ᠪᠠᠶᠢᠪᠠᠯ᠂ ᠪᠥᠬᠦ ᠤᠯᠤᠰ ᠤᠨ ᠢᠨᠵᠧᠨᠧᠷᠢᠩ ᠤᠨ ᠵᠠᠬ᠎ᠠ ᠳᠡᠯᠭᠡᠭᠦᠷ ᠤᠨ ᠲᠠᠪᠴᠠᠩ ᠳᠡᠭᠡᠷ᠎ᠡ ᠬᠢᠷᠢ ᠬᠡᠮ ᠤᠨ ᠬᠡᠪ ᠤᠨ ᠪᠤᠰᠤ ᠪᠠᠶᠢᠳᠠᠯ ᠢ ᠲᠣᠳᠣᠷᠬᠠᠶᠢᠯᠠᠬᠤ ᠶᠢᠨ ᠬᠠᠮᠲᠤ ᠬᠤᠭᠤᠴᠠᠭ᠎ᠠ ᠬᠢᠵᠠᠭᠠᠷᠯᠠᠨ ᠴᠡᠭᠴᠡᠯᠡᠨ ᠰᠠᠶᠢᠵᠢᠷᠠᠭᠤᠯᠤᠨ᠎ᠠ᠃ ᠠᠵᠤ ᠠᠬᠤᠶᠢᠯᠠᠯ ᠢ ᠴᠡᠭᠴᠡᠯᠡᠨ ᠰᠠᠶᠢᠵᠢᠷᠠᠭᠤᠯᠤᠭᠰᠠᠨ ᠤ ᠳᠠᠷᠠᠭ᠎ᠠ ᠬᠢᠷᠢ ᠬᠡᠮ ᠤᠨ ᠪᠠᠷᠢᠮᠵᠢᠶ᠎ᠠ ᠶᠢᠨ ᠱᠠᠭᠠᠷᠳᠠᠯᠭ᠎ᠠ ᠶᠢ ᠬᠠᠩᠭᠠᠭᠰᠠᠨ ᠪᠠᠶᠢᠪᠠᠯ᠂ ᠲᠣᠳᠣᠷᠬᠠᠶᠢᠯᠠᠯᠲᠠ ᠶᠢ ᠬᠦᠴᠦᠨ ᠥᠬᠡᠶ ᠪᠣᠯᠭᠠᠨ᠎ᠠ᠃ ᠲᠤᠳᠤᠷᠬᠠᠶᠢᠯᠠᠬᠤ ᠬᠤᠭᠤᠴᠠᠭᠠᠨ ᠳᠤ᠂ ᠠᠵᠤ ᠠᠬᠤᠶᠢᠯᠠᠯ ᠨᠢ ᠠᠵᠤ ᠠᠬᠤᠶᠢᠯᠠᠯ ᠤᠨ ᠬᠢᠷᠢ ᠬᠡᠮ ᠤᠨ ᠵᠥᠪᠰᠢᠶᠡᠷᠡᠯ ᠤᠨ ᠵᠦᠢᠯᠡᠰ ᠢ ᠭᠤᠶᠤᠴᠢᠯᠠᠨ ᠠᠪᠴᠤ ᠪᠤᠯᠬᠤ ᠦᠭᠡᠢ᠃    ᠵᠢᠷᠭᠤᠭ᠎ᠠ᠂ ᠢᠨᠵᠧᠨᠧᠷᠢᠩ ᠤᠨ ᠦᠢᠯᠡᠰ ᠤᠨ ᠠᠵᠤ ᠠᠬᠤᠶᠢᠯᠠᠯ ᠤᠨ ᠬᠢᠷᠢ ᠭᠡᠮ ᠤᠨ ᠳᠠᠩᠰᠠᠯᠠᠭᠤᠯᠤᠭᠴᠢ ᠶᠢᠨ ᠬᠢᠨᠠᠨ ᠰᠢᠯᠭᠠᠬᠤ ᠱᠠᠭᠠᠷᠳᠠᠯᠭ᠎ᠠ ᠶᠢ ᠴᠢᠩᠭᠠᠷᠠᠭᠤᠯᠬᠤ ᠬᠡᠷᠡᠭᠲᠡᠶ᠃ ᠪᠠᠷᠢᠯᠭ᠎ᠠ ᠪᠠᠷᠢᠬᠤ ᠶᠢ ᠶᠡᠷᠦᠩᠬᠡᠶᠢᠯᠡᠨ ᠳᠠᠭᠠᠭᠠᠴᠢᠯᠠᠭᠰᠠᠨ ᠨᠢᠭᠡᠳᠦᠭᠡᠷ ᠲᠠᠰ ᠤᠨ ᠬᠢᠷᠢ ᠬᠡᠮ᠂ ᠲᠤᠰᠬᠠᠶ ᠠᠵᠢᠯ ᠤᠨ ᠳᠠᠭᠠᠭᠠᠴᠢᠯᠠᠯᠲᠠ ᠶᠢᠨ ᠨᠢᠭᠡᠳᠦᠭᠡᠷ ᠲᠠᠰ ᠤᠨ ᠬᠢᠷᠢ ᠴᠢᠳᠠᠮᠵᠢ ᠲᠠᠢ ᠠᠵᠤ ᠠᠬᠤᠶᠢᠯᠠᠯ ᠤᠳ ︽ᠢᠨᠵᠧᠨᠧᠷᠢᠩ ᠤᠨ ᠦᠢᠯᠡᠰ ᠤᠨ ᠠᠵᠤ ᠠᠬᠤᠶᠢᠯᠠᠯ ᠤᠨ ᠬᠢᠷᠢ ᠬᠡᠮ ᠤᠨ ᠪᠠᠷᠢᠮᠵᠢᠶ᠎ᠠ︾ ︵ᠪᠠᠶᠢᠭᠤᠯᠤᠯᠲᠠ ᠵᠠᠬ᠎ᠠ ﹇2014﹈ 159 ᠳ᠋ᠦᠭᠡᠷ ᠲᠣᠭᠠᠲᠤ︶ ᠤᠨ ᠱᠠᠭᠠᠷᠳᠠᠭᠰᠠᠨ ᠪᠠᠷᠢᠯᠭ᠎ᠠ ᠳᠠᠩᠰᠠᠯᠠᠭᠤᠯᠤᠭᠴᠢ ᠶᠢᠨ ᠲᠤᠭ᠎ᠠ ᠵᠡᠷᠭᠡ ᠭᠦᠢᠴᠡᠳᠬᠡᠯ ᠲᠤᠭ᠎ᠠ ᠶᠢᠨ ᠱᠠᠭᠠᠷᠳᠠᠯᠭ᠎ᠠ ᠶᠢ ᠬᠠᠩᠭᠠᠬᠤ ᠬᠡᠷᠡᠭᠲᠡᠶ᠃    ᠳᠣᠯᠤᠭ᠎ᠠ᠂ ᠢᠲᠡᠭᠡᠮᠵᠢ ᠶᠢᠨ ᠬᠠᠮᠢᠶᠠᠷᠤᠯᠲᠠ ᠶᠢ ᠴᠢᠩᠭᠠᠳᠬᠠᠬᠤ ᠬᠡᠷᠡᠭᠲᠡᠶ᠃ ᠬᠢᠷᠢ ᠴᠢᠳᠠᠮᠵᠢ ᠪᠠᠷ ᠬᠤᠳᠠᠯ ᠬᠡᠯᠡᠵᠦ ᠬᠠᠭᠤᠷᠮᠠᠭᠯᠠᠨ ᠵᠣᠬᠢᠶᠠᠭᠰᠠᠨ ᠦᠢᠯᠡ ᠠᠵᠢᠯᠯᠠᠭ᠎ᠠ ᠣᠷᠣᠰᠢᠵᠤ᠂ ᠢᠨᠵᠧᠨᠧᠷᠢᠩ ᠤᠨ ᠶᠠᠰᠤ ᠴᠢᠨᠠᠷ ᠤᠨ ᠠᠮᠤᠷ ᠲᠦᠪᠰᠢᠨ ᠤ ᠬᠠᠷᠢᠭᠤᠴᠠᠯᠭ᠎ᠠ ᠶᠢᠨ ᠠᠳᠠᠯ ᠭᠠᠷᠤᠭᠰᠠᠨ᠂ ᠲᠠᠷᠢᠶᠠᠴᠢᠨ ᠤ ᠬᠦᠴᠦ ᠶᠠᠪᠤᠭᠰᠠᠳ ᠤᠨ ᠴᠠᠯᠢᠩ ᠢ ᠥᠷᠢᠲᠦᠵᠦ ᠪᠠᠶᠢᠭ᠎ᠠ ᠵᠡᠷᠭᠡ ᠬᠠᠤᠯᠢ ᠴᠠᠭᠠᠵᠠ ᠬᠠᠤᠯᠢ ᠲᠣᠭᠲᠠᠭᠠᠯ ᠪᠠ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢᠨ ᠠᠯᠪᠠᠳᠠᠯᠭ᠎ᠠ ᠶᠢᠨ ᠴᠢᠨᠠᠷᠲᠠᠶ ᠪᠠᠷᠢᠮᠵᠢᠶ᠎ᠠ ᠠᠴᠠ ᠵᠥᠷᠢᠴᠡᠭᠰᠡᠨ ᠠᠵᠤ ᠠᠬᠤᠶᠢᠯᠠᠯ ᠪᠠ ᠠᠵᠢᠯᠯᠠᠭᠰᠠᠳ ᠢ ᠣᠷᠣᠨ ᠰᠠᠭᠤᠴᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠠᠴᠠ ᠵᠠᠯᠬᠠᠭᠠᠨ ᠴᠡᠭᠡᠷᠯᠡᠭᠦᠯᠬᠦ ᠡᠷᠴᠢᠮ ᠢᠶᠠᠨ ᠴᠢᠩᠭᠠᠷᠠᠭᠤᠯᠵᠤ᠂ ᠬᠠᠤᠯᠢ ᠲᠣᠭᠲᠠᠭᠠᠯ ᠶᠣᠰᠣᠭᠠᠷ ᠠᠵᠢᠯ ᠡᠷᠬᠢᠯᠡᠬᠦ ᠶᠢ ᠨᠢ ᠬᠢᠵᠠᠭᠠᠷᠯᠠᠬᠤ ᠪᠤᠶᠤ ᠴᠠᠭᠠᠵᠠᠯᠠᠬᠤ ᠶᠢᠨ ᠬᠠᠮᠲᠤ ᠢᠲᠡᠭᠡᠮᠵᠢ ᠶᠢᠨ ᠲᠡᠮᠳᠡᠭᠯᠡᠯ ᠳᠤ ᠣᠷᠣᠭᠤᠯᠬᠤ ᠬᠡᠷᠡᠭᠲᠡᠶ᠃ ᠠᠵᠤ ᠠᠬᠤᠶᠢᠯᠠᠯ ᠬᠢᠷᠢ ᠬᠡᠮ ᠭᠤᠶᠤᠴᠢᠯᠠᠬᠤ ᠳᠠᠭᠠᠨ᠂ ᠬᠠᠤᠯᠢ ᠪᠠᠷ ᠲᠣᠭᠲᠠᠭᠠᠭᠰᠠᠨ ᠲᠥᠯᠥᠭᠡᠯᠡᠭᠴᠢ᠂ ᠪᠣᠳᠠᠲᠠᠶ ᠡᠵᠡᠮᠰᠢᠭᠴᠢ᠂ ᠮᠡᠷᠭᠡᠵᠢᠯ ᠤᠨ ᠬᠠᠷᠢᠭᠤᠴᠠᠯᠭᠠᠲᠠᠨ᠂ ᠲᠥᠷᠥᠯ ᠵᠦᠢᠯ ᠤᠨ ᠬᠠᠷᠢᠭᠤᠴᠠᠯᠭᠠᠲᠠᠨ᠂ ᠳᠠᠩᠰᠠᠯᠠᠭᠤᠯᠤᠭᠰᠠᠨ ᠬᠥᠮᠦᠨ ᠵᠡᠷᠭᠡ ᠭᠤᠶᠤᠴᠢᠯᠠᠨ ᠮᠡᠳᠡᠭᠦᠯᠦᠭᠰᠡᠨ ᠮᠠᠲ᠋ᠧᠷᠢᠶᠠᠯ ᠤᠨ ᠦᠨᠡᠨ ᠪᠣᠳᠠᠲᠤ ᠴᠢᠨᠠᠷ ᠲᠤ ᠠᠮᠠᠯᠠᠯᠲᠠ ᠬᠢᠬᠦ ᠶᠢᠨ ᠬᠠᠮᠲᠤ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠲᠤ ᠡᠷᠬᠡ ᠣᠯᠭᠤᠵᠤ ᠨᠡᠶᠢᠭᠡᠮ ᠤᠨ ᠪᠠᠲᠤᠯᠠᠭ᠎ᠠ᠂ ᠭᠠᠶᠢᠯᠢ ᠲᠤᠰᠢᠶᠠᠬᠤ ᠵᠡᠷᠭᠡ ᠮᠡᠳᠡᠭᠡ ᠵᠠᠩᠭᠢ ᠶᠢ ᠬᠢᠨᠠᠨ ᠪᠠᠶᠢᠴᠠᠭᠠᠯᠭᠠᠬᠤ ᠬᠡᠷᠡᠭᠲᠡᠶ᠃    ᠨᠠᠢᠮᠠ᠂ ᠵᠠᠬᠢᠳᠠᠯ ᠢᠶᠠᠷ ᠠᠰᠠᠭᠤᠬᠤ ᠳᠦᠷᠢᠮ ᠢ ᠪᠠᠶᠢᠭᠤᠯᠬᠤ ᠬᠡᠷᠡᠭᠲᠡᠶ᠃ ᠣᠷᠣᠨ ᠰᠠᠭᠤᠴᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠨᠢ ᠬᠢᠷᠢ ᠬᠡᠮ ᠢᠶᠠᠷ ᠭᠤᠶᠤᠴᠢᠯᠠᠨ ᠮᠡᠳᠡᠭᠦᠯᠬᠦ ᠬᠠᠮᠢᠶ᠎ᠠ ᠪᠦᠬᠦᠢ ᠵᠠᠭᠠᠯᠳᠤᠯᠭ᠎ᠠ ᠪᠠ ᠢᠯᠡᠴᠢᠯᠡᠨ ᠮᠡᠳᠡᠭᠦᠯᠦᠭᠰᠡᠨ᠂ ᠮᠡᠳᠡᠭᠦᠯᠬᠦ ᠮᠠᠲ᠋ᠧᠷᠢᠶᠠᠯ ᠵᠡᠷᠭᠡ ᠠᠰᠠᠭᠤᠳᠠᠯ ᠢ ᠠᠵᠤ ᠠᠬᠤᠶᠢᠯᠠᠯ ᠳᠤ ᠵᠠᠬᠢᠳᠠᠯ ᠢᠶᠠᠷ ᠠᠰᠠᠭᠤᠵᠤ ᠪᠣᠯᠣᠨ᠎ᠠ᠂ ᠵᠠᠬᠢᠳᠠᠯ ᠢᠶᠠᠷ ᠠᠰᠠᠭᠤᠭᠳᠠᠭᠰᠠᠨ ᠠᠵᠤ ᠠᠬᠤᠶᠢᠯᠠᠯ ᠨᠢ ᠬᠤᠯᠪᠣᠭᠳᠠᠯ ᠪᠦᠬᠦᠢ ᠠᠰᠠᠭᠤᠳᠠᠯ ᠳᠤ ᠦᠨᠡᠨ ᠪᠣᠳᠠᠲᠠᠢ ᠪᠠᠷ ᠲᠣᠳᠣᠷᠬᠠᠶᠢᠯᠠᠯᠲᠠ ᠬᠢᠬᠦ ᠬᠡᠷᠡᠭᠲᠡᠢ᠃ ᠵᠠᠬᠢᠳᠠᠯ ᠢᠶᠠᠷ ᠠᠰᠠᠭᠤᠬᠤ ᠪᠠᠷ ᠳᠠᠮᠵᠢᠭᠠᠳ᠂ ᠠᠵᠤ ᠠᠬᠤᠶᠢᠯᠠᠯ ᠨᠢ ᠬᠢᠷᠢ ᠬᠡᠮ ᠤᠨ ᠭᠤᠶᠤᠴᠢᠯᠠᠯ ᠳᠤᠮᠳᠠ ᠲᠠᠭᠯᠠᠨ ᠮᠡᠳᠡᠭᠦᠯᠦᠭᠰᠡᠨ ᠠᠭᠤᠯᠭ᠎ᠠ ᠨᠢ ᠦᠨᠡᠨ ᠪᠣᠳᠠᠲᠠᠶ ᠪᠢᠰᠢ ᠭᠡᠳᠡᠭ ᠢᠶᠠᠨ ᠵᠥᠪᠰᠢᠶᠡᠷᠡᠵᠦ᠂ ᠵᠥᠪᠰᠢᠶᠡᠷᠡᠯ ᠦᠭᠡᠢ ᠪᠠᠷ ᠰᠢᠢᠳᠪᠦᠷᠢᠯᠡᠵᠦ ᠳᠠᠭᠤᠰᠬᠠᠬᠤ ᠬᠡᠷᠡᠭᠲᠡᠢ᠃    ᠶᠢᠰᠦ᠂ ᠲᠠᠪᠴᠠᠩ ᠤᠨ ᠲᠤᠭ᠎ᠠ ᠪᠠᠷᠢᠮᠲᠠ ᠶᠢᠨ ᠬᠢᠨᠠᠯᠲᠠ ᠬᠠᠮᠢᠶᠠᠷᠤᠯᠲᠠ ᠶᠢᠨ ᠬᠠᠷᠢᠭᠤᠴᠠᠯᠭ᠎ᠠ ᠶᠢ ᠴᠢᠩᠭᠠᠷᠠᠭᠤᠯᠤᠨ᠎ᠠ᠃ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠳ ᠪᠦᠬᠦ ᠤᠯᠤᠰ ᠤᠨ ᠢᠨᠵᠧᠨᠧᠷᠢᠩ ᠤᠨ ᠵᠠᠬ᠎ᠠ ᠳᠡᠯᠭᠡᠭᠦᠷ ᠤᠨ ᠲᠠᠪᠴᠠᠩ ᠤᠨ ᠲᠤᠭ᠎ᠠ ᠪᠠᠷᠢᠮᠲᠠ ᠶᠢ ᠬᠢᠨᠠᠨ ᠬᠠᠮᠢᠶᠠᠷᠬᠤ ᠪᠠᠨ ᠴᠢᠩᠭᠠᠳᠬᠠᠵᠤ᠂ ᠲᠠᠪᠴᠠᠩ ᠤᠨ ᠲᠤᠭ᠎ᠠ ᠪᠠᠷᠢᠮᠲᠠ ᠶᠢ ᠪᠢᠴᠢᠵᠦ ᠣᠷᠣᠭᠤᠯᠬᠤ ᠶᠢ ᠬᠢᠨᠠᠨ ᠬᠠᠷᠭᠤᠭᠤᠯᠬᠤ ᠠᠵᠢᠯᠲᠠᠨ ᠤ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠨ᠂ ᠲᠥᠷᠥᠯ ᠵᠦᠢᠯ ᠪᠠ ᠠᠵᠢᠯᠲᠠᠨ ᠤ ᠠᠵᠢᠯ ᠤᠨ ᠠᠮᠵᠢᠯᠲᠠ ᠪᠦᠲᠦᠮᠵᠢ ᠶᠢᠨ ᠮᠡᠳᠡᠭᠡ ᠵᠠᠩᠭᠢ ᠶᠢ ᠬᠢᠨᠠᠨ ᠬᠠᠷᠭᠤᠭᠤᠯᠬᠤ ᠪᠠᠨ ᠴᠢᠩᠭᠠᠳᠬᠠᠬᠤ ᠬᠡᠷᠡᠭᠲᠡᠢ᠃ ᠪᠦᠬᠦ ᠤᠯᠤᠰ ᠤᠨ ᠢᠨᠵᠧᠨᠧᠷᠢᠩ ᠤᠨ ᠵᠠᠬ᠎ᠠ ᠳᠡᠯᠭᠡᠭᠦᠷ ᠤᠨ ᠲᠠᠪᠴᠠᠩ ᠤᠨ ᠲᠥᠷᠥᠯ ᠵᠦᠢᠯ ᠤᠨ ᠮᠡᠳᠡᠭᠡ ᠵᠠᠩᠭᠢ ᠶᠢᠨ ᠲᠤᠭ᠎ᠠ ᠪᠠᠷᠢᠮᠲᠠ ᠶᠢ ᠳᠤᠷ᠎ᠠ ᠪᠠᠷ ᠢᠶᠠᠨ ᠬᠤᠪᠢᠷᠠᠭᠤᠯᠬᠤ ᠪᠤᠶᠤ ᠬᠠᠰᠤᠵᠤ ᠪᠣᠯᠬᠤ ᠦᠭᠡᠢ᠂ ᠲᠤᠭ᠎ᠠ ᠪᠠᠷᠢᠮᠲᠠ ᠶᠢᠨ ᠬᠤᠪᠢᠷᠠᠯᠲᠠ ᠶᠢᠨ ᠲᠡᠮᠳᠡᠭᠯᠡᠯ ᠢ ᠡᠭᠦᠷᠢᠳᠡ ᠬᠠᠳᠠᠭᠠᠯᠠᠵᠤ ᠪᠣᠯᠬᠤ ᠦᠭᠡᠢ᠃ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠶᠠᠮᠤᠨ ᠲᠤᠬᠠᠶ ᠶᠢᠨ ᠭᠠᠵᠠᠷ ᠲᠤᠨᠢ ᠬᠢᠨᠠᠨ ᠪᠠᠶᠢᠴᠠᠭᠠᠬᠤ᠂ ᠠᠯᠤᠰ ᠰᠡᠷᠡᠯ ᠤᠨ ᠳᠠᠭᠠᠭᠤᠯᠢ ᠣᠳᠣᠨ ᠤ ᠬᠢᠨᠠᠨ ᠬᠡᠮᠵᠢᠯᠲᠡ ᠬᠢᠬᠦ ᠵᠡᠷᠭᠡ ᠠᠷᠭ᠎ᠠ ᠮᠠᠶ᠋ᠢᠭ ᠢᠶᠠᠷ ᠲᠥᠷᠥᠯ ᠵᠦᠢᠯ ᠤᠨ ᠮᠡᠳᠡᠭᠡ ᠵᠠᠩᠭᠢ ᠶᠢ ᠰᠤᠭᠤᠴᠢᠨ ᠪᠠᠶᠢᠴᠠᠭᠠᠵᠤ ᠳᠠᠬᠢᠨ ᠬᠢᠨᠠᠵᠤ᠂ ᠬᠤᠳᠠᠯ ᠬᠠᠭᠤᠷᠮᠠᠭ ᠮᠡᠳᠡᠭᠡ ᠵᠠᠩᠭᠢ ᠶᠢ ᠰᠢᠢᠳᠪᠦᠷᠢᠯᠡᠬᠦ  ᠶᠢ ᠴᠢᠩᠭᠠᠷᠠᠭᠤᠯᠬᠤ ᠶᠢᠨ ᠬᠠᠮᠲᠤ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠬᠠᠷᠢᠭᠤᠴᠠᠯᠭ᠎ᠠ ᠨᠡᠬᠡᠮᠵᠢᠯᠡᠨ᠎ᠡ᠃    ᠠᠷᠪᠠ᠂ ᠨᠠᠮ ᠤᠨ ᠰᠤᠷᠲᠠᠯ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠶᠢ ᠴᠢᠩᠭᠠᠳᠬᠠᠨ᠎ᠠ᠃ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠳ ᠠᠵᠤ ᠠᠬᠤᠶᠢᠯᠠᠯ ᠤᠨ ᠬᠢᠷᠢ ᠴᠢᠳᠠᠮᠵᠢ ᠶᠢ ᠬᠢᠨᠠᠨ ᠵᠥᠪᠰᠢᠶᠡᠷᠡᠬᠦ ᠡᠷᠬᠡ ᠶᠢᠨ ᠠᠵᠢᠯᠯᠠᠭ᠎ᠠ ᠪᠣᠯᠣᠨ ᠬᠢᠵᠠᠭᠠᠷᠯᠠᠵᠤ ᠬᠢᠨᠠᠯᠲᠠ ᠲᠠᠯᠪᠢᠬᠤ ᠲᠣᠭᠲᠠᠴᠠ ᠶᠢ ᠲᠡᠭᠦᠯᠳᠡᠷᠵᠢᠭᠦᠯᠵᠦ᠂ ᠬᠢᠨᠠᠨ ᠵᠥᠪᠰᠢᠶᠡᠷᠡᠬᠦ ᠳᠡᠰ ᠳᠠᠷᠠᠭᠠᠯᠠᠯ ᠢ ᠴᠢᠩᠭᠠᠯᠠᠨ ᠪᠠᠶᠢᠴᠠᠭᠠᠵᠤ᠂ ᠬᠢᠨᠠᠨ ᠵᠥᠪᠰᠢᠶᠡᠷᠡᠬᠦ ᠠᠵᠢᠯᠲᠠᠨ᠂ ᠬᠢᠷᠢ ᠴᠢᠳᠠᠮᠵᠢ ᠶᠢ ᠬᠢᠨᠠᠨ ᠪᠠᠶᠢᠴᠠᠭᠠᠬᠤ ᠲᠤᠰᠬᠠᠶ ᠮᠡᠷᠭᠡᠵᠢᠯᠲᠡᠨ ᠤ ᠠᠷᠢᠭᠤᠨ ᠴᠢᠬᠡᠴᠢ ᠪᠠᠷ ᠵᠠᠰᠠᠭ ᠪᠠᠷᠢᠬᠤ ᠬᠥᠮᠦᠵᠢᠯ ᠪᠠ ᠬᠢᠨᠠᠯᠲᠠ ᠬᠠᠮᠢᠶᠠᠷᠤᠯᠲᠠ ᠶᠢ ᠴᠢᠩᠭᠠᠷᠠᠭᠤᠯᠵᠤ᠂ ᠬᠠᠷᠢᠭᠤᠴᠠᠯᠭ᠎ᠠ ᠨᠡᠬᠡᠮᠵᠢᠯᠡᠬᠦ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠬᠦ ᠬᠡᠷᠡᠭᠲᠡᠶ᠃ ᠠᠵᠤ ᠠᠬᠤᠶᠢᠯᠠᠯ ᠤᠨ ᠬᠢᠷᠢ ᠬᠡᠮ ᠢ ᠤᠶᠤᠨᠴᠢᠯᠠᠨ ᠬᠢᠨᠠᠨ ᠵᠥᠪᠰᠢᠶᠡᠷᠡᠬᠦ ᠶᠢ ᠠᠬᠢᠭᠤᠯᠵᠤ᠂ ᠬᠢᠨᠠᠨ ᠵᠥᠪᠰᠢᠶᠡᠷᠡᠬᠦ ᠠᠵᠢᠯ ᠤᠨ ᠪᠥᠬᠦ ᠶᠠᠪᠤᠴᠠ ᠳᠤ ᠣᠷᠣᠮ ᠦᠯᠡᠳᠡᠭᠡᠬᠦ ᠶᠢ ᠪᠡᠶᠡᠯᠡᠭᠦᠯᠦᠨ᠂ ᠠᠵᠤ ᠠᠬᠤᠶᠢᠯᠠᠯ ᠤᠨ ᠬᠢᠷᠢ ᠬᠡᠮ ᠢ ᠬᠢᠨᠠᠨ ᠵᠥᠪᠰᠢᠶᠡᠷᠡᠬᠦ ᠬᠠᠤᠯᠢ ᠰᠠᠬᠢᠯᠭ᠎ᠠ ᠠᠴᠠ ᠵᠥᠷᠢᠴᠡᠭᠰᠡᠨ ᠦᠶ᠋ᠯᠡ ᠠᠵᠢᠯᠯᠠᠭ᠎ᠠ ᠡᠭᠦᠰᠬᠦ ᠶᠢ ᠦᠨᠡᠨᠬᠦ ᠰᠡᠷᠭᠡᠶᠢᠯᠡᠨ᠎ᠡ᠃    ᠲᠣᠰ ᠮᠡᠳᠡᠭᠳᠡᠯ ᠢ 2023 ᠣᠨ ᠤ 9 ᠰᠠᠷ᠎ᠠ ᠶᠢᠨ 15 ᠤ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃ ︽ᠪᠥᠲᠥᠭᠡᠨ ᠪᠠᠶᠢᠭᠤᠯᠤᠯᠲᠠ ᠶᠢᠨ ᠢᠨᠵᠧᠨᠧᠷᠢᠩ ᠤᠨ ᠠᠵᠤ ᠠᠬᠤᠶᠢᠯᠠᠯ ᠢ ᠳᠠᠬᠢᠨ ᠵᠣᠬᠢᠶᠠᠨ ᠪᠠᠶᠢᠭᠤᠯᠬᠤ᠂ ᠨᠡᠶᠢᠯᠡᠭᠦᠯᠬᠦ᠂ ᠰᠠᠯᠭᠠᠵᠤ ᠪᠠᠶᠢᠭᠤᠯᠬᠤ ᠵᠡᠷᠭᠡ ᠪᠠᠶᠢᠳᠠᠯ ᠤᠨ ᠬᠢᠷᠢ ᠬᠡᠮ ᠢ ᠬᠠᠷᠭᠤᠭᠤᠯᠤᠨ ᠲᠣᠭᠲᠠᠭᠠᠬᠤ ᠬᠤᠯᠪᠣᠭᠳᠠᠯ ᠪᠥᠬᠦᠶ ᠠᠰᠠᠭᠤᠳᠠᠯ ᠭᠠᠷᠤᠭᠰᠠᠨ ᠲᠤᠬᠠᠶ ᠣᠷᠣᠨ ᠰᠠᠭᠤᠴᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠶᠠᠮᠤᠨ ᠤ ᠮᠡᠳᠡᠭᠳᠡᠯ︾ ︵ᠪᠠᠶᠢᠭᠤᠯᠤᠯᠲᠠ ᠵᠠᠬ᠎ᠠ ﹇2014﹈ 79 ᠳ᠋ᠦ᠋ᠭᠡᠷ ᠲᠣᠭᠠᠲᠤ︶᠂ ︽ᠪᠥᠲᠥᠭᠡᠨ ᠪᠠᠶᠢᠭᠤᠯᠤᠯᠲᠠ ᠶᠢᠨ ᠢᠨᠵᠧᠨᠧᠷᠢᠩ ᠤᠨ ᠠᠵᠤ ᠠᠬᠤᠶᠢᠯᠠᠯ ᠤᠨ ᠬᠢᠷᠢ ᠬᠡᠮ ᠢ ᠬᠢᠨᠠᠨ ᠵᠥᠪᠰᠢᠶᠡᠷᠡᠬᠦ ᠡᠷᠬᠡ ᠮᠡᠳᠡᠯ ᠤᠨ ᠬᠡᠪᠴᠢᠶ᠎ᠡ ᠶᠢ ᠳᠣᠷᠣᠭᠰᠢ ᠪᠠᠭᠤᠯᠭᠠᠬᠤ ᠲᠤᠷᠰᠢᠯᠲᠠ ᠶᠢᠨ ᠴᠡᠭ ᠢ ᠥᠷᠨᠢᠭᠦᠯᠬᠦ ᠲᠤᠬᠠᠶ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠶᠠᠮᠤᠨ ᠤ ᠠᠯᠪᠠᠨ ᠲᠢᠩᠬᠢᠮ ᠤᠨ ᠮᠡᠳᠡᠭᠳᠡᠯ︾ ︵ᠪᠠᠶᠢᠭᠤᠯᠤᠯᠲᠠ ᠠᠯᠪᠠᠨ ᠵᠠᠬ᠎ᠠ ᠵᠠᠬᠢᠳᠠᠯ ﹇2020﹈ 654 ᠳ᠋ᠦ᠋ᠭᠡᠷ ᠲᠣᠭᠠᠲᠤ︶ ᠪᠠ ︽ᠪᠥᠲᠥᠭᠡᠨ ᠪᠠᠶᠢᠭᠤᠯᠤᠯᠲᠠ ᠶᠢᠨ ᠢᠨᠵᠧᠨᠧᠷᠢᠩ ᠤᠨ ᠠᠵᠤ ᠠᠬᠤᠶᠢᠯᠠᠯ ᠤᠨ ᠬᠢᠷᠢ ᠬᠡᠮ ᠢ ᠬᠢᠨᠠᠨ ᠵᠥᠪᠰᠢᠶᠡᠷᠡᠬᠦ ᠡᠷᠬᠡ ᠮᠡᠳᠡᠯ ᠤᠨ ᠬᠡᠪᠴᠢᠶ᠎ᠡ ᠶᠢ ᠳᠣᠷᠣᠭᠰᠢ ᠪᠠᠭᠤᠯᠭᠠᠬᠤ ᠲᠤᠷᠰᠢᠯᠲᠠ ᠶᠢᠨ ᠴᠡᠭ ᠤᠨ ᠬᠡᠪᠴᠢᠶ᠎ᠡ ᠶᠢ ᠥᠷᠭᠡᠳᠬᠡᠬᠦ ᠲᠤᠬᠠᠶ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠶᠠᠮᠤᠨ ᠤ ᠠᠯᠪᠠᠨ ᠲᠢᠩᠬᠢᠮ ᠤᠨ ᠮᠡᠳᠡᠭᠳᠡᠯ︾ ︵ᠪᠠᠶᠢᠭᠤᠯᠤᠯᠲᠠ ᠠᠯᠪᠠᠨ ᠵᠠᠬ᠎ᠠ ᠵᠠᠬᠢᠳᠠᠯ ﹇2021﹈ 93 ᠳ᠋ᠤᠭᠠᠷ ᠲᠣᠭᠠᠲᠤ︶ ᠢ ᠬᠠᠮᠲᠤ ᠳᠤᠨᠢ ᠬᠦᠴᠦᠨ ᠥᠬᠡᠶ ᠪᠣᠯᠭᠠᠨ᠎ᠠ᠃ ︽ᠢᠨᠵᠧᠨᠧᠷᠢᠩ ᠤᠨ ᠦᠢᠯᠡᠰ ᠤᠨ ᠠᠵᠤ ᠠᠬᠤᠶᠢᠯᠠᠯ ᠤᠨ ᠬᠢᠷᠢ ᠬᠡᠮ ᠤᠨ ᠪᠠᠷᠢᠮᠵᠢᠶ᠎ᠠ ᠶᠢᠨ ᠬᠡᠰᠡᠭ ᠭᠦᠢᠴᠡᠳᠬᠡᠯ ᠲᠤᠭ᠎ᠠ ᠶᠢ ᠳᠥᠭᠦᠮᠴᠢᠯᠡᠬᠦ ᠲᠤᠬᠠᠶ ᠣᠷᠣᠨ ᠰᠠᠭᠤᠴᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠶᠠᠮᠤᠨ ᠤ ᠮᠡᠳᠡᠭᠳᠡᠯ︾ ︵ᠪᠠᠶᠢᠭᠤᠯᠤᠯᠲᠠ ᠵᠠᠬ᠎ᠠ ﹇2016﹈ 226 ᠳ᠋ᠤᠭᠠᠷ ᠲᠣᠭᠠᠲᠤ︶᠂ ︽ᠢᠨᠵᠧᠨᠧᠷᠢᠩ ᠤᠨ ᠦᠢᠯᠡᠰ ᠤᠨ ︿ᠦᠨᠡᠮᠯᠡᠯ ᠪᠠ ᠭᠡᠷᠡᠴᠢ ᠶᠢ ᠰᠠᠯᠭᠠᠬᠤ﹀ ᠥᠭᠡᠷᠡᠴᠢᠯᠡᠯᠲᠡ ᠶᠢ ᠵᠣᠯᠭᠠᠭᠤᠯᠬᠤ ᠬᠤᠯᠪᠣᠭᠳᠠᠯ ᠪᠥᠬᠦᠶ ᠠᠵᠢᠯ ᠢ ᠰᠠᠶᠢᠲᠤᠷ ᠬᠢᠬᠦ ᠲᠤᠬᠠᠶ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠶᠠᠮᠤᠨ ᠤ ᠠᠯᠪᠠᠨ ᠲᠢᠩᠬᠢᠮ ᠤᠨ ᠮᠡᠳᠡᠭᠳᠡᠯ︾ ︵ᠪᠠᠶᠢᠭᠤᠯᠤᠯᠲᠠ ᠠᠯᠪᠠᠨ ᠵᠠᠬ᠎ᠠ ﹇2021﹈ 30 ᠳ᠋ᠤᠭᠠᠷ ᠲᠣᠭᠠᠲᠤ︶ ᠲᠣᠰ ᠮᠡᠳᠡᠭᠳᠡᠯ ᠤᠨ ᠲᠣᠭᠲᠠᠭᠠᠯ ᠯᠤᠭ᠎ᠠ ᠨᠢᠭᠡᠳᠦᠯ ᠥᠬᠡᠶ ᠪᠠᠶᠢᠪᠠᠯ᠂ ᠲᠣᠰ ᠮᠡᠳᠡᠭᠳᠡᠯ ᠢᠶᠠᠷ ᠪᠠᠷᠢᠮᠵᠢᠶ᠎ᠠ ᠪᠣᠯᠭᠠᠨ᠎ᠠ᠃    ᠭᠦᠢᠴᠡᠳᠬᠡᠬᠦ ᠳᠤᠮᠳᠠᠬᠢ ᠪᠠᠶᠢᠳᠠᠯ ᠪᠠ ᠠᠰᠠᠭᠤᠳᠠᠯ ᠢ ᠴᠠᠭ ᠲᠤᠬᠠᠶ ᠳᠤᠨᠢ ᠣᠷᠣᠨ ᠰᠠᠭᠤᠴᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠶᠠᠮᠤᠨ ᠳᠤ ᠬᠠᠷᠢᠭᠤ ᠲᠤᠰᠬᠠᠬᠤ ᠬᠡᠷᠡᠭᠲᠡᠶ᠃     ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠢᠭᠤᠯᠤᠯᠲᠠ ᠶᠢᠨ ᠶᠠᠮᠤᠨ        2023 ᠣᠨ ᠤ 9 ᠳ᠋ᠦ᠋ᠭᠡᠷ ᠰᠠᠷ᠎ᠠ ᠶᠢᠨ 6 ᠤ ᠡᠳᠦᠷ 
ᠢᠷᠡᠯᠲᠡ᠄ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠶᠠᠮᠤᠨ
Baidu
map