ᠣᠶᠢᠷ᠎ᠠ ᠳᠤ᠂ ᠤᠯᠤᠰ ᠪᠠ ᠥᠪᠡᠷᠲᠡᠭᠡᠨ ᠵᠠᠰᠠᠬᠤ ᠣᠷᠣᠨ ᠤ ᠮᠠᠯᠵᠢᠬᠤ ᠲᠠᠷᠢᠶᠠᠯᠠᠬᠤ ᠣᠷᠣᠨ ᠤ ᠣᠷᠣᠰᠢᠨ ᠰᠠᠭᠤᠬᠤ ᠣᠷᠴᠢᠨ ᠲᠣᠭᠤᠷᠢᠨ ᠢ ᠰᠠᠶᠢᠵᠢᠷᠠᠭᠤᠯᠬᠤ | ᠲᠤᠬᠠᠶ ᠬᠤᠯᠪᠣᠭᠳᠠᠯ ᠪᠥᠬᠦᠶ ᠱᠠᠭᠠᠷᠳᠠᠯᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢᠨ ᠲᠥᠯᠥᠭᠡ᠂ ᠮᠠᠯᠵᠢᠬᠤ ᠲᠠᠷᠢᠶᠠᠯᠠᠬᠤ ᠣᠷᠣᠨ ᠤ ᠣᠷᠣᠰᠢᠨ ᠰᠠᠭᠤᠬᠤ | ᠣᠷᠴᠢᠨ ᠲᠣᠭᠤᠷᠢᠨ ᠢ ᠴᠡᠭᠴᠡᠯᠡᠨ ᠵᠠᠰᠠᠵᠤ ᠳᠡᠭᠡᠭᠰᠢᠯᠡᠭᠦᠯᠬᠦ ᠠᠵᠢᠯᠯᠠᠭ᠎ᠠ ᠶᠢ ᠭᠦᠨᠵᠡᠭᠡᠶ ᠬᠡᠷᠡᠭᠵᠢᠭᠦᠯᠵᠦ᠂ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ | ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠢᠩᠬᠢᠮ ᠠᠴᠠ ︽2024 ᠣᠨ ᠤ ᠪᠥᠬᠦ ᠣᠷᠣᠨ ᠤ ᠪᠠᠶᠢᠭᠤᠯᠤᠮᠵᠢᠲᠤ ᠪᠠᠯᠭᠠᠰᠤ ᠶᠢᠨ ᠠᠮᠢᠳᠤᠷᠠᠯ ᠤᠨ | ᠪᠣᠬᠢᠷ ᠤᠰᠤ ᠶᠢ ᠵᠠᠰᠠᠬᠤ᠂ ᠮᠠᠯᠵᠢᠬᠤ ᠲᠠᠷᠢᠶᠠᠯᠠᠬᠤ ᠣᠷᠣᠨ ᠤ ᠠᠮᠢᠳᠤᠷᠠᠯ ᠤᠨ ᠬᠤᠭ ᠨᠣᠪᠰᠢ ᠶᠢ ᠵᠠᠰᠠᠬᠤ ᠠᠵᠢᠯᠯᠠᠭ᠎ᠠ ᠶᠢᠨ ᠲᠥᠰᠦᠯ︾ ︵ᠳᠣᠷᠣᠭᠰᠢ ︽ | ᠠᠵᠢᠯᠯᠠᠭ᠎ᠠ ᠶᠢᠨ ᠲᠥᠰᠦᠯ︾ ᠭᠡᠵᠦ ᠲᠣᠪᠴᠢᠯᠠᠨ᠎ᠠ︶ ᠢ ᠳᠠᠷᠤᠮᠠᠯᠯᠠᠨ ᠲᠠᠷᠬᠠᠭᠠᠪᠠ᠃ ᠨᠡᠶᠢᠭᠡᠮ ᠨᠡᠶᠢᠲᠡ ᠪᠠᠷ ᠢᠶᠠᠨ ︽ᠠᠵᠢᠯᠯᠠᠭ᠎ᠠ ᠶᠢᠨ ᠲᠥᠰᠦᠯ︾ ᠤᠨ ᠬᠠᠮᠢᠶ᠎ᠠ | ᠪᠥᠬᠦᠶ ᠠᠭᠤᠯᠭ᠎ᠠ ᠶᠢ ᠥᠷᠭᠡᠨ ᠢᠶᠠᠷ ᠣᠶᠢᠯᠠᠭᠠᠬᠤ ᠪᠠ ᠵᠥᠪ ᠢᠶᠠᠷ ᠣᠶᠢᠯᠠᠭᠠᠬᠤ ᠳᠤ ᠲᠥᠬᠦᠮ ᠦᠵᠡᠭᠦᠯᠵᠦ᠂ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠠᠵᠢᠯ ᠢ | ᠦᠨᠡᠨ ᠬᠦ ᠰᠠᠶᠢᠲᠤᠷ ᠬᠢᠬᠦ ᠶᠢᠨ ᠲᠥᠯᠥᠭᠡ᠂ ᠡᠳᠦᠭᠡ ᠳᠣᠤᠷᠠᠬᠢ ᠮᠡᠲᠦ ᠲᠠᠶᠢᠯᠤᠮᠵᠢ ᠬᠢᠶ᠎ᠡ᠄ | ᠨᠢᠭᠡ᠂ ᠨᠡᠶᠢᠲᠡᠯᠡᠭᠰᠡᠨ ᠠᠬᠤᠶ ᠪᠠᠶᠢᠳᠠᠯ ᠵᠢᠴᠢ ᠠᠴᠢ ᠬᠤᠯᠪᠣᠭᠳᠠᠯ | ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠵᠤ᠂ | ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠥᠬᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠳᠤᠮᠳᠠᠳᠤ ᠶᠢᠨ ᠦᠨᠳᠦᠰᠦᠲᠡᠨ ᠤ | ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠᠷ ᠭᠤᠤᠯ ᠰᠢᠵᠢᠮ ᠪᠣᠯᠭᠠᠵᠤ᠂ ᠰᠡᠳᠬᠢᠯ ᠢᠶᠠᠨ ᠨᠢᠭᠡᠳᠬᠡᠨ ᠬᠦᠴᠦ ᠪᠠᠨ ᠬᠠᠮᠲᠤᠳᠬᠠᠵᠤ ᠪᠠᠶᠢᠭᠠᠳ | ᠰᠢ ᠶᠢᠨ ᠫᠢᠩ ᠶᠡᠷᠦᠩᠬᠡᠶ ᠱᠦᠵᠢ ᠶᠢᠨ ᠥᠪᠥᠷ ᠮᠣᠩᠭᠤᠯ ᠳᠤ ᠲᠤᠰᠢᠶᠠᠭᠰᠠᠨ ᠲᠠᠪᠤᠨ ᠶᠡᠭᠡ ᠡᠭᠦᠷᠭᠡ ᠶᠢ ᠰᠠᠶᠢᠲᠤᠷ ᠬᠢᠵᠦ᠂ ︽ᠵᠢᠱᠢᠶᠡᠴᠢ ᠥᠪᠡᠷᠲᠡᠭᠡᠨ ᠵᠠᠰᠠᠬᠤ | ᠣᠷᠣᠨ︾ ᠤ ᠬᠠᠷᠠᠯᠲᠠ ᠶᠢ ᠪᠥᠬᠦ ᠲᠠᠯ᠎ᠠ ᠪᠠᠷ ᠪᠥᠲᠥᠭᠡᠨ ᠪᠠᠶᠢᠭᠤᠯᠵᠤ᠂ ︽ᠮᠢᠩᠭᠠᠨ ᠲᠦᠮᠡ ᠶᠢᠨ ᠢᠨᠵᠧᠨᠧᠷᠢᠩ︾ ᠤᠨ ᠲᠤᠷᠰᠢᠯᠭ᠎ᠠ ᠶᠢ ᠰᠤᠷᠤᠯᠴᠠᠨ ᠬᠡᠷᠡᠭᠯᠡᠵᠦ᠂ | ᠤᠯᠤᠰ ᠪᠠ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠠᠵᠢᠯ ᠤᠨ ᠬᠤᠷᠠᠯ ᠠᠴᠠ | ᠪᠠᠶᠢᠷᠢᠯᠠᠭᠤᠯᠤᠭᠰᠠᠨ ᠲᠣᠰᠬᠤᠨ ᠪᠠᠯᠭᠠᠰᠤ ᠶᠢᠨ ᠪᠥᠲᠥᠭᠡᠨ ᠪᠠᠶᠢᠭᠤᠯᠤᠯᠲᠠ ᠶᠢᠨ ᠬᠦᠷᠢᠶᠡᠨ ᠳᠠᠬᠢ ᠭᠤᠤᠯᠳᠠᠯᠭ᠎ᠠ ᠲᠠᠢ ᠡᠭᠦᠷᠭᠡ ᠶᠢᠨ ᠲᠣᠭᠤᠷᠢᠨ ᠳᠤ᠂ ᠰᠢᠨ᠎ᠡ | ᠬᠥᠭᠵᠢᠯᠲᠡ ᠶᠢᠨ ᠣᠨᠣᠯᠵᠢᠬᠤᠨ ᠢ ᠪᠥᠬᠦ ᠲᠠᠯ᠎ᠠ ᠪᠠᠷ ᠲᠤᠭᠤᠰᠢᠯᠠᠭᠤᠯᠵᠤ᠂ ᠵᠠᠮ ᠨᠡᠭᠡᠭᠡᠨ ᠤᠷᠤᠭᠰᠢᠯᠠᠵᠤ᠂ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ | ᠭᠠᠷᠭᠠᠵᠤ᠂ ᠰᠢᠨ᠎ᠡ ᠬᠡᠯᠪᠡᠷᠢ ᠶᠢᠨ ᠬᠤᠲᠠ ᠪᠠᠯᠭᠠᠰᠤᠵᠢᠯᠲᠠ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠨᠢᠭᠡᠳᠦᠯᠲᠡᠶ ᠲᠥᠯᠥᠪᠯᠡᠬᠦ ᠳᠤᠮᠳᠠ ᠪᠠᠶᠢᠷᠢ | ᠲᠣᠭᠲᠠᠭᠠᠯᠲᠠ ᠪᠠᠨ ᠣᠨᠣᠪᠴᠢᠲᠠᠶ ᠣᠯᠵᠤ᠂ ᠴᠢᠳᠠᠯ ᠤᠨ ᠢᠶᠠᠨ ᠬᠢᠷᠢ ᠪᠠᠷ ᠬᠢᠬᠦ ᠶᠢ ᠪᠠᠷᠢᠮᠲᠠᠯᠠᠵᠤ᠂ ᠪᠠᠶᠢᠭᠤᠯᠤᠮᠵᠢᠳᠤ ᠪᠠᠯᠭᠠᠰᠤ ᠶᠢᠨ ᠠᠮᠢᠳᠤᠷᠠᠯ ᠤᠨ ᠪᠣᠬᠢᠷ ᠤᠰᠤ᠂ | ᠮᠠᠯᠵᠢᠬᠤ ᠲᠠᠷᠢᠶᠠᠯᠠᠬᠤ ᠣᠷᠣᠨ ᠤ ᠠᠮᠢᠳᠤᠷᠠᠯ ᠤᠨ ᠬᠤᠭ ᠨᠣᠪᠰᠢ ᠶᠢ ᠬᠤᠷᠢᠶᠠᠨ ᠴᠤᠭᠯᠠᠭᠤᠯᠵᠤ ᠰᠢᠢᠳᠪᠦᠷᠢᠯᠡᠬᠦ ᠲᠥᠬᠦᠭᠡᠷᠦᠮᠵᠢ ᠶᠢᠨ ᠪᠥᠲᠥᠭᠡᠨ ᠪᠠᠶᠢᠭᠤᠯᠤᠯᠲᠠ ᠶᠢ | ᠯᠠᠪᠳᠠᠭᠤᠨ ᠢᠶᠠᠷ ᠠᠬᠢᠭᠤᠯᠵᠤ᠂ ︽ᠪᠠᠶᠢᠭᠤᠯᠵᠤ ᠳᠡᠶᠢᠯᠬᠦ᠂ ᠰᠠᠶᠢᠲᠤᠷ ᠬᠠᠮᠢᠶᠠᠷᠬᠤ︾ ᠶᠢ ᠪᠡᠶᠡᠯᠡᠭᠦᠯᠵᠦ᠂ ᠲᠣᠰᠬᠤᠨ ᠪᠠᠯᠭᠠᠰᠤ ᠶᠢᠨ ᠣᠷᠣᠰᠢᠨ ᠰᠠᠭᠤᠬᠤ ᠣᠷᠴᠢᠨ | ᠨᠥᠬᠦᠴᠡᠯ ᠢ ᠦᠷᠭᠦᠯᠵᠢᠯᠡᠨ ᠳᠡᠭᠡᠭᠰᠢᠯᠡᠭᠦᠯᠦᠨ᠎ᠡ᠃ | ᠬᠤᠶᠠᠷ᠂ ᠲᠣᠭᠲᠠᠭᠠᠭᠰᠠᠨ ᠦᠨᠳᠦᠰᠦᠯᠡᠯ | ︽ᠠᠵᠢᠯᠯᠠᠭ᠎ᠠ ᠶᠢᠨ ᠲᠥᠰᠦᠯ︾ ᠨᠢ ᠭᠤᠤᠯᠳᠠᠭᠤ ︽︿ᠬᠥᠳᠡᠭᠡ ᠲᠣᠰᠬᠤᠨ ᠤ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠰᠠᠶᠢᠵᠢᠷᠠᠭᠤᠯᠬᠤ | ᠲᠠᠪᠤᠨ ᠵᠢᠯ ᠤᠨ ᠠᠵᠢᠯᠯᠠᠭ᠎ᠠ ᠶᠢᠨ ᠲᠥᠰᠦᠯ ︵2021 - 2025 ᠣᠨ︶﹀ ᠶᠢ ᠳᠠᠷᠤᠮᠠᠯᠯᠠᠨ ᠶᠠᠪᠤᠭᠤᠯᠬᠤ ᠲᠤᠬᠠᠶ ᠳᠤᠮᠳᠠᠳᠤ ᠤᠯᠤᠰ ᠤᠨ ᠡᠪ ᠬᠠᠮᠲᠤ ᠨᠠᠮ ᠤᠨ | ᠲᠥᠪ ᠬᠤᠷᠢᠶᠠᠨ ᠤ ᠠᠯᠪᠠᠨ ᠲᠢᠩᠬᠢᠮ ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠤᠨ ᠮᠡᠳᠡᠭᠳᠡᠯ︾ ︵ᠲᠢᠩᠬᠢᠮ ᠦᠰᠦᠭ ﹇2021﹈ 44 | ᠳ᠋ᠦ᠋ᠭᠡᠷ ᠲᠣᠭᠠᠲᠤ︶ ︽︿ᠪᠠᠶᠢᠭᠤᠯᠤᠮᠵᠢᠲᠤ ᠪᠠᠯᠭᠠᠰᠤ ᠶᠢᠨ ᠠᠮᠢᠳᠤᠷᠠᠯ ᠤᠨ ᠪᠣᠬᠢᠷ ᠤᠰᠤ ᠬᠤᠭ ᠨᠣᠪᠰᠢ ᠰᠢᠢᠳᠪᠦᠷᠢᠯᠡᠬᠦ ᠲᠥᠬᠦᠭᠡᠷᠦᠮᠵᠢ ᠶᠢᠨ ᠪᠥᠲᠥᠭᠡᠨ | ᠪᠠᠶᠢᠭᠤᠯᠤᠯᠲᠠ ᠪᠠ ᠬᠠᠮᠢᠶᠠᠷᠤᠯᠲᠠ ᠶᠢ ᠠᠬᠢᠭᠤᠯᠬᠤ ᠬᠡᠷᠡᠭᠵᠢᠭᠦᠯᠬᠦ ᠲᠥᠰᠦᠯ﹀ ᠢ ᠳᠠᠷᠤᠮᠠᠯᠯᠠᠨ ᠶᠠᠪᠤᠭᠤᠯᠬᠤ ᠲᠤᠬᠠᠶ ᠤᠯᠤᠰ ᠤᠨ ᠬᠥᠭᠵᠢᠭᠦᠯᠦᠯᠲᠡ | ᠥᠭᠡᠷᠡᠴᠢᠯᠡᠯᠲᠡ ᠶᠢᠨ ᠵᠥᠪᠯᠡᠯ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠶᠠᠮᠤᠨ ᠠᠮᠢ ᠠᠬᠤᠶ ᠣᠷᠴᠢᠨ ᠲᠣᠭᠤᠷᠢᠨ ᠤ | ᠶᠠᠮᠤᠨ ᠤ ᠮᠡᠳᠡᠭᠳᠡᠯ︾ ︵ᠬᠥᠭᠵᠢᠭᠦᠯᠦᠯᠲᠡ ᠥᠭᠡᠷᠡᠴᠢᠯᠡᠯᠲᠡ ᠣᠷᠴᠢᠨ ᠲᠣᠭᠤᠷᠢᠨ ᠡᠬᠢ ᠪᠠᠶᠠᠯᠢᠭ ﹇2022﹈ 1932 ᠳ᠋ᠤᠭᠠᠷ ᠲᠣᠭᠠᠲᠤ︶᠂ ︽︿ᠮᠠᠯᠵᠢᠬᠤ | ᠲᠠᠷᠢᠶᠠᠯᠠᠬᠤ ᠣᠷᠣᠨ ᠤ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠰᠠᠶᠢᠵᠢᠷᠠᠭᠤᠯᠬᠤ ᠲᠠᠪᠤᠨ ᠵᠢᠯ ᠤᠨ ᠠᠵᠢᠯᠯᠠᠭ᠎ᠠ ᠶᠢᠨ ᠬᠡᠷᠡᠭᠵᠢᠭᠦᠯᠬᠦ ᠲᠥᠰᠦᠯ ︵ | 2021 - 2025 ᠣᠨ︶﹀ ᠶᠢ ᠳᠠᠷᠤᠮᠠᠯᠯᠠᠨ ᠶᠠᠪᠤᠭᠤᠯᠬᠤ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠠᠯᠪᠠᠨ | ᠲᠢᠩᠬᠢᠮ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠮᠡᠳᠡᠭᠳᠡᠯ︾ ︵ᠲᠢᠩᠬᠢᠮ ᠲᠠᠷᠬᠠᠭᠠᠭᠰᠠᠨ ﹇2022﹈ 2 | ᠳ᠋ᠤᠭᠠᠷ ᠲᠣᠭᠠᠲᠤ︶᠂ ︽︿ᠮᠢᠩᠭᠠᠨ ᠲᠣᠰᠬᠤᠨ ᠤ ᠵᠢᠱᠢᠶ᠎ᠡ ᠦᠵᠡᠭᠦᠯᠬᠦ᠂ ᠲᠦᠮᠡᠨ ᠲᠣᠰᠬᠤᠨ ᠢ ᠴᠡᠭᠴᠡᠯᠡᠨ ᠵᠠᠰᠠᠬᠤ︾ ᠢᠨᠵᠧᠨᠧᠷᠢᠩ ᠤᠨ ᠲᠤᠷᠰᠢᠯᠭ᠎ᠠ ᠶᠢ | ᠰᠤᠷᠤᠯᠴᠠᠨ ᠬᠡᠷᠡᠭᠯᠡᠵᠦ ᠬᠥᠳᠡᠭᠡ ᠲᠣᠰᠬᠤᠨ ᠢ ᠪᠥᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠶᠢ ᠬᠦᠴᠦᠲᠡᠶ ᠪᠥᠭᠡᠳ ᠪᠦᠲᠦᠮᠵᠢᠲᠡᠶ ᠠᠬᠢᠭᠤᠯᠬᠤ ᠲᠤᠬᠠᠶ ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠠᠯᠪᠠᠨ ᠲᠢᠩᠬᠢᠮ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ | ᠠᠯᠪᠠᠨ ᠲᠢᠩᠬᠢᠮ ᠤᠨ ᠬᠡᠷᠡᠭᠵᠢᠭᠦᠯᠬᠦ ᠰᠠᠨᠠᠯ︾ ︵ᠥᠪᠥᠷ ᠨᠠᠮ ᠲᠠᠷᠬᠠᠭᠠᠭᠰᠠᠨ ﹇2024﹈ 1 ᠳ᠋ᠦ᠋ᠭᠡᠷ ᠲᠣᠭᠠᠲᠤ︶ ᠵᠡᠷᠭᠡ ᠬᠠᠮᠢᠶ᠎ᠠ ᠪᠥᠬᠦᠶ ᠲᠥᠷᠥ ᠶᠢᠨ | ᠪᠣᠳᠣᠯᠭ᠎ᠠ ᠶᠢᠨ ᠪᠢᠴᠢᠭ ᠮᠠᠲ᠋ᠧᠷᠢᠶᠠᠯ ᠢ ᠦᠨᠳᠦᠰᠦᠯᠡᠪᠡ᠃ | ᠭᠤᠷᠪᠠ᠂ ᠠᠵᠢᠯ ᠤᠨ ᠬᠠᠷᠠᠯᠲᠠ | ᠬᠥᠮᠦᠨ ᠠᠮᠠ ᠬᠠᠷᠢᠴᠠᠩᠭᠤᠶ ᠲᠥᠪᠯᠡᠷᠡᠭᠰᠡᠨ ᠭᠠᠵᠠᠷ ᠣᠷᠣᠨ ᠤ ᠪᠠᠶᠢᠭᠤᠯᠤᠯᠳᠤ ᠪᠠᠯᠭᠠᠰᠤ ᠶᠢᠨ ᠠᠮᠢᠳᠤᠷᠠᠯ ᠤᠨ ᠪᠣᠬᠢᠷ ᠤᠰᠤ᠂ ᠮᠠᠯᠵᠢᠬᠤ ᠲᠠᠷᠢᠶᠠᠯᠠᠬᠤ | ᠣᠷᠣᠨ ᠤ ᠠᠮᠢᠳᠤᠷᠠᠯ ᠤᠨ ᠬᠤᠭ ᠨᠣᠪᠰᠢ ᠶᠢ ᠵᠠᠰᠠᠬᠤ ᠪᠠᠷ ᠭᠤᠤᠯᠳᠠᠯᠭ᠎ᠠ ᠪᠣᠯᠭᠠᠵᠤ᠂ ᠲᠥᠬᠦᠭᠡᠷᠦᠮᠵᠢ ᠶᠢᠨ ᠪᠥᠲᠥᠭᠡᠨ ᠪᠠᠶᠢᠭᠤᠯᠤᠯᠲᠠ ᠶᠢ ᠲᠠᠰᠤᠷᠠᠯᠲᠠ ᠥᠬᠡᠶ | ᠴᠢᠩᠭᠠᠳᠬᠠᠨ᠂ ᠠᠵᠢᠯ ᠤᠨ ᠳᠤᠲᠠᠭᠤᠳᠠᠯ ᠢ ᠪᠥᠬᠦ ᠬᠦᠴᠦᠨ ᠢᠶᠠᠷ ᠢᠶᠠᠨ ᠨᠥᠬᠦᠪᠥᠷᠢᠯᠡᠵᠦ᠂ ᠪᠣᠬᠢᠷ ᠤᠰᠤ ᠪᠠ ᠬᠤᠭ ᠨᠣᠪᠰᠢ ᠶᠢ ᠵᠠᠰᠠᠬᠤ ᠶᠢ ᠰᠢᠨᠵᠢᠯᠡᠬᠦ | ᠤᠬᠠᠭᠠᠨᠴᠢᠯᠠᠬᠤ᠂ ᠵᠢᠷᠤᠮᠵᠢᠭᠤᠯᠬᠤ ᠬᠢᠷᠢ ᠲᠦᠪᠰᠢᠨ ᠢ ᠳᠡᠭᠡᠭᠰᠢᠯᠡᠭᠦᠯᠦᠨ᠎ᠡ᠃ 2024 ᠣᠨ ᠤ ᠰᠡᠭᠦᠯᠴᠢ ᠪᠣᠯᠬᠤ ᠳᠤ᠂ ᠪᠥᠬᠦ ᠣᠷᠣᠨ ᠤ ᠠᠮᠢᠳᠤᠷᠠᠯ ᠤᠨ ᠪᠣᠬᠢᠷ | ᠤᠰᠤ ᠰᠢᠢᠳᠪᠦᠷᠢᠯᠡᠬᠦ ᠲᠥᠬᠦᠭᠡᠷᠦᠮᠵᠢ ᠲᠠᠢ ᠪᠠᠶᠢᠭᠤᠯᠤᠮᠵᠢᠲᠤ ᠪᠠᠯᠭᠠᠰᠤ ᠶᠢ 50% ᠠᠴᠠ ᠳᠡᠭᠡᠭᠰᠢ ᠳᠤ ᠬᠦᠷᠦᠭᠦᠯᠬᠦ ᠪᠠᠷ ᠴᠢᠷᠮᠠᠶᠢᠵᠤ᠂ ᠪᠥᠬᠦ ᠣᠷᠣᠨ ᠤ ᠮᠠᠯᠵᠢᠬᠤ | ᠲᠠᠷᠢᠶᠠᠯᠠᠬᠤ ᠣᠷᠣᠨ ᠤ ᠠᠮᠢᠳᠤᠷᠠᠯ ᠤᠨ ᠬᠤᠭ ᠨᠣᠪᠰᠢ ᠶᠢ ᠬᠤᠷᠢᠶᠠᠨ ᠲᠡᠭᠡᠭᠡᠪᠦᠷᠢᠯᠡᠵᠦ ᠰᠢᠢᠳᠪᠦᠷᠢᠯᠡᠬᠦ ᠰᠢᠰᠲ᠋ᠧᠮᠵᠢ ᠶᠢᠨ ᠪᠦᠷᠬᠦᠴᠡ ᠶᠢᠨ ᠨᠣᠷᠮ᠎ᠠ ᠶᠢ 80% ᠠᠴᠠ | ᠳᠡᠭᠡᠭᠰᠢ ᠳᠤ ᠬᠦᠷᠦᠭᠦᠯᠬᠦ ᠪᠠᠷ ᠴᠢᠷᠮᠠᠶᠢᠨ᠎ᠠ᠃ ᠬᠥᠮᠦᠨ ᠠᠮᠠ 1000 ᠬᠥᠮᠦᠨ ᠠᠴᠠ ᠳᠡᠭᠡᠭᠰᠢᠬᠢ 100 ᠵᠠᠰᠠᠭ ᠵᠠᠬᠢᠷᠭᠠᠨ ᠤ ᠲᠣᠰᠬᠤᠨ ᠤ ᠠᠮᠢᠳᠤᠷᠠᠯ ᠤᠨ ᠬᠤᠭ | ᠨᠣᠪᠰᠢ ᠶᠢ ᠲᠥᠪᠯᠡᠷᠡᠭᠦᠯᠦᠨ ᠰᠢᠢᠳᠪᠦᠷᠢᠯᠡᠬᠦ ᠶᠢ ᠪᠡᠶᠡᠯᠡᠭᠦᠯᠦᠨ᠎ᠡ᠃ | ᠳᠥᠷᠪᠡ᠂ ᠭᠤᠤᠯ ᠠᠭᠤᠯᠭ᠎ᠠ | ︽ᠠᠵᠢᠯᠯᠠᠭ᠎ᠠ ᠶᠢᠨ ᠲᠥᠰᠦᠯ︾ ᠢ ᠪᠠᠶᠢᠭᠤᠯᠤᠯᠲᠤ ᠪᠠᠯᠭᠠᠰᠤᠨ ᠤ ᠠᠮᠢᠳᠤᠷᠠᠯ ᠤᠨ ᠪᠣᠬᠢᠷ ᠤᠰᠤ ᠶᠢ ᠵᠠᠰᠠᠬᠤ ᠪᠠ ᠮᠠᠯᠵᠢᠬᠤ ᠲᠠᠷᠢᠶᠠᠯᠠᠬᠤ ᠣᠷᠣᠨ ᠤ | ᠠᠮᠢᠳᠤᠷᠠᠯ ᠤᠨ ᠬᠤᠭ ᠨᠣᠪᠰᠢ ᠶᠢ ᠵᠠᠰᠠᠬᠤ ᠬᠤᠶᠠᠷ ᠬᠡᠰᠡᠭ ᠬᠤᠪᠢᠶᠠᠵᠤ᠂ ᠪᠣᠬᠢᠷ ᠤᠰᠤ ᠶᠢ ᠬᠤᠷᠢᠶᠠᠨ ᠴᠤᠭᠯᠠᠭᠤᠯᠵᠤ ᠰᠢᠢᠳᠪᠦᠷᠢᠯᠡᠬᠦ ᠵᠠᠭᠪᠤᠷ ᠢ ᠵᠦᠶ ᠵᠣᠬᠢᠰᠲᠠᠶ | ᠰᠣᠩᠭᠤᠬᠤ᠂ ᠪᠣᠬᠢᠷ ᠤᠰᠤ ᠶᠢ ᠴᠤᠭᠯᠠᠭᠤᠯᠤᠨ ᠰᠢᠢᠳᠪᠦᠷᠢᠯᠡᠬᠦ ᠲᠥᠬᠦᠭᠡᠷᠦᠮᠵᠢ ᠶᠢᠨ ᠪᠥᠲᠥᠭᠡᠨ ᠪᠠᠶᠢᠭᠤᠯᠤᠯᠲᠠ ᠶᠢ ᠠᠬᠢᠭᠤᠯᠬᠤ᠂ ᠪᠣᠬᠢᠷ ᠤᠰᠤ ᠶᠢ ᠡᠬᠢ | ᠪᠠᠶᠠᠯᠢᠭᠵᠢᠭᠤᠯᠤᠨ ᠠᠰᠢᠭᠯᠠᠬᠤ ᠠᠵᠢᠯ ᠢ ᠠᠬᠢᠭᠤᠯᠬᠤ᠂ ᠬᠤᠭ ᠨᠣᠪᠰᠢ ᠶᠢ ᠬᠤᠷᠢᠶᠠᠨ ᠲᠡᠭᠡᠭᠡᠪᠦᠷᠢᠯᠡᠵᠦ ᠰᠢᠢᠳᠪᠦᠷᠢᠯᠡᠬᠦ ᠵᠠᠭᠪᠤᠷ ᠢ ᠰᠢᠨᠵᠢᠯᠡᠬᠦ ᠤᠬᠠᠭᠠᠨᠴᠢ ᠪᠠᠷ | ᠰᠣᠩᠭᠤᠬᠤ᠂ ᠬᠤᠭ ᠨᠣᠪᠰᠢ ᠶᠢ ᠬᠤᠷᠢᠶᠠᠨ ᠲᠡᠭᠡᠭᠡᠪᠦᠷᠢᠯᠡᠵᠦ ᠰᠢᠢᠳᠪᠦᠷᠢᠯᠡᠬᠦ ᠲᠥᠬᠦᠭᠡᠷᠦᠮᠵᠢ ᠶᠢᠨ ᠪᠥᠲᠥᠭᠡᠨ ᠪᠠᠶᠢᠭᠤᠯᠤᠯᠲᠠ ᠶᠢ ᠨᠢᠭᠡᠳᠦᠯᠲᠡᠶ ᠲᠥᠯᠥᠪᠯᠡᠬᠦ᠂ ᠬᠤᠭ | ᠨᠣᠪᠰᠢ ᠶᠢ ᠲᠥᠷᠥᠯ ᠬᠤᠪᠢᠶᠠᠨ ᠪᠠᠭᠠᠰᠬᠠᠬᠤ ᠪᠠ ᠠᠰᠢᠭᠯᠠᠬᠤ ᠶᠢ ᠠᠬᠢᠭᠤᠯᠬᠤ ᠵᠡᠷᠭᠡ ᠵᠢᠷᠭᠤᠭᠠᠨ ᠵᠦᠢᠯ ᠤᠨ ᠭᠤᠤᠯᠳᠠᠯᠭ᠎ᠠ ᠲᠠᠢ ᠡᠭᠦᠷᠭᠡ ᠳᠤ ᠬᠤᠯᠪᠣᠭᠳᠠᠵᠠᠶ᠃ | ᠭᠤᠤᠯᠳᠠᠭᠤ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠤ ᠲᠣᠰᠬᠤᠨ ᠪᠠᠯᠭᠠᠰᠤ ᠶᠢᠨ ᠪᠥᠲᠥᠭᠡᠨ ᠪᠠᠶᠢᠭᠤᠯᠤᠯᠲᠠ ᠳᠠᠬᠢ ᠬᠥᠲᠥᠯᠦᠨ ᠳᠠᠭᠠᠭᠤᠯᠬᠤ ᠦᠢᠯᠡᠳᠦᠯ ᠢ | ᠳᠣᠪᠤᠶᠢᠯᠭᠠᠵᠤ᠂ ᠪᠠᠶᠢᠭᠤᠯᠤᠮᠵᠢᠲᠤ ᠪᠠᠯᠭᠠᠰᠤᠨ ᠤ ᠠᠮᠢᠳᠤᠷᠠᠯ ᠤᠨ ᠪᠣᠬᠢᠷ ᠤᠰᠤ ᠪᠠ ᠮᠠᠯᠵᠢᠬᠤ ᠲᠠᠷᠢᠶᠠᠯᠠᠬᠤ ᠣᠷᠣᠨ ᠤ ᠠᠮᠢᠳᠤᠷᠠᠯ ᠤᠨ ᠬᠤᠭ ᠨᠣᠪᠰᠢ ᠶᠢᠨ | ᠰᠠᠭᠤᠷᠢ ᠲᠥᠬᠦᠭᠡᠷᠦᠮᠵᠢ ᠶᠢᠨ ᠳᠤᠲᠠᠭᠤᠳᠠᠯ ᠢ ᠨᠥᠬᠦᠪᠥᠷᠢᠯᠡᠬᠦ ᠶᠢ ᠯᠠᠪᠳᠠᠭᠤᠨ ᠪᠠᠲᠤᠲᠠᠶ ᠡᠮᠬᠢ ᠵᠢᠷᠤᠮ ᠲᠠᠢ ᠠᠬᠢᠭᠤᠯᠵᠤ᠂ ᠣᠷᠣᠰᠢᠨ ᠰᠠᠭᠤᠬᠤ ᠳᠤ ᠲᠣᠬᠢᠷᠠᠮᠵᠢᠲᠠᠶ | ᠦᠵᠡᠰᠬᠦᠯᠡᠩᠲᠦ ᠰᠠᠶᠢᠬᠠᠨ ᠲᠣᠰᠬᠤᠨ ᠪᠠᠯᠭᠠᠰᠤ ᠶᠢ ᠪᠥᠬᠦ ᠬᠦᠴᠦᠨ ᠢᠶᠠᠷ ᠢᠶᠠᠨ ᠪᠠᠶᠢᠭᠤᠯᠤᠨ᠎ᠠ᠃ | ᠲᠠᠪᠤ᠂ ᠲᠥᠷᠥ ᠶᠢᠨ ᠪᠣᠳᠣᠯᠭ᠎ᠠ ᠶᠢᠨ ᠭᠢᠯᠠᠰ ᠴᠡᠭ | ᠭᠢᠯᠠᠰ ᠴᠡᠭ ᠨᠢᠭᠡ᠄ ᠪᠠᠶᠢᠭᠤᠯᠤᠮᠵᠢᠲᠤ ᠪᠠᠯᠭᠠᠰᠤ ᠶᠢᠨ ᠠᠮᠢᠳᠤᠷᠠᠯ ᠤᠨ ᠪᠣᠬᠢᠷ ᠤᠰᠤ ᠶᠢ ᠬᠤᠷᠢᠶᠠᠨ ᠴᠤᠭᠯᠠᠭᠤᠯᠵᠤ ᠰᠢᠢᠳᠪᠦᠷᠢᠯᠡᠬᠦ ᠲᠥᠬᠦᠭᠡᠷᠦᠮᠵᠢ ᠶᠢᠨ | ᠪᠦᠳᠦᠭᠡᠨ ᠪᠠᠶᠢᠭᠤᠯᠤᠯᠲᠠ ᠶᠢ ᠨᠢᠭᠡᠳᠦᠯᠲᠡᠢ ᠲᠥᠯᠥᠪᠵᠢᠭᠦᠯᠦᠨ᠎ᠡ᠃ ᠡᠯ᠎ᠡ ᠭᠠᠵᠠᠷ ᠤᠨ ᠬᠢᠨ ᠳᠡᠭᠡᠳᠦ ᠬᠡᠮᠵᠢᠶᠡᠨ ᠤ ᠤᠯᠤᠰ ᠲᠥᠷᠥ ᠶᠢᠨ ᠬᠠᠷᠢᠭᠤᠴᠠᠯᠭᠠᠲᠤ | ᠰᠡᠳᠬᠢᠯᠭᠡ ᠪᠠᠷ ᠪᠠᠶᠢᠭᠤᠯᠤᠮᠵᠢᠳᠤ ᠪᠠᠯᠭᠠᠰᠤ ᠶᠢᠨ ᠠᠮᠢᠳᠤᠷᠠᠯ ᠤᠨ ᠪᠣᠬᠢᠷ ᠤᠰᠤ ᠶᠢ ᠬᠤᠷᠢᠶᠠᠨ ᠴᠤᠭᠯᠠᠭᠤᠯᠵᠤ ᠰᠢᠢᠳᠪᠦᠷᠢᠯᠡᠬᠦ ᠲᠥᠬᠦᠭᠡᠷᠦᠮᠵᠢ ᠶᠢᠨ ᠪᠥᠲᠥᠭᠡᠨ | ᠪᠠᠶᠢᠭᠤᠯᠤᠯᠲᠠ ᠶᠢᠨ ᠬᠠᠮᠢᠶ᠎ᠠ ᠪᠥᠬᠦᠶ ᠠᠵᠢᠯ ᠢ ᠬᠢᠨᠠᠮᠠᠭᠠᠶ ᠰᠠᠶᠢᠲᠤᠷ ᠬᠢᠵᠦ᠂ ᠲᠣᠰ ᠭᠠᠵᠠᠷ ᠣᠷᠣᠨ ᠤ ᠪᠠᠶᠢᠭᠠᠯᠢ ᠶᠢᠨ ᠳᠠᠪᠠᠭᠤᠯᠢᠭ᠂ ᠠᠵᠤ ᠠᠬᠤᠶ ᠨᠡᠶᠢᠭᠡᠮ ᠤᠨ | ᠬᠥᠭᠵᠢᠯᠲᠡ ᠶᠢᠨ ᠣᠳᠣᠬᠢ ᠪᠠᠶᠢᠳᠠᠯ᠂ ᠠᠮᠢ ᠠᠬᠤᠶ ᠶᠢᠨ ᠣᠷᠴᠢᠨ ᠲᠣᠭᠤᠷᠢᠨ ᠢ ᠵᠠᠰᠠᠬᠤ ᠬᠡᠷᠡᠭᠴᠡᠭᠡ ᠵᠡᠷᠭᠡ ᠬᠦᠴᠦᠨ ᠵᠦᠢᠯ ᠢ ᠶᠡᠷᠦᠩᠬᠡᠶᠢᠯᠡᠨ ᠪᠣᠳᠣᠯᠬᠢᠯᠠᠵᠤ᠂ | ᠲᠥᠪᠯᠡᠷᠡᠭᠦᠯᠬᠦ ᠳᠤ ᠳᠣᠭᠢᠷᠠᠪᠠᠯ ᠲᠥᠪᠯᠡᠷᠡᠭᠦᠯᠦᠨ᠂ ᠲᠠᠷᠠᠬᠠᠢ ᠪᠤᠲᠠᠷᠬᠠᠢ ᠳᠤ ᠳᠣᠭᠢᠷᠠᠪᠠᠯ ᠲᠠᠷᠠᠬᠠᠶ ᠪᠤᠲᠠᠷᠬᠠᠶ ᠪᠠᠶᠢᠯᠭᠠᠵᠤ᠂ ᠲᠤᠬᠠᠶ ᠶᠢᠨ ᠭᠠᠵᠠᠷ ᠣᠷᠣᠨ ᠤ | ᠪᠠᠶᠢᠳᠠᠯ ᠳᠤᠨᠢ ᠳᠣᠭᠢᠷᠠᠭᠤᠯᠤᠨ ᠰᠢᠢᠳᠪᠦᠷᠢᠯᠡᠬᠦ ᠵᠠᠭᠪᠤᠷ᠂ ᠭᠠᠷ ᠤᠷᠠᠯᠠᠯ ᠤᠨ ᠱᠤᠭᠤᠮ᠂ ᠡᠬᠢ ᠪᠠᠶᠠᠯᠢᠭᠵᠢᠭᠤᠯᠤᠨ ᠠᠰᠢᠭᠯᠠᠬᠤ ᠠᠷᠭ᠎ᠠ ᠮᠠᠶ᠋ᠢᠭ ᠢ ᠵᠦᠶ ᠵᠣᠬᠢᠰᠲᠠᠶ | ᠰᠣᠩᠭᠤᠬᠤ ᠬᠡᠷᠡᠭᠲᠡᠶ ᠭᠡᠵᠦ ᠱᠠᠭᠠᠷᠳᠠᠪᠠ᠃ ᠲᠣᠰ ᠭᠠᠵᠠᠷ ᠣᠷᠣᠨ ᠤ ᠪᠣᠳᠠᠲᠠᠶ ᠲᠠᠢ ᠪᠠᠨ ᠤᠶᠠᠯᠳᠤᠭᠤᠯᠤᠨ ︽ᠨᠢᠭᠡ ᠪᠠᠯᠭᠠᠰᠤᠨ ᠳᠤ ᠨᠢᠭᠡ ᠲᠥᠷᠥ ᠶᠢᠨ ᠪᠣᠳᠣᠯᠭ᠎ᠠ | ᠬᠡᠷᠡᠭᠵᠢᠭᠦᠯᠬᠦ︾ ᠵᠠᠷᠴᠢᠮ ᠶᠣᠰᠣᠭᠠᠷ ᠪᠠᠶᠢᠭᠤᠯᠤᠮᠵᠢᠲᠤ ᠪᠠᠯᠭᠠᠰᠤᠨ ᠤ ᠠᠮᠢᠳᠤᠷᠠᠯ ᠤᠨ ᠪᠣᠬᠢᠷ ᠤᠰᠤ ᠶᠢ ᠬᠤᠷᠢᠶᠠᠨ ᠴᠤᠭᠯᠠᠭᠤᠯᠵᠤ ᠰᠢᠢᠳᠪᠦᠷᠢᠯᠡᠬᠦ | ᠲᠥᠬᠦᠭᠡᠷᠦᠮᠵᠢ ᠶᠢᠨ ᠪᠥᠲᠥᠭᠡᠨ ᠪᠠᠶᠢᠭᠤᠯᠤᠯᠲᠠ ᠶᠢ ᠦᠷᠭᠦᠯᠵᠢᠯᠡᠨ ᠰᠠᠶᠢᠲᠤᠷ ᠠᠳᠬᠤᠵᠤ᠂ ᠲᠥᠷᠥᠯ ᠵᠦᠢᠯ ᠤᠨ ᠡᠮᠦᠨᠡᠬᠢ ᠬᠤᠭᠤᠴᠠᠭᠠᠨ ᠤ ᠠᠵᠢᠯ ᠢ ᠢᠳᠡᠪᠬᠢᠲᠡᠶ | ᠠᠬᠢᠭᠤᠯᠵᠤ᠂ ᠪᠠᠶᠢᠭᠤᠯᠤᠮᠵᠢᠲᠤ ᠪᠠᠯᠭᠠᠰᠤᠨ ᠤ ᠠᠮᠢᠳᠤᠷᠠᠯ ᠤᠨ ᠪᠣᠬᠢᠷ ᠤᠰᠤ ᠶᠢ ᠬᠤᠷᠢᠶᠠᠨ ᠴᠤᠭᠯᠠᠭᠤᠯᠵᠤ ᠰᠢᠢᠳᠪᠦᠷᠢᠯᠡᠬᠦ ᠲᠥᠬᠦᠭᠡᠷᠦᠮᠵᠢ ᠶᠢᠨ ᠪᠥᠲᠥᠭᠡᠨ | ᠪᠠᠶᠢᠭᠤᠯᠤᠯᠲᠠ ᠶᠢᠨ ᠳᠤᠲᠠᠭᠤᠳᠠᠯ ᠢ ᠡᠮᠬᠢ ᠵᠢᠷᠤᠮ ᠲᠠᠢ ᠨᠥᠬᠦᠪᠥᠷᠢᠯᠡᠨ᠎ᠡ᠃ | ᠭᠢᠯᠠᠰ ᠴᠡᠭ ᠬᠤᠶᠠᠷ᠄ ᠮᠠᠯᠵᠢᠬᠤ ᠲᠠᠷᠢᠶᠠᠯᠠᠬᠤ ᠣᠷᠣᠨ ᠤ ᠠᠮᠢᠳᠤᠷᠠᠯ ᠤᠨ ᠬᠤᠭ ᠨᠣᠪᠰᠢ ᠶᠢ ᠵᠠᠰᠠᠬᠤ ᠲᠥᠬᠦᠭᠡᠷᠦᠮᠵᠢ ᠶᠢᠨ ᠪᠥᠲᠥᠭᠡᠨ ᠪᠠᠶᠢᠭᠤᠯᠤᠯᠲᠠ ᠶᠢ | ᠯᠠᠪᠳᠠᠭᠤᠨ ᠪᠠᠲᠤᠲᠠᠶ ᠠᠬᠢᠭᠤᠯᠤᠨ᠎ᠠ᠃ ᠡᠯ᠎ᠡ ᠭᠠᠵᠠᠷ ᠤᠨ ᠬᠢᠨ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠪᠥᠬᠦ ᠲᠠᠯ᠎ᠠ ᠪᠠᠷ ᠲᠤᠭᠤᠰᠢᠯᠠᠭᠤᠯᠤᠨ | ᠨᠠᠶᠢᠳᠠᠪᠤᠷᠢᠵᠢᠭᠤᠯᠵᠤ᠂ ᠣᠷᠣᠨ ᠪᠠᠶᠢᠷᠢ ᠶᠢᠨ ᠪᠣᠳᠠᠲᠠᠶ ᠳᠤ ᠰᠠᠭᠤᠷᠢᠯᠠᠨ᠂ ᠠᠵᠤ ᠠᠬᠤᠶ ᠶᠢᠨ ᠬᠥᠭᠵᠢᠯᠲᠡ ᠶᠢᠨ ᠬᠢᠷᠢ ᠲᠦᠪᠰᠢᠨ᠂ ᠪᠠᠯᠭᠠᠰᠤ ᠲᠣᠰᠬᠤᠨ ᠤ | ᠲᠠᠷᠬᠠᠯᠲᠠ᠂ ᠵᠠᠰᠠᠭ ᠤᠨ ᠣᠷᠳᠣᠨ ᠤ ᠡᠳ᠋ ᠤᠨ ᠬᠦᠴᠦᠨ᠂ ᠬᠤᠭ ᠨᠣᠪᠰᠢ ᠡᠭᠦᠰᠬᠦ ᠬᠡᠮᠵᠢᠶ᠎ᠡ᠂ ᠲᠡᠭᠡᠭᠡᠪᠦᠷᠢᠯᠡᠨ ᠵᠥᠭᠡᠭᠡᠪᠦᠷᠢᠯᠡᠬᠦ ᠨᠥᠬᠦᠴᠡᠯ ᠵᠡᠷᠭᠡ ᠬᠦᠴᠦᠨ | ᠵᠦᠢᠯ ᠢ ᠶᠡᠷᠦᠩᠬᠡᠶᠢᠯᠡᠨ ᠪᠣᠳᠣᠯᠬᠢᠯᠠᠵᠤ᠂ ᠲᠣᠰ ᠭᠠᠵᠠᠷ ᠣᠷᠣᠨ ᠤ ᠮᠠᠯᠵᠢᠬᠤ ᠲᠠᠷᠢᠶᠠᠯᠠᠬᠤ ᠣᠷᠣᠨ ᠤ ᠠᠮᠢᠳᠤᠷᠠᠯ ᠤᠨ ᠬᠤᠭ ᠨᠣᠪᠰᠢ ᠶᠢ ᠬᠤᠷᠢᠶᠠᠨ ᠲᠡᠭᠡᠭᠡᠪᠦᠷᠢᠯᠡᠵᠦ | ᠰᠢᠢᠳᠪᠦᠷᠢᠯᠡᠬᠦ ᠵᠠᠭᠪᠤᠷ ᠢ ᠵᠦᠶ ᠵᠣᠬᠢᠰᠲᠠᠶ ᠰᠣᠩᠭᠤᠨ᠂ ᠠᠮᠢᠳᠤᠷᠠᠯ ᠤᠨ ᠬᠤᠭ ᠨᠣᠪᠰᠢ ᠶᠢᠨ ᠰᠠᠭᠤᠷᠢ ᠲᠥᠬᠦᠭᠡᠷᠦᠮᠵᠢ ᠶᠢ ᠲᠥᠯᠥᠪᠵᠢᠭᠦᠯᠦᠨ ᠪᠠᠶᠢᠷᠢᠰᠢᠭᠤᠯᠵᠤ᠂ | ᠬᠤᠭ ᠨᠣᠪᠰᠢ ᠶᠢ ᠰᠢᠯᠵᠢᠭᠦᠯᠦᠨ ᠲᠡᠭᠡᠭᠡᠪᠦᠷᠢᠯᠡᠬᠦ ᠴᠢᠳᠠᠪᠤᠷᠢ ᠶᠢ ᠳᠡᠭᠡᠭᠰᠢᠯᠡᠭᠦᠯᠦᠨ᠂ ᠳᠠᠮᠵᠢᠭᠤᠯᠤᠨ ᠲᠡᠭᠡᠭᠡᠪᠦᠷᠢᠯᠡᠬᠦ ᠶᠠᠪᠤᠴᠠ ᠳᠤ ᠬᠤᠶᠠᠳᠠᠬᠢ ᠤᠳᠠᠭ᠎ᠠ ᠪᠣᠬᠢᠷᠲᠤᠯ | ᠤᠴᠠᠷᠠᠭᠤᠯᠬᠤ ᠶᠢ ᠰᠡᠷᠭᠡᠶᠢᠯᠡᠬᠦ ᠬᠡᠷᠡᠭᠲᠡᠶ ᠭᠡᠵᠦ ᠱᠠᠭᠠᠷᠳᠠᠪᠠ᠃ ᠡᠴᠦᠰ ᠤᠨ ᠰᠢᠢᠳᠪᠦᠷᠢᠯᠡᠬᠦ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠤ᠂ | ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢᠨ ᠳᠤᠲᠠᠭᠤᠳᠠᠯ ᠢ ᠲᠦᠷᠭᠡᠳᠬᠡᠨ ᠨᠥᠬᠦᠪᠦᠷᠢᠯᠡᠨ᠎ᠡ᠃ ᠡᠭᠦᠨ ᠤ ᠬᠠᠮᠲᠤ ᠮᠠᠯᠴᠢᠨ ᠲᠠᠷᠢᠶᠠᠴᠢᠨ ᠤ ᠥᠪᠡᠷᠲᠡᠭᠡᠨ | ᠬᠤᠭ ᠨᠣᠪᠰᠢ ᠴᠤᠭᠯᠠᠭᠤᠯᠬᠤ ᠰᠠᠪᠠ ᠪᠡᠯᠡᠳᠬᠡᠬᠦ ᠶᠢ ᠵᠣᠷᠢᠭᠵᠢᠭᠤᠯᠤᠨ᠎ᠠ᠃ | ᠭᠢᠯᠠᠰ ᠴᠡᠭ ᠭᠤᠷᠪᠠ᠄ ᠡᠬᠢ ᠪᠠᠶᠠᠯᠢᠭᠵᠢᠭᠤᠯᠤᠨ ᠠᠰᠢᠭᠯᠠᠬᠤ ᠠᠵᠢᠯ ᠢ ᠦᠷᠭᠦᠯᠵᠢᠯᠡᠨ ᠠᠬᠢᠭᠤᠯᠤᠨ᠎ᠠ᠃ ︽ᠣᠶᠢᠷ᠎ᠠ ᠬᠠᠪᠢ ᠳᠤᠨᠢ ᠰᠢᠢᠳᠪᠦᠷᠢᠯᠡᠬᠦ᠂ | ᠲᠤᠬᠠᠶ ᠶᠢᠨ ᠭᠠᠵᠠᠷ ᠲᠤᠨᠢ ᠡᠷᠭᠢᠯᠳᠦᠭᠦᠯᠬᠦ︾ ᠵᠠᠷᠴᠢᠮ ᠢ ᠪᠠᠷᠢᠮᠲᠠᠯᠠᠵᠤ᠂ ᠪᠠᠶᠢᠭᠤᠯᠤᠮᠵᠢᠳᠤ ᠪᠠᠯᠭᠠᠰᠤ ᠶᠢᠨ ᠠᠮᠢᠳᠤᠷᠠᠯ ᠤᠨ ᠪᠣᠬᠢᠷ ᠤᠰᠤ ᠶᠢ ᠳᠠᠬᠢᠨ ᠠᠰᠢᠭᠯᠠᠬᠤ ᠶᠢ | ᠳᠥᠯᠭᠢᠨ ᠠᠬᠢᠭᠤᠯᠵᠤ᠂ ᠪᠠᠷᠢᠮᠵᠢᠶ᠎ᠠ ᠳᠤ ᠬᠦᠷᠦᠭᠦᠯᠦᠨ ᠤᠰᠤ ᠲᠠᠯᠪᠢᠬᠤ ᠶᠢ ᠵᠣᠷᠢᠭᠵᠢᠭᠤᠯᠤᠨ ᠪᠣᠳᠠᠲᠠᠶ ᠬᠡᠷᠡᠭᠴᠡᠭᠡ ᠱᠠᠭᠠᠷᠳᠠᠯᠭ᠎ᠠ ᠪᠠ ᠠᠵᠤ ᠦᠢᠯᠡᠰ ᠤᠨ | ᠪᠠᠶᠢᠷᠢᠰᠢᠭᠤᠯᠤᠯ ᠢ ᠦᠨᠳᠦᠰᠦᠯᠡᠨ᠂ ᠬᠤᠯᠪᠣᠭᠳᠠᠯ ᠪᠥᠬᠦᠶ ᠲᠣᠭᠲᠠᠭᠠᠯ ᠶᠣᠰᠣᠭᠠᠷ ᠣᠶᠢᠷ᠎ᠠ ᠬᠠᠪᠢ ᠳᠤᠨᠢ ᠬᠤᠲᠠ ᠶᠢᠨ ᠶᠠᠪᠤᠳᠠᠯ ᠤᠨ ᠬᠤᠯᠢᠯᠳᠤᠨ ᠬᠡᠷᠡᠭᠯᠡᠬᠦ᠂ ᠠᠵᠤ | ᠦᠢᠯᠡᠳᠪᠦᠷᠢ ᠶᠢᠨ ᠦᠢᠯᠡᠳᠪᠦᠷᠢᠯᠡᠯ᠂ ᠦᠵᠡᠮᠵᠢ ᠶᠢᠨ ᠤᠰᠤ ᠬᠡᠷᠡᠭᠯᠡᠬᠦ᠂ ᠠᠮᠢ ᠠᠬᠤᠶ ᠶᠢᠨ ᠤᠰᠤ ᠨᠥᠬᠦᠪᠥᠷᠢᠯᠡᠬᠦ᠂ ᠲᠠᠷᠢᠶᠠᠯᠠᠩ ᠤᠨ ᠤᠰᠤᠯᠠᠯᠲᠠ ᠵᠡᠷᠭᠡ ᠳᠤ | ᠬᠡᠷᠡᠭᠯᠡᠨ᠎ᠡ᠃ ᠡᠭᠦᠨ ᠤ ᠬᠠᠮᠲᠤ᠂ ᠮᠠᠯᠵᠢᠬᠤ ᠲᠠᠷᠢᠶᠠᠯᠠᠬᠤ ᠣᠷᠣᠨ ᠤ ᠬᠤᠭ ᠨᠣᠪᠰᠢ ᠶᠢ ᠲᠥᠷᠥᠯ ᠬᠤᠪᠢᠶᠠᠬᠤ ᠪᠠ ᠡᠬᠢ ᠪᠠᠶᠠᠯᠢᠭᠵᠢᠭᠤᠯᠤᠨ ᠠᠰᠢᠭᠯᠠᠬᠤ | ᠲᠤᠷᠰᠢᠯᠲᠠ ᠶᠢᠨ ᠦᠷ᠎ᠡ ᠪᠦᠲᠦᠭᠡᠯ ᠢ ᠪᠠᠬᠢᠵᠢᠭᠦᠯᠵᠦ᠂ ᠮᠠᠯᠵᠢᠬᠤ ᠲᠠᠷᠢᠶᠠᠯᠠᠬᠤ ᠣᠷᠣᠨ ᠤ ᠣᠨᠴᠠᠯᠢᠭ ᠪᠠ ᠮᠠᠯᠴᠢᠨ ᠲᠠᠷᠢᠶᠠᠴᠢᠨ ᠤ ᠳᠠᠳᠬᠠᠯ ᠳᠤ ᠨᠡᠶᠢᠴᠡᠭᠰᠡᠨ᠂ | ᠳᠥᠭᠦᠮ ᠳᠥᠲᠡ ᠪᠥᠭᠡᠳ ᠬᠢᠯᠪᠡᠷ ᠬᠡᠷᠡᠭᠵᠢᠭᠦᠯᠬᠦ ᠲᠥᠷᠥᠯ ᠬᠤᠪᠢᠶᠠᠨ ᠰᠢᠢᠳᠪᠦᠷᠢᠯᠡᠬᠦ ᠵᠠᠭᠪᠤᠷ ᠢ ᠳᠡᠯᠭᠡᠷᠡᠭᠦᠯᠵᠦ᠂ ᠲᠤᠬᠠᠶ ᠶᠢᠨ ᠭᠠᠵᠠᠷ ᠲᠤᠨᠢ ᠣᠶᠢᠷ᠎ᠠ | ᠬᠠᠪᠢ ᠳᠤᠨᠢ ᠰᠢᠩᠭᠡᠭᠡᠬᠦ ᠠᠷᠭ᠎ᠠ ᠮᠠᠶ᠋ᠢᠭ ᠢ ᠢᠳᠡᠪᠬᠢᠲᠡᠶ ᠪᠠᠷ ᠬᠠᠶᠢᠨ ᠰᠦᠪᠡᠭᠴᠢᠯᠡᠵᠦ᠂ ᠬᠤᠭ ᠨᠣᠪᠰᠢ ᠶᠢ ᠡᠬᠢ ᠡᠭᠦᠰᠦᠯ ᠠᠴᠠ ᠨᠢ ᠲᠥᠷᠥᠯ ᠬᠤᠪᠢᠶᠠᠨ | ᠪᠠᠭᠠᠰᠬᠠᠬᠤ ᠶᠢ ᠠᠬᠢᠭᠤᠯᠤᠨ᠂ ᠮᠠᠯᠵᠢᠬᠤ ᠲᠠᠷᠢᠶᠠᠯᠠᠬᠤ ᠣᠷᠣᠨ ᠤ ᠠᠮᠢᠳᠤᠷᠠᠯ ᠤᠨ ᠬᠤᠭ ᠨᠣᠪᠰᠢ ᠶᠢ ᠲᠥᠷᠥᠯ ᠬᠤᠪᠢᠶᠠᠨ ᠪᠠᠭᠠᠰᠬᠠᠬᠤ ᠪᠠ ᠡᠬᠢ ᠪᠠᠶᠠᠯᠢᠭᠵᠢᠭᠤᠯᠤᠨ | ᠠᠰᠢᠭᠯᠠᠬᠤ ᠶᠢ ᠪᠦᠲᠦᠮᠵᠢᠲᠡᠶ ᠠᠬᠢᠭᠤᠯᠤᠨ᠎ᠠ᠃ | ᠬᠠᠷᠢᠯᠴᠠᠬᠤ ᠬᠥᠮᠦᠨ᠄ ᠰᠢᠶᠤᠤ ᠴᠢᠶᠠᠩ᠂ ᠬᠠᠷᠢᠯᠴᠠᠬᠤ ᠤᠲᠠᠰᠤ᠄ 0471 - 6945781 | |