ᠲᠦᠷᠢᠶᠡᠰᠦ ᠪᠤᠴᠠᠭᠠᠬᠤ ᠬᠤᠬᠢᠷᠠᠯ ᠢ ᠲᠣᠭᠲᠠᠭᠠᠬᠤ ᠶᠢ ᠴᠣᠬᠤᠮ ᠬᠡᠨ ᠤ ᠬᠡᠯᠡᠭᠰᠡᠨ ᠢᠶᠠᠷ ᠪᠣᠳᠣᠬᠤ ᠪᠣᠢ
ᠨᠡᠶᠢᠲᠡᠯᠡᠭᠰᠡᠨ ᠴᠠᠭ᠄
2024/5/23
    ︽ᠲᠦᠷᠢᠶᠡᠰᠦᠯᠡᠵᠦ ᠪᠠᠶᠢᠬᠤ ᠦᠶ᠎ᠡ ᠳᠤ ᠪᠠᠰᠠ ᠵᠦᠭᠡᠷ᠂ ᠲᠦᠷᠢᠶᠡᠰᠦ ᠪᠤᠴᠠᠭᠠᠬᠤ ᠭᠡᠭᠰᠡᠭᠡᠷ ᠶᠠᠷᠰᠢᠭ ᠣᠯᠠᠰᠢᠷᠠᠨ᠎ᠠ︕︾ ᠭᠡᠵᠦ ᠴᠦᠩᠴᠢᠩ ᠤᠨ ᠶᠡᠭᠡ ᠰᠤᠷᠭᠠᠭᠤᠯᠢ ᠶᠢᠨ ᠬᠤᠲᠠ ᠳᠤ ᠠᠵᠢᠯᠯᠠᠵᠤ ᠪᠠᠶᠢᠭ᠎ᠠ ᠰᠢᠤᠸᠠᠢ ᠱᠧᠩ ᠬᠡᠯᠡᠨ᠎ᠡ᠂ ᠥᠪᠡᠷ ᠢᠶᠠᠨ ᠣᠶᠢᠷ᠎ᠠ ᠬᠠᠪᠢ ᠳᠤ ᠨᠢᠭᠡ ᠭᠡᠷ ᠲᠦᠷᠢᠶᠡᠰᠦᠯᠡᠵᠦ᠂ ᠲᠦᠷᠢᠶᠡᠰᠦ ᠪᠤᠴᠠᠭᠠᠬᠤ ᠳᠤ ᠡᠴᠦᠰ ᠲᠤ ᠨᠢ ᠭᠡᠷ ᠤᠨ ᠡᠵᠡᠨ ᠡᠯ᠎ᠡ ᠵᠦᠢᠯ ᠤᠨ ᠵᠣᠬᠢᠰ ᠦᠭᠡᠶ ᠰᠢᠯᠲᠠᠭᠠᠨ ᠢᠶᠠᠷ 2000 ᠭᠠᠷᠤᠶ ᠲᠥᠭᠦᠷᠢᠭ ᠲᠥᠯᠥᠭᠦᠯᠬᠦ ᠪᠠᠷ ᠱᠠᠭᠠᠷᠳᠠᠪᠠ᠃ ᠲᠦᠷᠢᠶᠡᠰᠦᠨ ᠭᠡᠷ ᠨᠢ ᠤᠯᠠᠮ ᠠᠴᠠ ᠤᠯᠠᠮ ᠣᠯᠠᠨ ᠬᠥᠮᠦᠨ ᠤ ᠣᠷᠣᠨ ᠰᠠᠭᠤᠴᠠ ᠶᠢᠨ ᠰᠣᠩᠭᠤᠯᠲᠠ ᠪᠣᠯᠣᠭᠰᠠᠨ ᠦᠶ᠎ᠡ ᠳᠤ᠂ ᠲᠦᠷᠢᠶᠡᠰᠦ ᠪᠤᠴᠠᠭᠠᠬᠤ ᠠᠴᠠ ᠵᠢᠭᠤᠷᠠᠯᠳᠤᠭᠠᠨ ᠡᠭᠦᠰᠴᠦ᠂ ᠬᠦᠮᠦᠰ ᠢ ᠦᠷᠭᠦᠯᠵᠢ ᠠᠷᠭ᠎ᠠ ᠪᠠᠷᠠᠭᠳᠠᠭᠤᠯᠳᠠᠭ ᠨᠢ ᠭᠠᠭᠴᠠ ᠭᠡᠷ ᠪᠠᠶᠢᠰᠢᠩ ᠲᠦᠷᠢᠶᠡᠰᠦᠯᠡᠭᠦᠯᠬᠦ᠂ ᠪᠠᠷᠢᠴᠠᠭᠠᠨ ᠤ ᠮᠥᠩᠭᠦ ᠶᠢ ᠳᠠᠷᠤᠵᠤ ᠠᠪᠬᠤ᠂ ᠠᠯᠪᠠᠳᠠᠯᠭ᠎ᠠ ᠪᠠᠷ ᠲᠥᠯᠥᠪᠦᠷᠢ ᠥᠭᠬᠦ ᠶᠢ ᠱᠠᠭᠠᠷᠳᠠᠭᠰᠠᠨ ᠵᠡᠷᠭᠡ ᠪᠠᠶᠢᠳᠠᠯ ᠴᠤ ᠪᠢᠰᠢ᠂ ᠪᠠᠰᠠ ᠪᠤᠰᠤᠳ ᠲᠦᠷᠢᠶᠡᠰᠦᠨ ᠬᠠᠷᠢᠴᠠᠭᠠᠨ ᠳᠤ ᠡᠷᠬᠡ ᠲᠡᠭᠰᠢ᠂ ᠵᠦᠢ ᠵᠣᠬᠢᠰᠲᠠᠢ ᠪᠠᠶᠢᠬᠤ ᠨᠢ ᠰᠠᠶ᠋ᠢ ᠲᠦᠷᠢᠶᠡᠰᠦᠯᠡᠬᠦ ᠬᠠᠷᠢᠴᠠᠭᠠᠨ ᠤ ᠬᠤᠬᠢᠷᠠᠯ ᠢ ᠮᠠᠭᠠᠳᠯᠠᠬᠤ ᠳᠤ ᠡᠩ ᠤᠨ ᠠᠷᠠᠯᠵᠢᠶᠠᠨ ᠤ ᠳᠠᠳᠬᠠᠯ ᠲᠠᠢ ᠨᠡᠶᠢᠴᠡᠭᠦᠯᠬᠦ ᠬᠡᠷᠡᠭᠲᠡᠢ᠃ ᠲᠦᠷᠢᠶᠡᠰᠦ ᠶᠢ ᠪᠤᠴᠠᠭᠠᠬᠤ ᠦᠶ᠎ᠡ ᠳᠤ᠂ ᠭᠡᠷ ᠪᠠᠶᠢᠰᠢᠩ ᠤᠨ ᠬᠤᠬᠢᠷᠠᠯ ᠢ ᠮᠠᠭᠠᠳᠯᠠᠬᠤ ᠪᠠᠷᠢᠮᠵᠢᠶ᠎ᠠ ᠶᠢ ᠬᠡᠨ ᠤ ᠬᠡᠯᠡᠭᠰᠡᠨ ᠢᠶᠠᠷ ᠪᠣᠳᠤᠬᠤ ᠪᠣᠢ︖ ᠪᠤᠰᠤᠳ ᠲᠦᠷᠢᠶᠡᠰᠦᠯᠡᠯ ᠤᠨ ᠬᠠᠷᠢᠴᠠᠭᠠᠨ ᠳᠤ ᠪᠠᠷᠢᠴᠠᠭᠠᠨ ᠤ ᠮᠥᠩᠭᠦ ᠶᠢ ᠳᠠᠷᠤᠵᠤ ᠠᠪᠬᠤ᠂ ᠠᠯᠪᠠᠳᠠᠯᠭ᠎ᠠ ᠪᠠᠷ ᠲᠥᠯᠥᠭᠦᠯᠬᠦ ᠪᠠᠷ ᠱᠠᠭᠠᠷᠳᠠᠭᠰᠠᠨ ᠵᠡᠷᠭᠡ ᠪᠠᠶᠢᠳᠠᠯ ᠣᠷᠣᠰᠢᠵᠤ ᠪᠠᠶᠢᠬᠤ ᠡᠰᠡᠬᠦ︖ ᠨᠡᠩ ᠡᠶ᠎ᠡ ᠵᠣᠬᠢᠴᠠᠯ ᠲᠠᠢ ᠲᠦᠷᠢᠶᠡᠰᠦᠯᠡᠬᠦ ᠬᠠᠷᠢᠴᠠᠭ᠎ᠠ ᠶᠢ ᠬᠡᠷᠬᠢᠨ ᠪᠠᠶᠢᠭᠤᠯᠬᠤ ᠪᠤᠢ︖ ᠲᠦᠷᠢᠶᠡᠰᠦᠯᠡᠭᠴᠢ ᠬᠡᠪ ᠤᠨ ᠬᠤᠬᠢᠷᠠᠯ ᠢ ᠲᠦᠯᠦᠬᠦ ᠴᠢᠬᠤᠯᠠ ᠦᠭᠡᠢ    ︽ᠬᠡᠷᠡᠮ ᠳᠡᠭᠡᠷ᠎ᠡ ᠨᠠᠭᠠᠯᠲᠠ ᠨᠠᠭᠠᠭᠰᠠᠨ ᠠᠴᠠ ᠬᠡᠷᠡᠮ ᠤᠨ ᠭᠠᠳᠠᠷᠭᠤ ᠱᠠᠭᠠᠷᠠᠵᠤ 1400 ᠲᠥᠭᠦᠷᠢᠭ ᠤᠨ ᠲᠥᠯᠥᠪᠦᠷᠢ ᠥᠭᠬᠦ ᠬᠡᠷᠡᠭᠲᠡᠢ᠂ ᠰᠡᠷᠢᠭᠦᠨ ᠴᠢᠭᠢᠷᠰᠦ ᠂ ᠣᠷᠣ ᠶᠢᠨ ᠭᠠᠳᠠᠷ ᠲᠤᠲᠠᠭᠰᠠᠨ᠂ ᠪᠠᠰᠠ ᠮᠢᠨᠦ ᠶᠡᠷᠦ ᠠᠴᠠ ᠦᠵᠡᠵᠦ ᠪᠠᠶᠢᠭᠰᠠᠨ ᠦᠭᠡᠢ ᠤᠰᠤᠨ ᠳᠡᠪᠦᠷ᠎ᠡ᠂ 800 ᠲᠦᠭᠦᠷᠢᠭ ᠲᠦᠯᠦᠬᠦ ᠬᠡᠷᠡᠭᠲᠡᠢ︾᠃ ᠰᠢᠤᠸᠠᠢ ᠱᠧᠩ ᠬᠡᠯᠡᠬᠦ ᠳᠤ ᠪᠠᠨ᠂ ᠵᠥᠪᠳᠡᠯᠴᠡᠭᠰᠡᠨ ᠤ ᠳᠠᠷᠠᠭ᠎ᠠ ᠥᠪᠡᠷ ᠢᠶᠠᠨ ᠭᠡᠷ ᠤᠨ ᠡᠵᠡᠨ ᠳᠤ 1500 ᠲᠥᠭᠦᠷᠢᠭ ᠤᠨ ᠲᠥᠯᠥᠪᠦᠷᠢ ᠥᠭᠭᠦᠭᠰᠡᠨ ᠤ ᠳᠠᠷᠠᠭ᠎ᠠ ᠰᠠᠶ᠋ᠢ ᠲᠦᠷᠢᠶᠡᠰᠦ ᠪᠠᠨ ᠣᠯᠵᠣ ᠠᠪᠤᠪᠠ ᠭᠡᠨ᠎ᠡ᠃    ︽ᠭᠡᠷ ᠲᠦᠷᠢᠶᠡᠰᠦᠯᠡᠬᠦ ᠦᠶ᠎ᠡ ᠳᠤ ᠵᠠᠭᠤᠴᠢ᠂ ᠭᠡᠷ ᠤᠨ ᠡᠵᠡᠨ ᠮᠠᠰᠢ ᠰᠠᠶᠢᠨ ᠠᠮᠠᠯᠳᠤᠭᠰᠠᠨ ᠮᠠᠭᠠᠳ᠃ ᠭᠡᠪᠡᠴᠦ ᠡᠴᠦᠰ ᠲᠤ ᠪᠠᠨ ᠪᠠᠷᠢᠴᠠᠭᠠᠨ ᠤ ᠮᠥᠩᠭᠦ ᠶᠢ ᠳᠠᠷᠤᠬᠤ ᠡᠰᠡᠬᠦ᠂ ᠬᠡᠳᠦᠢ ᠳᠠᠷᠤᠬᠤ ᠶᠢ ᠪᠦᠷ ᠲᠡᠳᠡᠨ ᠬᠡᠯᠡᠭᠡᠳ ᠪᠣᠯᠳᠠᠭ ᠶᠤᠮ︾ ᠭᠡᠵᠦ ᠡᠨᠡ ᠮᠡᠲᠦ ᠥᠩᠭᠡᠷᠡᠯᠲᠡ ᠲᠠᠢ ᠨᠢᠭᠡᠨ ᠲᠦᠷᠢᠶᠡᠰᠦᠯᠡᠭᠴᠢ ᠠᠴᠠ ᠲᠦᠷᠢᠶᠡᠰᠦ ᠪᠤᠴᠠᠭᠠᠬᠤ ᠬᠤᠬᠢᠷᠠᠯ ᠢ ᠲᠣᠭᠲᠠᠭᠠᠬᠤ ᠳᠤ ᠬᠤᠶᠠᠷ ᠲᠠᠯ᠎ᠠ ᠪᠠᠷ ᠢᠶᠠᠨ ᠡᠷᠬᠡ ᠲᠡᠭᠰᠢ ᠪᠠᠷ ᠵᠥᠪᠳᠡᠯᠴᠡᠬᠦ ᠳᠤ ᠮᠠᠰᠢ ᠬᠦᠴᠢᠷ ᠭᠡᠵᠦ ᠠᠷᠭ᠎ᠠ ᠪᠠᠷᠠᠵᠤ ᠶᠠᠷᠢᠨ᠎ᠠ᠃    ᠭᠡᠪᠡᠴᠦ ᠭᠡᠷ ᠪᠠᠶᠢᠰᠢᠩ ᠲᠦᠷᠢᠶᠡᠰᠦᠯᠡᠭᠦᠯᠬᠦ ᠦᠶᠡᠰ᠂ ᠭᠡᠷ ᠤᠨ ᠡᠵᠡᠨ ᠥᠪᠡᠷ ᠢ ᠪᠠᠨ ᠪᠠᠰᠠ ᠬᠦᠴᠢᠷᠳᠡᠯ ᠲᠠᠢ ᠭᠡᠵᠦ ᠦᠵᠡᠳᠡᠭ᠃ ᠴᠦᠩᠴᠢᠩ ᠤᠨ ᠬᠤᠩ ᠴᠢ ᠾᠧ ᠭᠧᠦ ᠳᠤ ᠰᠠᠭᠤᠵᠤ ᠪᠠᠶᠢᠭ᠎ᠠ ᠮᠠ ᠠᠪᠤᠭᠠᠶ ᠬᠡᠯᠡᠬᠦ ᠳᠤ ᠪᠠᠨ᠂ ᠥᠪᠡᠷ ᠢᠶᠠᠨ ᠬᠤᠶᠠᠷ ᠢᠵᠢ ᠬᠡᠷ ᠪᠠᠶᠢᠰᠢᠩ ᠲᠦᠷᠢᠶᠡᠰᠦᠯᠡᠭᠦᠯᠳᠡᠭ᠂ ᠲᠦᠷᠢᠶᠡᠰᠦᠯᠡᠭᠴᠢ ᠠᠴᠠ ᠲᠦᠷᠢᠶᠡᠰᠦᠨ ᠮᠥᠩᠭᠦ ᠪᠠᠨ ᠥᠷᠢᠲᠦᠬᠦ᠂ ᠬᠡᠷ ᠪᠠᠶᠢᠰᠢᠩ ᠢ ᠥᠭᠡᠷᠡᠴᠢᠯᠡᠨ ᠵᠠᠰᠠᠬᠤ᠂ ᠲᠦᠷᠢᠶᠡᠰᠦ ᠪᠤᠴᠠᠭᠠᠬᠤ ᠦᠶ᠎ᠡ ᠳᠤ ᠭᠠᠵᠠᠷ ᠳᠦᠭᠦᠷᠡᠩ ᠬᠤᠭ ᠨᠣᠪᠰᠢ ᠪᠠᠶᠢᠬᠤ ᠦᠵᠡᠭᠳᠡᠯ ᠬᠡᠳᠦ ᠤᠳᠠᠭ᠎ᠠ ᠢᠯᠡᠷᠡᠵᠦ ᠪᠠᠶᠢᠨ᠎ᠠ ᠭᠡᠵᠡᠶ᠃ ︽ᠬᠡᠳᠦᠨ ᠵᠢᠯ ᠲᠦᠷᠢᠶᠡᠰᠦᠨ ᠮᠥᠩᠭᠦ ᠬᠤᠷᠢᠶᠠᠭᠰᠠᠨ ᠤ ᠳ᠋ᠦᠩ ᠳᠤ ᠭᠡᠷ ᠢᠶᠠᠨ ᠰᠢᠨ᠎ᠡ ᠪᠠᠷ ᠵᠠᠰᠠᠬᠤ ᠵᠠᠷᠤᠳᠠᠯ ᠳᠤ ᠪᠠᠨ ᠪᠠᠰᠠ ᠬᠦᠷᠬᠦ ᠦᠭᠡᠢ ᠪᠠᠶᠢᠳᠠᠭ︾ ᠭᠡᠨ᠎ᠡ᠃    ᠭᠡᠷ ᠪᠠᠶᠢᠰᠢᠩ ᠢ ᠲᠦᠷᠢᠶᠡᠰᠦᠯᠡᠭᠦᠯᠬᠦ ᠶᠠᠪᠤᠴᠠ ᠳᠤ ᠰᠦᠢᠳᠦᠯ ᠡᠭᠦᠰᠳᠡᠭ᠂ ᠴᠣᠬᠤᠮ ᠬᠡᠨ ᠬᠠᠷᠢᠭᠤᠴᠠᠯᠭ᠎ᠠ ᠡᠭᠦᠷᠭᠡᠯᠡᠬᠦ ᠪᠣᠢ︖ ᠬᠠᠤᠯᠢᠴᠢ ᠯᠢ ᠵᠢᠶᠠᠨ ᠬᠡᠯᠡᠬᠦ ᠳᠤ ᠪᠠᠨ᠂ ᠲᠦᠷᠢᠶᠡᠰᠦᠯᠡᠭᠴᠢ ᠬᠡᠪ ᠤᠨ ᠬᠤᠬᠢᠷᠠᠯ ᠢ ᠲᠦᠯᠦᠬᠦ ᠴᠢᠬᠤᠯᠠ ᠦᠭᠡᠶ᠃ ︽ᠲᠦᠷᠢᠶᠡᠰᠦᠨ ᠡᠳ᠋ ᠨᠢ ᠬᠡᠪ ᠤᠨ ᠬᠡᠷᠡᠭᠯᠡᠯᠲᠡ ᠠᠴᠠ ᠪᠣᠯᠤᠭᠰᠠᠨ ᠡᠯᠡᠭᠳᠡᠯ ᠪᠣᠯ ᠨᠢᠭᠡ ᠵᠦᠢᠯ ᠤᠨ ᠪᠠᠷᠠᠭᠳᠠᠯ ᠮᠥᠨ᠂ ᠶᠠᠮᠠᠷᠪᠠ ᠪᠣᠳᠠᠰ ᠢ ᠬᠡᠷᠡᠭᠯᠡᠬᠦ ᠳᠤ ᠴᠥᠮ ᠵᠣᠬᠢᠬᠤ ᠬᠡᠮᠵᠢᠶᠡᠨ ᠤ ᠡᠯᠡᠭᠳᠡᠯ ᠪᠠ ᠪᠠᠷᠠᠭᠳᠠᠯ ᠲᠠᠢ ᠪᠠᠶᠢᠳᠠᠭ᠃ ᠲᠦᠷᠢᠶᠡᠰᠦᠯᠡᠭᠦᠯᠦᠭᠴᠢ ᠲᠦᠷᠢᠶᠡᠰᠦᠨ ᠡᠳ᠋ ᠢᠶᠠᠨ ᠲᠦᠷᠢᠶᠡᠰᠦᠯᠡᠭᠴᠢ ᠳᠤ ᠲᠤᠰᠢᠶᠠᠨ ᠥᠭᠴᠦ ᠬᠡᠷᠡᠭᠯᠡᠭᠦᠯᠬᠦ᠂ ᠠᠰᠢᠭ ᠬᠦᠷᠲᠡᠭᠡᠬᠦ ᠨᠢ ᠡᠶᠢᠮᠦᠷᠬᠦᠦ ᠵᠦᠢᠯ ᠤᠨ ᠡᠯᠡᠭᠳᠡᠯ ᠢ ᠵᠥᠪᠰᠢᠶᠡᠷᠴᠦ᠂ ᠲᠦᠷᠢᠶᠡᠰᠦᠨ ᠡᠳ᠋ ᠨᠢ ᠵᠦᠶ ᠵᠣᠬᠢᠰᠲᠠᠢ ᠡᠯᠡᠭᠳᠡᠯ ᠠᠴᠠ ᠪᠣᠯᠵᠤ ᠬᠠᠰᠤᠭᠳᠠᠭᠰᠠᠨ ᠦᠨ᠎ᠡ ᠥᠷᠲᠡᠭ ᠨᠢ ᠦᠨᠡᠨ ᠳᠤ ᠪᠠᠨ ᠲᠦᠷᠢᠶᠡᠰᠦᠨ ᠮᠥᠩᠬᠦᠨ ᠳᠤ ᠨᠢᠭᠡᠨᠲᠡ ᠪᠠᠭᠲᠠᠭᠰᠠᠨ ᠪᠣᠯᠬᠤᠷ ᠲᠦᠷᠢᠶᠡᠰᠦᠯᠡᠭᠴᠢ ᠬᠡᠪ ᠤᠨ ᠡᠯᠡᠭᠳᠡᠯ ᠢ ᠲᠦᠯᠦᠬᠦ ᠴᠢᠬᠤᠯᠠ ᠦᠭᠡᠢ︾ ᠭᠡᠨ᠎ᠡ᠃    ᠡᠯᠡᠭᠳᠡᠯ᠂ ᠡᠪᠳᠡᠯᠭᠡ ᠪᠠ ᠰᠦᠢᠳᠭᠡᠯᠭᠡ ᠢᠯᠡᠳᠲᠡ ᠢᠯᠭᠠᠭ᠎ᠠ ᠲᠠᠢ᠂ ᠡᠯᠡᠭᠳᠡᠯ ᠨᠢ ᠡᠩ ᠤᠨ ᠪᠠᠶᠢᠳᠠᠯ ᠳᠤ᠂ ᠬᠡᠷᠡᠭᠯᠡᠬᠦ ᠬᠡᠪ ᠤᠨ ᠨᠥᠬᠦᠴᠡᠯ ᠳᠣᠣᠷ᠎ᠠ ᠵᠠᠷᠢᠮ ᠪᠠᠶᠢᠭᠠᠯᠢ ᠶᠢᠨ ᠡᠯᠡᠭᠳᠡᠯ ᠪᠤᠶᠤ ᠴᠢᠳᠠᠪᠤᠷᠢ ᠨᠢ ᠪᠠᠭᠤᠷᠠᠭᠰᠠᠨ ᠶᠠᠪᠤᠳᠠᠯ ᠢ ᠵᠢᠭᠠᠳᠠᠭ︾᠃ ᠴᠦᠩᠴᠢᠩ ᠬᠤᠲᠠ ᠶᠢᠨ ᠢᠦᠢ ᠵᠦᠩ ᠲᠣᠭᠤᠷᠢᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ ᠴᠢᠯᠥᠭᠡᠯᠡᠬᠦ ᠬᠦᠰᠢᠶ᠎ᠡ ᠶᠢᠨ ᠭᠠᠵᠠᠷ ᠤᠨ ᠳᠡᠳ᠋ ᠳᠠᠷᠤᠭ᠎ᠠ ᠵᠠᠩ ᠵᠧᠨ ᠷᠦᠩ ᠬᠡᠯᠡᠭᠰᠡᠨ ᠨᠢ᠂ ᠲᠦᠷᠢᠶᠡᠰᠦᠯᠡᠬᠦ ᠬᠤᠭᠤᠴᠠᠭ᠎ᠠ ᠨᠢ ᠨᠡᠯᠢᠶᠡᠳ ᠤᠷᠲᠤ ᠪᠠᠶᠢᠳᠠᠯ ᠳᠤ᠂ ᠰᠠᠨᠳᠠᠯᠢ᠂ ᠱᠠᠹᠠ ᠨᠢ ᠡᠪᠳᠡᠭᠳᠡᠵᠦ᠂ ᠲᠧᠯᠸᠢᠰ ᠨᠢ ᠬᠠᠭᠤᠴᠢᠷᠠᠵᠤ᠂ ᠬᠡᠷᠪᠡ ᠵᠣᠬᠢᠰ ᠦᠭᠡᠢ ᠬᠡᠷᠡᠭᠯᠡᠭᠰᠡᠨ ᠪᠢᠰᠢ᠂ ᠡᠰᠡᠬᠦᠯ᠎ᠡ ᠪᠤᠰᠤᠳ ᠮᠠᠭᠤ ᠰᠠᠨᠠᠭ᠎ᠠ ᠲᠠᠢ᠂ ᠬᠡᠪ ᠤᠨ ᠪᠤᠰᠤ ᠬᠦᠴᠦᠨ ᠵᠦᠢᠯ ᠠᠴᠠ ᠪᠣᠯᠤᠭᠰᠠᠨ ᠬᠦᠨᠳᠦ ᠨᠣᠴᠢᠲᠠᠢ ᠬᠤᠬᠢᠷᠠᠯ ᠳᠤ ᠤᠴᠠᠷᠠᠭᠰᠠᠨ ᠪᠣᠯ ᠲᠦᠷᠢᠶᠡᠰᠦᠯᠡᠭᠴᠢ ᠨᠢ ᠲᠥᠯᠥᠬᠦ ᠴᠢᠬᠤᠯᠠ ᠦᠭᠡᠢ ᠭᠡᠨ᠎ᠡ᠃ ᠡᠯᠡᠭᠳᠡᠯ ᠢ ᠮᠠᠭᠠᠳᠯᠠᠬᠤ ᠳᠤ ᠡᠩ ᠤᠨ ᠠᠷᠠᠯᠵᠢᠶᠠᠨ ᠤ ᠳᠠᠳᠬᠠᠯ ᠲᠠᠢ ᠨᠡᠶᠢᠴᠡᠬᠦ ᠬᠡᠷᠡᠭᠲᠡᠢ    ᠭᠠᠭᠴᠠ ᠭᠡᠷ ᠪᠠᠶᠢᠰᠢᠩ ᠲᠦᠷᠢᠶᠡᠰᠦᠯᠡᠬᠦ ᠪᠠᠷ ᠪᠠᠷᠠᠬᠤ ᠦᠭᠡᠢ᠂ ᠪᠠᠷᠢᠴᠠᠭᠠᠨ ᠤ ᠮᠦᠩᠭᠦ ᠶᠢ ᠳᠠᠷᠤᠵᠤ ᠠᠪᠬᠤ᠂ ᠲᠦᠯᠦᠵᠦ ᠠᠪᠬᠤ ᠪᠠᠷ ᠠᠯᠪᠠᠳᠠᠨ ᠱᠠᠭᠠᠷᠳᠠᠬᠤ ᠵᠡᠷᠭᠡ ᠪᠠᠶᠢᠳᠠᠯ ᠨᠢ ᠴᠦ ᠪᠤᠰᠤᠳ ᠳᠦᠷᠢᠶᠡᠰᠦᠯᠡᠬᠦ ᠬᠠᠷᠢᠴᠠᠭᠠᠨ ᠤ ᠳᠤᠮᠳᠠ ᠢᠯᠡᠷᠡᠵᠦ ᠪᠠᠶᠢᠨ᠎ᠠ᠃ ᠣᠶᠢᠷ᠎ᠠ ᠳᠤ᠂ ᠨᠢᠭᠡ ᠣᠶᠤᠲᠠᠨ ᠸᠢᠳᠢᠣ᠋ ᠲᠠᠪᠴᠠᠩ ᠳᠤ ᠲᠤᠰᠬᠠᠭᠰᠠᠨ ᠢᠶᠠᠷ᠂ ᠥᠪᠡᠷ ᠢᠶᠠᠨ ᠨᠢᠭᠡᠨ ᠰᠦᠯᠵᠢᠶᠡᠨ ᠤ ᠲᠦᠷᠢᠶᠡᠰᠦᠨ ᠮᠠᠰᠢᠨ ᠲᠡᠷᠭᠡᠨ ᠤ ᠲᠠᠪᠴᠠᠩ ᠠᠴᠠ ᠨᠢᠭᠡ ᠰᠠᠤᠷᠢ ᠣᠤ ᠳ᠋ᠢ A6 ᠶᠢ ᠲᠦᠷᠢᠶᠡᠰᠦᠯᠡᠵᠦ᠂ ᠪᠤᠴᠠᠭᠠᠵᠤ ᠪᠠᠶᠢᠴᠠᠭᠠᠬᠤ ᠦᠶ᠎ᠡ ᠳᠤ ᠮᠠᠰᠢᠨ ᠲᠡᠷᠭᠡᠨ ᠤ ᠲᠣᠮᠣ ᠳ᠋ᠧᠩ ᠵᠢᠭᠠᠬᠠᠨ ᠵᠢᠷᠤᠭᠰᠠᠨ ᠣᠷᠣᠮ ᠲᠠᠢ ᠪᠠᠶᠢᠬᠤ ᠶᠢ ᠮᠡᠳᠡᠭᠡᠳ᠂ ᠲᠦᠷᠢᠶᠡᠰᠦᠨ ᠮᠠᠰᠢᠨ ᠲᠡᠷᠭᠡᠨ ᠤ  ᠬᠢᠨ ᠪᠠᠷᠢᠴᠭᠠᠠᠨ ᠤ ᠮᠥᠩᠭᠦ ᠶᠢ ᠪᠤᠴᠠᠭᠠᠵᠤ ᠥᠭᠬᠦ ᠶᠢ ᠲᠡᠪᠴᠢᠭᠰᠡᠨ ᠪᠥᠭᠡᠳ 4S ᠳᠡᠯᠭᠡᠭᠦᠷ ᠲᠤ 2000 ᠭᠠᠷᠤᠢ ᠲᠥᠭᠦᠷᠢᠭ ᠤᠨ ᠰᠦᠢᠳᠭᠡᠯ ᠵᠠᠷᠤᠴᠠᠭᠤᠯᠵᠤ ᠰᠡᠷᠭᠦᠭᠡᠬᠦ ᠪᠠᠶᠢᠳᠠᠯ ᠳᠤ ᠲᠣᠮᠣ ᠳ᠋ᠧᠩ ᠢ ᠰᠣᠯᠢᠬᠤ ᠶᠢ ᠪᠠᠷᠢᠮᠲᠠᠯᠠᠵᠤ᠂ ᠰᠡᠯᠪᠢᠭ ᠲᠣᠨᠤᠭ ᠢᠶᠠᠨ ᠰᠣᠯᠢᠬᠤ ᠰᠦᠢᠳᠬᠡᠯ᠂ ᠠᠵᠢᠯ ᠰᠠᠭᠠᠲᠠᠭᠠᠭᠰᠠᠨ ᠰᠦᠢᠳᠬᠡᠯ᠂ ᠡᠯᠡᠭᠳᠡᠯ ᠤᠨ ᠰᠦᠢᠳᠬᠡᠯ ᠵᠡᠷᠭᠡ ᠨᠡᠶᠢᠲᠡ 68800 ᠲᠥᠭᠦᠷᠢᠭ ᠢ ᠥᠪᠡᠷ ᠢᠶᠠᠨ ᠡᠭᠦᠷᠭᠡᠯᠡᠬᠦ ᠶᠢ ᠱᠠᠭᠠᠷᠳᠠᠪᠠ ᠭᠡᠵᠡᠢ᠃    ᠡᠶᠢᠮᠦᠷᠬᠦᠦ ᠳ᠋ᠧᠩ ᠢᠶᠠᠷ ᠬᠤᠬᠢᠷᠠᠯ ᠢ ᠲᠣᠭᠲᠠᠭᠠᠬᠤ ᠠᠷᠭ᠎ᠠ ᠨᠢ ᠪᠠᠰᠠ ᠵᠠᠷᠢᠮ ᠰᠦᠯᠵᠢᠶᠡᠨ ᠳᠡᠭᠡᠷ᠎ᠡ ᠪᠣᠯᠵᠣᠬᠤ ᠮᠠᠰᠢᠨ ᠲᠡᠷᠭᠡᠨ ᠤ ᠵᠢᠯᠣᠭᠤᠴᠢ ᠶᠢ ᠵᠣᠪᠠᠭᠠᠵᠤ ᠪᠠᠶᠢᠨ᠎ᠠ᠃ ᠴᠦᠩᠴᠢᠩ ᠬᠤᠲᠠ ᠶᠢᠨ ᠺᠠᠶᠢᠵᠸᠦ ᠲᠤᠭᠤᠷᠢᠭ ᠤᠨ ᠰᠦᠯᠵᠢᠶᠡᠨ ᠳᠡᠭᠡᠷ᠎ᠡ ᠪᠣᠯᠵᠤᠬᠤ ᠮᠠᠰᠢᠨ ᠲᠡᠷᠭᠡᠨ ᠤ ᠵᠢᠯᠣᠭᠤᠴᠢ ᠯᠢᠦ ᠵᠢᠶᠠ ᠯᠢᠨ᠄ ︽ᠬᠡᠷᠪᠡ ᠲᠡᠷᠭᠡ ᠲᠦᠷᠢᠶᠡᠰᠦᠯᠡᠵᠦ ᠰᠦᠯᠵᠢᠶᠡᠨ ᠳᠡᠭᠡᠷ᠎ᠡ ᠪᠣᠯᠵᠣᠬᠤ ᠲᠡᠷᠭᠡ ᠵᠢᠯᠤᠭᠤᠳᠬᠤ ᠳᠤ᠂ ᠬᠤᠭᠤᠴᠠᠭ᠎ᠠ ᠨᠢ ᠲᠤᠯᠤᠭᠠᠳ ᠲᠡᠷᠭᠡ ᠲᠤᠰᠢᠶᠠᠬᠤ ᠦᠶᠡᠰ᠂ ᠵᠠᠷᠢᠮ ᠲᠦᠷᠢᠶᠡᠰᠦᠯᠡᠯ ᠤᠨ ᠺᠣᠮᠫᠠᠨᠢ ᠴᠤ ᠠᠳᠠᠯᠢᠬᠠᠨ ᠢᠶᠠᠷ ᠥ ᠡᠷᠢᠵᠦ᠂ ᠨᠡᠩ ᠣᠯᠠᠨ ᠲᠡᠷᠭᠡᠨ ᠬᠤᠬᠢᠷᠠᠯ ᠢ ᠪᠠᠶᠢᠴᠠᠭᠠᠵᠤ᠂ ᠨᠡᠩ ᠣᠯᠠᠨ ᠪᠠᠷᠢᠴᠠᠭᠠᠨ ᠤ ᠮᠥᠩᠭᠦ ᠶᠢ ᠬᠠᠰᠤᠵᠤ ᠠᠪᠤᠨ᠎ᠠ︾ ᠭᠡᠵᠦ ᠬᠡᠯᠡᠪᠡ᠃    ᠴᠦᠩᠴᠢᠩ ᠤᠨ ᠦᠢᠯᠡᠳᠪᠦᠷᠢ ᠬᠤᠳᠠᠯᠳᠤᠭᠠᠨ ᠤ ᠶᠡᠭᠡ ᠰᠤᠷᠭᠠᠭᠤᠯᠢ ᠶᠢᠨ ᠴᠧᠩ ᠢᠦᠢ ᠣᠷᠣᠨ ᠤ ᠬᠤᠶᠠᠷ ᠬᠤᠲᠠ ᠶᠢᠨ ᠠᠵᠤ ᠠᠬᠤᠢ ᠶᠢᠨ ᠬᠦᠷᠢᠶᠡᠨ ᠤ ᠬᠠᠮᠵᠢᠯᠴᠠᠨ ᠬᠥᠭᠵᠢᠬᠦ ᠲᠥᠪ ᠤᠨ ᠰᠤᠳᠤᠯᠤᠭᠴᠢ ᠮᠦᠸᠧ ᠶᠤᠸᠠᠨ ᠮᠢᠩ ᠤᠨ ᠦᠵᠡᠬᠦ ᠪᠠᠷ᠂ ︽ᠳ᠋ᠧᠩ ᠢᠶᠠᠷ ᠬᠤᠬᠢᠷᠠᠯ ᠢ ᠲᠣᠭᠲᠠᠭᠠᠬᠤ︾ ᠨᠢ ᠭᠡᠷ᠎ᠡ ᠶᠢᠨ ᠵᠣᠷᠢᠭ ᠰᠠᠨᠠᠭ᠎ᠠ ᠪᠠ ᠲᠥᠪ ᠭᠤᠣᠯᠴᠢ ᠵᠠᠷᠴᠢᠮ ᠢ ᠡᠪᠳᠡᠵᠦ ᠪᠠᠶᠢᠨ᠎ᠠ᠂ ᠵᠢᠭᠤᠷᠠᠯᠳᠤᠭᠠᠨ ᠲᠣᠬᠢᠶᠠᠯᠳᠤᠬᠤ ᠣᠢᠶ᠎ᠠ ᠳᠤ᠂ ᠲᠤᠬᠠᠢ ᠶᠢᠨ ᠬᠥᠮᠦᠨ ᠨᠢ ᠬᠠᠷᠢᠯᠴᠠᠨ ᠣᠶᠢᠯᠠᠭᠠᠬᠤ ᠪᠠ ᠪᠠᠭᠲᠠᠭᠠᠮᠵᠢ ᠲᠠᠢ ᠪᠠᠶᠢᠬᠤ ᠣᠪᠣᠷ ᠢᠶᠠᠨ ᠪᠠᠷᠢᠮᠲᠠᠯᠠᠵᠤ᠂ ᠲᠣᠬᠢᠲᠠᠢ ᠵᠥᠪᠳᠡᠯᠴᠡᠨ ᠰᠢᠢᠳᠪᠦᠷᠢᠯᠡᠬᠦ ᠬᠡᠷᠡᠭᠲᠡᠢ ᠭᠡᠵᠡᠢ᠃    ᠬᠤᠬᠢᠷᠠᠯ ᠤᠨ ᠲᠥᠯᠥᠪᠦᠷᠢ ᠥᠭᠬᠦ ᠬᠡᠯᠪᠡᠷᠢ ᠮᠠᠶ᠋ᠢᠭ ᠨᠢ ᠤᠭ ᠪᠠᠶᠢᠳᠠᠯ ᠢ ᠰᠡᠷᠭᠦᠭᠡᠬᠦ ᠪᠤᠶᠤ ᠲᠦᠷᠢᠶᠡᠰᠦᠯᠡᠭᠦᠯᠦᠭᠴᠢ ᠶᠢᠨ ᠥᠪᠡᠷ ᠢᠶᠠᠨ ᠵᠠᠰᠠᠵᠤ ᠰᠡᠷᠭᠦᠭᠡᠬᠦ ᠳᠤ ᠵᠠᠷᠤᠴᠠᠭᠤᠯᠤᠭᠰᠠᠨ ᠵᠠᠷᠤᠳᠠᠯ ᠤᠨ ᠶᠣᠰᠣᠭᠠᠷ ᠨᠥᠬᠦᠪᠥᠷᠢ ᠥᠭᠴᠦ ᠪᠣᠯᠤᠨ᠎ᠠ᠃ ᠭᠡᠪᠡᠴᠦ ᠲᠥᠯᠥᠪᠦᠷᠢ ᠥᠭᠬᠦ ᠳᠤ ᠠᠵᠤ ᠠᠬᠤᠢ ᠶᠢᠨ ᠴᠢᠨᠠᠷ ᠢ ᠪᠣᠳᠣᠯᠬᠢᠯᠠᠵᠤ᠂ ᠲᠥᠯᠥᠪᠦᠷᠢ ᠶᠢᠨ ᠶᠠᠪᠤᠴᠠ ᠳᠤ ᠲᠥᠪ ᠭᠤᠣᠯᠴᠢ ᠴᠢᠨᠠᠷ᠂ ᠵᠦᠢ ᠶᠣᠰᠣᠴᠢ ᠴᠢᠨᠠᠷ ᠬᠢᠭᠡᠳ ᠳᠠᠪᠠᠮᠠᠭᠠᠶᠢᠷᠠᠭᠰᠠᠨ ᠵᠣᠬᠢᠴᠠᠯᠳᠤᠬᠤ ᠴᠢᠨᠠᠷ ᠢ ᠢᠯᠡᠷᠡᠭᠦᠯᠬᠦ ᠬᠡᠷᠡᠭᠲᠡᠢ︾ ᠭᠡᠵᠦ ᠮᠥᠸᠧ ᠶᠤᠸᠠᠨ ᠮᠢᠩ ᠬᠡᠯᠡᠪᠡ᠃    ᠮᠥᠸᠧ ᠶᠤᠸᠠᠨ ᠮᠢᠩ ᠢᠯᠡᠷᠬᠡᠶᠢᠯᠡᠭᠰᠡᠨ ᠨᠢ᠂ ᠲᠦᠷᠢᠶᠡᠰᠦᠯᠡᠯ ᠤᠨ ᠭᠡᠷ᠎ᠡ ᠳᠤ ᠬᠤᠶᠠᠷ ᠲᠠᠯ᠎ᠠ ᠪᠠᠷ ᠢᠶᠠᠨ ᠭᠡᠷ ᠪᠠᠶᠢᠰᠢᠩ ᠬᠡᠷᠡᠭᠯᠡᠬᠦ᠂ ᠬᠠᠳᠠᠭᠠᠯᠠᠨ ᠬᠠᠮᠢᠶᠠᠷᠬᠤ᠂ ᠰᠢᠯᠭᠠᠨ ᠠᠪᠬᠤ ᠵᠡᠷᠭᠡ ᠠᠷᠭ᠎ᠠ ᠬᠡᠯᠪᠡᠷᠢ ᠪᠠᠷ ᠪᠣᠯᠵᠣᠨ ᠲᠣᠭᠲᠠᠵᠤ ᠪᠣᠯᠤᠨ᠎ᠠ᠃ ᠬᠡᠷᠪᠡ ᠪᠣᠯᠵᠣᠨ ᠲᠣᠭᠲᠠᠭᠰᠠᠨ ᠦᠭᠡᠢ ᠪᠣᠯ᠂ ᠡᠯᠡᠭᠳᠡᠯ ᠤᠨ ᠮᠠᠭᠠᠳᠯᠠᠯ ᠨᠢ ᠡᠩ ᠤᠨ ᠠᠷᠠᠯᠵᠢᠶ᠎ᠠ ᠪᠠ ᠡᠩ ᠤᠨ ᠬᠥᠮᠥᠨ ᠤ ᠮᠠᠭᠠᠳᠯᠠᠯ ᠤᠨ ᠳᠠᠳᠬᠠᠯ ᠲᠠᠢ ᠨᠡᠶᠢᠴᠡᠬᠦ ᠬᠡᠷᠡᠭᠲᠡᠢ᠃ ᠵᠢᠱᠢᠶᠡᠯᠡᠪᠡᠯ᠂ ᠲᠤᠰᠢᠶᠠᠨ ᠥᠭᠬᠦ ᠪᠠ ᠰᠢᠯᠭᠠᠨ ᠠᠪᠬᠤ ᠪᠠᠷᠢᠮᠵᠢᠶ᠎ᠠ ᠨᠢ ᠨᠢᠭᠡᠳᠦᠯᠲᠡᠶ ᠪᠠᠶᠢᠬᠤ ᠡᠰᠡᠬᠦ᠄ ᠲᠤᠰᠢᠶᠠᠨ ᠥᠭᠬᠦ ᠦᠶ᠎ᠡ ᠳᠤ ᠲᠦᠷᠢᠶᠡᠰᠦᠨ ᠡᠳ᠋ ᠨᠢᠭᠡᠪᠦᠷᠢ ᠶᠢᠨ ᠨᠠᠷᠢᠨ ᠵᠦᠢᠯᠡᠰ ᠢ ᠨᠠᠷᠢᠨ ᠨᠢᠮᠪᠠᠶ ᠬᠠᠷᠭᠤᠭᠤᠯᠤᠨ ᠪᠠᠶᠢᠴᠠᠭᠠᠵᠤ᠂ ᠬᠡᠷᠪᠡ ᠲᠡᠶᠢᠮᠦ ᠪᠢᠰᠢ ᠪᠣᠯ ᠲᠦᠷᠢᠶᠡᠰᠦ ᠶᠢ ᠪᠤᠴᠠᠭᠠᠬᠤ ᠦᠶ᠎ᠡ ᠳᠤ ᠢᠯᠡᠭᠦᠴᠡ ᠠᠯᠪᠠᠳᠠᠯᠭ᠎ᠠ ᠪᠠᠷ ᠱᠠᠭᠠᠷᠳᠠᠵᠤ ᠪᠣᠯᠬᠤ ᠦᠭᠡᠢ᠃ ᠲᠦᠪ ᠭᠤᠤᠯᠴᠢ ᠵᠦᠢ ᠵᠤᠬᠢᠰᠳᠠᠢ ᠪᠠᠶᠢᠬᠤ ᠪᠣᠯ ᠲᠦᠷᠢᠶᠡᠰᠦᠯᠡᠯ ᠤᠨ ᠬᠠᠷᠢᠴᠠᠭᠠᠨ ᠤ ᠰᠠᠭᠤᠷᠢ ᠴᠢᠯᠠᠭᠤ ᠪᠣᠯᠣᠨ᠎ᠠ    ︽ᠲᠦᠷᠢᠶᠡᠰᠦᠯᠡᠭᠦᠯᠦᠭᠴᠢ ᠲᠦᠷᠢᠶᠡᠰᠦ ᠪᠠᠨ ᠪᠤᠴᠠᠭᠠᠵᠤ ᠠᠪᠬᠤ ᠳᠤ ᠪᠠᠨ ᠪᠠᠷᠢᠴᠠᠭᠠᠨ ᠤ ᠮᠥᠩᠭᠦ ᠶᠢ ᠨᠢ ᠳᠠᠷᠤᠵᠤ ᠠᠪᠬᠤ ᠠᠴᠠ ᠪᠣᠯᠣᠭᠰᠠᠨ ᠵᠥᠷᠢᠴᠡᠯ ᠤᠨ ᠰᠢᠷᠦᠭᠦᠰᠦᠯ ᠨᠢ ᠮᠢᠨᠤ ᠦᠵᠡᠬᠦ ᠪᠠᠷ ᠨᠡᠩ ᠢᠯᠡᠭᠦᠦ ᠨᠡᠶᠢᠭᠡᠮ ᠨᠡᠶᠢᠲᠡ ᠶᠢᠨ ᠶᠣᠰᠣ ᠰᠤᠷᠲᠠᠬᠤᠨ ᠤ ᠬᠢᠵᠠᠭᠠᠷᠯᠠᠯ ᠢ ᠱᠠᠭᠠᠷᠳᠠᠨ᠎ᠠ᠃ ᠡᠷᠬᠡ ᠠᠰᠢᠭ ᠢᠶᠠᠨ ᠬᠠᠮᠠᠭᠠᠯᠠᠬᠤ ᠤᠷᠲᠤ ᠬᠤᠭᠤᠴᠠᠭᠠᠨ ᠤ ᠶᠠᠪᠤᠴᠠ ᠨᠢ ᠰᠠᠶ᠋ᠢᠬᠠᠨ ᠠᠵᠢᠯ ᠤᠨ ᠪᠠᠶᠢᠷᠢᠨ ᠳᠤ ᠣᠷᠣᠭᠰᠠᠨ ᠬᠦᠮᠦᠰ ᠲᠤ ᠠᠪᠴᠤ ᠬᠡᠯᠡᠪᠡᠯ ᠰᠡᠳᠭᠢᠯ ᠤᠨ ᠲᠠᠷ ᠢ ᠪᠠᠷᠠᠭᠠᠬᠤ ᠪᠠᠷ ᠪᠠᠷᠠᠬᠤ ᠦᠭᠡᠢ ᠪᠠᠰᠠ ᠡᠳ᠋ ᠮᠥᠩᠬᠦ ᠶᠢ ᠪᠠᠷᠠᠭᠠᠳᠠᠭ︾ ᠭᠡᠵᠦ ᠰᠠᠶ᠋ᠢᠬᠠᠨ ᠶᠡᠭᠡ ᠰᠤᠷᠭᠠᠭᠤᠯᠢ ᠪᠠᠨ ᠲᠡᠭᠦᠰᠭᠡᠭᠰᠡᠨ ᠴᠧᠨ ᠵᠦᠩ ᠬᠡᠯᠡᠨ᠎ᠡ᠃    ᠯᠢ ᠵᠢᠶᠠᠨ ᠤ ᠦᠵᠡᠬᠦ ᠪᠠᠷ᠂ ᠲᠦᠷᠢᠶᠡᠰᠦᠯᠡᠭᠦᠯᠦᠭᠴᠢ ᠶᠢᠨ ᠲᠠᠯ᠎ᠠ ᠶᠢᠨ ᠵᠦᠢ ᠵᠣᠬᠢᠰ ᠦᠭᠡᠢ ᠲᠥᠯᠥᠪᠦᠷᠢ ᠠᠪᠬᠤ ᠱᠠᠭᠠᠷᠳᠠᠯᠭ᠎ᠠ ᠶᠢᠨ ᠡᠮᠦᠨ᠎ᠡ᠂ ᠲᠦᠷᠢᠶᠡᠰᠦᠯᠡᠭᠴᠢ ᠲᠠᠯ᠎ᠠ ᠶᠢᠨ ᠬᠢᠨ ᠰᠣᠬᠤᠷ ᠪᠠᠯᠠᠶ ᠪᠠᠷ ᠡᠪᠰᠡᠵᠦ ᠪᠣᠯᠬᠤ ᠦᠭᠡᠢ᠂ ᠪᠠᠰᠠ ᠥᠪᠡᠷ ᠤᠨ ᠬᠠᠤᠯᠢ ᠶᠣᠰᠣᠨ ᠤ ᠡᠷᠬᠡ ᠠᠰᠢᠭ ᠢᠶᠠᠨ ᠠᠮᠠᠷᠬᠠᠨ ᠲᠠᠶᠠᠭᠳᠠᠵᠤ ᠪᠣᠯᠬᠤ ᠦᠭᠡᠢ᠃ ᠲᠦᠷᠢᠶᠡᠰᠦᠯᠡᠭᠦᠯᠦᠭᠴᠢ ᠶᠢᠨ ᠲᠠᠯ᠎ᠠ ᠨᠢ ᠬᠤᠬᠢᠷᠠᠯ ᠤᠨ ᠲᠥᠯᠥᠪᠦᠷᠢ ᠶᠢ ᠲᠣᠭᠲᠠᠭᠠᠬᠤ ᠳᠤ ᠪᠠᠨ ᠪᠣᠳᠠᠲᠤ ᠪᠠᠶᠢᠳᠠᠯ ᠪᠣᠯᠤᠨ ᠵᠠᠬ᠎ᠠ ᠳᠡᠯᠭᠡᠭᠦᠷ ᠤᠨ ᠪᠠᠶᠢᠳᠠᠯ ᠢ ᠪᠣᠳᠣᠯᠬᠢᠯᠠᠬᠤ ᠬᠡᠷᠡᠭᠲᠡᠶ᠂ ᠳᠤᠷ᠎ᠠ ᠪᠠᠷ ᠢᠶᠠᠨ ᠦᠨ᠎ᠡ ᠭᠠᠷᠭᠠᠵᠤ ᠪᠣᠯᠬᠤ ᠦᠭᠡᠶ᠂ ᠬᠡᠷᠪᠡ ᠵᠢᠭᠤᠷᠠᠯᠳᠤᠭᠠᠨ ᠲᠠᠢ ᠪᠣᠯ ᠵᠥᠪᠳᠡᠯᠴᠡᠬᠦ ᠪᠤᠶᠤ ᠭᠤᠷᠪᠠᠳᠠᠬᠢ ᠡᠲᠡᠭᠡᠳ ᠤᠨ ᠪᠠᠶᠢᠭᠤᠯᠤᠮᠵᠢ ᠶᠢ ᠤᠷᠢᠵᠤ ᠦᠨᠡᠯᠡᠨ ᠵᠢᠱᠢᠯᠲᠡ ᠬᠢᠯᠭᠡᠵᠦ ᠪᠣᠯᠣᠨ᠎ᠠ᠃ ᠲᠥᠪ ᠭᠤᠣᠯᠴᠢ᠂ ᠵᠦᠢ ᠵᠣᠬᠢᠰᠲᠠᠢ ᠪᠠᠶᠢᠬᠤ ᠪᠣᠯ ᠰᠠᠶ᠋ᠢ ᠲᠦᠷᠢᠶᠡᠰᠦᠯᠡᠯ ᠤᠨ ᠬᠠᠷᠢᠴᠠᠭᠠᠨ ᠤ ᠰᠠᠭᠤᠷᠢ ᠴᠢᠯᠠᠭᠤ ᠪᠣᠯᠤᠨ᠎ᠠ᠃    ︽ᠲᠦᠷᠢᠶᠡᠰᠦᠨ ᠣᠷᠣᠨ ᠰᠠᠭᠤᠴᠠ ᠶᠢᠨ ᠵᠠᠬ᠎ᠠ ᠳᠡᠯᠭᠡᠭᠦᠷ ᠨᠡᠯᠢᠶᠡᠳ ᠲᠤᠰᠬᠠᠶᠢᠵᠢᠭᠰᠠᠨ᠂ ᠵᠢᠷᠤᠮᠵᠢᠭᠰᠠᠨ ᠪᠣᠯᠪᠠᠴᠤ ᠪᠠᠰᠠ ᠵᠠᠷᠢᠮ ᠬᠥᠮᠦᠰ ᠬᠤᠬᠢᠷᠠᠯ ᠢ ᠲᠣᠭᠲᠠᠭᠠᠬᠤ ᠪᠤᠶᠤ ᠪᠠᠷᠢᠴᠠᠭᠠᠨ ᠤ ᠮᠥᠩᠭᠦ ᠶᠢ ᠳᠠᠷᠤᠵᠤ ᠠᠪᠬᠤ ᠵᠡᠷᠭᠡ ᠠᠷᠭ᠎ᠠ ᠪᠠᠷ ᠵᠣᠭᠤᠰ ᠣᠯᠵᠤ ᠪᠠᠶᠢᠨ᠎ᠠ︾᠃ ᠳᠤᠮᠳᠠᠳᠤ ᠤᠯᠤᠰ ᠤᠨ ᠤᠯᠤᠰ ᠲᠥᠷᠥ ᠬᠠᠤᠯᠢ ᠴᠠᠭᠠᠵᠠ ᠶᠢᠨ ᠶᠡᠭᠡ ᠰᠤᠷᠭᠠᠭᠤᠯᠢ ᠶᠢᠨ ᠳᠠᠮᠵᠢᠭᠤᠯᠭ᠎ᠠ ᠶᠢᠨ ᠬᠠᠤᠯᠢ ᠶᠢᠨ ᠰᠤᠳᠤᠯᠭᠠᠨ ᠤ ᠲᠥᠪ ᠤᠨ ᠳᠡᠳ᠋ ᠡᠷᠬᠢᠯᠡᠭᠴᠢ ᠵᠦ ᠸᠧᠶ ᠢᠯᠡᠷᠬᠡᠶᠢᠯᠡᠭᠰᠡᠨ ᠨᠢ᠂ ᠡᠶᠢᠮᠦᠷᠬᠦᠦ ᠪᠠᠶᠢᠳᠠᠯ ᠭᠠᠷᠤᠭᠰᠠᠨ ᠰᠢᠯᠲᠠᠭᠠᠨ ᠨᠢ ᠭᠡᠷ᠎ᠡ ᠶᠢᠨ ᠨᠠᠷᠢᠨ ᠵᠦᠢᠯᠡᠰ ᠵᠡᠷᠭᠡ ᠰᠢᠯᠲᠠᠭᠠᠨ ᠠᠴᠠ ᠣᠨᠳᠣᠣ ᠪᠠᠰᠠ ᠭᠡᠷ ᠲᠦᠷᠢᠶᠡᠰᠦᠯᠡᠬᠦ ᠵᠠᠬ᠎ᠠ ᠳᠡᠯᠭᠡᠭᠦᠷ ᠤᠨ ᠬᠠᠩᠭᠠᠯᠭ᠎ᠠ ᠬᠡᠷᠡᠭᠴᠡᠭᠡ ᠶᠢᠨ ᠵᠣᠬᠢᠴᠠᠯᠳᠤᠯ ᠬᠦᠷᠦᠯᠴᠡᠬᠦ ᠦᠭᠡᠢ᠂ ᠮᠡᠳᠡᠭᠡ ᠵᠠᠩᠭᠢ ᠲᠡᠭᠰᠢ ᠦᠭᠡᠢ ᠵᠡᠷᠭᠡ ᠬᠦᠴᠦᠨ ᠵᠦᠢᠯ ᠲᠠᠢ ᠬᠤᠯᠪᠣᠭ᠎ᠠ ᠲᠠᠢ ᠪᠠᠶᠢᠨ᠎ᠠ ᠭᠡᠵᠡᠢ᠃    ᠵᠦ ᠸᠧᠶ ᠠᠴᠠ ᠰᠠᠨᠠᠭᠤᠯᠤᠭᠰᠠᠨ ᠨᠢ᠂ ᠬᠡᠷ ᠪᠠᠶᠢᠰᠢᠩ ᠲᠦᠷᠢᠶᠡᠰᠦᠯᠡᠭᠦᠯᠦᠭᠴᠢ᠂ ᠲᠦᠷᠢᠶᠡᠰᠦᠯᠡᠭᠴᠢ ᠬᠡᠷ ᠪᠠᠶᠢᠰᠢᠩ ᠢ ᠨᠠᠷᠢᠨ ᠨᠢᠮᠪᠠᠶ ᠰᠢᠯᠭᠠᠨ ᠪᠠᠶᠢᠴᠠᠭᠠᠵᠤ᠂ ᠬᠡᠷᠪᠡ ᠡᠯᠡᠭᠳᠡᠯ ᠢᠶᠠᠷ ᠬᠤᠬᠢᠷᠠᠯ ᠢ ᠲᠣᠭᠲᠠᠭᠠᠬᠤ᠂ ᠪᠠᠷᠢᠴᠠᠭᠠᠨ ᠤ ᠮᠥᠩᠭᠦ ᠶᠢ ᠳᠠᠷᠤᠵᠤ ᠠᠪᠬᠤ ᠵᠡᠷᠭᠡ ᠠᠴᠠ ᠪᠣᠯᠵᠣ ᠮᠠᠷᠭᠤᠯᠳᠤᠭᠠᠨ ᠢ ᠰᠢᠢᠳᠪᠦᠷᠢᠯᠡᠬᠦ ᠳᠤ ᠪᠡᠷᠬᠡ ᠪᠣᠯᠪᠠᠯ ᠣᠷᠣᠨ ᠰᠠᠭᠤᠴᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠰᠠᠯᠠᠭ᠎ᠠ ᠮᠥᠴᠢᠷ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠲᠤ ᠲᠤᠰᠬᠠᠵᠤ ᠪᠣᠯᠤᠨ᠎ᠠ᠂ ᠪᠠᠰᠠ ᠬᠡᠷᠡᠭᠯᠡᠭᠴᠢᠳ ᠤᠨ ᠨᠡᠶᠢᠭᠡᠮᠯᠢᠭ᠂ ᠡᠶᠡᠳᠡᠭᠦᠯᠬᠦ ᠪᠠᠶᠢᠭᠤᠯᠤᠮᠵᠢ ᠵᠡᠷᠭᠡ ᠳᠤ ᠵᠠᠭᠠᠯᠳᠤᠵᠤ ᠪᠣᠯᠤᠨ᠎ᠠ᠂ ᠪᠠᠰᠠ ᠬᠠᠤᠯᠢ ᠴᠠᠭᠠᠵᠠ ᠶᠢᠨ ᠠᠷᠭ᠎ᠠ ᠵᠠᠮ ᠢᠶᠠᠷ ᠡᠷᠬᠡ ᠪᠠᠨ ᠬᠠᠮᠠᠭᠠᠯᠠᠵᠤ ᠪᠣᠯᠤᠨ᠎ᠠ ᠭᠡᠵᠡᠢ᠃ 
ᠢᠷᠡᠯᠲᠡ᠄ ᠠᠵᠢᠯᠴᠢᠨ ᠤ ᠡᠳᠦᠷ ᠤᠨ ᠰᠣᠨᠢᠨ
Baidu
map