ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ︵ᠥᠷᠭᠡᠳᠬᠡᠭᠰᠡᠨ︶ ᠤᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/5/14
    5 ᠳ᠋ᠤᠭᠠᠷ ᠰᠠᠷ᠎ᠠ ᠶᠢᠨ 13 ᠤ ᠡᠳᠦᠷ᠂ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ︵ᠥᠷᠭᠡᠳᠬᠡᠭᠰᠡᠨ︶ ᠤᠨ ᠬᠤᠷᠠᠯ ᠬᠤᠷᠠᠯᠳᠤᠭᠤᠯᠵᠤ᠂ ᠶᠡᠷᠦᠩᠬᠡᠶ ᠱᠦᠵᠢ ᠰᠢ ᠶᠢᠨ ᠫᠢᠩ ᠤᠨ ᠣᠶᠢᠷ᠎ᠠ ᠶᠢᠨ ᠬᠤᠭᠤᠴᠠᠭᠠᠨ ᠤ ᠴᠢᠬᠤᠯᠠ ᠶᠠᠷᠢᠶ᠎ᠠ᠂ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠵᠢᠴᠢ ᠲᠥᠪ᠂ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠥᠬᠦᠶ ᠬᠤᠷᠠᠯ ᠪᠠ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠠᠵᠢᠯ ᠢ ᠰᠤᠳᠤᠯᠪᠠ᠃ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠢᠩᠬᠢᠮ ᠤᠨ ᠳᠠᠷᠤᠭ᠎ᠠ ᠭᠦᠸᠧ ᠢᠦᠶ ᠹᠧᠩ ᠬᠤᠷᠠᠯ ᠢ ᠡᠷᠭᠢᠯᠡᠪᠡ᠃
W020240514328650372501.png
    ᠬᠤᠷᠠᠯ ᠠᠴᠠ᠂ ᠶᠡᠷᠦᠩᠬᠡᠢ ᠱᠦᠵᠢ ᠰᠢ ᠶᠢᠨ ᠫᠢᠩ ᠤᠨ ᠨᠠᠮ ᠤᠨ ᠲᠥᠪ ᠬᠤᠷᠢᠶᠠᠨ ᠤ ᠤᠯᠤᠰ ᠲᠦᠷᠦ ᠶᠢᠨ ᠲᠣᠪᠴᠢᠶᠠᠨ ᠤ ᠬᠤᠷᠠᠯ ᠳᠡᠭᠡᠷᠡᠬᠢ ᠴᠢᠬᠤᠯᠠ ᠶᠠᠷᠢᠶ᠎ᠠ ᠨᠢ ᠣᠳᠣᠬᠠᠨ ᠤ ᠠᠵᠤ ᠠᠬᠤᠢ ᠶᠢᠨ ᠪᠠᠶᠢᠳᠠᠯ ᠢ ᠭᠦᠨᠵᠡᠭᠡᠢ ᠵᠠᠳᠠᠯᠵᠤ᠂ ᠣᠳᠣᠬᠠᠨ ᠤ ᠠᠵᠤ ᠠᠬᠤᠢ ᠶᠢᠨ ᠠᠵᠢᠯ ᠢ ᠪᠠᠶᠢᠷᠢᠯᠠᠭᠤᠯᠵᠤ᠂ ᠡᠯ᠎ᠡ ᠵᠦᠢᠯ ᠤᠨ ᠠᠵᠢᠯ ᠢ ᠴᠢᠨᠠᠭᠰᠢᠳᠠ ᠰᠠᠶᠢᠲᠤᠷ ᠬᠢᠬᠦ ᠳᠤ ᠰᠢᠨᠵᠢᠯᠡᠬᠦ ᠤᠬᠠᠭᠠᠨᠴᠢ ᠵᠢᠯᠤᠭᠤᠳᠤᠯᠭ᠎ᠠ ᠬᠠᠩᠭᠠᠵᠠᠢ᠃ ᠦᠵᠡᠯ ᠰᠠᠨᠠᠭ᠎ᠠ ᠪᠣᠯᠤᠨ ᠦᠢᠯᠡ ᠠᠵᠢᠯᠯᠠᠭ᠎ᠠ ᠪᠠᠨ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠤᠳᠤᠯᠭ᠎ᠠ ᠶᠢᠨ ᠪᠠᠶᠢᠷᠢᠯᠠᠭᠤᠯᠤᠯᠲᠠ ᠳᠡᠭᠡᠷ᠎ᠡ ᠡᠷᠡᠰ ᠨᠢᠭᠡᠳᠬᠡᠵᠦ᠂ ᠬᠥᠭᠵᠢᠯᠲᠡ ᠶᠢᠨ ᠢᠲᠡᠭᠡᠯ ᠵᠣᠷᠢᠭ ᠢᠶᠠᠨ ᠪᠠᠲᠤᠳᠬᠠᠵᠤ᠂ ᠪᠠᠶᠢᠯᠳᠤᠬᠤ ᠪᠤᠳᠤᠯᠭ᠎ᠠ ᠶᠢᠨ ᠲᠣᠭᠲᠠᠯ ᠬᠦᠴᠦᠨ ᠢᠶᠠᠨ ᠪᠠᠲᠤᠯᠠᠵᠤ᠂ ᠥᠭᠡᠷᠡᠴᠢᠯᠡᠯᠲᠡ ᠶᠢ ᠠᠬᠢᠭᠤᠯᠬᠤ ᠦᠵᠡᠯ ᠰᠠᠨᠠᠭᠠᠨ ᠤ ᠤᠬᠠᠮᠰᠠᠷ ᠪᠣᠯᠤᠨ ᠦᠢᠯᠡ ᠠᠵᠢᠯᠯᠠᠭ᠎ᠠ ᠶᠢᠨ ᠤᠬᠠᠮᠰᠠᠷ ᠢᠶᠠᠨ ᠴᠢᠨᠠᠭᠰᠢᠳᠠ ᠴᠢᠩᠭᠠᠳᠬᠠᠵᠤ᠂ ᠥᠭᠡᠷᠡᠴᠢᠯᠡᠯᠲᠡ ᠶᠢᠨ ᠵᠣᠷᠢᠭ ᠰᠠᠨᠠᠭ᠎ᠠ᠂ ᠥᠭᠡᠷᠡᠴᠢᠯᠡᠯᠲᠡ ᠶᠢᠨ ᠰᠡᠳᠬᠢᠬᠦᠢ᠂ ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ ᠶᠢ ᠣᠷᠣᠨ ᠰᠠᠭᠤᠴᠠ  ᠶᠢᠨ ᠪᠦᠳᠦᠭᠡᠨ ᠪᠠᠶᠢᠭᠤᠯᠤᠯᠲᠠ ᠶᠢᠨ ᠠᠵᠢᠯ ᠤᠨ ᠡᠯ᠎ᠡ ᠲᠠᠯ᠎ᠠ ᠳᠤ ᠲᠤᠭᠤᠰᠢᠯᠠᠭᠤᠯᠵᠤ᠂ ᠪᠦᠬᠦ ᠵᠢᠯ ᠤᠨ ᠡᠯ᠎ᠡ ᠵᠦᠢᠯ ᠤᠨ ᠬᠠᠷᠠᠯᠲᠠ ᠡᠭᠦᠷᠭᠡ ᠶᠢ ᠴᠢᠨᠠᠷ ᠰᠠᠶᠢᠲᠠᠢ ᠪᠡᠶᠡᠯᠡᠭᠦᠯᠬᠦ ᠬᠡᠷᠡᠭᠲᠡᠢ᠃ ᠨᠢᠭᠡᠨᠲᠡ ᠲᠣᠭᠲᠠᠭᠠᠭᠰᠠᠨ ᠣᠨ ᠤ ᠡᠯ᠎ᠡ ᠵᠦᠢᠯ ᠤᠨ ᠪᠠᠶᠢᠷᠢᠯᠠᠭᠤᠯᠤᠯᠲᠠ ᠶᠢ ᠴᠢᠩᠭ᠎ᠠ ᠠᠩᠬᠠᠷᠴᠤ᠂ ᠬᠠᠷᠠᠯᠲᠠ ᠪᠠᠨ ᠬᠡᠮᠵᠢᠶᠡᠵᠢᠭᠦᠯᠵᠦ᠂ ᠲᠥᠷᠥ ᠶᠢᠨ ᠪᠣᠳᠣᠯᠭ᠎ᠠ ᠪᠠᠨ ᠨᠠᠷᠢᠯᠢᠬᠵᠢᠭᠤᠯᠵᠤ᠂ ᠠᠷᠭ᠎ᠠ ᠬᠡᠮᠵᠢᠶ᠎ᠡ ᠪᠠᠨ ᠪᠣᠳᠠᠲᠠᠶᠢᠵᠢᠭᠤᠯᠵᠤ᠂ ᠥᠭᠡᠷᠡᠴᠢᠯᠡᠯᠲᠡ ᠶᠢᠨ ᠬᠥᠲᠥᠯᠦᠮᠵᠢ ᠪᠠ ᠠᠬᠢᠭᠤᠯᠬᠤ ᠦᠢᠯᠡᠳᠦᠯ ᠢ ᠪᠠᠳᠠᠷᠠᠭᠤᠯᠵᠤ᠂ ᠬᠥᠭᠵᠢᠯᠲᠡ ᠶᠢᠨ ᠬᠦᠴᠢᠷ ᠠᠰᠠᠭᠤᠳᠠᠯ ᠢ ᠬᠦᠴᠦᠯᠡᠨ ᠰᠢᠢᠳᠪᠦᠷᠢᠯᠡᠵᠦ᠂ ᠬᠥᠭᠵᠢᠯᠲᠡ ᠶᠢᠨ ᠬᠥᠳᠡᠯᠭᠡᠬᠦ ᠬᠦᠴᠦᠨ ᠢ ᠴᠢᠩᠭᠠᠳᠬᠠᠵᠤ᠂ ᠳᠡᠭᠡᠷ᠎ᠡ ᠬᠠᠭᠠᠰ ᠵᠢᠯ ᠳᠤ ︽ᠬᠤᠤᠰ ᠬᠠᠭᠠᠰ ᠢ ᠳᠠᠪᠠᠭ᠋ᠤ︾ ᠬᠠᠷᠠᠯᠲᠠ ᠶᠢ ᠪᠡᠶᠡᠯᠡᠭᠦᠯᠬᠦ ᠶᠢ ᠪᠠᠲᠤᠯᠠᠬᠤ ᠬᠡᠷᠡᠭᠲᠡᠶ ᠭᠡᠵᠤ ᠴᠢᠬᠤᠯᠠᠴᠢᠯᠠᠪᠠ᠃    ᠬᠤᠷᠠᠯ ᠠᠴᠠ᠂ ᠲᠥᠪ ᠤᠨ ᠰᠢᠷᠢᠰ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠲᠡᠷᠡ ᠶᠣᠰᠣᠭᠠᠷ ᠨᠢ ᠨᠠᠶᠢᠳᠠᠪᠤᠷᠢᠵᠢᠭᠤᠯᠵᠤ᠂ ᠬᠡᠷ ᠪᠠᠶᠢᠰᠢᠩ ᠭᠠᠵᠠᠷ ᠬᠥᠷᠥᠩᠭᠡ ᠶᠢᠨ ᠬᠥᠭᠵᠢᠯᠲᠡ ᠶᠢᠨ ᠰᠢᠨ᠎ᠡ ᠵᠠᠭᠪᠤᠷ ᠢ ᠲᠦᠷᠭᠡᠳᠬᠡᠨ ᠪᠠᠶᠢᠭᠤᠯᠵᠤ᠂ ︽ᠬᠥᠮᠦᠨ᠂ ᠬᠡᠷ ᠪᠠᠶᠢᠰᠢᠩ᠂ ᠭᠠᠵᠠᠷ ᠰᠢᠷᠦᠢ᠂ ᠵᠣᠭᠤᠰ︾ ᠤᠨ ᠬᠦᠴᠦᠨ ᠵᠦᠢᠯ ᠤᠨ ᠬᠤᠯᠪᠣᠭᠠᠯᠠᠨ ᠬᠥᠳᠡᠯᠦᠯᠴᠡᠬᠦ ᠲᠣᠭᠲᠠᠴᠠ ᠶᠢ ᠪᠠᠶᠢᠭᠤᠯᠵᠤ᠂ ︽ᠵᠠᠬ᠎ᠠ ᠳᠡᠯᠭᠡᠭᠦᠷ + ᠪᠠᠲᠤᠯᠠᠭ᠎ᠠ︾ ᠶᠢᠨ ᠣᠷᠣᠨ ᠰᠠᠭᠤᠴᠠ ᠶᠢᠨ ᠬᠠᠩᠭᠠᠯᠭ᠎ᠠ ᠶᠢᠨ ᠰᠢᠰᠲ᠋ᠧᠮ ᠤᠨ ᠪᠠᠶᠢᠭᠤᠯᠤᠯᠲᠠ ᠶᠢ ᠲᠡᠭᠦᠯᠳᠡᠷᠵᠢᠭᠦᠯᠵᠦ᠂ ᠬᠡᠷ ᠪᠠᠶᠢᠰᠢᠩ ᠭᠠᠵᠠᠷ ᠬᠥᠷᠥᠩᠭᠡ ᠶᠢᠨ ᠲᠥᠷᠥᠯ ᠵᠦᠢᠯ ᠤᠨ ᠵᠦᠶ ᠵᠣᠬᠢᠰᠲᠠᠶ ᠪᠠᠯᠠ ᠲᠣᠬᠢᠷᠠᠭᠤᠯᠭ᠎ᠠ ᠶᠢᠨ ᠬᠡᠷᠡᠭᠴᠡᠭᠡ ᠶᠢ ᠨᠠᠩ ᠣᠨᠣᠪᠴᠢᠲᠠᠶ ᠳᠡᠮᠵᠢᠵᠦ᠂ ᠪᠠᠳᠤᠯᠠᠭᠠᠳᠤ ᠲᠤᠰᠢᠶᠠᠬᠤ ᠠᠰᠠᠷ ᠤᠨ ᠠᠵᠢᠯ ᠢ ᠪᠥᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠥᠩᠭᠡᠨ ᠲᠠᠯ᠎ᠠ ᠪᠠ ᠦᠨᠳᠦᠰᠦ ᠰᠤᠷᠪᠤᠯᠵᠢ ᠶᠢ ᠵᠡᠷᠭᠡ ᠪᠠᠷ ᠵᠠᠰᠠᠵᠤ ᠲᠦᠭᠰᠢᠭᠦᠷᠢ ᠶᠢ ᠠᠷᠢᠯᠭᠠᠨ᠂ ᠬᠡᠷ ᠪᠠᠶᠢᠰᠢᠩ ᠭᠠᠵᠠᠷ ᠬᠥᠷᠥᠩᠭᠡ ᠶᠢᠨ ᠵᠠᠬ᠎ᠠ ᠳᠡᠯᠭᠡᠭᠦᠷ ᠤᠨ ᠠᠵᠤ ᠠᠬᠤᠶᠢᠯᠠᠯ ᠤᠨ ᠲᠣᠭᠲᠠᠭᠤᠨ ᠢᠶᠠᠷ ᠳᠡᠭᠡᠭᠰᠢᠯᠡᠬᠦ᠂ ᠲᠣᠭᠲᠠᠭᠤᠨ ᠪᠦᠭᠡᠳ ᠡᠷᠡᠭᠦᠯ ᠢᠶᠠᠷ ᠬᠥᠭᠵᠢᠬᠦ ᠶᠢ ᠠᠬᠢᠭᠤᠯᠬᠤ ᠬᠡᠷᠡᠭᠲᠡᠶ ᠃ ᠴᠢᠬᠤᠯᠠ ᠶᠡᠭᠡ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠪᠠᠷ ᠪᠦᠲᠦᠮᠵᠢᠲᠡᠢ ᠪᠡᠯᠡ ᠣᠷᠣᠭᠤᠯᠤᠯᠲᠠ ᠶᠢ ᠥᠷᠭᠡᠳᠬᠡᠬᠦ ᠶᠢ ᠪᠠᠷᠢᠮᠲᠠᠯᠠᠵᠤ᠂ ᠲᠤᠯᠠᠭᠠᠯᠭ᠎ᠠ ᠶᠢᠨ ᠢᠨᠵᠧᠨᠧᠷᠢᠩ᠂ ᠬᠠᠭᠤᠴᠢᠨ ᠰᠠᠭᠤᠭᠠᠯᠢ ᠠᠷᠠᠳ ᠤᠨ ᠲᠣᠭᠤᠷᠢᠭ ᠤᠨ ᠦᠭᠡᠷᠡᠴᠢᠯᠡᠯᠳᠡ᠂ ᠪᠠᠲᠤᠯᠠᠭ᠎ᠠ ᠶᠢᠨ ᠴᠢᠨᠠᠷᠲᠠᠢ ᠲᠦᠷᠢᠶᠡᠰᠦᠨ ᠣᠷᠣᠨ ᠰᠠᠭᠤᠴᠠ᠂ ᠬᠠᠳᠤᠨ ᠭᠤᠣᠯ ᠤᠨ ᠰᠠᠪᠠ ᠭᠠᠵᠠᠷ ᠤᠨ ᠠᠮᠢ ᠠᠬᠤᠢ ᠶᠢᠨ ᠬᠠᠮᠠᠭᠠᠯᠠᠯᠲᠠ ᠵᠡᠷᠭᠡ ᠴᠢᠬᠤᠯᠠ ᠶᠡᠭᠡ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠰᠢᠵᠢᠷ ᠠᠯᠳᠠᠨ ᠬᠤᠭᠤᠴᠠᠭ᠎ᠠ ᠶᠢ ᠰᠠᠶᠢᠲᠤᠷ ᠡᠵᠡᠮᠳᠡᠵᠦ᠂ ᠠᠵᠢᠯ ᠡᠬᠢᠯᠡᠭᠦᠯᠦᠨ ᠪᠦᠳᠦᠭᠡᠨ ᠪᠠᠶᠢᠭᠤᠯᠬᠤ ᠠᠬᠢᠴᠠ ᠶᠢ ᠲᠦᠷᠭᠡᠳᠬᠡᠵᠦ᠂ ᠪᠦᠬᠦ ᠶᠠᠪᠤᠴᠠ ᠶᠢᠨ ᠮᠥᠷᠳᠡᠨ ᠦᠢᠯᠡᠴᠢᠯᠡᠬᠦ ᠶᠢ ᠴᠢᠩᠭᠠᠳᠬᠠᠵᠤ᠂ ᠨᠡᠩ ᠤᠯᠠᠨ ᠪᠡᠯᠡ ᠣᠷᠣᠭᠤᠯᠤᠯᠲᠠ ᠶᠢᠨ ᠬᠡᠮᠵᠢᠶ᠎ᠡ᠂ ᠠᠵᠢᠯ ᠤᠨ ᠬᠡᠮᠵᠢᠶ᠎ᠡ᠂ ᠪᠣᠳᠠᠲᠤ ᠪᠣᠳᠠᠰ ᠤᠨ ᠬᠡᠮᠵᠢᠶ᠎ᠡ ᠶᠢ ᠪᠦᠷᠢᠯᠳᠦᠭᠦᠯᠵᠦ᠂ ᠣᠨ ᠤ ᠡᠭᠦᠷᠭᠡ ᠶᠢ ᠲᠣᠭᠲᠠᠭᠰᠠᠨ ᠬᠤᠭᠤᠴᠠᠭᠠᠨ ᠳᠤ ᠪᠡᠶᠡᠯᠡᠭᠦᠯᠬᠦ ᠶᠢ ᠪᠠᠲᠤᠯᠠᠬᠤ ᠬᠡᠷᠡᠭᠲᠡᠢ᠃ ᠠᠵᠢᠯᠴᠢ ᠬᠢᠴᠢᠶᠡᠩᠭᠦᠢ ᠪᠠᠷ ᠵᠠᠰᠠᠭ ᠪᠠᠷᠢᠵᠤ ᠪᠣᠳᠠᠲᠠᠢ ᠶᠢ ᠡᠷᠬᠢᠮᠯᠡᠬᠦ ᠰᠠᠶᠢᠨ ᠰᠤᠷᠲᠠᠯ ᠢ ᠳᠠᠪᠲᠠᠨ ᠪᠣᠯᠪᠠᠰᠤᠷᠠᠭᠤᠯᠵᠤ᠂ ᠪᠣᠳᠠᠲᠤ ᠠᠮᠵᠢᠯᠲᠠ ᠪᠦᠲᠦᠮᠵᠢ ᠢ ᠡᠷᠬᠢᠮᠯᠡᠨ ᠂ ᠦᠷ᠎ᠡ ᠳ᠋ᠦᠩ ᠢ ᠬᠦᠨᠳᠦᠳᠭᠡᠵᠦ᠂ ᠭᠦᠢᠴᠡᠳ ᠪᠣᠳᠣᠯᠬᠢᠯᠠᠭᠰᠠᠨ᠂ ᠣᠨᠣᠪᠴᠢᠲᠠᠢ ᠂ ᠨᠢᠭᠡᠨᠲᠡ ᠲᠣᠭᠲᠠᠭᠰᠠᠨ ᠤᠴᠢᠷ ᠶᠠᠪᠤᠳᠠᠯ ᠢ ᠥᠷᠯᠥᠭᠡ ᠦᠳᠡᠰᠢ ᠶᠢ ᠲᠡᠮᠡᠴᠡᠬᠦ ᠣᠪᠣᠷ ᠢᠶᠠᠷ ᠠᠵᠢᠯ ᠤᠨ ᠠᠬᠢᠴᠠ ᠶᠢ ᠴᠢᠩᠭ᠎ᠠ ᠠᠩᠬᠠᠷᠴᠤ᠂ ᠨᠢᠭᠡᠳ ᠨᠢᠭᠡ ᠪᠠᠷ ᠨᠠᠶᠢᠳᠠᠪᠦᠷᠢᠵᠢᠭᠤᠯᠵᠤ ᠂ ᠨᠢᠭᠡᠳ ᠨᠢᠭᠡ ᠪᠠᠷ ᠦᠷ᠎ᠡ ᠪᠦᠲᠦᠮᠵᠢ ᠣᠯᠵᠤ᠂ ᠠᠵᠢᠯ ᠢ ᠡᠷᠲᠡ ᠠᠬᠢᠭᠤᠯᠬᠤ᠂ ᠡᠭᠦᠷᠭᠡ ᠶᠢ ᠡᠷᠲᠡ ᠨᠠᠶᠢᠳᠠᠪᠤᠷᠢᠵᠢᠭᠤᠯᠬᠤ᠂ ᠦᠷ᠎ᠡ ᠪᠦᠲᠦᠮᠵᠢ ᠶᠢ ᠡᠷᠲᠡ ᠢᠯᠡᠷᠡᠭᠦᠯᠬᠦ ᠶᠢ ᠬᠦᠴᠦᠯᠡᠨ ᠠᠬᠢᠭᠤᠯᠬᠤ ᠬᠡᠷᠡᠭᠲᠡᠢ ᠭᠡᠵᠤ ᠱᠠᠭᠠᠷᠳᠠᠪᠠ᠃
W020240514328650440956.png
    ᠬᠤᠷᠠᠯ ᠠᠴᠠ᠂ ᠶᠡᠷᠦᠩᠬᠡᠶ ᠱᠦᠵᠢ ᠰᠢ ᠶᠢᠨ ᠫᠢᠩ ᠤᠨ ︽ᠲᠦᠭ ᠲᠦᠮᠡᠨ ᠠᠵᠢᠯᠲᠠᠨ ᠢ ᠵᠣᠬᠢᠶᠠᠨ ᠪᠠᠶᠢᠭᠤᠯᠤᠨ ᠳᠠᠶᠢᠴᠢᠯᠠᠵᠤ ᠤᠯᠤᠰ ᠢᠶᠠᠨ ᠬᠦᠴᠦᠷᠬᠡᠭᠵᠢᠭᠦᠯᠬᠦ ᠪᠥᠲᠥᠭᠡᠨ ᠪᠠᠶᠢᠭᠤᠯᠤᠯᠲᠠ᠂ ᠦᠨᠳᠦᠰᠦᠲᠡᠨ ᠤ ᠰᠡᠷᠭᠦᠨ ᠮᠠᠨᠳᠤᠯᠲᠠ ᠶᠢᠨ ᠠᠭᠤᠤ ᠶᠡᠭᠡ ᠦᠢᠯᠡᠰ ᠲᠤ ᠢᠳᠡᠪᠬᠢᠲᠡᠶ ᠣᠷᠣᠯᠴᠠᠭᠤᠯᠤᠶ᠎ᠠ︾ ᠭᠡᠬᠦ ᠴᠢᠬᠤᠯᠠ ᠵᠣᠬᠢᠶᠠᠯ ᠵᠢᠴᠢ ᠲᠠᠪᠤᠨ ᠰᠠᠷ᠎ᠠ ᠶᠢᠨ ᠨᠢᠭᠡᠨ ᠤ ᠬᠦᠳᠡᠯᠮᠦᠷᠢᠴᠢᠳ ᠤᠨ ᠪᠠᠶᠠᠷ᠂ ᠲᠠᠪᠤᠨ ᠰᠠᠷ᠎ᠠ ᠶᠢᠨ ᠳᠥᠷᠪᠡᠨ ᠤ ᠵᠠᠯᠠᠭᠤᠴᠤᠳ ᠤᠨ ᠪᠠᠶᠠᠷ ᠤᠨ ᠲᠠᠰᠢᠷᠠᠮ ᠳᠤ ᠪᠥᠬᠦ ᠤᠯᠤᠰ ᠤᠨ ᠥᠷᠭᠡᠨ ᠣᠯᠠᠨ ᠬᠥᠳᠡᠯᠮᠦᠷᠢᠴᠢᠨ ᠲᠦᠮᠡᠨ ᠪᠠ ᠵᠠᠯᠠᠭᠤᠴᠤᠳ ᠲᠤ ᠲᠠᠯᠪᠢᠭᠰᠠᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠣᠶᠢᠯᠠᠭᠠᠵᠤ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠠᠵᠢᠯ ᠲᠥᠷᠥᠯ ᠤᠨ ᠥᠷᠭᠡᠨ ᠣᠯᠠᠨ ᠬᠥᠳᠡᠯᠮᠦᠷᠢᠴᠢᠨ ᠲᠦᠮᠡᠨ ᠪᠠ ᠺᠠᠳ᠋ᠷ ᠠᠵᠢᠯᠲᠠᠨ ᠠᠵᠢᠯᠴᠢᠨ ᠢ ᠬᠥᠲᠥᠯᠥᠨ ᠵᠢᠯᠣᠭᠤᠳᠴᠤ ᠪᠠᠶᠢᠭᠠᠳ ᠬᠥᠳᠡᠯᠮᠦᠷᠢ ᠶᠢᠨ ᠵᠢᠱᠢᠶᠡᠴᠢ ᠶᠢᠨ ᠵᠣᠷᠢᠭ ᠰᠠᠨᠠᠭ᠎ᠠ᠂ ᠬᠥᠳᠡᠯᠮᠦᠷᠢ ᠶᠢᠨ ᠵᠣᠷᠢᠭ ᠰᠠᠨᠠᠭ᠎ᠠ᠂ ᠤᠷᠠᠨ ᠳᠠᠷᠬᠠᠨ ᠤ ᠵᠣᠷᠢᠭ ᠰᠠᠨᠠᠭ᠎ᠠ ᠶᠢ ᠶᠡᠭᠡ ᠪᠠᠷ ᠪᠠᠳᠠᠷᠠᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠠᠵᠢᠯ ᠤᠨ ᠭᠤᠤᠯ ᠰᠢᠵᠢᠮ ᠤᠨ ᠲᠣᠭᠤᠷᠢᠨ ᠳᠤ᠂ ︽ᠬᠤᠶᠠᠷ ᠶᠡᠭᠡ ᠶᠠᠪᠤᠳᠠᠯ︾ ᠢ ᠰᠠᠶᠢᠲᠤᠷ ᠬᠢᠬᠦ ᠳᠤ ᠠᠩᠬᠠᠷᠤᠯ ᠢᠶᠠᠨ ᠲᠥᠪᠯᠡᠷᠡᠭᠦᠯᠵᠦ᠂ ᠠᠵᠢᠯ ᠤᠨ ᠪᠠᠶᠢᠷᠢ ᠳᠠᠭᠠᠨ ᠰᠠᠭᠤᠷᠢᠯᠠᠨ ᠠᠰᠠᠭᠤᠳᠠᠯ ᠢ ᠰᠤᠳᠤᠯᠵᠤ᠂ ᠬᠦᠴᠢᠷ ᠠᠰᠠᠭᠤᠳᠠᠯ ᠢ ᠰᠢᠢᠳᠪᠦᠷᠢᠯᠡᠨ᠂ ᠠᠵᠢᠯ ᠢᠶᠠᠨ ᠠᠬᠢᠭᠤᠯᠵᠤ᠂ ᠦᠪᠡᠷ ᠦᠪᠡᠷ ᠤᠨ ᠴᠢᠳᠠᠪᠤᠷᠢ ᠪᠠᠨ ᠢᠯᠡᠷᠡᠭᠦᠯᠵᠦ᠂ ᠲᠣᠰ ᠲᠣᠰ ᠤᠨ ᠳᠠᠪᠠᠭᠤᠯᠢᠭ ᠢᠶᠠᠨ ᠪᠠᠳᠠᠷᠠᠭᠤᠯᠵᠤ᠂ ᠥᠪᠡᠷᠲᠡᠭᠡᠨ ᠵᠠᠰᠠᠬᠤ ᠣᠷᠣᠨ ᠤ ︽ᠰᠢᠨ᠎ᠡ ᠵᠠᠮ ᠢ ᠨᠡᠭᠡᠭᠡᠬᠦ᠂ ᠳᠤᠮᠳᠠᠳᠤ ᠤᠷᠤᠰᠬᠠᠯ ᠳᠤ ᠣᠷᠣᠬᠤ︾ ᠬᠠᠷᠠᠯᠲᠠ ᠶᠢ ᠪᠡᠶᠡᠯᠡᠭᠦᠯᠬᠦ ᠳᠤ ᠣᠶᠤᠨ ᠤᠬᠠᠭᠠᠨ ᠪᠠ ᠬᠦᠴᠦᠨ ᠴᠢᠳᠠᠯ ᠢᠶᠠᠨ ᠡᠷᠭᠦᠬᠦ ᠬᠡᠷᠡᠭᠲᠡᠶ ᠃ ᠠᠵᠢᠯ ᠲᠥᠷᠥᠯ ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠨ ᠡᠭᠦᠷᠭᠡ ᠴᠢᠳᠠᠪᠤᠷᠢ ᠶᠢᠨ ᠦᠢᠯᠡᠳᠦᠯ ᠢ ᠪᠠᠳᠠᠷᠠᠭᠤᠯᠵᠤ᠂ ᠬᠦᠯᠦᠰᠦᠨ ᠠᠵᠢᠯᠴᠢᠳ ᠤᠨ ᠬᠥᠳᠡᠯᠮᠦᠷᠢ ᠶᠢᠨ ᠣᠯᠵᠠᠪᠤᠷᠢ ᠶᠢ ᠬᠠᠮᠠᠭᠠᠯᠠᠨ᠂ ᠬᠦᠯᠦᠰᠦᠨ ᠠᠵᠢᠯᠴᠢᠳ ᠤᠨ ᠴᠠᠯᠢᠩ ᠢ ᠥᠷᠢᠲᠦᠵᠦ ᠪᠠᠶᠢᠭ᠎ᠠ ᠵᠡᠷᠭᠡ ᠪᠣᠳᠠᠲᠠᠶ ᠠᠰᠠᠭᠤᠳᠠᠯ ᠢ ᠬᠦᠴᠦᠯᠡᠨ ᠰᠠᠶᠢᠲᠤᠷ ᠰᠢᠢᠳᠪᠦᠷᠢᠯᠡᠵᠦ᠂ ᠴᠠᠯᠢᠩ ᠤᠯᠭᠤᠬᠤ ᠠᠵᠢᠯᠯᠠᠭ᠎ᠠ ᠶᠢ ᠵᠢᠷᠤᠮᠵᠢᠭᠤᠯᠤᠨ᠂ ᠵᠠᠬ᠎ᠠ ᠳᠡᠯᠭᠡᠭᠦᠷ ᠤᠨ ᠣᠷᠴᠢᠨ ᠲᠣᠭᠤᠷᠢᠨ ᠢ ᠰᠢᠯᠢᠳᠡᠭᠵᠢᠭᠦᠯᠬᠦ ᠬᠡᠷᠡᠭᠲᠡᠶ᠃ ᠠᠵᠢᠯᠴᠢᠨ ᠤ ᠡᠪᠯᠡᠯ ᠤᠨ ᠦᠢᠯᠡᠴᠢᠯᠡᠭᠡᠨ ᠤ ᠰᠢᠰᠲ᠋ᠧᠮ ᠢ ᠤᠯᠠᠮ ᠴᠢᠨᠠᠭᠰᠢᠳᠠ ᠪᠦᠷᠢᠨᠰᠢᠬᠦᠯᠦᠨ ᠲᠡᠭᠦᠯᠳᠡᠷᠵᠢᠭᠦᠯᠵᠦ᠂ ᠣᠷᠴᠢᠨ ᠲᠣᠭᠤᠷᠢᠨ ᠤ ᠠᠷᠢᠭᠤᠨ ᠴᠡᠪᠡᠷ ᠤᠨ ᠠᠵᠢᠯᠴᠢᠨ᠂ ᠪᠠᠷᠢᠯᠭ᠎ᠠ ᠶᠢᠨ ᠠᠵᠢᠯᠴᠢᠨ᠂ ᠶᠠᠳᠠᠭᠤ ᠬᠦᠴᠢᠷᠳᠡᠯᠲᠡᠢ ᠭᠡᠷ ᠪᠦᠯᠢ ᠺᠠᠳ᠋ᠷ ᠠᠵᠢᠯᠳᠠᠨ ᠵᠡᠷᠭᠡ ᠬᠠᠮᠲᠤᠯᠢᠭ ᠤᠨ ᠪᠠᠴᠢᠮᠳᠠᠵᠤ ᠬᠦᠴᠢᠷᠳᠡᠵᠦ ᠵᠣᠪᠠᠨᠢᠵᠤ ᠬᠦᠰᠡᠵᠦ ᠪᠠᠶᠢᠭ᠎ᠠ ᠠᠰᠠᠭᠤᠳᠠᠯ ᠢ ᠴᠠᠭ ᠲᠤᠬᠠᠢ ᠳᠤᠨᠢ ᠬᠠᠪᠰᠤᠷᠤᠨ ᠰᠢᠢᠳᠪᠦᠷᠢᠯᠡᠬᠦ ᠬᠡᠷᠡᠭᠲᠡᠢ᠃ ᠶᠡᠷᠦᠩᠬᠡᠶ ᠱᠦᠵᠢ ᠰᠢ ᠶᠢᠨ ᠫᠢᠩ ᠤᠨ ᠰᠤᠷᠭᠠᠭᠤᠯᠢ ᠶᠢᠨ ᠦᠵᠡᠯ ᠰᠠᠨᠠᠭ᠎ᠠ ᠤᠯᠤᠰ ᠲᠥᠷᠥ ᠶᠢᠨ ᠬᠢᠴᠢᠶᠡᠯ ᠤᠨ ᠪᠠᠶᠢᠭᠤᠯᠤᠯᠲᠠ ᠶᠢᠨ ᠲᠤᠬᠠᠶ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠬᠢᠨᠠᠮᠠᠭᠠᠶ ᠰᠤᠷᠤᠯᠴᠠᠨ ᠣᠶᠢᠯᠠᠭᠠᠵᠤ᠂ ᠦᠵᠡᠯ ᠰᠠᠨᠠᠭ᠎ᠠ ᠤᠯᠤᠰ ᠲᠥᠷᠥ ᠶᠢᠨ ᠵᠢᠯᠣᠭᠤᠳᠤᠮᠵᠢ ᠪᠠᠨ ᠤᠯᠠᠮ ᠨᠢᠭᠡ ᠠᠯᠬᠤᠮ ᠴᠢᠩᠭᠠᠳᠬᠠᠵᠤ᠂ ᠦᠵᠡᠯ ᠰᠠᠨᠠᠭ᠎ᠠ ᠤᠯᠤᠰ ᠲᠥᠷᠥ ᠶᠢᠨ ᠪᠠᠶᠢᠭᠤᠯᠤᠯᠲᠠ ᠬᠢᠭᠡᠳ ᠨᠠᠮ ᠤᠨ ᠰᠢᠨ᠎ᠡ ᠶᠢ ᠡᠭᠦᠳᠬᠦ ᠣᠨᠣᠯ ᠢᠶᠠᠷ ᠵᠡᠪᠰᠡᠭᠯᠡᠬᠦ ᠶᠢ ᠵᠡᠷᠭᠡ ᠪᠠᠷ ᠠᠬᠢᠭᠤᠯᠬᠤ ᠶᠢ ᠪᠠᠷᠢᠮᠲᠠᠯᠠᠵᠤ᠂ ᠥᠷᠭᠡᠨ ᠣᠯᠠᠨ ᠵᠠᠯᠠᠭᠤ ᠺᠠᠳ᠋ᠷᠴᠤᠳ ᠤᠨ ᠴᠤᠭ ᠪᠠᠳᠠᠷᠠᠩᠭᠤᠶ ᠥᠭᠡᠳᠡᠯᠡᠨ ᠳᠠᠪᠰᠢᠬᠤ ᠣᠶᠤᠨ ᠰᠠᠨᠠᠭᠠᠨ ᠤ ᠳᠦᠷᠰᠦ ᠪᠠᠶᠢᠳᠠᠯ ᠢ ᠬᠥᠭᠵᠢᠭᠡᠵᠦ᠂ ᠡᠷᠡᠰ ᠭᠤᠶᠢᠪᠢᠰᠢ ᠥᠬᠡᠶ ᠪᠠᠷ ᠨᠠᠮ ᠤᠨ ᠦᠭᠡ ᠶᠢ ᠰᠣᠨᠣᠰᠴᠤ᠂ ᠨᠠᠮ ᠤᠨ ᠠᠴᠢ ᠳᠤ ᠲᠠᠯᠠᠷᠬᠠᠵᠤ᠂ ᠨᠠᠮ ᠢᠶᠠᠨ ᠳᠠᠭᠠᠵᠤ᠂ ᠴᠠᠭ ᠦᠶ᠎ᠡ ᠶᠢᠨ ᠬᠥᠭᠵᠢᠯᠲᠡ ᠶᠢᠨ ᠭᠤᠤᠯ ᠬᠦᠴᠦᠨ ᠪᠣᠯᠬᠤ ᠪᠠᠷ ᠴᠢᠷᠮᠠᠶᠢᠬᠤ ᠬᠡᠷᠡᠭᠲᠡᠶ᠃ ᠵᠠᠯᠠᠭᠤ ᠺᠠᠳ᠋ᠷᠴᠤᠳ ᠤᠨ ᠦᠰᠦᠨ ᠪᠤᠶᠢᠵᠢᠵᠤ ᠴᠢᠳᠠᠪᠤᠷᠢᠲᠠᠨ ᠪᠣᠯᠬᠤ ᠳᠤ ᠢᠳᠡᠪᠬᠢᠲᠡᠢ ᠪᠠᠷ ᠲᠠᠪᠴᠠᠩ ᠪᠠᠶᠢᠭᠤᠯᠤᠨ᠂ ᠨᠥᠬᠦᠴᠡᠯ ᠪᠦᠷᠢᠯᠳᠦᠭᠦᠯᠦᠨ ᠥᠭᠴᠦ᠂ ᠨᠡᠩ ᠤᠯᠠᠨ ᠦᠢᠯᠡᠴᠢᠯᠡᠭᠡᠨ ᠤ ᠠᠵᠢᠯ ᠲᠦᠷᠦᠯ ᠤᠨ ᠬᠥᠭᠵᠢᠯᠲᠡ ᠶᠢᠨ ᠠᠵᠠ ᠲᠣᠬᠢᠶᠠᠯ ᠬᠠᠩᠭᠠᠵᠤ᠂ ᠥᠷᠨᠢᠭᠦᠨ ᠬᠥᠭᠵᠢᠬᠦ᠂ ᠵᠣᠷᠢᠭᠲᠠᠢ ᠪᠠᠷ ᠬᠢᠵᠦ ᠵᠣᠷᠢᠭᠲᠠᠢ ᠪᠠᠷ ᠲᠡᠮᠡᠴᠡᠬᠦ ᠵᠠᠯᠠᠭᠤᠴᠤᠳ ᠤᠨ ᠬᠦᠴᠦᠨ ᠢ ᠨᠢᠭᠲᠠᠷᠠᠭᠤᠯᠬᠤ ᠬᠡᠷᠡᠭᠲᠡᠢ ᠭᠡᠵᠤ ᠴᠢᠬᠤᠯᠠᠴᠢᠯᠠᠪᠠ᠃    ᠬᠤᠷᠠᠯ ᠠᠴᠠ᠂ ᠶᠡᠷᠦᠩᠬᠡᠢ ᠱᠦᠵᠢ ᠰᠢ ᠶᠢᠨ ᠫᠢᠩ ᠤᠨ ᠭᠤᠸᠠᠩᠳᠦ᠋ᠩ ᠤᠨ ᠮᠧᠢ ᠳ᠋ᠠ ᠲᠦᠷᠭᠡᠨ ᠤ ᠵᠠᠰᠠᠮᠠᠯ ᠵᠠᠮ ᠤᠨ ᠴᠠ ᠶᠠᠩ ᠵᠠᠮ ᠤᠨ ᠨᠤᠷᠠᠭᠰᠠᠨ ᠭᠠᠮᠰᠢᠭ ᠤᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠬᠤᠷᠢᠭ᠎ᠠ ᠱᠤᠭᠤᠮ ᠤᠨ ᠰᠡᠳᠬᠢᠬᠦᠢ᠂ ᠲᠦᠢᠯᠰᠢᠷᠠᠯ ᠤᠨ ᠰᠡᠳᠬᠢᠬᠦᠢ ᠶᠢ ᠪᠠᠲᠤ ᠪᠠᠬᠢ ᠪᠤᠢ ᠪᠣᠯᠭᠠᠵᠤ᠂ ᠠᠷᠠᠳ ᠲᠦᠮᠡᠨ ᠳᠤ ᠲᠤᠶᠢᠯ ᠢᠶᠠᠷ ᠬᠠᠷᠢᠭᠤᠴᠠᠬᠤ ᠣᠪᠣᠷ ᠢᠶᠠᠷ ︽ᠴᠠᠭ ᠢᠮᠠᠭᠲᠠ ᠰᠠᠨᠠᠭ᠎ᠠ ᠠᠮᠤᠷ ᠦᠭᠡᠢ︾ ᠬᠠᠷᠢᠭᠤᠴᠠᠯᠭᠠᠲᠤ ᠰᠡᠳᠬᠢᠯᠭᠡ ᠶᠢ ᠪᠠᠷᠢᠮᠳᠠᠯᠠᠵᠦ᠂ ᠣᠷᠣᠨ ᠰᠠᠭᠤᠴᠠ ᠪᠠ ᠬᠤᠳᠠ ᠬᠥᠳᠡᠭᠡ ᠶᠢᠨ ᠪᠦᠳᠦᠭᠡᠨ ᠪᠠᠶᠢᠭᠤᠯᠤᠯᠲᠠ ᠶᠢᠨ ᠬᠦᠷᠢᠶᠡᠨ ᠤ ᠠᠶᠤᠯᠭᠦᠢ ᠦᠢᠯᠡᠳᠪᠦᠷᠢᠯᠡᠯ ᠤᠨ ᠠᠵᠢᠯ ᠢ ᠥᠴᠦᠬᠡᠨ ᠴᠦ ᠰᠤᠯᠠᠷᠠᠭᠤᠯᠤᠯ ᠦᠭᠡᠢ ᠰᠠᠶᠢᠲᠤᠷ ᠠᠳᠬᠤᠵᠤ᠂ ᠬᠦᠨᠳᠦ ᠶᠡᠭᠡ ᠠᠳᠡᠯ ᠤᠨ ᠭᠡᠮ ᠰᠣᠭᠤᠭ ᠢ ᠡᠷᠡᠰ ᠠᠷᠢᠯᠭᠠᠵᠤ᠂ ᠬᠦᠨᠳᠦ ᠶᠡᠭᠡ ᠠᠮᠤᠷ ᠲᠦᠪᠰᠢᠨ ᠤ ᠠᠶᠤᠯ ᠲᠦᠭᠰᠢᠭᠦᠷᠢ ᠶᠢ ᠪᠦᠲᠦᠮᠵᠢᠲᠡᠢ ᠬᠠᠮᠢᠶᠠᠷᠤᠨ ᠡᠵᠡᠮᠳᠡᠵᠦ᠂ ᠠᠷᠠᠳ ᠤᠯᠠᠨ ᠤ ᠠᠮᠢ ᠨᠠᠰᠤ ᠡᠳ᠋ ᠬᠦᠷᠦᠩᠭᠡ ᠶᠢᠨ ᠠᠮᠤᠷ ᠲᠦᠪᠰᠢᠨ ᠪᠠ ᠨᠡᠶᠢᠭᠡᠮ ᠤᠨ ᠶᠡᠭᠡ ᠲᠠᠯ᠎ᠠ ᠶᠢᠨ ᠲᠣᠭᠲᠠᠭᠤᠨ ᠢ ᠪᠠᠲᠤᠯᠠᠬᠤ ᠬᠡᠷᠡᠭᠲᠡᠢ ᠃ ᠠᠶᠤᠯ ᠲᠦᠭᠰᠢᠭᠦᠷᠢ ᠶᠢ ᠰᠡᠷᠭᠡᠶᠢᠯᠡᠨ ᠠᠷᠭᠠᠴᠠᠬᠤ ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠬᠤᠳᠠ ᠪᠠᠯᠭᠠᠰᠤᠨ ᠤ ᠰᠢᠲᠠᠮᠠᠬᠠᠢ ᠬᠡᠢ᠂ ᠪᠠᠷᠢᠯᠭ᠎ᠠ ᠶᠢᠨ ᠭᠠᠵᠠᠷ᠂ ᠬᠤᠳᠠ ᠶᠢᠨ ᠶᠠᠪᠤᠳᠠᠯ ᠤᠨ ᠲᠥᠬᠦᠭᠡᠷᠦᠮᠵᠢ᠂ ᠦᠪᠡᠰᠤᠪᠠᠨ ᠪᠠᠷᠢᠭᠰᠠᠨ ᠭᠡᠷ ᠪᠠᠶᠢᠰᠢᠩ ᠵᠡᠷᠭᠡ ᠭᠤᠣᠯᠳᠠᠯᠭ᠎ᠠ ᠲᠠᠢ ᠬᠦᠷᠢᠶ᠎ᠡ ᠪᠣᠯᠤᠨ ᠭᠤᠣᠯᠳᠠᠯᠭ᠎ᠠ ᠲᠠᠢ ᠣᠷᠣᠨ ᠪᠠᠶᠢᠷᠢ ᠶᠢ ᠴᠢᠩᠭ᠎ᠠ ᠠᠩᠬᠠᠷᠴᠤ᠂ ᠪᠦᠬᠦᠨ ᠢ ᠬᠠᠮᠤᠷᠤᠨ ᠵᠢᠭᠰᠠᠭᠠᠨ ᠪᠠᠶᠢᠴᠠᠭᠠᠵᠤ᠂ ᠪᠦᠬᠦᠨ ᠢ ᠪᠢᠲᠡᠭᠦᠮᠵᠢᠯᠡᠨ ᠰᠢᠢᠳᠪᠦᠷᠢᠯᠡᠵᠦ᠂ ᠠᠶᠤᠯ ᠲᠦᠭᠰᠢᠭᠦᠷᠢ ᠶᠢ ᠤᠷᠢᠳᠴᠢᠯᠠᠨ ᠰᠡᠷᠭᠡᠶᠢᠯᠡᠵᠦ᠂ ᠤᠷᠢᠳᠴᠢᠯᠠᠨ ᠰᠢᠢᠳᠪᠦᠷᠢᠯᠡᠬᠦ ᠬᠡᠷᠡᠭᠲᠡᠢ᠃ ᠠᠶᠤᠯᠭᠦᠢ ᠦᠢᠯᠡᠳᠪᠦᠷᠢᠯᠡᠯ ᠤᠨ ᠰᠠᠭᠤᠷᠢ ᠴᠢᠳᠠᠪᠤᠷᠢ ᠶᠢᠨ ᠪᠠᠶᠢᠭᠤᠯᠤᠯᠲᠠ ᠶᠢ ᠦᠷᠭᠦᠯᠵᠢᠯᠡᠨ ᠴᠢᠩᠭᠠᠳᠬᠠᠵᠤ᠂ ᠨᠢᠭᠡ ᠪᠦᠯᠦᠭ ︽ᠬᠥᠮᠦᠨ ᠢᠶᠠᠷ ᠰᠡᠷᠭᠡᠶᠢᠯᠡᠬᠦ᠂ ᠮᠡᠷᠭᠡᠵᠢᠯ ᠢᠶᠠᠷ ᠰᠡᠷᠭᠡᠶᠢᠯᠡᠬᠦ᠂ ᠢᠨᠵᠧᠨᠧᠷᠢᠩ ᠢᠶᠠᠷ ᠰᠡᠷᠭᠡᠶᠢᠯᠡᠬᠦ᠂ ᠬᠠᠮᠢᠶᠠᠷᠤᠯᠲᠠ ᠪᠠᠷ ᠰᠡᠷᠭᠡᠶᠢᠯᠡᠬᠦ︾ ᠠᠷᠭ᠎ᠠ ᠬᠡᠮᠵᠢᠶ᠎ᠡ ᠶᠢ ᠭᠦᠨᠵᠡᠭᠡᠶ ᠬᠡᠷᠡᠭᠵᠢᠭᠦᠯᠵᠦ᠂ ᠬᠤᠲᠠ ᠶᠢᠨ ᠠᠮᠢ ᠨᠠᠰᠤᠨ ᠤ ᠱᠤᠭᠤᠮ ᠤᠨ ᠠᠮᠤᠷ ᠲᠦᠪᠰᠢᠨ ᠤ ᠢᠨᠵᠧᠨᠧᠷᠢᠩ ᠤᠨ ᠪᠥᠲᠥᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠲᠤᠯᠭᠠᠭᠤᠷᠢᠯᠠᠯ ᠢ ᠲᠡᠭᠦᠯᠳᠡᠷᠵᠢᠭᠦᠯᠦᠨ᠂ ᠬᠠᠮᠲᠤᠪᠠᠷ ᠵᠠᠰᠠᠬᠤ ᠰᠢᠰᠲ᠋ᠧᠮ ᠢ ᠪᠦᠷᠢᠨᠰᠢᠬᠦᠯᠵᠦ᠂ ᠠᠵᠢᠯ ᠲᠥᠷᠥᠯ ᠤᠨ ᠮᠥᠨ ᠴᠢᠨᠠᠷ ᠤᠨ ᠠᠮᠤᠷ ᠲᠦᠪᠰᠢᠨ ᠤ ᠬᠢᠷᠢ ᠲᠦᠪᠰᠢᠨ ᠢ ᠳᠡᠭᠡᠭᠰᠢᠯᠡᠭᠦᠯᠬᠦ ᠬᠡᠷᠡᠭᠲᠡᠶ᠃ ︽ᠭᠤᠷᠪᠠ ᠶᠢ ᠬᠠᠮᠢᠶᠠᠷᠴᠤ ᠭᠤᠷᠪᠠ ᠶᠢ ᠡᠷᠬᠡᠪᠰᠢ ᠭᠦᠢᠴᠡᠳᠬᠡᠬᠦ︾ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠠᠵᠢᠯ ᠤᠨ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ ᠶᠢ ᠴᠢᠩᠭᠠᠳᠬᠠᠵᠤ᠂ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠦᠯ ᠢ ᠲᠡᠭᠦᠯᠳᠡᠷᠵᠢᠭᠦᠯᠵᠦ᠂ ᠠᠶᠤᠯᠭᠦᠢ ᠦᠢᠯᠡᠳᠪᠦᠷᠢᠯᠡᠯ ᠤᠨ ᠡᠯ᠎ᠡ ᠵᠦᠢᠯ ᠤᠨ ᠰᠡᠷᠭᠡᠶᠢᠯᠡᠬᠦ ᠠᠷᠭ᠎ᠠ ᠬᠡᠮᠵᠢᠶ᠎ᠡ ᠶᠢᠨ ᠡᠴᠦᠰ ᠤᠨ ᠨᠠᠶᠢᠳᠠᠪᠤᠷᠢᠵᠢᠭᠤᠯᠤᠯᠲᠠ ᠶᠢ ᠪᠦᠬᠦ ᠬᠦᠴᠦᠨ ᠢᠶᠠᠷ ᠢᠶᠠᠨ ᠰᠠᠶᠢᠲᠤᠷ ᠠᠳᠬᠤᠵᠤ᠂ ᠠᠮᠤᠷ ᠲᠦᠪᠰᠢᠨ ᠤ ᠬᠤᠷᠢᠭ᠎ᠠ ᠱᠤᠭᠤᠮ ᠢ ᠡᠷᠡᠰ ᠪᠠᠲᠤ ᠰᠠᠬᠢᠬᠤ ᠬᠡᠷᠡᠭᠲᠡᠢ ᠭᠡᠵᠦ ᠴᠢᠬᠤᠯᠠᠴᠢᠯᠠᠪᠠ ᠃    ᠬᠤᠷᠠᠯ ᠠᠴᠠ᠂ ᠤᠯᠤᠰ ᠲᠦᠷᠦ ᠶᠢ ᠡᠷᠬᠢᠮᠯᠡᠬᠦ ᠦᠨᠳᠦᠷᠴᠡ ᠠᠴᠠ ᠤᠯᠠᠨ ᠲᠦᠮᠡᠨ ᠤ ᠳᠡᠷᠭᠡᠳᠡᠬᠢ ᠲᠥᠪ ᠪᠤᠰᠤ ᠰᠤᠷᠲᠠᠯ ᠪᠣᠯᠤᠨ ᠢᠯᠵᠠᠷᠠᠯ ᠤᠨ ᠠᠰᠠᠭᠤᠳᠠᠯ ᠢ ᠲᠥᠪᠯᠡᠷᠡᠭᠦᠯᠦᠨ ᠴᠡᠭᠴᠡᠯᠡᠨ ᠵᠠᠰᠠᠬᠤ ᠠᠵᠢᠯ ᠢ ᠴᠢᠩᠭ᠎ᠠ ᠠᠳᠬᠤᠵᠤ᠂ ᠰᠠᠨᠠᠭᠠᠴᠢᠯᠠᠭ᠎ᠠ ᠠᠴᠠ ᠪᠠᠨ ᠬᠤᠰᠢᠭᠤᠴᠢᠯᠠᠨ ᠦᠢᠯᠡᠴᠢᠯᠡᠵᠦ᠂ 12 ᠲᠠᠯ᠎ᠠ ᠶᠢᠨ ᠴᠡᠭᠴᠡᠯᠡᠨ ᠵᠠᠰᠠᠬᠤ ᠭᠤᠣᠯᠳᠠᠯᠭ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ︽ᠪᠡᠯᠴᠢᠷ ᠳᠠᠷᠤᠯᠬᠢᠯᠠᠬᠤ ᠮᠠᠶ᠋ᠢᠭ︾ ᠤᠨ ᠥᠪᠡᠷ ᠢ ᠪᠠᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠠᠵᠢᠯ ᠢ ᠥᠷᠨᠢᠭᠦᠯᠵᠦ᠂ ᠪᠣᠳᠠᠲᠠᠢ ᠠᠷᠭ᠎ᠠ ᠬᠡᠮᠵᠢᠶ᠎ᠡ ᠠᠪᠴᠤ᠂ ᠫᠠᠶᠢᠰᠠ ᠡᠯᠭᠦᠨ ᠱᠠᠯᠠᠪᠳᠠᠭᠤᠯᠤᠨ ᠭᠦᠢᠴᠡᠳᠬᠡᠵᠦ᠂ ᠭᠤᠣᠯᠳᠠᠯᠭ᠎ᠠ ᠲᠠᠢ ᠴᠡᠭᠴᠡᠯᠡᠨ ᠵᠠᠰᠠᠵᠤ᠂ ᠬᠦᠮᠦᠰ ᠲᠤ ᠮᠡᠳᠡᠷᠡᠭᠳᠡᠬᠦ ᠪᠣᠳᠠᠲᠠᠢ ᠶᠠᠪᠤᠳᠠᠯ ᠰᠠᠶᠢᠨ ᠶᠠᠪᠤᠳᠠᠯ ᠢ ᠨᠢᠭᠡ ᠪᠦᠯᠦᠭ ᠪᠦᠲᠦᠭᠡᠵᠦ᠂ ᠤᠯᠠᠨ ᠲᠦᠮᠡᠨ ᠳᠤ ᠦᠨᠡᠨ ᠬᠤᠪᠢᠷᠠᠯᠲᠠ ᠂ ᠦᠨᠡᠨ ᠦᠷ᠎ᠡ ᠪᠦᠲᠦᠮᠵᠢ  ᠶᠢ ᠦᠵᠡᠭᠦᠯᠵᠦ ᠂ ᠦᠨᠡᠨ ᠪᠣᠳᠠᠲᠠᠢ ᠠᠰᠢᠭ ᠬᠦᠷᠲᠡᠭᠡᠬᠦ ᠬᠡᠷᠡᠭᠲᠡᠢ᠃ ᠬᠡᠷᠡᠭ ᠢᠶᠠᠷ ᠦᠭᠡᠷᠡᠴᠢᠯᠡᠯᠳᠡ ᠵᠠᠰᠠᠯᠳᠠ ᠶᠢ ᠠᠬᠢᠭᠤᠯᠬᠤ ᠶᠢ ᠪᠠᠷᠢᠮᠲᠠᠯᠠᠵᠤ᠂ ᠠᠰᠠᠭᠤᠳᠠᠯ ᠤᠨ ᠦᠨᠳᠦᠰᠦ ᠰᠤᠷᠪᠤᠯᠵᠢ ᠶᠢ ᠭᠦᠨᠵᠡᠭᠡᠢ ᠵᠠᠳᠠᠯᠵᠤ᠂ ᠳᠤᠲᠠᠭᠳᠠᠯ ᠪᠠᠭᠤᠷᠠᠢ ᠲᠠᠯ᠎ᠠ ᠪᠠᠨ ᠡᠷᠢᠵᠦ᠂ ᠪᠠᠶᠢᠩᠭᠤ ᠶᠢᠨ ᠤᠷᠳᠤ ᠬᠤᠭᠤᠴᠠᠭᠠᠨ ᠤ ᠪᠦᠲᠦᠮᠵᠢᠲᠡᠢ ᠲᠣᠭᠲᠠᠴᠠ ᠶᠢ ᠴᠢᠨᠠᠭᠰᠢᠳᠠ ᠲᠡᠭᠦᠯᠳᠡᠷᠵᠢᠭᠦᠯᠵᠦ᠂ ᠡᠷᠬᠡ ᠶᠢ ᠬᠢᠵᠠᠭᠠᠷᠯᠠᠬᠤ ᠪᠠ ᠬᠢᠨᠠᠯᠲᠠ ᠲᠠᠯᠪᠢᠬᠤ ᠶᠢ ᠴᠢᠩᠭᠠᠳᠬᠠᠵᠤ᠂ ᠲᠥᠪ ᠪᠤᠰᠤ ᠰᠤᠷᠲᠠᠯ ᠪᠣᠯᠤᠨ ᠢᠯᠵᠠᠷᠠᠯ ᠤᠨ ᠠᠰᠠᠭᠤᠳᠠᠯ ᠤᠨ ᠪᠤᠢ ᠪᠣᠯᠬᠤ ᠬᠥᠷᠥᠰᠥ ᠰᠢᠷᠣᠢ ᠶᠢ ᠡᠷᠡᠰ ᠠᠷᠢᠯᠭᠠᠬᠤ ᠬᠡᠷᠡᠭᠲᠡᠢ᠃ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ᠂ ᠬᠡᠯᠪᠡᠷᠢᠴᠢ ᠦᠵᠡᠯ ᠢ ᠴᠡᠭᠴᠡᠯᠡᠨ ᠵᠠᠰᠠᠵᠤ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠬᠦ᠂ ᠤᠯᠠᠨ ᠲᠦᠮᠡᠨ ᠤ ᠳᠡᠷᠭᠡᠳᠡᠬᠢ ᠲᠥᠪ ᠪᠤᠰᠤ ᠰᠤᠷᠲᠠᠯ ᠪᠣᠯᠤᠨ ᠢᠯᠵᠠᠷᠠᠯ ᠤᠨ ᠠᠰᠠᠭᠤᠳᠠᠯ ᠢ ᠴᠡᠭᠴᠡᠯᠡᠨ ᠵᠠᠰᠠᠬᠤ ᠭᠤᠷᠪᠠᠨ ᠵᠦᠢᠯ ᠤᠨ ᠠᠵᠢᠯ ᠢ ᠨᠢᠭᠡᠳᠦᠯᠲᠡᠢ ᠲᠥᠯᠥᠪᠵᠢᠭᠦᠯᠵᠦ᠂ ᠰᠤᠷᠲᠠᠯ ᠢ ᠵᠠᠯᠠᠷᠠᠭᠤᠯᠬᠤ ᠪᠠ ᠢᠯᠵᠢᠷᠡᠯ ᠢ ᠵᠠᠯᠬᠠᠭᠠᠬᠤ ᠂ ᠢᠯᠵᠢᠷᠡᠯ ᠢ ᠰᠢᠢᠳᠪᠦᠷᠢᠯᠡᠬᠦ ᠪᠠ ᠠᠷᠠᠳ ᠤᠨ ᠠᠮᠢᠳᠤᠷᠠᠯ ᠢ ᠰᠠᠶᠢᠵᠢᠷᠠᠭᠤᠯᠬᠤ᠂ ᠲᠥᠪᠯᠡᠷᠡᠭᠦᠯᠦᠨ ᠴᠡᠭᠴᠡᠯᠡᠨ ᠵᠠᠰᠠᠬᠤ ᠪᠠ ᠤᠷᠳᠤ ᠬᠤᠭᠤᠴᠠᠭ᠎ᠠ ᠪᠠᠷ ᠪᠦᠲᠦᠮᠵᠢᠲᠡᠢ ᠵᠠᠰᠠᠬᠤ ᠶᠢ ᠨᠢᠭᠡ ᠴᠤᠬᠴᠠᠵᠢᠭᠤᠯᠤᠨ ᠠᠳᠬᠤᠬᠤ ᠶᠢ ᠪᠠᠷᠢᠮᠲᠠᠯᠠᠵᠤ᠂ 1 +1 + 1 ∨ 3  ᠶᠢᠨ ᠦᠷ᠎ᠡ ᠪᠦᠲᠦᠮᠵᠢ ᠶᠢ ᠦᠨᠡᠨᠬᠦ ᠪᠠᠲᠤᠯᠠᠬᠤ ᠬᠡᠷᠡᠭᠲᠡᠢ ᠭᠡᠵᠦ ᠱᠠᠭᠠᠷᠳᠠᠪᠠ᠃ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃ 
ᠢᠷᠡᠯᠲᠡ᠄ ᠠᠯᠪᠠᠨ ᠭᠡᠷ
Baidu
map