ᠪᠥᠬᠦ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠬᠦᠷᠢᠶᠡᠨ ᠳᠠᠬᠢ ᠣᠯᠠᠨ ᠲᠦᠮᠡᠨ ᠤ ᠳᠡᠷᠭᠡᠳᠡᠬᠢ ᠲᠥᠪ ᠪᠤᠰᠤ ᠰᠤᠷᠲᠠᠯ ᠪᠠ ᠢᠯᠵᠠᠷᠠᠯ ᠤᠨ ᠠᠰᠠᠭᠤᠳᠠᠯ ᠢ ᠲᠥᠪᠯᠡᠷᠡᠭᠦᠯᠦᠨ ᠴᠡᠭᠴᠡᠯᠡᠨ ᠵᠠᠰᠠᠬᠤ ᠠᠵᠢᠯ ᠢ ᠲᠦᠯᠬᠢᠨ ᠠᠬᠢᠭᠤᠯᠬᠤ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2024/5/11
    5 ᠳ᠋ᠤᠭᠠᠷ ᠰᠠᠷ᠎ᠠ ᠶᠢᠨ 10 ᠤ ᠡᠳᠦᠷ᠂ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠢᠩᠬᠢᠮ ᠪᠥᠬᠦ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠬᠦᠷᠢᠶᠡᠨ ᠳᠠᠬᠢ ᠣᠯᠠᠨ ᠲᠦᠮᠡᠨ ᠤ ᠳᠡᠷᠭᠡᠳᠡᠬᠢ ᠲᠥᠪ ᠪᠤᠰᠤ ᠰᠤᠷᠲᠠᠯ ᠪᠠ ᠢᠯᠵᠠᠷᠠᠯ ᠤᠨ ᠠᠰᠠᠭᠤᠳᠠᠯ ᠢ ᠲᠥᠪᠯᠡᠷᠡᠭᠦᠯᠦᠨ ᠴᠡᠭᠴᠡᠯᠡᠨ ᠵᠠᠰᠠᠬᠤ ᠠᠵᠢᠯ ᠢ ᠲᠦᠯᠬᠢᠨ ᠠᠬᠢᠭᠤᠯᠬᠤ ᠬᠤᠷᠠᠯ ᠢ ᠵᠣᠬᠢᠶᠠᠨ ᠪᠠᠶᠢᠭᠤᠯᠤᠨ ᠬᠤᠷᠠᠯᠳᠤᠭᠤᠯᠵᠤ᠂ ᠬᠠᠮᠢᠶ᠎ᠠ ᠪᠥᠬᠦᠶ ᠠᠵᠢᠯ ᠢ ᠲᠤᠰᠬᠠᠶ ᠰᠡᠳᠦᠪ ᠢᠶᠠᠷ ᠪᠠᠶᠢᠷᠢᠯᠠᠭᠤᠯᠪᠠ᠃ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠢᠩᠬᠢᠮ ᠤᠨ ᠳᠠᠷᠤᠭ᠎ᠠ ᠭᠦᠸᠧ ᠢᠦᠶ ᠹᠧᠩ ᠬᠤᠷᠠᠯ ᠢ ᠡᠷᠭᠢᠯᠡᠭᠰᠡᠨ ᠪᠥᠭᠡᠳ ᠶᠠᠷᠢᠶ᠎ᠠ ᠲᠠᠯᠪᠢᠵᠠᠶ᠃ ᠲᠢᠩᠬᠢᠮ ᠳᠤ ᠰᠠᠭᠤᠭ᠎ᠠ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠳᠤᠭᠤᠶᠢᠯᠠᠩ ᠤᠨ ᠳᠠᠷᠤᠭ᠎ᠠ ᠮᠠ ᠶᠢᠨ ᠾᠧ ᠠᠵᠢᠯ ᠤᠨ ᠱᠠᠭᠠᠷᠳᠠᠯᠭ᠎ᠠ ᠳᠤᠷᠠᠳᠪᠠ᠃ ᠲᠢᠩᠬᠢᠮ ᠤᠨ ᠨᠢᠭᠡᠳᠦᠭᠡᠷ ᠳᠡᠰ ᠤᠨ ᠲᠣᠭᠤᠷᠢᠨ ᠪᠠᠶᠢᠴᠠᠭᠠᠭᠴᠢ ᠰᠦᠨ ᠰᠢᠤᠸᠠᠢ ᠰᠥᠩ ᠪᠣᠳᠠᠲᠠᠶ ᠪᠠᠶᠢᠷᠢᠯᠠᠭᠤᠯᠤᠯᠲᠠ ᠬᠢᠪᠠ᠃
W020240511328226566536.png
    ᠬᠤᠷᠠᠯ ᠠᠴᠠ  ᠂ ᠲᠠᠨᠢᠯᠲᠠ ᠪᠠᠨ ᠳᠡᠭᠡᠭᠰᠢᠯᠡᠭᠦᠯᠵᠦ᠂ ᠰᠢᠢᠳᠪᠦᠷᠢᠳᠦ ᠰᠡᠳᠬᠢᠬᠦᠶ ᠶᠢ ᠪᠤᠢ ᠪᠤᠯᠭᠠᠨ ᠪᠠᠬᠢᠵᠢᠭᠦᠯᠦᠨ᠎ᠡ᠃ ᠪᠦᠬᠦ ᠤᠯᠤᠰ ᠬᠡᠪᠴᠢᠶᠡᠨ ᠳᠤ ᠤᠯᠠᠨ ᠲᠦᠮᠡᠨ ᠤ ᠳᠡᠷᠭᠡᠳᠡᠬᠢ ᠲᠥᠪ ᠪᠤᠰᠤ ᠰᠤᠷᠲᠠᠯ ᠪᠣᠯᠤᠨ ᠢᠯᠵᠠᠷᠠᠯ ᠤᠨ ᠠᠰᠠᠭᠤᠳᠠᠯ ᠢ ᠲᠥᠪᠯᠡᠷᠡᠭᠦᠯᠦᠨ ᠴᠡᠭᠴᠡᠯᠡᠨ ᠵᠠᠰᠠᠬᠤ ᠠᠵᠢᠯ ᠢ ᠥᠷᠨᠢᠭᠦᠯᠬᠦ ᠪᠣᠯ ᠲᠥᠪ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠤᠯᠤᠰ ᠤᠨ ᠬᠢᠨᠠᠨ ᠪᠠᠶᠢᠴᠠᠭᠠᠬᠤ ᠵᠥᠪᠯᠡᠯ ᠤᠨ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠶᠢ ᠡᠷᠡᠰ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠦᠨᠳᠦᠰᠦᠨ ᠱᠠᠲᠤᠨ ᠤ ᠰᠤᠷᠲᠠᠯ ᠢ ᠴᠡᠭᠴᠡᠯᠡᠨ ᠢᠯᠵᠢᠷᠡᠯ ᠢ ᠡᠰᠡᠷᠭᠦᠴᠡᠬᠦ ᠶᠢ ᠭᠦᠨᠵᠡᠭᠡᠢ ᠠᠬᠢᠭᠤᠯᠬᠤ ᠴᠢᠬᠤᠯᠠ ᠶᠡᠭᠡ ᠠᠷᠭ᠎ᠠ ᠬᠡᠮᠵᠢᠶ᠎ᠡ ᠪᠣᠯᠤᠨ᠎ᠠ᠂ ᠪᠦᠬᠦ ᠰᠡᠳᠬᠢᠯ ᠪᠦᠬᠦ ᠵᠣᠷᠢᠭ ᠢᠶᠠᠷ ᠢᠶᠠᠨ ᠠᠷᠠᠳ ᠲᠦᠮᠡᠨ ᠳᠤ ᠦᠢᠯᠡᠴᠢᠯᠡᠬᠦ ᠦᠨᠳᠦᠰᠦᠨ ᠵᠣᠷᠢᠯᠲᠠ ᠶᠢ ᠦᠢᠯᠡᠳᠦᠯᠭᠡᠵᠢᠭᠦᠯᠬᠦ ᠴᠢᠬᠤᠯᠠ ᠶᠡᠭᠡ ᠤᠯᠤᠰ ᠲᠦᠷᠦ ᠶᠢᠨ ᠡᠭᠦᠷᠭᠡ ᠪᠣᠯᠤᠨ᠎ᠠ᠂ ᠬᠥᠮᠦᠰ ᠤᠨ ᠰᠡᠳᠬᠢᠯ ᠢ ᠤᠯᠬᠤ᠂ ᠨᠠᠮ ᠤᠨ ᠲᠦᠷᠦ ᠪᠠᠷᠢᠬᠤ ᠰᠠᠭᠤᠷᠢ ᠲᠠᠢ ᠬᠤᠯᠪᠣᠭᠳᠠᠨ᠎ᠠ᠃ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠠᠵᠢᠯ ᠤᠨ ᠴᠡᠭ ᠣᠯᠠᠨ ᠂ ᠱᠤᠭᠤᠮ ᠣᠷᠳᠣ᠂ ᠨᠢᠭᠤᠷ ᠥᠷᠭᠡᠨ ᠂ ᠠᠷᠠᠳ ᠣᠯᠠᠨ ᠤ ᠡᠳᠦᠷ ᠲᠤᠲᠤᠮ ᠤᠨ ᠠᠮᠢᠳᠤᠷᠠᠯ ᠪᠠ ᠲᠣᠰ ᠪᠡᠶ᠎ᠡ ᠶᠢᠨ ᠠᠰᠢᠭ ᠲᠤᠰᠠ ᠲᠠᠢ ᠨᠢᠭᠲᠠ ᠬᠤᠯᠪᠣᠭ᠎ᠠ ᠲᠠᠢ᠂ ︽ᠬᠤᠶᠠᠷ ᠢ ᠲᠤᠭᠳᠠᠭᠠᠭᠰᠠᠨ︾ ᠢ ᠡᠷᠡᠰ ᠬᠦᠷᠢᠶᠡᠯᠡᠬᠦ᠂ ︽ᠬᠤᠶᠠᠷ ᠢ ᠬᠦᠷᠢᠶᠡᠯᠡᠬᠦ︾ ᠶᠢ ᠡᠷᠡᠰ ᠪᠡᠶᠡᠯᠡᠭᠦᠯᠬᠦ ᠳᠡᠭᠡᠳᠦ ᠬᠡᠮᠵᠢᠶᠡᠨ ᠠᠴᠠ ᠣᠯᠠᠨ ᠲᠦᠮᠡᠨ ᠤ ᠳᠡᠷᠭᠡᠳᠡᠬᠢ ᠲᠥᠪ ᠪᠤᠰᠤ ᠰᠤᠷᠲᠠᠯ ᠪᠠ ᠢᠯᠵᠠᠷᠠᠯ ᠤᠨ ᠠᠰᠠᠭᠤᠳᠠᠯ ᠢ ᠲᠥᠪᠯᠡᠷᠡᠭᠦᠯᠦᠨ ᠴᠡᠭᠴᠡᠯᠡᠨ ᠵᠠᠰᠠᠬᠤ ᠶᠢ ᠯᠠᠪᠳᠠᠭᠤᠨ ᠪᠠᠲᠤᠲᠠᠶ ᠥᠷᠨᠢᠭᠦᠯᠵᠦ᠂ ᠪᠥᠬᠦ ᠰᠡᠳᠬᠢᠯ ᠪᠥᠬᠦ ᠵᠣᠷᠢᠭ ᠢᠶᠠᠷ ᠢᠶᠠᠨ ᠠᠷᠠᠳ ᠲᠦᠮᠡᠨ ᠳᠤ ᠦᠢᠯᠡᠴᠢᠯᠡᠬᠦ ᠦᠨᠳᠦᠰᠦᠨ ᠵᠣᠷᠢᠯᠲᠠ ᠶᠢ ᠦᠢᠯᠡᠳᠦᠯᠭᠡᠵᠢᠭᠦᠯᠬᠦ ᠶᠢ ᠪᠣᠳᠠᠲᠠᠶ ᠠᠵᠢᠯᠯᠠᠭ᠎ᠠ ᠳᠤᠮᠳᠠ ᠪᠠᠨ ᠨᠠᠶᠢᠳᠠᠪᠤᠷᠢᠵᠢᠭᠤᠯᠵᠤ᠂ ᠣᠯᠠᠨ ᠲᠦᠮᠡᠨ ᠳᠤ ᠦᠨᠡᠨ ᠬᠤᠪᠢᠷᠠᠯᠲᠠ ᠶᠢ ᠦᠵᠡᠭᠦᠯᠵᠦ᠂ ᠦᠨᠡᠨ ᠪᠣᠳᠠᠲᠠᠶ ᠦᠷ᠎ᠡ ᠪᠦᠲᠦᠮᠵᠢ ᠤᠯᠭᠤᠬᠤ ᠬᠡᠷᠡᠭᠲᠡᠶ ᠭᠡᠵᠤ ᠴᠢᠬᠤᠯᠠᠴᠢᠯᠠᠪᠠ᠃
W020240511328226899703.png
    ᠬᠤᠷᠠᠯ ᠠᠴᠠ᠂ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠵᠤ᠂ ᠰᠠᠨᠠᠭᠠᠴᠢᠯᠠᠭ᠎ᠠ ᠠᠴᠠ ᠪᠠᠨ ᠤᠷᠢᠳᠴᠢᠯᠠᠨ ᠦᠢᠯᠡᠴᠢᠯᠡᠬᠦ ᠬᠡᠷᠡᠭᠲᠡᠢ᠃ ᠪᠥᠬᠦ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠬᠦᠷᠢᠶᠡᠨ ᠳᠠᠬᠢ ᠣᠯᠠᠨ ᠲᠦᠮᠡᠨ ᠤ ᠳᠡᠷᠭᠡᠳᠡᠬᠢ ᠲᠥᠪ ᠪᠤᠰᠤ ᠰᠤᠷᠲᠠᠯ ᠪᠠ ᠢᠯᠵᠠᠷᠠᠯ ᠤᠨ ᠠᠰᠠᠭᠤᠳᠠᠯ ᠢ ᠲᠥᠪᠯᠡᠷᠡᠭᠦᠯᠦᠨ ᠴᠡᠭᠴᠡᠯᠡᠨ ᠵᠠᠰᠠᠬᠤ ᠠᠵᠢᠯᠯᠠᠭ᠎ᠠ ᠶᠢᠨ ᠲᠥᠰᠦᠯ ᠳᠤ ᠠᠷᠪᠠᠨ ᠬᠤᠶᠠᠷ ᠲᠠᠯ᠎ᠠ ᠶᠢᠨ ᠴᠡᠭᠴᠡᠯᠡᠨ ᠵᠠᠰᠠᠬᠤ ᠭᠤᠤᠯᠳᠠᠯᠭ᠎ᠠ ᠶᠢ ᠳᠤᠷᠠᠳᠴᠤ᠂ ᠡᠯ᠎ᠡ ᠠᠶᠢᠮᠠᠭ ᠬᠤᠲᠠ ᠶᠢᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠰᠠᠯᠠᠭ᠎ᠠ ᠮᠥᠴᠢᠷ ᠤᠳ ᠥᠪᠡᠰᠦᠪᠡᠨ ᠪᠠᠶᠢᠴᠠᠭᠠᠬᠤ ᠶᠢ ᠪᠥᠬᠦ ᠲᠠᠯ᠎ᠠ ᠪᠠᠷ ᠬᠠᠷᠢᠴᠠᠭᠤᠯᠤᠨ᠂ ᠵᠢᠭᠰᠠᠭᠠᠨ ᠪᠠᠶᠢᠴᠠᠭᠠᠬᠤ ᠶᠢᠨ ᠣᠨᠣᠪᠴᠢ ᠶᠢᠨ ᠬᠡᠮᠵᠢᠶ᠎ᠡ ᠶᠢ ᠳᠡᠭᠡᠭᠰᠢᠯᠡᠭᠦᠯᠵᠦ᠂ ᠨᠠᠶᠢᠳᠠᠪᠤᠷᠢᠵᠢᠭᠤᠯᠤᠯᠲᠠ ᠶᠢᠨ ᠴᠢᠩᠭ᠎ᠠ ᠪᠣᠳᠠᠲᠠᠶ ᠴᠢᠨᠠᠷ ᠢ ᠴᠢᠩᠭ᠎ᠠ ᠠᠳᠬᠤᠵᠤ᠂ ᠠᠰᠠᠭᠤᠳᠠᠯ ᠤᠨ ᠠᠷᠤ ᠳᠠᠬᠢ ᠪᠣᠶ ᠪᠣᠯᠤᠭᠰᠠᠨ ᠰᠢᠯᠲᠠᠭᠠᠨ ᠢ ᠡᠷᠢᠨ ᠭᠠᠷᠭᠠᠵᠤ᠂ ᠦᠳᠲᠡᠷ ᠲᠦᠷᠭᠡᠨ ᠬᠥᠳᠡᠯᠦᠯᠴᠡᠵᠦ᠂ ᠪᠤᠰᠢᠭᠤ ᠱᠠᠯᠠᠮᠠᠭᠠᠶ ᠪᠠᠷ ᠨᠠᠶᠢᠳᠠᠪᠤᠷᠢᠵᠢᠭᠤᠯᠤᠯᠲᠠ ᠶᠢ ᠰᠠᠶᠢᠲᠤᠷ ᠠᠳᠬᠤᠵᠤ᠂ ᠴᠡᠭ ᠪᠠ ᠥᠩᠭᠡᠨ ᠲᠠᠯ᠎ᠠ ᠶᠢᠨ ᠠᠰᠠᠭᠤᠳᠠᠯ᠂ ᠣᠨᠴᠠ ᠵᠠᠷᠢᠮ ᠪᠠ ᠨᠡᠶᠢᠲᠡᠯᠢᠭ ᠴᠢᠨᠠᠷᠲᠠᠶ ᠠᠰᠠᠭᠤᠳᠠᠯ᠂ ᠰᠢᠨ᠎ᠡ ᠠᠰᠠᠭᠤᠳᠠᠯ ᠪᠠ ᠬᠠᠭᠤᠴᠢᠨ ᠠᠰᠠᠭᠤᠳᠠᠯ ᠢ ᠨᠢᠭᠡ ᠴᠤᠭᠴᠠᠵᠢᠭᠤᠯᠤᠨ ᠴᠡᠭᠴᠡᠯᠡᠨ ᠵᠠᠰᠠᠬᠤ ᠶᠢ ᠳᠥᠯᠭᠢᠨ ᠠᠬᠢᠭᠤᠯᠵᠤ᠂ ᠠᠰᠠᠭᠤᠳᠠᠯ ᠢ ᠨᠢᠭᠡ ᠨᠢᠭᠡ ᠪᠠᠷ ᠴᠡᠭᠴᠡᠯᠡᠨ ᠰᠠᠶᠢᠵᠢᠷᠠᠭᠤᠯᠵᠤ ᠠᠷᠠᠳ ᠤᠨ ᠠᠮᠢᠳᠤᠷᠠᠯ ᠳᠤ ᠠᠰᠢᠭ ᠬᠦᠷᠲᠡᠭᠡᠵᠦ ᠠᠷᠠᠳ ᠤᠨ ᠰᠡᠳᠬᠢᠯ ᠢ ᠳᠤᠯᠠᠭᠠᠴᠠᠭᠤᠯᠵᠤ᠂ ᠲᠤᠰᠬᠠᠶ ᠴᠡᠭᠴᠡᠯᠡᠨ ᠵᠠᠰᠠᠬᠤ ᠪᠣᠳᠠᠲᠤ ᠦᠷ᠎ᠡ ᠪᠦᠲᠦᠮᠵᠢ ᠶᠢ ᠲᠠᠰᠤᠷᠠᠯᠲᠠ ᠥᠬᠡᠶ ᠳᠡᠭᠡᠭᠰᠢᠯᠡᠭᠦᠯᠬᠦ ᠬᠡᠷᠡᠭᠲᠡᠶ ᠭᠡᠵᠤ ᠱᠠᠭᠠᠷᠳᠠᠪᠠ᠃    ᠬᠤᠷᠠᠯ ᠠᠴᠠ᠂ ᠰᠢᠢᠳᠪᠦᠷᠢᠳᠦ ᠰᠡᠳᠬᠢᠬᠦᠶ ᠪᠠᠷ ᠠᠷᠭ᠎ᠠ ᠰᠦᠪᠡᠭᠴᠢᠯᠡᠨ ᠵᠠᠮ ᠡᠷᠢᠵᠦ ᠬᠦᠴᠢᠷ ᠠᠰᠠᠭᠤᠳᠠᠯ ᠢ ᠰᠢᠢᠳᠪᠦᠷᠢᠯᠡᠬᠦ ᠬᠡᠷᠡᠭᠲᠡᠶ᠂ ᠶᠠᠭᠠᠬᠢᠭᠰᠠᠨ ᠴᠤ ᠳᠤᠲᠠᠭᠤ ᠲᠤᠷᠭᠤᠨ ᠪᠠᠶᠢᠵᠤ ᠪᠣᠯᠬᠤ ᠥᠬᠡᠶ᠂ ᠶᠠᠭᠠᠬᠢᠭᠰᠠᠨ ᠴᠤ ᠤᠳᠠᠭᠠᠰᠢᠷᠠᠭᠤᠯᠵᠤ ᠪᠣᠯᠬᠤ ᠥᠬᠡᠶ᠂ ᠶᠠᠭᠠᠬᠢᠭᠰᠠᠨ ᠴᠤ ︽ ᠰᠢᠨ᠎ᠡ ᠲᠠᠷᠤᠭ᠎ᠠ ᠬᠠᠭᠤᠴᠢᠨ ᠲᠠᠩᠰᠠ ᠶᠢ ᠬᠠᠮᠢᠶᠠᠷᠬᠤ ᠥᠬᠡᠶ︾ ᠪᠠᠶᠢᠵᠤ ᠪᠣᠯᠬᠤ ᠥᠬᠡᠶ᠂ ᠤᠯᠤᠰ ᠲᠥᠷᠥ ᠶᠢ ᠡᠷᠬᠢᠮᠯᠡᠬᠦ ᠦᠨᠳᠦᠷᠴᠡ ᠠᠴᠠ ᠰᠠᠨᠠᠭᠠᠴᠢᠯᠠᠭ᠎ᠠ ᠠᠴᠠ ᠪᠠᠨ ᠠᠵᠢᠯᠯᠠᠵᠤ᠂ ᠬᠦᠴᠢᠷ ᠢ ᠳᠤᠭᠤᠯᠤᠨ ᠪᠡᠷᠬᠡ ᠶᠢ ᠲᠠᠪᠠᠭ᠋ᠤ᠂ ᠡᠷᠡᠰ ᠬᠠᠲᠠᠭᠤ ᠵᠣᠷᠢᠭ ᠲᠠᠢ ᠢᠶᠠᠷ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠵᠤ᠂ ᠲᠥᠪᠯᠡᠷᠡᠭᠦᠯᠦᠨ ᠴᠡᠭᠴᠡᠯᠡᠨ ᠵᠠᠰᠠᠬᠤ ᠠᠵᠢᠯ ᠢ ᠴᠢᠨᠠᠷ ᠰᠠᠶᠢᠲᠠᠶ ᠠᠬᠢᠭᠤᠯᠬᠤ ᠬᠡᠷᠡᠭᠲᠡᠶ᠃ ᠡᠯ᠎ᠡ ᠠᠶᠢᠮᠠᠭ ᠬᠤᠲᠠ ᠶᠢᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠰᠠᠯᠠᠭ᠎ᠠ ᠮᠥᠴᠢᠷ ᠤᠨ ᠭᠤᠤᠯ ᠬᠠᠷᠢᠭᠤᠴᠠᠯᠭᠠᠲᠠᠨ ᠨᠥᠬᠦᠳ ᠪᠡᠶ᠎ᠡ ᠪᠠᠷ ᠢᠶᠠᠨ ᠭᠠᠷᠳᠠᠵᠤ᠂ ᠲᠦᠷᠦᠭᠦᠯᠡᠨ ᠪᠣᠭᠤᠮᠲᠠ ᠰᠢᠪᠲᠤᠯᠵᠤ᠂ ᠴᠡᠭᠴᠡᠯᠡᠨ ᠵᠠᠰᠠᠬᠤ ᠠᠵᠢᠯ ᠤᠨ ᠬᠦᠴᠦᠲᠡᠶ ᠪᠥᠭᠡᠳ ᠡᠮᠬᠢ ᠵᠢᠷᠤᠮ ᠲᠠᠢ ᠠᠭᠢᠬᠤ ᠶᠢ ᠦᠨᠡᠨ ᠬᠦ ᠪᠠᠲᠤᠯᠠᠵᠤ᠂ ᠣᠶᠢᠯᠠᠭᠠᠵᠤ ᠪᠣᠯᠬᠤ᠂ ᠬᠡᠮᠵᠢᠶᠡᠵᠢᠭᠦᠯᠵᠦ ᠪᠣᠯᠬᠤ᠂ ᠦᠨᠡᠯᠡᠵᠦ ᠪᠣᠯᠬᠤ ᠠᠵᠢᠯ ᠤᠨ ᠦᠷ᠎ᠡ ᠪᠦᠲᠦᠮᠵᠢ ᠪᠠᠷ ᠣᠯᠠᠨ ᠲᠦᠮᠡᠨ ᠳᠤ ᠤᠴᠢᠷ ᠶᠠᠪᠤᠳᠠᠯ ᠢ ᠬᠠᠮᠢᠶᠠᠷᠬᠤ ᠬᠥᠮᠦᠨ ᠲᠠᠢ᠂ ᠠᠰᠢᠭ ᠲᠤᠰᠠ ᠢ ᠬᠠᠮᠠᠭᠠᠯᠠᠬᠤ ᠬᠥᠮᠦᠨ ᠲᠠᠢ ᠭᠡᠳᠡᠭ ᠢ ᠮᠡᠳᠡᠷᠡᠭᠦᠯᠬᠦ ᠬᠡᠷᠡᠭᠲᠡᠶ ᠭᠡᠵᠤ ᠵᠢᠭᠠᠨ ᠭᠠᠷᠭᠠᠪᠠ᠃
W020240511328226967857.png
    ᠬᠤᠷᠠᠯ ᠠᠴᠠ᠂ ᠠᠵᠢᠯ ᠤᠨ ᠶᠠᠪᠤᠴᠠ ᠳᠤ ᠬᠤᠯᠪᠣᠭᠠᠯᠠᠨ ᠬᠥᠳᠡᠯᠦᠯᠴᠡᠵᠦ᠂ ᠬᠠᠮᠵᠢᠯᠴᠠᠨ ᠥᠨᠳᠥᠷ ᠪᠦᠲᠦᠮᠵᠢᠲᠡᠶ ᠪᠠᠷ ᠴᠡᠭᠴᠡᠯᠡᠨ ᠵᠠᠰᠠᠬᠤ ᠬᠡᠷᠡᠭᠲᠡᠶ᠃ ᠡᠯ᠎ᠡ ᠠᠶᠢᠮᠠᠭ ᠬᠤᠲᠠ ᠶᠢᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠰᠠᠯᠠᠭ᠎ᠠ ᠮᠥᠴᠢᠷ ᠤᠳ ᠰᠠᠨᠠᠭᠠᠴᠢᠯᠠᠭ᠎ᠠ ᠠᠴᠠ ᠪᠠᠨ ᠤᠷᠤᠭᠰᠢᠯᠠᠵᠤ᠂ ᠪᠤᠰᠤᠳ ᠰᠠᠯᠠᠭ᠎ᠠ ᠮᠥᠴᠢᠷ ᠲᠠᠢ ᠬᠤᠯᠪᠣᠭᠠᠯᠠᠨ ᠬᠥᠳᠡᠯᠦᠯᠴᠡᠵᠦ ᠬᠦᠴᠦ ᠪᠠᠨ ᠬᠠᠮᠲᠤᠳᠬᠠᠨ ᠴᠡᠭᠴᠡᠯᠡᠨ ᠵᠠᠰᠠᠵᠤ᠂ ᠳᠡᠭᠡᠳᠦ ᠳᠣᠤᠷᠠᠳᠤ ᠱᠠᠲᠤ ᠬᠤᠯᠪᠣᠭᠠᠯᠠᠨ ᠬᠥᠳᠡᠯᠦᠯᠴᠡᠬᠦ᠂ ᠴᠤᠭᠭᠠᠷ ᠠᠳᠬᠤᠨ ᠬᠠᠮᠲᠤ ᠪᠠᠷ ᠬᠠᠮᠢᠶᠠᠷᠬᠤ᠂ ᠬᠠᠮᠵᠢᠯᠴᠠᠨ ᠠᠵᠢᠯᠯᠠᠬᠤ ᠳᠤ ᠰᠠᠭᠠᠳ ᠥᠬᠡᠶ ᠪᠠᠶᠢᠬᠤ ᠴᠡᠭᠴᠡᠯᠡᠨ ᠵᠠᠰᠠᠬᠤ ᠠᠵᠢᠯ ᠤᠨ ᠪᠠᠶᠢᠷᠢᠰᠢᠯ ᠢ ᠦᠨᠡᠨᠬᠦ ᠪᠣᠶ ᠪᠣᠯᠭᠠᠬᠤ ᠬᠡᠷᠡᠭᠲᠡᠶ᠃ ᠤᠯᠠᠨ ᠲᠦᠮᠡᠨ ᠤ ᠰᠠᠨᠠᠯ ᠰᠠᠨᠠᠭᠤᠯᠭ᠎ᠠ ᠶᠢ ᠥᠷᠭᠡᠨ ᠢᠶᠠᠷ ᠰᠣᠨᠣᠰᠴᠤ᠂ ᠤᠯᠠᠨ ᠲᠦᠮᠡᠨ ᠤ ᠭᠤᠮᠣᠳᠠᠯ ᠲᠣᠭᠠᠴᠢᠬᠤ ᠠᠷᠭ᠎ᠠ ᠵᠠᠮ ᠢ ᠰᠢᠯᠤᠭᠤᠳᠬᠠᠵᠤ᠂ ᠠᠰᠠᠭᠤᠳᠠᠯ ᠤᠨ ᠰᠦᠪᠡᠭᠴᠢ ᠶᠢ ᠪᠦᠬᠦ ᠲᠠᠯ᠎ᠠ ᠪᠠᠷ ᠡᠮᠬᠢᠯᠡᠵᠦ᠂ ᠨᠢᠭᠡᠳ ᠨᠢᠭᠡ ᠪᠠᠷ ᠰᠤᠳᠤᠯᠤᠨ ᠮᠠᠭᠠᠳᠯᠠᠵᠤ᠂ ᠰᠢᠨᠵᠢᠯᠡᠬᠦ ᠤᠬᠠᠭᠠᠨᠴᠢ ᠪᠠᠷ ᠲᠦᠷᠦᠯ ᠬᠤᠪᠢᠶᠠᠵᠤ᠂ ᠤᠨᠢᠨ ᠳᠡᠭᠡᠷ᠎ᠡ ᠨᠢ ᠰᠢᠢᠳᠪᠦᠷᠢᠯᠡᠵᠦ᠂ ᠠᠰᠠᠭᠤᠳᠠᠯ ᠤᠨ ᠰᠦᠪᠡᠭᠴᠢ ᠶᠢ ︽ᠪᠦᠬᠦᠨ ᠢ ᠰᠢᠢᠳᠪᠦᠷᠢᠯᠡᠬᠦ︾ ᠶᠢ ᠠᠬᠢᠭᠤᠯᠬᠤ ᠬᠡᠷᠡᠭᠲᠡᠢ᠃ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠵᠤ᠂ ᠬᠠᠷᠢᠭᠤᠴᠠᠯᠭ᠎ᠠ ᠶᠢ ᠱᠠᠲᠤ ᠱᠠᠲᠤ ᠪᠠᠷ ᠪᠣᠳᠠᠲᠠᠶᠢᠵᠢᠭᠤᠯᠵᠤ᠂ ᠠᠵᠢᠯ ᠤᠨ ᠲᠣᠭᠲᠠᠴᠠ ᠶᠢ ᠪᠦᠷᠢᠨᠰᠢᠬᠦᠯᠦᠨ᠂ ᠰᠢᠮᠳᠠᠭᠤᠯᠤᠨ ᠵᠢᠭᠠᠨ ᠵᠢᠯᠣᠭᠤᠳᠬᠤ ᠪᠠᠨ ᠴᠢᠩᠭᠠᠳᠬᠠᠵᠤ᠂ ᠲᠤᠰᠬᠠᠶ ᠵᠦᠢᠯ ᠢᠶᠠᠷ ᠴᠡᠭᠴᠡᠯᠡᠨ ᠵᠠᠰᠠᠬᠤ ᠬᠦᠴᠦᠷᠬᠡᠭ ᠶᠡᠭᠡ ᠠᠵᠢᠯ ᠤᠨ ᠨᠡᠶᠢᠯᠡᠮᠡᠯ ᠬᠦᠴᠦᠨ ᠢ ᠲᠠᠰᠤᠷᠠᠯᠲᠠ ᠥᠬᠡᠶ ᠨᠢᠭᠲᠠᠷᠠᠭᠤᠯᠬᠤ ᠬᠡᠷᠡᠭᠲᠡᠶ ᠭᠡᠵᠤ ᠱᠠᠭᠠᠷᠳᠠᠪᠠ᠃    ᠬᠤᠷᠠᠯ ᠢ ᠸᠢᠳᠢᠤ᠋ ᠬᠡᠯᠪᠡᠷᠢ ᠪᠠᠷ ᠬᠤᠷᠠᠯᠳᠤᠭᠤᠯᠵᠤ᠂ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠢᠩᠬᠢᠮ ᠤᠨ ᠬᠤᠯᠪᠣᠭᠳᠠᠯ ᠪᠦᠬᠦᠢ ᠭᠠᠵᠠᠷ ᠲᠠᠰᠤᠭ ᠤᠨ ᠬᠠᠷᠢᠭᠤᠴᠠᠯᠭᠠᠲᠠᠨ ᠨᠥᠬᠦᠳ ᠭᠤᠣᠯ ᠬᠤᠷᠠᠯ ᠤᠨ ᠲᠠᠯᠠᠪᠠᠶ ᠳᠤ ᠣᠷᠣᠯᠴᠠᠪᠠ᠃ ᠡᠯ᠎ᠡ ᠠᠶᠢᠮᠠᠭ ᠬᠤᠲᠠ ᠶᠢᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ ᠵᠢᠴᠢ ᠬᠥᠬᠡᠬᠤᠲᠠ᠂ ᠪᠤᠭᠤᠲᠤ ᠬᠤᠲᠠ᠂ ᠮᠠᠨᠵᠤᠤᠷ ᠬᠤᠲᠠ᠂ ᠡᠷᠢᠶᠡᠨ ᠬᠤᠲᠠ ᠶᠢᠨ ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠲᠣᠪᠴᠢᠶ᠎ᠠ᠂ ᠬᠥᠬᠡᠬᠤᠲᠠ ᠶᠢᠨ ᠴᠡᠴᠡᠷᠯᠢᠭ ᠤᠨ ᠪᠥᠲᠥᠭᠡᠨ ᠪᠠᠶᠢᠭᠤᠯᠤᠯᠲᠠ ᠶᠢᠨ ᠦᠢᠯᠡᠴᠢᠯᠡᠭᠡᠨ ᠤ ᠲᠥᠪ᠂ ᠤᠯᠠᠭᠠᠨᠴᠠᠪ ᠬᠤᠲᠠ ᠶᠢᠨ ᠴᠡᠴᠡᠷᠯᠢᠭ ᠤᠨ ᠦᠢᠯᠡᠴᠢᠯᠡᠭᠡᠨ ᠤ ᠲᠥᠪ᠂ ᠦᠬᠠᠶ ᠬᠤᠲᠠ ᠶᠢᠨ ᠨᠡᠶᠢᠲᠡ ᠶᠢᠨ ᠬᠡᠷᠡᠭᠯᠡᠭᠡᠨ ᠤ ᠦᠢᠯᠡᠰ ᠤᠨ ᠬᠥᠭᠵᠢᠯᠲᠡ ᠶᠢᠨ ᠲᠥᠪ᠂ ᠬᠢᠩᠭᠠᠨ ᠠᠶᠢᠮᠠᠭ᠂ ᠤᠯᠠᠭᠠᠨᠬᠠᠳᠠ ᠬᠤᠲᠠ ᠶᠢᠨ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠲᠥᠪ ᠤᠨ ᠭᠤᠤᠯ ᠬᠠᠷᠢᠭᠤᠴᠠᠯᠭᠠᠲᠠᠨ ᠨᠥᠬᠦᠳ ᠪᠣᠯᠤᠨ ᠬᠤᠪᠢᠳᠠᠨ ᠬᠠᠮᠢᠶᠠᠷᠴᠤ ᠪᠠᠶᠢᠭ᠎ᠠ ᠨᠥᠬᠦᠳ᠂ ᠲᠣᠪᠴᠢᠶ᠎ᠠ ᠳᠤ ᠰᠠᠭᠤᠭ᠎ᠠ ᠰᠠᠬᠢᠯᠭ᠎ᠠ ᠪᠠᠲᠤ ᠪᠠᠶᠢᠴᠠᠭᠠᠬᠤ ᠳᠤᠭᠤᠶᠢᠯᠠᠩ ᠤᠨ ᠳᠠᠷᠤᠭ᠎ᠠ᠂ ᠲᠥᠪᠯᠡᠷᠡᠭᠦᠯᠦᠨ ᠴᠡᠭᠴᠡᠯᠡᠨ ᠵᠠᠰᠠᠬᠤ ᠬᠤᠯᠪᠣᠭᠳᠠᠯ ᠪᠥᠬᠦᠶ ᠰᠠᠯᠠᠭ᠎ᠠ ᠲᠠᠰᠤᠭ ᠤᠨ ᠬᠠᠷᠢᠭᠤᠴᠠᠯᠭᠠᠲᠠᠨ ᠨᠥᠬᠦᠳ ᠬᠤᠪᠢᠶᠠᠷᠢ ᠬᠤᠷᠠᠯ ᠤᠨ ᠲᠠᠯᠠᠪᠠᠶ ᠳᠤ ᠣᠷᠣᠯᠴᠠᠵᠠᠶ᠃ 
ᠢᠷᠡᠯᠲᠡ᠄ ᠠᠯᠪᠠᠨ ᠭᠡᠷ
Baidu
map