ᠥᠪᠡᠷᠲᠡᠭᠡᠨ ᠵᠠᠰᠠᠬᠤ ᠣᠷᠣᠨ ᠤ ᠬᠤᠲᠠ ᠶᠢᠨ ᠪᠡᠶ᠎ᠡ ᠶᠢᠨ ᠪᠠᠶᠢᠴᠠᠭᠠᠯᠲᠠ ᠶᠢᠨ ᠭᠤᠷᠪᠠᠳᠠᠬᠢ ᠡᠲᠡᠭᠡᠳ ᠤᠨ ᠮᠡᠷᠭᠡᠵᠢᠯ ᠤᠨ ᠦᠢᠯᠡᠴᠢᠯᠡᠭᠡᠨ ᠤ ᠠᠵᠢᠯ ᠤᠨ ᠡᠬᠢᠯᠡᠯᠲᠡ ᠶᠢᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2024/5/11
    5 ᠳ᠋ᠤᠭᠠᠷ ᠰᠠᠷ᠎ᠠ ᠶᠢᠨ 9 ᠤ ᠡᠳᠦᠷ ᠤᠨ ᠦᠳᠡ ᠶᠢᠨ ᠡᠮᠦᠨ᠎ᠡ᠂ ᠥᠪᠡᠷᠲᠡᠭᠡᠨ ᠵᠠᠰᠠᠬᠤ ᠣᠷᠣᠨ ᠤ ᠬᠤᠲᠠ ᠬᠥᠳᠡᠭᠡ ᠶᠢᠨ ᠬᠦᠮᠦᠰ ᠤᠨ ᠣᠷᠣᠰᠢᠨ ᠰᠠᠭᠤᠬᠤ ᠣᠷᠴᠢᠨ ᠲᠣᠭᠤᠷᠢᠨ ᠤ ᠬᠥᠭᠵᠢᠯᠲᠡ ᠶᠢ ᠠᠬᠢᠭᠤᠯᠬᠤ ᠲᠥᠪ ᠬᠤᠲᠠ ᠶᠢᠨ ᠪᠡᠶ᠎ᠡ ᠶᠢᠨ ᠪᠠᠶᠢᠴᠠᠭᠠᠯᠲᠠ ᠶᠢᠨ ᠭᠤᠷᠪᠠᠳᠠᠬᠢ ᠡᠲᠡᠭᠡᠳ ᠤᠨ ᠮᠡᠷᠭᠡᠵᠢᠯ ᠤᠨ ᠦᠢᠯᠡᠴᠢᠯᠡᠭᠡᠨ ᠤ ᠠᠵᠢᠯ ᠤᠨ ᠡᠬᠢᠯᠡᠯᠲᠡ ᠶᠢᠨ ᠬᠤᠷᠠᠯ ᠬᠤᠷᠠᠯᠳᠤᠭᠤᠯᠵᠤ᠂ ᠣᠳᠣᠬᠠᠨ ᠤ ᠥᠪᠡᠷᠲᠡᠭᠡᠨ ᠵᠠᠰᠠᠬᠤ ᠣᠷᠣᠨ ᠤ ᠬᠤᠲᠠ ᠶᠢᠨ ᠪᠡᠶ᠎ᠡ ᠶᠢᠨ ᠪᠠᠶᠢᠴᠠᠭᠠᠯᠲᠠ ᠶᠢᠨ ᠠᠵᠢᠯ ᠤᠨ ᠠᠬᠢᠴᠠ ᠶᠢᠨ ᠪᠠᠶᠢᠳᠠᠯ ᠢ ᠮᠡᠳᠡᠭᠳᠡᠵᠦ᠂ ᠭᠤᠷᠪᠠᠳᠠᠬᠢ ᠡᠲᠡᠭᠡᠳ ᠤᠨ ᠮᠡᠷᠭᠡᠵᠢᠯ ᠤᠨ ᠦᠢᠯᠡᠴᠢᠯᠡᠭᠡᠨ ᠤ ᠪᠦᠯᠬᠦᠮ ᠤᠨ ᠬᠤᠲᠠ ᠶᠢᠨ ᠪᠡᠶ᠎ᠡ ᠶᠢᠨ ᠪᠠᠶᠢᠴᠠᠭᠠᠯᠲᠠ ᠶᠢᠨ ᠠᠵᠢᠯ ᠤᠨ ᠲᠥᠯᠥᠪᠯᠡᠭᠡ ᠶᠢᠨ ᠲᠤᠬᠠᠶ ᠬᠠᠷᠢᠭᠤ ᠮᠡᠳᠡᠭᠦᠯᠦᠯᠲᠡ ᠶᠢ ᠰᠣᠨᠣᠰᠪᠠ᠃
W020240510332065224314.png
    ᠬᠤᠷᠠᠯ ᠠᠴᠠ᠂ ᠰᠢᠰᠲ᠋ᠧᠮ ᠲᠠᠢ ᠲᠥᠯᠥᠪᠵᠢᠭᠦᠯᠬᠦ ᠪᠠᠨ ᠴᠢᠩᠭᠠᠳᠬᠠᠵᠤ᠂ ᠠᠵᠢᠯ ᠤᠨ ᠡᠭᠦᠷᠭᠡ ᠪᠠᠨ ᠵᠠᠳᠠᠯᠤᠨ ᠨᠠᠷᠢᠯᠢᠭᠵᠢᠭᠤᠯᠵᠤ᠂ ᠵᠠᠩᠭᠢᠯᠠᠭ᠎ᠠ ᠶᠢᠨ ᠠᠵᠢᠯ ᠤᠨ ᠵᠠᠮ ᠱᠤᠭᠤᠮ ᠢ ᠲᠣᠭᠲᠠᠭᠠᠵᠤ᠂ ᠪᠡᠶᠡᠯᠡᠭᠦᠯᠬᠦ ᠴᠠᠭ ᠤᠨ ᠬᠢᠵᠠᠭᠠᠷ ᠢ ᠵᠣᠬᠢᠰᠲᠠᠢ ᠲᠣᠭᠲᠠᠭᠠᠵᠤ᠂ ᠬᠤᠳᠠ ᠶᠢᠨ ᠪᠡᠶ᠎ᠡ ᠶᠢᠨ ᠪᠠᠶᠢᠴᠠᠭᠠᠯᠲᠠ ᠶᠢᠨ ᠠᠵᠢᠯ ᠢ ᠯᠠᠪᠳᠠᠭᠤᠨ ᠢᠶᠠᠷ ᠠᠬᠢᠭᠤᠯᠬᠤ ᠬᠡᠷᠡᠭᠲᠡᠢ᠃ ᠥᠪᠡᠷᠲᠡᠭᠡᠨ ᠵᠠᠰᠠᠬᠤ ᠣᠷᠣᠨ ᠤ ᠣᠷᠣᠨ ᠪᠦᠰᠡ ᠶᠢᠨ ᠣᠨᠴᠠᠯᠢᠭ ᠵᠢᠴᠢ ᠬᠥᠭᠵᠢᠯᠲᠡ ᠶᠢᠨ ᠱᠠᠭᠠᠷᠳᠠᠯᠭ᠎ᠠ ᠲᠠᠢ ᠤᠶᠠᠯᠳᠤᠭᠤᠯᠤᠨ᠂ ᠲᠤᠭ᠎ᠠ ᠪᠠᠷᠢᠮᠲᠠ ᠶᠢ ᠪᠦᠷᠢᠨ ᠪᠦᠲᠦᠨ ᠣᠨᠣᠪᠴᠢᠲᠠᠶ ᠴᠤᠭᠯᠠᠭᠤᠯᠵᠤ᠂ ᠰᠠᠭᠤᠷᠢ ᠠᠵᠢᠯ ᠢ ᠪᠣᠳᠠᠲᠠᠶ ᠪᠥᠭᠡᠳ ᠨᠠᠷᠢᠯᠢᠭ ᠬᠢᠬᠦ ᠬᠡᠷᠡᠭᠲᠡᠶ ᠭᠡᠵᠤ ᠱᠠᠭᠠᠷᠳᠠᠪᠠ᠃    ᠬᠤᠷᠠᠯ ᠠᠴᠠ᠂ ᠲᠤᠯᠠᠭᠠᠯᠭ᠎ᠠ ᠶᠢᠨ ᠢᠨᠵᠧᠨᠧᠷᠢᠩ᠂ ᠬᠤᠲᠠ ᠶᠢᠨ ᠰᠢᠲᠠᠮᠠᠬᠠᠶ ᠬᠡᠶ ᠶᠢᠨ ᠬᠤᠭᠤᠯᠠᠶ ᠶᠢᠨ ︽ᠠᠰᠠᠭᠤᠳᠠᠯ ᠲᠠᠢ ᠠᠵᠢᠯᠯᠠᠭᠠᠨ︾ ᠤ ᠠᠰᠠᠭᠤᠳᠠᠯ ᠢ ᠲᠤᠰᠬᠠᠶ ᠴᠡᠭᠴᠡᠯᠡᠨ ᠵᠠᠰᠠᠬᠤ᠂ ᠶᠡᠭᠡ ᠬᠡᠪᠴᠢᠶᠡᠨ ᠤ ᠲᠥᠬᠦᠭᠡᠷᠦᠮᠵᠢ ᠶᠢ ᠰᠢᠨᠡᠳᠬᠡᠬᠦ᠂ ᠬᠤᠲᠠ ᠶᠢᠨ ᠤᠰᠤ ᠭᠠᠳᠠᠭᠰᠢᠯᠠᠭᠤᠯᠬᠤ ᠤᠰᠤᠲᠤᠯ ᠢ ᠰᠡᠷᠭᠡᠶᠢᠯᠡᠬᠦ ᠲᠤᠰᠬᠠᠶ ᠪᠡᠶ᠎ᠡ ᠶᠢᠨ ᠪᠠᠶᠢᠴᠠᠭᠠᠯᠲᠠ ᠶᠢ ᠬᠤᠲᠠ ᠶᠢᠨ ᠪᠡᠶ᠎ᠡ ᠶᠢᠨ ᠪᠠᠶᠢᠴᠠᠭᠠᠯᠲᠠ ᠶᠢᠨ ᠠᠵᠢᠯ ᠳᠤ ᠣᠷᠣᠭᠤᠯᠵᠤ᠂ ᠬᠤᠲᠠ ᠶᠢᠨ ᠪᠡᠶ᠎ᠡ ᠶᠢᠨ ᠪᠠᠶᠢᠴᠠᠭᠠᠯᠲᠠ ᠶᠢ ᠭᠤᠤᠯᠳᠠᠯᠭ᠎ᠠ ᠲᠠᠢ ᠲᠥᠷᠥᠯ ᠵᠦᠢᠯ ᠢ ᠬᠡᠷᠡᠭᠵᠢᠭᠦᠯᠬᠦ ᠵᠢᠯᠤᠭᠤᠳᠤᠮᠵᠢ ᠪᠤᠯᠭᠠᠨ᠎ᠠ᠃ ᠣᠯᠣᠯᠴᠠᠭ᠎ᠠ ᠰᠣᠯᠢᠯᠴᠠᠭ᠎ᠠ ᠪᠠᠨ ᠴᠢᠩᠭᠠᠳᠬᠠᠵᠤ᠂ ᠳ᠋ᠦᠩᠨᠡᠨ ᠪᠣᠯᠪᠠᠰᠤᠷᠠᠭᠤᠯᠬᠤ ᠶᠢ ᠴᠢᠬᠤᠯᠠᠴᠢᠯᠠᠵᠤ ᠂ ᠠᠵᠢᠯ ᠤᠨ ᠰᠠᠭᠤᠷᠢ ᠪᠠᠨ ᠴᠢᠨᠠᠭᠰᠢᠳᠠ ᠪᠠᠬᠢᠵᠢᠭᠦᠯᠵᠦ᠂ ᠬᠤᠳᠠ ᠶᠢᠨ ᠪᠡᠶ᠎ᠡ ᠶᠢᠨ ᠪᠠᠶᠢᠴᠠᠭᠠᠯᠲᠠ ᠶᠢᠨ ᠠᠵᠢᠯ ᠤᠨ ᠠᠷᠭ᠎ᠠ᠂ ᠠᠵᠢᠯ ᠤᠨ ᠲᠣᠭᠲᠠᠴᠠ ᠶᠢ ᠲᠡᠭᠦᠯᠳᠡᠷᠵᠢᠭᠦᠯᠬᠦ ᠳᠡᠭᠡᠷ᠎ᠡ ᠬᠦᠴᠦ ᠲᠠᠯᠪᠢᠵᠤ᠂ ᠰᠢᠨᠵᠢᠯᠡᠬᠦ ᠤᠬᠠᠭᠠᠨᠴᠢ ᠥᠨᠳᠥᠷ ᠪᠦᠲᠦᠮᠵᠢᠲᠡᠢ ᠬᠤᠳᠠ ᠶᠢᠨ ᠪᠡᠶ᠎ᠡ ᠶᠢᠨ ᠪᠠᠶᠢᠴᠠᠭᠠᠯᠲᠠ ᠶᠢᠨ ᠠᠵᠢᠯ ᠤᠨ ᠲᠣᠭᠲᠠᠴᠠ ᠶᠢ ᠪᠦᠷᠢᠯᠳᠦᠭᠦᠯᠦᠨ᠎ᠡ᠃ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠴᠢᠩᠭᠠᠳᠬᠠᠵᠤ᠂ ᠴᠢᠭᠯᠡᠯᠳᠦ ᠴᠢᠨᠠᠷᠲᠠᠢ᠂ ᠬᠡᠷᠡᠭᠵᠢᠭᠦᠯᠵᠦ ᠪᠣᠯᠬᠤᠶᠢᠴᠠ ᠴᠢᠨᠠᠷ ᠢᠶᠠᠷ ᠴᠢᠩᠭ᠎ᠠ ᠬᠤᠳᠠ ᠶᠢᠨ ᠪᠡᠶ᠎ᠡ ᠶᠢᠨ ᠪᠠᠶᠢᠴᠠᠭᠠᠯᠲᠠ ᠶᠢᠨ ᠦᠷ᠎ᠡ ᠪᠦᠲᠦᠭᠡᠯ ᠢ ᠪᠦᠷᠢᠯᠳᠦᠭᠦᠯᠵᠦ᠂ ᠬᠤᠳᠠ ᠶᠢᠨ ᠰᠢᠨᠡᠴᠢᠯᠡᠯᠲᠡ ᠶᠢᠨ ᠠᠵᠢᠯᠯᠠᠭ᠎ᠠ ᠶᠢ ᠬᠡᠷᠡᠭᠵᠢᠭᠦᠯᠬᠦ ᠶᠢ ᠠᠬᠢᠭᠤᠯᠬᠤ᠂ ᠬᠤᠳᠠ ᠶᠢᠨ ᠵᠠᠰᠠᠯᠲᠠ ᠶᠢᠨ ᠲᠦᠪᠰᠢᠨ ᠢ ᠳᠡᠭᠡᠭᠰᠢᠯᠡᠭᠦᠯᠬᠦ᠂ ᠬᠤᠳᠠ ᠶᠢᠨ ᠬᠥᠮᠦᠰ ᠤᠨ ᠣᠷᠣᠰᠢᠨ ᠰᠠᠭᠤᠬᠤ ᠣᠷᠴᠢᠨ ᠲᠣᠭᠤᠷᠢᠨ ᠤ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤ ᠪᠠᠲᠤ ᠪᠠᠬᠢ ᠰᠠᠭᠤᠷᠢ ᠶᠢ ᠲᠠᠯᠪᠢᠵᠦ ᠦᠭᠭᠦᠨ᠎ᠡ ᠭᠡᠵᠤ ᠴᠢᠬᠤᠯᠠᠴᠢᠯᠠᠪᠠ᠃    ᠥᠪᠡᠷᠲᠡᠭᠡᠨ ᠵᠠᠰᠠᠬᠤ ᠣᠷᠣᠨ ᠤ ᠬᠤᠲᠠ ᠬᠥᠳᠡᠭᠡ ᠶᠢᠨ ᠬᠦᠮᠦᠰ ᠤᠨ ᠣᠷᠣᠰᠢᠨ ᠰᠠᠭᠤᠬᠤ ᠣᠷᠴᠢᠨ ᠲᠣᠭᠤᠷᠢᠨ ᠤ ᠬᠥᠭᠵᠢᠯᠲᠡ ᠶᠢ ᠠᠬᠢᠭᠤᠯᠬᠤ ᠲᠥᠪ ᠤᠨ ᠬᠠᠷᠢᠭᠤᠴᠠᠯᠭᠠᠲᠠᠨ ᠨᠥᠬᠦᠳ ᠵᠢᠴᠢ ᠬᠤᠲᠠ ᠶᠢᠨ ᠪᠡᠶ᠎ᠡ ᠶᠢᠨ ᠪᠠᠶᠢᠴᠠᠭᠠᠯᠲᠠ ᠶᠢᠨ ᠦᠢᠯᠡᠴᠢᠯᠡᠭᠡᠨ ᠤ ᠰᠠᠯᠠᠭ᠎ᠠ ᠶᠢᠨ ᠠᠵᠢᠯᠲᠠᠨ᠂ ᠭᠤᠷᠪᠠᠳᠠᠬᠢ ᠡᠲᠡᠭᠡᠳ ᠤᠨ ᠮᠡᠷᠭᠡᠵᠢᠯ ᠤᠨ ᠦᠢᠯᠡᠴᠢᠯᠡᠭᠡᠨ ᠤ ᠪᠦᠯᠬᠦᠮ ᠤᠨ ᠠᠵᠢᠯᠲᠠᠳ ᠬᠤᠷᠠᠯ ᠳᠤ ᠣᠷᠣᠯᠴᠠᠪᠠ᠃ 
ᠢᠷᠡᠯᠲᠡ᠄ ᠬᠤᠲᠠ ᠬᠥᠳᠡᠭᠡ ᠶᠢᠨ ᠬᠦᠮᠦᠰ ᠤᠨ ᠣᠷᠣᠰᠢᠨ ᠰᠠᠭᠤᠬᠤ ᠣᠷᠴᠢᠨ ᠲᠣᠭᠤᠷᠢᠨ ᠤ ᠬᠥᠭᠵᠢᠯᠲᠡ ᠶᠢ ᠠᠬᠢᠭᠤᠯᠬᠤ ᠲᠥᠪ
Baidu
map