ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠢᠩᠬᠢᠮ ᠨᠠᠮ ᠤᠨ ᠤᠳᠤᠷᠢᠳᠬᠤ ᠳᠤᠭᠤᠶᠢᠯᠠᠩ ︵ᠥᠷᠭᠡᠳᠬᠡᠭᠰᠡᠨ︶ ᠤᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/4/30
    4 ᠳ᠋ᠤᠭᠡᠷ ᠰᠠᠷ᠎ᠠ ᠶᠢᠨ 28 ᠤ ᠡᠳᠦᠷ᠂ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠢᠩᠬᠢᠮ ᠨᠠᠮ ᠤᠨ ᠤᠳᠤᠷᠢᠳᠬᠤ ᠳᠤᠭᠤᠶᠢᠯᠠᠩ ︵ᠥᠷᠭᠡᠳᠬᠡᠭᠰᠡᠨ︶ ᠤᠨ ᠬᠤᠷᠠᠯ ᠬᠤᠷᠠᠯᠳᠤᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠣᠶᠢᠷ᠎ᠠ ᠶᠢᠨ ᠬᠤᠭᠤᠴᠠᠭᠠᠨ ᠤ ᠴᠢᠬᠤᠯᠠ ᠶᠠᠷᠢᠶᠠᠨ ᠤ ᠵᠣᠷᠢᠭ ᠰᠠᠨᠠᠭ᠎ᠠ ᠵᠢᠴᠢ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠦᠬᠦᠢ ᠬᠤᠷᠠᠯ ᠪᠠ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ  ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠠᠵᠢᠯ ᠢ ᠰᠤᠳᠤᠯᠪᠠ᠃ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠢᠩᠬᠢᠮ ᠤᠨ ᠳᠠᠷᠤᠭ᠎ᠠ ᠭᠦᠸᠧ ᠢᠦᠢ ᠹᠧᠩ ᠬᠤᠷᠠᠯ ᠡᠷᠭᠢᠯᠡᠪᠡ᠃
W020240429328515970303.png
    ᠬᠤᠷᠠᠯ ᠠᠴᠠ ᠂ ᠶᠡᠷᠦᠩᠬᠡᠢ ᠱᠦᠵᠢ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠪᠠᠷᠠᠭᠤᠨ ᠣᠷᠣᠨ ᠢ ᠶᠡᠬᠡᠪᠡᠷ ᠨᠡᠭᠡᠭᠡᠨ ᠬᠥᠭᠵᠢᠭᠦᠯᠬᠦ ᠶᠢ ᠠᠬᠢᠭᠤᠯᠬᠤ ᠶᠠᠷᠢᠯᠴᠠᠬᠤ ᠬᠤᠷᠠᠯ ᠪᠠ ᠴᠦᠩᠴᠢᠩ ᠳᠤ ᠪᠠᠶᠢᠴᠠᠭᠠᠨ ᠰᠤᠳᠤᠯᠤᠯᠲᠠ ᠬᠢᠬᠦ ᠦᠶ᠎ᠡ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠤᠯᠤᠰ ᠤᠨ ᠬᠥᠭᠵᠢᠯᠲᠡ ᠶᠢᠨ ᠶᠡᠭᠡ ᠲᠠᠯ᠎ᠠ ᠳᠤ ᠰᠠᠨᠠᠭᠠᠴᠢᠯᠠᠭ᠎ᠠ ᠠᠴᠠ ᠪᠠᠨ ᠦᠢᠯᠡᠴᠢᠯᠡᠬᠦ ᠪᠠ ᠠᠭᠤᠰᠤᠯᠴᠠᠵᠤ ᠂ ᠣᠷᠣᠨ ᠰᠠᠭᠤᠴᠠ ᠶᠢᠨ ᠪᠦᠲᠦᠭᠡᠨ ᠪᠠᠶᠢᠭᠤᠯᠤᠯᠲᠠ ᠶᠢᠨ ᠪᠣᠳᠠᠲᠤ ᠪᠠᠶᠢᠳᠠᠯ ᠲᠠᠢ ᠨᠢᠭᠲᠠ ᠤᠶᠠᠯᠳᠤᠭᠤᠯᠤᠨ ᠨᠠᠶᠢᠳᠠᠪᠤᠷᠢᠵᠢᠭᠤᠯᠤᠯᠲᠠ ᠶᠢ ᠰᠠᠶᠢᠲᠤᠷ ᠠᠳᠬᠤᠵᠤ ᠂ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠱᠠᠭᠠᠷᠳᠠᠯᠭ᠎ᠠ ᠨᠢᠭᠡᠪᠦᠷᠢ ᠶᠢ ᠴᠢᠬᠤᠯᠠ ᠶᠡᠭᠡ ᠪᠠᠶᠢᠯᠳᠤᠬᠤ ᠪᠣᠳᠣᠯᠭ᠎ᠠ ᠶᠢ ᠰᠦᠪᠡᠭᠴᠢᠯᠡᠬᠦ ᠂ ᠴᠢᠬᠤᠯᠠ ᠶᠡᠭᠡ ᠲᠦᠷᠦ ᠶᠢᠨ ᠪᠣᠳᠣᠯᠭ᠎ᠠ ᠲᠣᠭᠲᠠᠭᠠᠬᠤ ᠂ ᠴᠢᠬᠤᠯᠠ ᠶᠡᠭᠡ ᠠᠵᠢᠯ ᠢ ᠠᠬᠢᠭᠤᠯᠬᠤ ᠳᠤᠮᠳᠠ ᠲᠡᠷᠡ ᠬᠡᠪ ᠢᠶᠠᠷ ᠨᠢ ᠨᠠᠶᠢᠳᠠᠪᠤᠷᠢᠵᠢᠭᠤᠯᠵᠤ ᠂ ︽ ᠲᠠᠪᠤᠨ ᠶᠡᠭᠡ ᠡᠭᠦᠷᠭᠡ ︾  ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠂ ᠠᠵᠢᠯ ᠲᠦᠷᠦᠯ ᠤᠨ ᠴᠢᠨᠠᠷ ᠰᠠᠶᠢᠲᠠᠢ ᠬᠥᠭᠵᠢᠯᠲᠡ ᠶᠢ ᠪᠡᠶᠡᠯᠡᠭᠦᠯᠬᠦ ᠬᠦᠴᠦᠷᠬᠡᠭ ᠶᠡᠭᠡ ᠬᠥᠳᠡᠯᠭᠡᠬᠦ ᠬᠦᠴᠦᠨ ᠪᠣᠯᠭᠠᠨ ᠬᠤᠪᠢᠷᠠᠭᠤᠯᠬᠤ ᠬᠡᠷᠡᠭᠲᠡᠢ ᠃ ᠰᠢᠨ᠎ᠡ ᠴᠠᠭ ᠦᠶ᠎ᠡ ᠶᠢᠨ ᠪᠠᠷᠠᠭᠤᠨ ᠣᠷᠣᠨ ᠢ ᠶᠡᠬᠡᠪᠡᠷ ᠨᠡᠭᠡᠭᠡᠨ ᠬᠥᠭᠵᠢᠭᠦᠯᠬᠦ ᠶᠢ ᠠᠬᠢᠭᠤᠯᠬᠤ ᠶᠢᠨ ᠴᠢᠬᠤᠯᠠ ᠶᠡᠭᠡ ᠪᠠᠶᠢᠯᠳᠤᠬᠤ ᠪᠣᠳᠣᠯᠭ᠎ᠠ ᠶᠢᠨ ᠠᠵᠠ ᠲᠣᠬᠢᠶᠠᠯ ᠢ ᠪᠠᠲᠤ ᠡᠵᠡᠮᠳᠡᠵᠦ᠂ ᠶᠡᠭᠡ ᠲᠠᠯ᠎ᠠ ᠠᠴᠠ ᠪᠣᠳᠣᠯᠬᠢᠯᠠᠵᠤ ᠂ ᠣᠷᠣᠨ ᠰᠠᠭᠤᠴᠠ ᠶᠢᠨ ᠪᠦᠲᠦᠭᠡᠨ ᠪᠠᠶᠢᠭᠤᠯᠤᠯᠲᠠ ᠶᠢᠨ ᠠᠵᠢᠯ ᠢ ᠪᠠᠶᠢᠯᠳᠤᠬᠤ ᠪᠣᠳᠣᠯᠭ᠎ᠠ ᠶᠢᠨ ᠪᠦᠬᠦ ᠲᠠᠯ᠎ᠠ ᠳᠤ ᠠᠭᠤᠰᠤᠯᠴᠠᠭᠤᠯᠤᠨ ᠣᠷᠣᠨ ᠪᠠᠶᠢᠷᠢ ᠲᠣᠭᠲᠠᠭᠠᠨ ᠰᠡᠳᠬᠢᠬᠦ ᠪᠠᠷ ᠪᠠᠷᠠᠬᠤ ᠦᠭᠡᠢ ᠪᠠᠰᠠ ᠨᠠᠷᠢᠨ ᠲᠠᠯ᠎ᠠ ᠠᠴᠠ ᠭᠠᠷᠳᠠᠵᠤ ᠂ ᠲᠦᠷᠦ ᠶᠢᠨ ᠪᠣᠳᠣᠯᠭ᠎ᠠ ᠂ ᠠᠵᠤ ᠦᠢᠯᠡᠰ ᠂ ᠲᠦᠷᠦᠯ ᠵᠦᠢᠯ ᠂ ᠪᠡᠯᠡ ᠮᠥᠩᠭᠦ ᠂ ᠴᠢᠳᠠᠪᠤᠷᠢᠲᠠᠨ ᠵᠡᠷᠭᠡ ᠶᠢᠨ ᠤᠨᠢᠨ ᠳᠡᠭᠡᠷ᠎ᠡ ᠨᠢ ᠬᠦᠴᠦᠯᠡᠬᠦ ᠶᠢ ᠠᠬᠢᠭᠤᠯᠵᠤ ᠂ ᠰᠢᠨ᠎ᠡ ᠡᠵᠡᠩᠨᠡᠯᠲᠡ ᠶᠢᠨ ᠬᠡᠯᠪᠡᠷᠢ ᠪᠠᠶᠢᠳᠠᠯ ᠢ ᠲᠦᠷᠭᠡᠳᠬᠡᠨ ᠬᠥᠭᠵᠢᠭᠦᠯᠵᠦ ᠂ ᠰᠢᠨ᠎ᠡ ᠬᠥᠳᠡᠯᠭᠡᠬᠦ ᠬᠦᠴᠦᠨ ᠢ ᠬᠥᠭᠵᠢᠭᠡᠵᠦ ᠂ ᠪᠣᠳᠠᠲᠠᠢ ᠠᠵᠢᠯᠯᠠᠵᠦ ᠪᠣᠳᠠᠲᠤ ᠠᠮᠵᠢᠯᠲᠠ ᠶᠢᠨ ᠳᠠᠩᠰᠠ ᠡᠪᠬᠡᠮᠡᠯ ᠲᠤᠰᠢᠶᠠᠵᠤ ᠂ ᠨᠢᠭᠡ ᠣᠷᠣᠨ ᠪᠦᠰᠡ ᠶᠢᠨ ᠭᠡᠷᠡᠯ ᠭᠢᠯᠪᠠᠭ᠎ᠠ ᠪᠠᠷ ᠪᠦᠬᠦ ᠲᠠᠯ᠎ᠠ ᠳᠤ ᠭᠡᠷᠡᠯ ᠭᠢᠯᠪᠠᠭ᠎ᠠ ᠨᠡᠮᠡᠷᠢᠯᠡᠬᠦ ᠬᠡᠷᠡᠭᠲᠡᠢ ᠃ ᠲᠥᠷᠥ ᠶᠢᠨ ᠪᠣᠳᠣᠯᠭ᠎ᠠ ᠶᠢᠨ ᠠᠵᠠ ᠲᠣᠬᠢᠶᠠᠯ ᠢ ᠪᠣᠳᠠᠲᠤ ᠦᠢᠯᠡᠳᠪᠦᠷᠢᠯᠡᠯ ᠤᠨ ᠬᠦᠴᠦᠨ ᠪᠣᠯᠭᠠᠨ ᠬᠤᠪᠢᠷᠠᠭᠤᠯᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠳᠠᠷᠤᠮᠠᠯᠯᠠᠨ ᠲᠠᠷᠬᠠᠭᠠᠭᠰᠠᠨ ︽ᠲᠠᠪᠤᠨ ᠶᠡᠭᠡ ᠡᠭᠦᠷᠭᠡ︾ ᠶᠢᠨ ᠬᠡᠷᠡᠭᠵᠢᠭᠦᠯᠬᠦ ᠲᠥᠰᠥᠯ ᠲᠠᠢ ᠨᠠᠷᠢᠨ ᠬᠢᠨᠠᠮᠠᠭᠠᠢ ᠬᠠᠷᠭᠤᠭᠤᠯᠵᠤ᠂ ᠡᠯ᠎ᠡ ᠵᠦᠢᠯ ᠤᠨ ᠡᠭᠦᠷᠭᠡ ᠶᠢᠨ ᠭᠦᠢᠴᠡᠳᠬᠡᠯ ᠲᠤᠭ᠎ᠠ ᠶᠢ ᠤᠯᠠᠮ ᠨᠢᠭᠡ ᠠᠯᠬᠤᠮ ᠡᠮᠬᠢᠯᠡᠨ ᠨᠡᠶᠢᠯᠡᠭᠦᠯᠵᠦ᠂ ᠲᠥᠷᠥ ᠶᠢᠨ ᠪᠣᠳᠣᠯᠭ᠎ᠠ ᠂ ᠡᠭᠦᠷᠭᠡ ᠂ ᠬᠠᠷᠢᠭᠤᠴᠠᠯᠭ᠎ᠠ ᠶᠢᠨ ᠲᠣᠳᠣᠷᠬᠠᠢ ᠬᠠᠭᠤᠳᠠᠰᠤ ᠶᠢ ᠵᠢᠭᠰᠠᠭᠠᠨ ᠭᠠᠷᠭᠠᠵᠤ᠂ ᠴᠢᠩᠭ᠎ᠠ ᠰᠢᠮᠳᠠᠭᠤᠯᠤᠨ ᠲᠦᠷᠭᠡᠨ ᠭᠦᠢᠴᠡᠳᠬᠡᠵᠦ᠂ ᠲᠣᠭᠲᠠᠮᠠᠯ ᠬᠤᠭᠤᠴᠠᠭ᠎ᠠ ᠲᠠᠢ ᠪᠠᠷ ᠲᠣᠬᠢᠷᠠᠭᠤᠯᠤᠨ᠂ ᠨᠢᠭᠡ ᠨᠢᠭᠡ ᠪᠠᠷ ᠣᠨᠣᠪᠴᠢᠲᠠᠶ ᠪᠥᠭᠡᠳ ᠪᠣᠳᠠᠲᠠᠢ ᠠᠳᠬᠤᠵᠤ᠂ ᠨᠢᠭᠡ ᠨᠢᠭᠡ ᠪᠠᠷ ᠪᠡᠷᠬᠡ ᠶᠢ ᠰᠢᠪᠲᠤᠯᠤᠨ ᠬᠦᠴᠢᠷ ᠢ ᠳᠠᠪᠠᠵᠤ᠂ ︽ᠲᠠᠪᠤᠨ ᠶᠡᠭᠡ ᠡᠭᠦᠷᠭᠡ︾ ᠶᠢ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠣᠯᠬᠤ ᠶᠢ ᠪᠥᠬᠦ ᠬᠦᠴᠦᠨ ᠢᠶᠠᠷ ᠢᠶᠠᠨ ᠲᠦᠯᠬᠢᠨ ᠠᠬᠢᠭᠤᠯᠵᠤ᠂ ᠣᠷᠣᠨ ᠰᠠᠭᠤᠴᠠ ᠶᠢᠨ ᠪᠦᠲᠦᠭᠡᠨ ᠪᠠᠶᠢᠭᠤᠯᠤᠯᠲᠠ ᠶᠢᠨ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠨ᠎ᠡ ᠭᠡᠵᠤ ᠴᠢᠬᠤᠯᠠᠴᠢᠯᠠᠪᠠ᠃     ᠬᠤᠷᠠᠯ ᠠᠴᠠ ᠂ ᠴᠢᠨᠠᠷ ᠰᠠᠶᠢᠲᠠᠢ ᠬᠥᠭᠵᠢᠯᠲᠡ ᠶᠢᠨ ᠲᠤᠯᠭᠠᠭᠤᠷᠢᠯᠠᠬᠤ ᠶᠢ ᠥᠨᠳᠥᠷ ᠲᠦᠪᠰᠢᠨ  ᠢᠶᠠᠷ ᠬᠠᠮᠠᠭᠠᠯᠠᠬᠤ ᠶᠢ ᠪᠠᠷᠢᠮᠲᠠᠯᠠᠵᠤ ᠂ ︽ ᠠᠮᠢ ᠠᠬᠤᠢ ᠶᠢᠨ ᠬᠠᠮᠠᠭᠠᠯᠠᠯᠲᠠ ᠶᠢᠨ ᠨᠥᠬᠦᠪᠦᠷᠢ ᠶᠢᠨ ᠳᠦᠷᠢᠮ ︾ ᠢ ᠭᠦᠨᠵᠡᠭᠡᠢ ᠲᠤᠭᠤᠰᠢᠯᠠᠭᠤᠯᠤᠨ ᠨᠠᠶᠢᠳᠠ᠊ᠪᠤᠷᠢᠵᠢᠭᠤᠯᠵᠤ ᠂ ᠪᠣᠬᠢᠷᠲᠤᠯ ᠢ ᠰᠡᠷᠭᠡᠶᠢᠯᠡᠨ ᠵᠠᠰᠠᠬᠤ ᠪᠣᠭᠤᠮᠲᠠ ᠰᠢᠪᠲᠤᠯᠬᠤ ᠠᠵᠢᠯ ᠪᠣᠯᠣᠨ ︽ ᠭᠤᠷᠪᠠᠨ ᠤᠮᠠᠷᠠᠲᠤ ︾ ᠢᠨᠵᠧᠨᠧᠷᠢᠩ ᠤᠨ ᠪᠣᠭᠤᠮᠲᠠ ᠰᠢᠪᠲᠤᠯᠬᠤ ᠠᠵᠢᠯ ᠢ ᠦᠷᠭᠦᠯᠵᠢᠯᠡᠨ ᠭᠦᠨᠵᠡᠭᠡᠢ ᠰᠠᠶᠢᠲᠤᠷ ᠬᠢᠵᠦ ᠂ ᠬᠤᠳᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠪᠣᠬᠢᠷᠲᠤᠯ ᠦᠭᠡᠢ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠬᠡᠯᠪᠡᠷᠢ ᠬᠤᠪᠢᠷᠠᠭᠤᠯᠬᠤ ᠶᠢ ᠲᠦᠷᠭᠡᠳᠬᠡᠨ ᠠᠬᠢᠭᠤᠯᠵᠤ ᠂ ᠡᠬᠡ ᠤᠯᠤᠰ ᠤᠨ ᠤᠮᠠᠷᠠᠲᠤ ᠶᠢᠨ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠪᠠᠬᠢᠵᠢᠭᠦᠯᠬᠦ ᠬᠡᠷᠡᠭᠲᠡᠢ ᠃ ᠴᠠᠭ ᠢᠮᠠᠭᠲᠠ ᠠᠮᠤᠷ ᠲᠦᠪᠰᠢᠨ ᠤ ᠬᠥᠪᠴᠢ ᠪᠠᠨ ᠴᠢᠩᠭᠠᠷᠠᠭᠤᠯᠵᠤ ᠂ ᠪᠣᠳᠠᠲᠠᠢ ᠶᠢ ᠡᠷᠬᠢᠮᠯᠡᠬᠦ ᠴᠢᠷᠮᠠᠶᠢᠯᠭ᠎ᠠ ᠭᠠᠷᠭᠠᠵᠤ ᠂ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠦᠷ᠎ᠡ ᠪᠦᠲᠦᠮᠵᠢ ᠪᠠᠨ ᠳᠡᠭᠡᠭᠰᠢᠯᠡᠭᠦᠯᠵᠦ ᠂ ᠭᠡᠷ ᠪᠠᠶᠢᠰᠢᠩ ᠭᠠᠵᠠᠷ ᠬᠥᠷᠥᠩᠭᠡ ᠂ ᠬᠤᠳᠠ ᠪᠠᠯᠭᠠᠰᠤᠨ ᠤ ᠰᠢᠲᠠᠮᠠᠬᠠᠢ ᠬᠡᠢ ᠂ ᠪᠠᠷᠢᠯᠭ᠎ᠠ ᠶᠢᠨ ᠠᠵᠢᠯ ᠂ ᠦᠪᠡᠰᠦᠪᠠᠨ ᠪᠠᠷᠢᠭᠰᠠᠨ ᠭᠡᠷ ᠪᠠᠶᠢᠰᠢᠩ ᠂ ᠬᠤᠳᠠ ᠶᠢᠨ ᠶᠠᠪᠤᠳᠠᠯ ᠤᠨ ᠰᠠᠭᠤᠷᠢ ᠲᠥᠬᠦᠭᠡᠷᠦᠮᠵᠢ ᠶᠢᠨ ᠠᠵᠢᠯᠯᠠᠭ᠎ᠠ ᠂ ᠬᠤᠳᠠ ᠶᠢᠨ ᠬᠠᠮᠢᠶᠠᠷᠤᠯᠲᠠ ᠵᠡᠷᠭᠡ ᠭᠤᠣᠯᠳᠠᠯᠭ᠎ᠠ ᠲᠠᠢ ᠬᠦᠷᠢᠶ᠎ᠡ ᠶᠢ ᠴᠢᠩᠭ᠎ᠠ ᠠᠩᠬᠠᠷᠴᠤ ᠂ ᠠᠶᠤᠯ ᠲᠦᠭᠰᠢᠭᠦᠷᠢ ᠶᠢ ᠦᠷᠭᠦᠯᠵᠢᠯᠡᠨ ᠪᠦᠲᠦᠮᠵᠢᠲᠡᠢ ᠠᠷᠢᠯᠭᠠᠵᠤ ᠂ ᠠᠮᠤᠷ ᠲᠦᠪᠰᠢᠨ ᠬᠥᠭᠵᠢᠯᠲᠡ ᠶᠢᠨ ᠬᠤᠷᠢᠭ᠎ᠠ ᠱᠤᠭᠤᠮ ᠢ ᠪᠠᠲᠤ ᠰᠠᠬᠢᠵᠤ ᠂ ᠣᠷᠣᠨ ᠰᠠᠭᠤᠴᠠ ᠶᠢᠨ ᠪᠦᠲᠦᠭᠡᠨ ᠪᠠᠶᠢᠭᠤᠯᠤᠯᠲᠠ ᠶᠢᠨ ᠲᠣᠭᠲᠠᠭᠤᠨ ᠢᠶᠠᠷ ᠤᠮᠠᠷᠠᠲᠤ ᠬᠢᠯᠢ ᠶᠢᠨ ᠠᠮᠤᠷ ᠲᠦᠪᠰᠢᠨ ᠢ ᠬᠠᠮᠠᠭᠠᠯᠠᠬᠤ ᠬᠡᠷᠡᠭᠲᠡᠢ ᠃ ᠠᠵᠢᠯ ᠲᠥᠷᠥᠯ ᠤᠨ ᠥᠭᠡᠷᠡᠴᠢᠯᠡᠯᠲᠡ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠭᠡᠷ ᠪᠠᠶᠢᠰᠢᠩ ᠭᠠᠵᠠᠷ ᠬᠥᠷᠥᠩᠭᠡ ᠶᠢᠨ ᠪᠡᠯᠡ ᠲᠣᠬᠢᠷᠠᠭᠤᠯᠭ᠎ᠠ ᠶᠢᠨ ᠵᠣᠬᠢᠴᠠᠭᠤᠯᠬᠤ ᠲᠣᠭᠲᠠᠴᠠ ᠶᠢ ᠨᠠᠶᠢᠳᠠᠪᠤᠷᠢᠵᠢᠭᠤᠯᠬᠤ᠂ ᠪᠠᠷᠢᠯᠭ᠎ᠠ ᠶᠢᠨ ᠦᠢᠯᠡᠰ ᠤᠨ ᠭᠤᠷᠪᠠᠨ ᠵᠢᠯ ᠳᠤ ᠳᠠᠬᠢᠨ ᠢᠶᠠᠷ ᠨᠡᠮᠡᠭᠳᠡᠭᠦᠯᠬᠦ ᠠᠵᠢᠯᠯᠠᠭ᠎ᠠ ᠵᠡᠷᠭᠡ ᠠᠵᠢᠯ ᠢ ᠰᠠᠶᠢᠲᠤᠷ ᠠᠳᠬᠤᠵᠤ᠂ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠢᠨᠵᠧᠨᠧᠷᠢᠩ ᠢ ᠶᠡᠬᠡᠪᠡᠷ ᠲᠦᠯᠬᠢᠨ ᠠᠬᠢᠭᠤᠯᠵᠤ᠂ ᠡᠯ᠎ᠡ ᠲᠥᠷᠥᠯ ᠤᠨ ᠡᠵᠡᠩᠨᠡᠯᠲᠡ ᠶᠢᠨ ᠭᠤᠤᠯ ᠴᠣᠭᠴᠠ ᠶᠢᠨ ᠠᠮᠢᠵᠢᠷᠠᠯ ᠤᠨ ᠬᠦᠴᠦᠨ ᠢ ᠨᠠᠩ ᠰᠠᠶᠢᠲᠤᠷ ᠬᠥᠭᠵᠢᠭᠡᠬᠦ ᠬᠡᠷᠡᠭᠲᠡᠢ᠃ ᠠᠷᠠᠳ ᠤᠨ ᠬᠤᠲᠠ ᠶᠢᠨ ᠣᠶᠢᠯᠠᠭᠠᠭᠳᠠᠬᠤᠨ ᠢ ᠭᠦᠨᠵᠡᠭᠡᠢ ᠦᠢᠯᠡᠳᠦᠯᠭᠡᠵᠢᠭᠦᠯᠵᠦ᠂ ᠬᠤᠲᠠ ᠶᠢᠨ ᠪᠡᠶ᠎ᠡ ᠶᠢᠨ ᠪᠠᠶᠢᠴᠠᠭᠠᠯᠲᠠ᠂ ᠬᠤᠲᠠ ᠶᠢᠨ ᠰᠢᠨᠡᠴᠢᠯᠡᠯᠲᠡ ᠶᠢᠨ ᠭᠤᠣᠯᠳᠠᠯᠭ᠎ᠠ ᠲᠠᠢ ᠡᠭᠦᠷᠭᠡ ᠶᠢ ᠰᠠᠶᠢᠲᠤᠷ ᠠᠳᠬᠤᠵᠤ᠂ ᠣᠶᠤᠨᠲᠤ ᠬᠤᠲᠠ ᠶᠢᠨ ᠪᠦᠲᠦᠭᠡᠨ ᠪᠠᠶᠢᠭᠤᠯᠤᠯᠲᠠ ᠶᠢᠨ ᠠᠯᠬᠤᠴᠠ ᠶᠢ ᠲᠦᠷᠭᠡᠳᠬᠡᠨ᠂ ᠮᠡᠳᠡᠭᠡ ᠵᠠᠩᠭᠢ ᠶᠢᠨ ᠮᠡᠷᠭᠡᠵᠢᠯ᠂ ᠮᠡᠳᠡᠭᠡ ᠵᠠᠩᠭᠢ ᠶᠢᠨ ᠡᠬᠢ ᠪᠠᠶᠠᠯᠢᠭ ᠬᠢᠭᠡᠳ ᠬᠤᠲᠠ ᠶᠢᠨ ᠵᠠᠰᠠᠯᠲᠠ ᠶᠢᠨ ᠭᠦᠨᠵᠡᠭᠡᠢ ᠠᠭᠤᠰᠤᠯᠴᠠᠬᠤ ᠶᠢ ᠠᠬᠢᠭᠤᠯᠵᠤ᠂ ᠬᠤᠲᠠ ᠶᠢᠨ ᠠᠮᠢ ᠨᠠᠰᠤᠨ ᠤ ᠱᠤᠭᠤᠮ ᠤᠨ ᠠᠮᠤᠷ ᠲᠦᠪᠰᠢᠨ ᠤ ᠢᠨᠵᠧᠨᠧᠷᠢᠩ ᠪᠠ ᠬᠤᠲᠠ ᠶᠢᠨ ᠠᠵᠢᠯᠯᠠᠭᠠᠨ ᠤ ᠬᠠᠮᠢᠶᠠᠷᠤᠯᠲᠠ ᠶᠢᠨ ᠦᠢᠯᠡᠴᠢᠯᠡᠭᠡᠨ ᠤ ᠲᠠᠪᠴᠠᠩ ᠤᠨ ᠪᠦᠲᠦᠭᠡᠨ ᠪᠠᠶᠢᠭᠤᠯᠤᠯᠲᠠ ᠶᠢ ᠰᠠᠶᠢᠲᠤᠷ ᠠᠳᠬᠤᠵᠤ᠂ ᠬᠤᠲᠠ ᠶᠢᠨ ᠠᠵᠢᠯᠯᠠᠭᠠᠨ ᠤ ︽ᠨᠢᠭᠡ ᠰᠦᠯᠵᠢᠶ᠎ᠡ ᠪᠠᠷ ᠨᠢᠭᠡᠳᠦᠯᠲᠡᠢ ᠬᠠᠮᠢᠶᠠᠷᠬᠤ︾ ᠶᠢ ᠲᠦᠯᠬᠢᠨ ᠠᠬᠢᠭᠤᠯᠵᠤ᠂ ᠬᠤᠲᠠ ᠶᠢᠨ ᠵᠠᠰᠠᠯᠲᠠ ᠶᠢ ᠨᠠᠩ ᠣᠶᠤᠨᠯᠢᠭ᠂ ᠨᠠᠩ ᠥᠨᠳᠥᠷ ᠪᠦᠲᠦᠮᠵᠢᠲᠡᠶ᠂ ᠨᠠᠩ ᠨᠠᠷᠢᠯᠢᠭ ᠣᠨᠣᠴᠠᠲᠠᠢ ᠪᠣᠯᠭᠠᠨ᠎ᠠ ᠭᠡᠵᠤ ᠴᠢᠬᠤᠯᠠᠴᠢᠯᠠᠪᠠ᠃
W020240429328516041432.png
    ᠬᠤᠷᠠᠯ ᠠᠴᠠ ᠂ ᠠᠷᠠᠳ ᠤᠨ ᠠᠮᠢᠳᠤᠷᠠᠯ ᠢ ᠦᠷᠭᠦᠯᠵᠢᠯᠡᠨ ᠪᠠᠲᠤᠯᠠᠨ ᠰᠠᠶᠢᠵᠢᠷᠠᠭᠤᠯᠵᠤ ᠂ ᠲᠤᠯᠠᠭᠠᠯᠭ᠎ᠠ ᠶᠢᠨ ᠢᠨᠵᠧᠨᠧᠷᠢᠩ ᠂ ᠪᠠᠳᠤᠯᠠᠭ᠎ᠠ ᠶᠢᠨ ᠴᠢᠨᠠᠷᠲᠠᠢ ᠬᠢᠮᠳᠠ ᠣᠷᠣᠨ ᠰᠠᠭᠤᠴᠠ ᠶᠢᠨ ᠢᠨᠵᠧᠨᠧᠷᠢᠩ ᠂ ᠪᠠᠷᠢᠯᠭ᠎ᠠ ᠪᠣᠯᠣᠨ ᠬᠤᠳᠠ ᠶᠢᠨ ᠶᠠᠪᠤᠳᠠᠯ ᠤᠨ ᠰᠠᠭᠤᠷᠢ ᠪᠡᠯᠡᠳᠭᠡᠮᠵᠢ ᠲᠥᠬᠦᠭᠡᠷᠦᠮᠵᠢ ᠶᠢ ᠰᠢᠨᠡᠳᠬᠡᠬᠦ ᠵᠡᠷᠭᠡ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠢ ᠭᠦᠨᠵᠡᠭᠡᠢ ᠠᠬᠢᠭᠤᠯᠵᠤ ᠂ ᠨᠡᠩ ᠶᠡᠭᠡ ᠡᠷᠴᠢᠮ ᠂ ᠨᠡᠩ ᠪᠣᠳᠠᠲᠠᠢ ᠠᠷᠭ᠎ᠠ ᠬᠡᠮᠵᠢᠶ᠎ᠡ ᠪᠠᠷ ᠠᠷᠠᠳ ᠲᠤ ᠦᠢᠯᠡᠴᠢᠯᠡᠵᠦ ᠂ ᠨᠡᠩ ᠶᠡᠭᠡ ᠵᠢᠳᠬᠦᠯ ᠴᠢᠷᠮᠠᠶᠢᠯᠭ᠎ᠠ ᠪᠠᠷ ᠠᠷᠠᠳ ᠤᠨ ᠠᠮᠢᠳᠤᠷᠠᠯ ᠳᠤ ᠪᠤᠶᠠᠨ ᠵᠢᠷᠭᠠᠯ ᠢ ᠨᠡᠮᠡᠭᠳᠡᠭᠦᠯᠬᠦ ᠬᠡᠷᠡᠭᠲᠡᠢ ᠃ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠤᠢ ᠪᠣᠯᠭᠠᠬᠤ ᠶᠢ ᠬᠥᠭᠵᠢᠯᠲᠡ ᠶᠢᠨ ᠪᠦᠬᠦ ᠶᠠᠪᠤᠴᠠ ᠪᠣᠯᠣᠨ ᠡᠯ᠎ᠡ ᠲᠠᠯ᠎ᠠ ᠳᠤ ᠲᠤᠭᠤᠰᠢᠯᠠᠭᠤᠯᠵᠤ ᠂ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠦᠢᠯᠡᠰ ᠢ ᠪᠦᠬᠦ ᠲᠠᠯ᠎ᠠ ᠪᠠᠷ ᠠᠬᠢᠭᠤᠯᠵᠤ ᠂ ︽ ᠵᠢᠱᠢᠶᠡᠴᠢ ᠥᠪᠡᠷᠲᠡᠭᠡᠨ ᠵᠠᠰᠠᠬᠤ ᠣᠷᠣᠨ ︾ ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ ᠳᠤ ᠢᠳᠡᠪᠬᠢᠲᠡᠢ ᠬᠦᠴᠦᠨ ᠴᠢᠳᠠᠯ ᠢᠶᠠᠨ ᠡᠷᠭᠦᠬᠦ ᠬᠡᠷᠡᠭᠲᠡᠢ ᠃ ᠨᠠᠮ ᠤᠨ ᠪᠠᠶᠢᠭᠤᠯᠤᠯᠲᠠ ᠶᠢ ᠦᠷᠭᠦᠯᠵᠢᠯᠡᠨ ᠭᠦᠨᠵᠡᠭᠡᠶᠢᠷᠡᠭᠦᠯᠵᠦ ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠰᠠᠶᠢᠲᠤᠷ ᠠᠳᠬᠤᠵᠤ ᠂ ᠤᠯᠠᠨ ᠲᠦᠮᠡᠨ ᠤ ᠳᠡᠷᠭᠡᠳᠡᠬᠢ ᠲᠥᠪ ᠪᠤᠰᠤ ᠰᠤᠷᠲᠠᠯ ᠪᠣᠯᠣᠨ ᠢᠯᠵᠢᠷᠡᠯ ᠤᠨ ᠠᠰᠠᠭᠤᠳᠠᠯ ᠢ ᠡᠷᠡᠰ ᠴᠡᠭᠴᠡᠯᠡᠨ ᠵᠠᠰᠠᠵᠤ ᠂ ᠬᠡᠯᠪᠡᠷᠢᠴᠢ ᠦᠵᠡᠯ ᠢ ᠴᠡᠭᠴᠡᠯᠡᠨ ᠵᠠᠰᠠᠬᠤ ᠪᠠᠷ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠬᠦ ᠶᠢ ᠭᠦᠨᠵᠡᠭᠡᠶᠢᠷᠡᠭᠦᠯᠦᠨ ᠥᠷᠭᠡᠳᠬᠡᠵᠦ ᠂ ᠲᠣᠪᠣᠶᠢᠮ᠎ᠠ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ ᠂ ᠰᠢᠰᠲ᠋ᠧᠮ ᠲᠠᠢ ᠵᠠᠰᠠᠬᠤ ᠂ ᠶᠡᠷᠦᠩᠬᠡᠶᠢᠯᠡᠨ ᠵᠠᠰᠠᠬᠤ ᠂ ᠡᠬᠢ ᠡᠭᠦᠰᠦᠯ ᠠᠴᠠ ᠨᠢ ᠵᠠᠰᠠᠬᠤ ᠶᠢ ᠴᠢᠩᠭᠠᠳᠬᠠᠵᠤ ᠂ ᠡᠯ᠎ᠡ ᠵᠦᠢᠯ ᠤᠨ ᠡᠭᠦᠷᠭᠡ ᠶᠢᠨ ᠦᠨᠡᠨ ᠪᠣᠳᠠᠲᠠᠢ ᠦᠷ᠎ᠡ ᠪᠦᠲᠦᠮᠵᠢ ᠣᠯᠬᠤ ᠶᠢ ᠪᠠᠲᠤᠯᠠᠬᠤ ᠬᠡᠷᠡᠭᠲᠡᠢ ᠭᠡᠵᠦ ᠱᠠᠭᠠᠷᠳᠠᠪᠠ ᠃     ᠬᠤᠷᠠᠯ ᠠᠴᠠ ᠂ ᠶᠡᠷᠦᠩᠬᠡᠢ ᠱᠦᠵᠢ ᠰᠢ ᠶᠢᠨ ᠫᠢᠩ ᠤᠨ ᠰᠣᠶᠣᠯ ᠤᠨ ᠥᠪ ᠢ ᠬᠠᠮᠠᠭᠠᠯᠠᠵᠤ ᠤᠯᠠᠮᠵᠢᠯᠠᠨ ᠵᠠᠯᠭᠠᠮᠵᠢᠯᠠᠬᠤ ᠶᠢ ᠴᠢᠩᠭᠠᠳᠬᠠᠬᠤ ᠲᠤᠬᠠᠢ ᠴᠢᠬᠤᠯᠠ ᠥᠭᠦᠯᠡᠯᠲᠡ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠠᠯᠪᠠᠨ ᠲᠢᠩᠬᠢᠮ᠂ ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠤᠨ ᠳᠠᠷᠤᠮᠠᠯᠯᠠᠨ ᠲᠠᠷᠬᠠᠭᠠᠭᠰᠠᠨ ︽ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠳᠤᠮᠳᠠ ᠲᠡᠦᠬᠡ ᠰᠣᠶᠣᠯ ᠢ ᠬᠠᠮᠠᠭᠠᠯᠠᠵᠤ ᠤᠯᠠᠮᠵᠢᠯᠠᠨ ᠵᠠᠯᠭᠠᠮᠵᠢᠯᠠᠬᠤ ᠶᠢ ᠴᠢᠩᠭᠠᠳᠬᠠᠬᠤ ᠲᠤᠬᠠᠢ ᠰᠠᠨᠠᠯ︾ ᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠬᠤᠲᠠ ᠬᠥᠳᠡᠭᠡ ᠶᠢᠨ ᠲᠡᠦᠬᠡ ᠰᠣᠶᠣᠯ ᠢ ᠬᠠᠮᠠᠭᠠᠯᠠᠬᠤ ᠪᠠ ᠬᠥᠭᠵᠢᠭᠦᠯᠬᠦ᠂ ᠲᠡᠦᠬᠡ ᠰᠣᠶᠣᠯ ᠢ ᠬᠠᠮᠠᠭᠠᠯᠠᠬᠤ ᠪᠠ ᠠᠷᠠᠳ ᠤᠨ ᠠᠮᠢᠳᠤᠷᠠᠯ᠂ ᠲᠡᠦᠬᠡ ᠰᠣᠶᠣᠯ ᠢ ᠬᠠᠮᠠᠭᠠᠯᠠᠬᠤ ᠪᠠ ᠠᠰᠢᠭᠯᠠᠬᠤ ᠠᠵᠢᠯ ᠢ ᠨᠢᠭᠡᠳᠦᠯᠲᠡᠢ ᠲᠥᠯᠥᠪᠯᠡᠨ ᠰᠠᠶᠢᠲᠤᠷ ᠬᠢᠬᠦ ᠬᠡᠷᠡᠭᠲᠡᠢ᠃ ᠲᠡᠦᠬᠡ ᠰᠣᠶᠣᠯ ᠤᠨ ᠡᠬᠢ ᠪᠠᠶᠠᠯᠢᠭ ᠢ ᠨᠡᠶᠢᠳᠡᠮ ᠪᠠᠶᠢᠴᠠᠭᠠᠵᠤ ᠨᠤᠲᠠᠯᠠᠨ ᠲᠣᠭᠲᠠᠭᠠᠬᠤ ᠶᠢ ᠦᠷᠭᠦᠯᠵᠢᠯᠡᠨ ᠭᠦᠨᠵᠡᠭᠡᠢ ᠥᠷᠨᠢᠭᠦᠯᠵᠦ ᠂ ᠣᠷᠣᠨ ᠵᠠᠢ ᠶᠢ ᠪᠦᠷᠬᠦᠭᠦᠯᠬᠦ ᠂ ᠡᠯᠧᠮᠧᠨ᠋ᠲ ᠢ ᠪᠦᠬᠦᠨ ᠢ ᠬᠠᠮᠤᠷᠬᠤ ᠶᠢ ᠪᠠᠷᠢᠮᠲᠠᠯᠠᠵᠤ ᠂ ᠴᠢᠬᠤᠯᠠ ᠬᠠᠮᠠᠭᠠᠯᠠᠯᠲᠠ ᠶᠢᠨ ᠦᠨ᠎ᠡ ᠦᠷᠳᠡᠭ ᠲᠠᠢ ᠲᠡᠦᠬᠡ ᠰᠣᠶᠣᠯ ᠤᠨ ᠨᠡᠷᠡᠳᠦ ᠬᠤᠳᠠ ᠂ ᠲᠡᠦᠬᠡ ᠰᠣᠶᠣᠯ ᠤᠨ ᠵᠡᠭᠡᠯᠢ ᠲᠣᠭᠤᠷᠢᠭ ᠂ ᠤᠯᠠᠮᠵᠢᠯᠠᠯᠲᠤ ᠠᠶᠢᠯ ᠲᠣᠰᠬᠤᠨ ᠂ ᠲᠡᠦᠬᠡ ᠶᠢᠨ ᠪᠠᠷᠢᠯᠭ᠎ᠠ ᠵᠡᠷᠭᠡ ᠶᠢ ᠠᠭᠤᠳᠠᠯᠤᠨ ᠭᠠᠷᠭᠠᠵᠤ ᠂ ᠥᠪᠡᠷᠲᠡᠭᠡᠨ ᠵᠠᠰᠠᠬᠤ ᠣᠷᠣᠨ ᠤ ᠲᠡᠰ ᠤᠨ ᠨᠡᠷᠡᠰ ᠤᠨ ᠵᠢᠭᠰᠠᠭᠠᠯᠲᠠ ᠪᠠ ᠨᠠᠷᠢᠨ ᠲᠠᠩᠰᠠ ᠶᠢ ᠪᠠᠶᠢᠭᠤᠯᠤᠨ ᠪᠦᠷᠢᠨᠰᠢᠭᠦᠯᠵᠦ ᠂ ᠬᠢᠨᠠᠨ ᠲᠣᠭᠲᠠᠭᠠᠵᠤ ᠲᠠᠨᠢᠯᠴᠠᠭᠤᠯᠬᠤ ᠪᠠ ᠫᠠᠶᠢᠰᠠ ᠡᠯᠭᠦᠬᠦ ᠠᠵᠢᠯ ᠢ ᠰᠠᠶᠢᠲᠤᠷ ᠬᠢᠬᠦ ᠬᠡᠷᠡᠭᠲᠡᠢ ᠃ ᠲᠡᠦᠬᠡ ᠰᠣᠶᠣᠯ ᠤᠨ ᠬᠠᠮᠠᠭᠠᠯᠠᠯᠲᠠ ᠪᠣᠯᠣᠨ ᠬᠤᠳᠠ ᠶᠢᠨ ᠰᠢᠨᠡᠴᠢᠯᠡᠯᠲᠡ ᠶᠢ ᠣᠷᠭᠠᠨᠢᠭ ᠢᠶᠠᠷ ᠤᠶᠠᠯᠳᠤᠭᠤᠯᠬᠤ ᠶᠢ ᠠᠬᠢᠭᠤᠯᠵᠤ ᠂ ᠬᠤᠳᠠ ᠶᠢᠨ ᠪᠦᠬᠦᠯᠢ ᠴᠣᠭᠴᠠ ᠶᠢᠨ ᠳᠦᠷᠰᠦ ᠪᠠᠶᠢᠳᠠᠯ ᠢ ᠬᠠᠮᠢᠶᠠᠷᠤᠨ ᠡᠵᠡᠮᠳᠡᠬᠦ ᠪᠠ ᠰᠡᠷᠭᠦᠭᠡᠬᠦ ᠶᠢ ᠴᠢᠩᠭᠠᠳᠬᠠᠵᠤ ᠂ ᠦᠯᠡᠳᠡᠭᠳᠡᠵᠦ ᠪᠠᠶᠢᠭ᠎ᠠ ᠲᠦᠷᠦᠯ ᠵᠦᠢᠯ ᠳᠤ ᠂ ︽ ᠬᠤᠸᠠᠷ ᠬᠠᠳᠬᠤᠬᠤ ︾ ᠂ ︽ ᠨᠡᠬᠡᠵᠦ ᠨᠥᠬᠦᠬᠦ ︾ ᠵᠡᠷᠭᠡ ᠪᠢᠴᠢᠯ ᠥᠭᠡᠷᠡᠴᠢᠯᠡᠯᠲᠡ ᠶᠢᠨ ᠠᠷᠭ᠎ᠠ ᠶᠢ ᠠᠪᠴᠤ ᠂ ᠬᠠᠮᠠᠭᠠᠯᠠᠵᠤ ᠰᠡᠯᠪᠢᠨ ᠵᠠᠰᠠᠬᠤ ᠡᠷᠴᠢᠮ ᠢᠶᠠᠨ ᠴᠢᠩᠭᠠᠷᠠᠭᠤᠯᠵᠤ ᠂ ᠲᠡᠦᠬᠡ ᠰᠣᠶᠣᠯ ᠤᠨ ᠰᠤᠳᠠᠰᠤ ᠶᠢ ᠦᠷᠭᠦᠯᠵᠢᠯᠡᠭᠦᠯᠵᠦ ᠂ ᠨᠤᠲᠤᠭ ᠤᠨ ᠮᠥᠷᠥᠭᠡᠳᠦᠯ ᠤᠨ ᠤᠢ ᠰᠠᠨᠠᠮᠵᠢ ᠶᠢ ᠦᠯᠡᠳᠡᠭᠡᠬᠦ ᠬᠡᠷᠡᠭᠲᠡᠢ ᠃ ᠬᠤᠳᠠ ᠬᠥᠳᠡᠭᠡ ᠶᠢᠨ ᠲᠡᠦᠬᠡ ᠰᠣᠶᠣᠯ ᠤᠨ ᠥᠪ ᠢ ᠠᠮᠢᠳᠤᠯᠢᠭ ᠢᠶᠠᠷ ᠠᠰᠢᠭᠯᠠᠬᠤ ᠶᠢ ᠠᠬᠢᠭᠤᠯᠵᠤ ᠂ ᠤᠮᠠᠷᠠᠲᠤ ᠬᠢᠯᠢ ᠶᠢᠨ ᠰᠣᠶᠣᠯ ᠤᠨ ᠡᠯᠪᠡᠭ ᠪᠠᠶᠠᠯᠢᠭ ᠠᠭᠤᠯᠤᠭᠳᠠᠬᠤᠨ ᠪᠠ ᠭᠦᠨ ᠵᠤᠵᠠᠭᠠᠨ ᠠᠭᠤᠯᠬᠤᠨ ᠢ ᠨᠡᠩ ᠰᠠᠶᠢᠲᠤᠷ ᠢᠯᠡᠷᠡᠭᠦᠯᠬᠦ ᠬᠡᠷᠡᠭᠲᠡᠢ ᠭᠡᠵᠦ ᠱᠠᠭᠠᠷᠳᠠᠪᠠ ᠃     ᠬᠤᠷᠠᠯ ᠠᠴᠠ ᠂ ᠲᠠᠪᠤᠨ ᠰᠠᠷ᠎ᠠ ᠶᠢᠨ ᠨᠢᠭᠡᠨ ᠤ ᠠᠮᠠᠷᠠᠯᠳᠠ ᠶᠢᠨ ᠬᠤᠭᠤᠴᠠᠭᠠᠨ ᠤ ᠠᠶᠤᠯᠭᠦᠢ ᠦᠢᠯᠡᠳᠪᠦᠷᠢᠯᠡᠯ ᠤᠨ ᠠᠵᠢᠯ ᠢ ᠲᠣᠬᠢᠷᠠᠭᠤᠯᠤᠨ ᠪᠠᠶᠢᠷᠢᠯᠠᠭᠤᠯᠵᠤ ᠂ ᠤᠳᠤᠷᠢᠳᠤᠯᠭ᠎ᠠ ᠠᠵᠢᠯ ᠤᠨ ᠪᠠᠶᠢᠷᠢ ᠳᠠᠭᠠᠨ ᠵᠢᠵᠢᠭᠦᠷᠯᠡᠬᠦ ᠪᠠ 24 ᠴᠠᠭ ᠢᠶᠠᠷ ᠵᠢᠵᠢᠭᠦᠷᠯᠡᠬᠦ ᠳᠦᠷᠢᠮ ᠢ ᠴᠢᠩᠭ᠎ᠠ ᠨᠠᠶᠢᠳᠠᠪᠤᠷᠢᠵᠢᠭᠤᠯᠵᠤ ᠂ ᠠᠵᠢᠯᠲᠠᠨ ᠠᠵᠢᠯ ᠤᠨ ᠪᠠᠶᠢᠷᠢ ᠢᠶᠠᠨ ᠰᠠᠬᠢᠵᠦ ᠂ ᠪᠦᠬᠦ ᠰᠡᠳᠬᠢᠯ ᠪᠦᠬᠦ ᠵᠣᠷᠢᠭ ᠢᠶᠠᠷ ᠢᠶᠠᠨ ᠬᠠᠷᠢᠭᠤᠴᠠᠯᠭ᠎ᠠ ᠭᠦᠢᠴᠡᠳᠬᠡᠵᠦ ᠂ ᠪᠠᠶᠠᠷ ᠤᠨ ᠡᠳᠦᠷ ᠤᠨ ᠬᠤᠭᠤᠴᠠᠭᠠᠨ ᠳᠠᠬᠢ ᠡᠯ᠎ᠡ ᠵᠦᠢᠯ ᠤᠨ ᠠᠵᠢᠯ ᠤᠨ ᠬᠡᠪ ᠤᠨ ᠡᠮᠬᠢ ᠳᠢᠭᠯᠢᠮ ᠲᠠᠢ ᠶᠠᠪᠤᠭᠳᠠᠬᠤ ᠶᠢ ᠪᠠᠲᠤᠯᠠᠬᠤ ᠬᠡᠷᠡᠭᠲᠡᠢ ᠃ ᠮᠡᠳᠡᠭᠡ ᠵᠠᠩᠭᠢ ᠶᠢ ᠴᠤᠭᠯᠠᠭᠤᠯᠬᠤ᠂ ᠮᠡᠳᠡᠭᠦᠯᠦᠨ ᠬᠦᠷᠭᠡᠬᠦ ᠠᠷᠭ᠎ᠠ ᠵᠠᠮ ᠢ ᠰᠠᠭᠠᠳ ᠦᠭᠡᠢ ᠨᠠᠪᠲᠠᠷᠡᠭᠦᠯᠵᠦ᠂ ᠵᠢᠵᠢᠭᠦᠷᠯᠡᠬᠦ ᠠᠵᠢᠯ ᠤᠨ ᠡᠳᠦᠷ ᠤᠨ ᠮᠡᠳᠡᠭᠦᠯᠬᠦ ᠳᠦᠷᠢᠮ ᠢ ᠴᠢᠩᠭ᠎ᠠ ᠨᠠᠶᠢᠳᠠᠪᠤᠷᠢᠵᠢᠭᠤᠯᠤᠨ᠂ ᠵᠢᠵᠢᠭᠦᠷ ᠤᠨ ᠲᠡᠮᠳᠡᠭᠯᠡᠯ᠂ ᠪᠢᠴᠢᠭ ᠮᠠᠲ᠋ᠧᠷᠢᠶᠠᠯ ᠢ ᠬᠤᠷᠢᠶᠠᠨ ᠳᠠᠮᠵᠢᠭᠤᠯᠬᠤ ᠵᠡᠷᠭᠡ ᠠᠵᠢᠯ ᠢ ᠬᠢᠨᠠᠮᠠᠭᠠᠢ ᠰᠠᠶᠢᠲᠤᠷ ᠬᠢᠵᠦ᠂ ᠪᠠᠴᠢᠮ ᠬᠡᠷᠡᠭ ᠶᠠᠪᠤᠳᠠᠯ ᠢ ᠴᠠᠭ ᠲᠤᠬᠠᠢ ᠳᠤᠨᠢ ᠰᠢᠢᠳᠪᠦᠷᠢᠯᠡᠬᠦ ᠶᠢ ᠦᠨᠡᠨᠬᠦ ᠪᠠᠲᠤᠯᠠᠬᠤ ᠬᠡᠷᠡᠭᠲᠡᠢ᠃ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠥᠯ ᠪᠠ ᠠᠵᠢᠯ ᠤᠨ ᠰᠢᠰᠲ᠋ᠧᠮᠵᠢ ᠶᠢ ᠨᠠᠷᠢᠯᠢᠭᠵᠢᠭᠤᠯᠤᠨ ᠲᠡᠭᠦᠯᠳᠡᠷᠵᠢᠭᠦᠯᠵᠦ᠂ ᠭᠡᠨᠡᠳᠲᠡ ᠶᠢᠨ ᠬᠡᠷᠡᠭ ᠢ ᠰᠡᠷᠭᠡᠶᠢᠯᠡᠬᠦ ᠪᠠ ᠰᠢᠢᠳᠪᠦᠷᠢᠯᠡᠬᠦ ᠴᠢᠳᠠᠪᠤᠷᠢ ᠪᠠᠨ ᠳᠡᠭᠡᠭᠰᠢᠯᠡᠭᠦᠯᠦᠨ᠂ ᠪᠠᠴᠢᠮ ᠪᠠᠶᠢᠳᠠᠯ ᠢ ᠠᠷᠭᠠᠴᠠᠬᠤ ᠡᠩᠨᠡᠭᠡ ᠪᠠ ᠠᠶᠤᠯ ᠠᠴᠠ ᠠᠪᠤᠷᠠᠬᠤ ᠮᠠᠰᠢᠨ ᠪᠠᠭᠠᠵᠢ ᠶᠢᠨ ᠪᠡᠯᠡᠳᠬᠡᠯ ᠢ ᠴᠢᠩᠭᠠᠷᠠᠭᠤᠯᠵᠤ᠂ ᠪᠠᠴᠢᠮ ᠪᠠᠶᠢᠳᠠᠯ ᠲᠣᠬᠢᠶᠠᠯᠳᠤᠪᠠᠯ ᠲᠦᠷᠭᠡᠨ ᠴᠤᠤᠷᠢᠶᠠᠳᠤᠨ᠂ ᠴᠠᠭ ᠲᠤᠬᠠᠢ ᠳᠤᠨᠢ ᠰᠢᠢᠳᠪᠦᠷᠢᠯᠡᠵᠦ᠂ ᠥᠨᠳᠥᠷ ᠪᠦᠲᠦᠮᠵᠢᠲᠡᠶ ᠪᠠᠷ ᠠᠵᠢᠯᠯᠠᠬᠤ ᠶᠢ ᠦᠨᠡᠨᠬᠦ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠪᠠ ᠃     ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ ᠃  
ᠢᠷᠡᠯᠲᠡ᠄ ᠠᠯᠪᠠᠨ ᠭᠡᠷ
Baidu
map