ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠢᠩᠬᠢᠮ ᠪᠥᠬᠦ ᠤᠯᠤᠰ ᠤᠨ ᠭᠠᠮᠰᠢᠭ ᠢ ᠰᠡᠷᠭᠡᠶᠢᠯᠡᠵᠦ ᠭᠠᠮᠰᠢᠭ ᠢ ᠪᠠᠭᠠᠰᠬᠠᠬᠤ ᠡᠳᠦᠷ ᠤᠨ ᠤᠬᠠᠭᠤᠯᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/5/14
    5 ᠳ᠋ᠤᠭᠠᠷ ᠰᠠᠷ᠎ᠠ ᠶᠢᠨ 12 ᠤᠨ ᠡᠳᠦᠷ ᠪᠣᠯ ᠪᠥᠬᠦ ᠤᠯᠤᠰ ᠤᠨ 16 ᠳ᠋ᠤᠭᠠᠷ ︽ᠭᠠᠮᠰᠢᠭ ᠢ ᠰᠡᠷᠭᠡᠶᠢᠯᠡᠵᠦ ᠭᠠᠮᠰᠢᠭ ᠢ ᠪᠠᠭᠠᠰᠬᠠᠬᠤ ᠡᠳᠦᠷ︾ ᠪᠣᠯᠤᠨ᠎ᠠ ᠃ ᠭᠠᠮᠰᠢᠭ ᠢ ᠰᠡᠷᠭᠡᠶᠢᠯᠡᠵᠦ ᠭᠠᠮᠰᠢᠭ ᠢ ᠪᠠᠭᠠᠰᠬᠠᠬᠤ ᠭᠠᠮᠰᠢᠭ ᠠᠴᠠ ᠠᠪᠤᠷᠠᠬᠤ ᠲᠤᠬᠠᠶ ᠶᠡᠷᠦᠩᠬᠡᠶ ᠱᠦᠵᠢ ᠰᠢ ᠶᠢᠨ ᠫᠢᠩ ᠤᠨ ᠴᠢᠬᠤᠯᠠ ᠥᠭᠦᠯᠡᠯᠲᠡ ᠶᠢᠨ ᠵᠣᠷᠢᠭ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢᠨ ᠲᠥᠯᠥᠭᠡ᠂ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠢᠩᠬᠢᠮ ᠬᠢᠭᠡᠳ ᠰᠢᠨ᠎ᠡ ᠬᠤᠲᠠ ᠲᠣᠭᠤᠷᠢᠭ ᠤᠨ ᠪᠠᠷᠠᠭᠤᠨ ᠵᠡᠭᠡᠯᠢ ᠵᠡᠭᠡᠯᠢ ᠭᠤᠳᠤᠮᠵᠢ ᠶᠢᠨ ᠤᠷᠠᠯᠢᠭ ᠤᠨ ᠲᠢᠩᠬᠢᠮ ᠡᠮᠦᠨ᠎ᠡ ᠵᠡᠭᠡᠯᠢ ᠨᠡᠶᠢᠭᠡᠮ ᠲᠣᠭᠤᠷᠢᠭ ᠬᠠᠮᠲᠤᠷᠠᠨ ︽ᠬᠥᠮᠦᠨ ᠪᠦᠬᠦᠨ ᠠᠮᠤᠷ ᠲᠦᠪᠰᠢᠨ ᠢ ᠡᠷᠬᠢᠮᠯᠡᠵᠦ᠂ ᠬᠥᠮᠦᠨ ᠪᠦᠬᠦᠨ ᠪᠠᠴᠢᠮ ᠪᠠᠶᠢᠳᠠᠯ ᠢ ᠠᠷᠭᠠᠴᠠᠭᠠᠨ᠎ᠠ — ᠦᠨᠳᠦᠰᠦᠨ ᠱᠠᠲᠤᠨ ᠤ ᠭᠠᠮᠰᠢᠭ ᠢ ᠰᠡᠷᠭᠡᠶᠢᠯᠡᠬᠦ ᠠᠶᠤᠯ ᠠᠴᠠ ᠵᠠᠶᠢᠯᠠᠬᠤ ᠴᠢᠳᠠᠪᠤᠷᠢ ᠶᠢ ᠬᠦᠴᠦᠯᠡᠨ ᠲᠡᠭᠡᠭᠰᠢᠯᠡᠭᠦᠯᠦᠶ᠎ᠡ︾ ᠭᠤᠤᠯ ᠰᠡᠳᠦᠪᠲᠦ ᠪᠥᠬᠦ ᠤᠯᠤᠰ ᠤᠨ ᠭᠠᠮᠰᠢᠭ ᠢ ᠰᠡᠷᠭᠡᠶᠢᠯᠡᠬᠦ ᠭᠠᠮᠰᠢᠭ ᠢ ᠪᠠᠭᠠᠰᠬᠠᠬᠤ ᠡᠳᠦᠷ ᠤᠨ ᠤᠬᠠᠭᠤᠯᠭ᠎ᠠ ᠶᠢᠨ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠪᠡ᠃
W020240514330352712069.jpg
    ᠠᠵᠢᠯᠯᠠᠭ᠎ᠠ ᠶᠢᠨ ᠲᠤᠬᠠᠶ ᠶᠢᠨ ᠲᠠᠯᠠᠪᠤᠷ ᠲᠤ᠂ ᠠᠵᠢᠯᠲᠠᠳ ᠤᠬᠠᠭᠤᠯᠭ᠎ᠠ ᠶᠢᠨ ᠤᠷᠢᠶ᠎ᠠ ᠡᠯᠭᠦᠬᠦ᠂ ᠤᠬᠠᠭᠤᠯᠭ᠎ᠠ ᠶᠢᠨ ᠰᠠᠮᠪᠠᠷ᠎ᠠ ᠲᠠᠯᠪᠢᠬᠤ᠂ ᠤᠬᠠᠭᠤᠯᠭ᠎ᠠ ᠶᠢᠨ ᠡᠳ᠋ ᠪᠣᠳᠠᠰ ᠲᠠᠷᠬᠠᠭᠠᠬᠤ᠂ ᠠᠰᠠᠭᠤᠨ ᠯᠠᠪᠯᠠᠬᠤ ᠦᠢᠯᠡᠴᠢᠯᠡᠭᠡ ᠥᠷᠨᠢᠭᠦᠯᠬᠦ ᠵᠡᠷᠭᠡ ᠬᠡᠯᠪᠡᠷᠢ ᠪᠠᠷ ᠳᠠᠮᠵᠢᠭᠤᠯᠤᠨ᠂ ᠥᠷᠭᠡᠨ ᠣᠯᠠᠨ ᠲᠦᠮᠡᠨ ᠳᠤ ᠪᠠᠶᠢᠭᠠᠯᠢ ᠶᠢᠨ ᠭᠠᠮᠰᠢᠭ ᠲᠣᠬᠢᠶᠠᠯᠳᠤᠪᠠᠯ ᠬᠡᠷᠬᠢᠨ ᠵᠥᠪ ᠣᠨᠣᠪᠴᠢᠲᠠᠶ ᠥᠪᠡᠷ ᠢ ᠪᠠᠨ ᠠᠪᠤᠷᠠᠬᠤ᠂ ᠬᠠᠷᠢᠯᠴᠠᠨ ᠠᠪᠤᠷᠬᠠᠤ ᠮᠡᠳᠡᠯᠭᠡ ᠶᠢ ᠲᠦᠭᠡᠮᠡᠯᠵᠢᠭᠦᠯᠵᠦ᠂ ᠣᠯᠠᠨ ᠲᠦᠮᠡᠨ ᠤ ᠠᠩᠬᠠᠷᠴᠤ ᠪᠠᠶᠢᠭ᠎ᠠ ᠭᠠᠮᠰᠢᠭ ᠢ ᠰᠡᠷᠭᠡᠶᠢᠯᠡᠵᠦ ᠭᠠᠮᠰᠢᠭ ᠢ ᠪᠠᠭᠠᠰᠬᠠᠬᠤ ᠠᠰᠠᠭᠤᠳᠠᠯ ᠳᠤ ᠨᠢᠭᠤᠷᠲᠠᠨ ᠬᠠᠷᠢᠭᠤᠯᠲᠠ ᠦᠭᠴᠡᠢ᠂ ᠣᠯᠠᠨ ᠲᠦᠮᠡᠨ ᠳᠤ ︽ᠪᠥᠲᠥᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠭᠠᠵᠠᠷ ᠬᠦᠳᠡᠯᠦᠯᠳᠡ ᠶᠢ ᠠᠷᠭᠠᠴᠠᠭᠠᠬᠤ ᠬᠠᠮᠢᠶᠠᠷᠤᠯᠲᠠ ᠶᠢᠨ ᠲᠦᠷᠢᠮ︾᠂ ︽ᠪᠠᠷᠢᠯᠭ᠎ᠠ ᠶᠢᠨ ᠬᠡᠪ ᠤᠨ ᠬᠡᠷᠡᠭᠯᠡᠭᠡᠨ ᠤ ᠴᠢᠳᠠᠮᠵᠢ ᠶᠢ ᠪᠠᠲᠤᠯᠠᠬᠤ ᠳᠤ ᠰᠠᠭᠤᠷᠢᠯᠠᠭᠰᠠᠨ ᠭᠠᠵᠠᠷ ᠬᠥᠳᠡᠯᠦᠯᠲᠡ ᠶᠢ ᠳᠠᠭᠠᠭᠠᠬᠤ ᠮᠡᠷᠭᠡᠵᠢᠯ ᠤᠨ ᠵᠢᠯᠣᠭᠤᠳᠬᠤ ᠲᠦᠷᠢᠮ︾᠂ ︽ᠬᠡᠷ ᠪᠠᠶᠢᠰᠢᠩ ᠬᠤᠲᠠ ᠶᠢᠨ ᠶᠠᠪᠤᠳᠠᠯ ᠤᠨ ᠪᠠᠷᠢᠯᠭ᠎ᠠ ᠶᠢᠨ ᠦᠢᠯᠡᠳᠪᠦᠷᠢᠯᠡᠯ ᠤᠨ ᠠᠮᠤᠷ ᠲᠦᠪᠰᠢᠨ ᠤ ᠬᠦᠨᠳᠦ ᠶᠡᠭᠡ ᠠᠳᠡᠯ ᠤᠨ ᠳᠠᠯᠳᠠ ᠬᠡᠮ ᠢ ᠮᠠᠭᠠᠳᠯᠠᠨ ᠲᠣᠭᠲᠠᠭᠠᠬᠤ ᠪᠠᠷᠢᠮᠵᠢᠶ᠎ᠠ ᠶᠢᠨ ᠤᠬᠠᠭᠤᠯᠭ᠎ᠠ ᠶᠢᠨ ᠵᠢᠷᠤᠭᠲᠤ ᠳᠡᠪᠲᠡᠷ︾ ᠢ ᠲᠠᠷᠬᠠᠭᠠᠭᠰᠠᠨ ᠪᠥᠭᠡᠳ ᠲᠠᠶᠢᠯᠤᠮᠵᠢ ᠬᠢᠪᠠ᠃
W020240514330352857429.png
        ᠲᠣᠰ ᠤᠳᠠᠭᠠᠨ ᠤ ᠠᠵᠢᠯᠯᠠᠭ᠎ᠠ ᠶᠢ ᠥᠷᠨᠢᠭᠦᠯᠦᠭᠰᠡᠨ ᠨᠢ ᠪᠥᠬᠦ ᠠᠷᠠᠳ ᠢᠶᠠᠷ ᠢᠶᠠᠨ ᠭᠠᠮᠰᠢᠭ ᠢ ᠰᠡᠷᠭᠡᠶᠢᠯᠡᠵᠦ ᠭᠠᠮᠰᠢᠭ ᠢ ᠪᠠᠭᠠᠰᠬᠠᠬᠤ ᠳᠤ ᠣᠷᠣᠯᠴᠠᠬᠤ ᠰᠠᠶᠢᠨ ᠰᠠᠶᠢᠬᠠᠨ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠤᠬᠠᠭᠤᠯᠭ᠎ᠠ ᠶᠢᠨ ᠠᠭᠤᠷ ᠠᠮᠢᠰᠬᠤᠯ ᠢ ᠪᠣᠶ ᠪᠣᠯᠭᠠᠵᠤ᠂ ᠥᠷᠭᠡᠨ ᠣᠯᠠᠨ ᠲᠦᠮᠡᠨ ᠤ ᠭᠠᠮᠰᠢᠭ ᠢ ᠰᠡᠷᠭᠡᠶᠢᠯᠡᠵᠦ ᠭᠠᠮᠰᠢᠭ ᠢ ᠪᠠᠭᠠᠰᠬᠠᠬᠤ ᠤᠬᠠᠮᠰᠠᠷ ᠢ ᠨᠡᠮᠡᠭᠳᠡᠭᠦᠯᠦᠨ᠂ ᠣᠯᠠᠨ ᠲᠦᠮᠡᠨ ᠤ ᠥᠪᠡᠷ ᠢ ᠪᠠᠨ ᠠᠪᠤᠷᠠᠵᠤ ᠬᠠᠷᠢᠯᠴᠠᠨ ᠠᠪᠤᠷᠠᠬᠤ ᠴᠢᠳᠠᠪᠤᠷᠢ ᠶᠢ ᠳᠡᠭᠡᠭᠰᠢᠯᠡᠭᠦᠯᠪᠡ᠃ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠢᠩᠬᠢᠮ ᠤᠨ ᠬᠠᠮᠢᠶ᠎ᠠ ᠪᠥᠬᠦᠶ ᠭᠠᠵᠠᠷ ᠠᠯᠪᠠᠨ ᠬᠡᠷ ᠨᠢᠭᠡᠴᠢ ᠵᠢᠴᠢ ᠰᠢᠨ᠎ᠡ ᠬᠤᠲᠠ ᠲᠣᠭᠤᠷᠢᠭ ᠤᠨ ᠪᠠᠷᠠᠭᠤᠨ ᠵᠡᠭᠡᠯᠢ ᠵᠡᠭᠡᠯᠢ ᠭᠤᠳᠤᠮᠵᠢ ᠶᠢᠨ ᠤᠷᠠᠯᠢᠭ ᠤᠨ ᠲᠢᠩᠬᠢᠮ ᠡᠮᠦᠨ᠎ᠡ ᠵᠡᠭᠡᠯᠢ ᠶᠢᠨ ᠨᠡᠶᠢᠭᠡᠮ ᠲᠣᠭᠤᠷᠢᠭ ᠤᠨ ᠬᠤᠯᠪᠣᠭᠳᠠᠯ ᠪᠥᠬᠦᠶ ᠠᠵᠢᠯᠲᠠᠨ ᠤᠬᠠᠭᠤᠯᠭ᠎ᠠ ᠳᠤ ᠣᠷᠣᠯᠴᠠᠪᠠ᠃ 
ᠢᠷᠡᠯᠲᠡ᠄ ᠪᠠᠷᠢᠯᠭ᠎ᠠ ᠶᠢᠨ ᠶᠠᠰᠤ ᠴᠢᠨᠠᠷ ᠤᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢᠨ ᠭᠠᠵᠠᠷ
Baidu
map