ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ︵ᠥᠷᠭᠡᠳᠬᠡᠭᠰᠡᠨ︶ ᠤᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/5/28
      5 ᠳ᠋ᠤᠭᠠᠷ ᠰᠠᠷ᠎ᠠ ᠶᠢᠨ 27 ᠤ ᠡᠳᠦᠷ᠂ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ︵ᠥᠷᠭᠡᠳᠬᠡᠭᠰᠡᠨ︶ ᠤᠨ ᠬᠤᠷᠠᠯ ᠬᠤᠷᠠᠯᠳᠤᠭᠤᠯᠵᠤ᠂ ᠶᠡᠷᠦᠩᠬᠡᠶ ᠱᠦᠵᠢ ᠰᠢ ᠶᠢᠨ ᠫᠢᠩ ᠤᠨ ᠣᠶᠢᠷ᠎ᠠ ᠶᠢᠨ ᠬᠤᠭᠤᠴᠠᠭᠠᠨ ᠤ ᠴᠢᠬᠤᠯᠠ ᠶᠠᠷᠢᠶ᠎ᠠ᠂ ᠴᠢᠬᠤᠯᠠ ᠵᠢᠭᠠᠪᠤᠷᠢ᠂ ᠴᠢᠬᠤᠯᠠ ᠵᠣᠬᠢᠶᠠᠯ ᠤᠨ ᠵᠣᠷᠢᠭ ᠰᠠᠨᠠᠭ᠎ᠠ ᠵᠢᠴᠢ ᠲᠥᠪ᠂ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠥᠬᠦᠶ ᠬᠤᠷᠠᠯ ᠪᠠ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠠᠵᠢᠯ ᠢ ᠰᠤᠳᠤᠯᠪᠠ᠃ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠢᠩᠬᠢᠮ ᠤᠨ ᠳᠠᠷᠤᠭ᠎ᠠ ᠭᠦᠸᠧ ᠢᠦᠶ ᠹᠧᠩ ᠬᠤᠷᠠᠯ ᠢ ᠡᠷᠭᠢᠯᠡᠪᠡ᠃
W020240528331908800063.png
      ᠬᠤᠷᠠᠯ ᠠᠴᠠ ᠂ ᠶᠡᠷᠦᠩᠬᠡᠶ ᠱᠦᠵᠢ ᠰᠢ ᠶᠢᠨ ᠫᠢᠩ ᠤᠨ ᠥᠭᠡᠷᠡᠴᠢᠯᠡᠯᠲᠡ ᠶᠢ ᠪᠥᠬᠦ ᠲᠠᠯ᠎ᠠ ᠪᠠᠷ ᠭᠦᠨᠵᠡᠭᠡᠶᠢᠷᠡᠭᠦᠯᠬᠦ ᠲᠤᠬᠠᠶ ᠴᠢᠬᠤᠯᠠ ᠥᠭᠦᠯᠡᠯᠲᠡ ᠪᠠᠷ ᠵᠢᠯᠣᠭᠤᠳᠣᠯᠭ᠎ᠠ ᠪᠣᠯᠭᠠᠵᠤ᠂ ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠥᠬᠦ ᠲᠠᠯ᠎ᠠ ᠪᠠᠷ ᠭᠦᠨᠵᠡᠭᠡᠶᠢᠷᠡᠭᠦᠯᠬᠦ ᠶᠢᠨ ᠴᠢᠬᠤᠯᠠ ᠶᠡᠭᠡ ᠠᠴᠢ ᠬᠤᠯᠪᠣᠭᠳᠠᠯ ᠪᠠ ᠴᠢᠬᠤᠯᠠ ᠱᠠᠭᠠᠷᠳᠠᠯᠭ᠎ᠠ ᠶᠢ ᠭᠦᠨᠵᠡᠭᠡᠶ ᠲᠠᠨᠢᠨ ᠡᠵᠡᠮᠳᠡᠵᠦ᠂ ᠰᠢᠰᠲ᠋ᠧᠮ ᠤᠨ ᠬᠤᠷᠠᠮᠳᠤᠯ ᠢ ᠨᠠᠩ ᠴᠢᠬᠤᠯᠠᠴᠢᠯᠠᠵᠤ᠂ ᠪᠥᠬᠦ ᠲᠠᠯ᠎ᠠ ᠶᠢᠨ ᠦᠵᠡᠯᠲᠡ ᠪᠠ ᠰᠢᠰᠲ᠋ᠧᠮᠲᠦ ᠰᠡᠳᠬᠢᠬᠦᠶ ᠪᠠᠷ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠪᠠᠶᠢᠭᠤᠯᠤᠯ ᠲᠣᠭᠲᠠᠴᠠ ᠶᠢᠨ ᠥᠭᠡᠷᠡᠴᠢᠯᠡᠯᠲᠡ ᠶᠢ ᠲᠥᠯᠥᠪᠵᠢᠭᠦᠯᠦᠨ ᠠᠬᠢᠭᠤᠯᠬᠤ ᠶᠢ ᠪᠠᠷᠢᠮᠲᠠᠯᠠᠵᠤ᠂ ᠡᠯ᠎ᠡ ᠵᠦᠢᠯ ᠤᠨ ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ ᠶᠢ ᠵᠣᠬᠢᠴᠠᠭᠤᠯᠤᠨ ᠢᠵᠢ ᠪᠦᠷᠢᠳᠦᠭᠦᠯᠬᠦ ᠶᠢ ᠴᠢᠩᠭᠠᠳᠬᠠᠵᠤ᠂ ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ ᠶᠢ ᠠᠳᠠᠯᠢ ᠴᠢᠭᠯᠡᠯ ᠢᠶᠠᠷ ᠬᠦᠴᠦᠯᠡᠵᠦ᠂ ᠨᠡᠶᠢᠯᠡᠮᠡᠯ ᠬᠦᠴᠦᠨ ᠢ ᠪᠦᠷᠢᠯᠳᠦᠭᠦᠯᠬᠦ ᠶᠢ ᠠᠬᠢᠭᠤᠯᠵᠤ᠂ ᠠᠷᠠᠳ ᠣᠯᠠᠨ ᠳᠤ ᠨᠢᠳᠦᠨ ᠳᠤ ᠦᠵᠡᠭᠳᠡᠵᠦ ᠭᠠᠷ ᠲᠤ ᠪᠠᠷᠢᠭᠳᠠᠮ᠎ᠠ ᠪᠣᠳᠠᠲᠤ ᠠᠰᠢᠭ ᠬᠦᠷᠲᠡᠭᠡᠬᠦ ᠬᠡᠷᠡᠭᠲᠡᠶ ᠭᠡᠵᠤ ᠴᠢᠬᠤᠯᠠᠴᠢᠯᠠᠪᠠ᠃      ᠬᠤᠷᠠᠯ ᠠᠴᠠ ᠂ ᠪᠠᠶᠢᠯᠳᠤᠬᠤ ᠪᠣᠳᠣᠯᠭ᠎ᠠ ᠶᠢᠨ ᠰᠡᠳᠬᠢᠬᠦᠶ ᠪᠠᠨ ᠳᠡᠭᠡᠭᠰᠢᠯᠡᠭᠦᠯᠵᠦ᠂ ᠤᠯᠤᠰ ᠠᠴᠠ ᠤᠷᠲᠤ ᠬᠤᠭᠤᠴᠠᠭᠠᠨ ᠤ ᠣᠨᠴᠠᠭᠠᠶ ᠤᠯᠤᠰ ᠤᠨ ᠵᠢᠭᠡᠯᠡᠯᠭᠡ ᠶᠢ ᠲᠠᠷᠬᠠᠭᠠᠵᠤ ︽ᠬᠤᠶᠠᠷ ᠢ ᠴᠢᠬᠤᠯᠠᠴᠢᠯᠠᠬᠤ︾ ᠪᠥᠲᠥᠭᠡᠨ ᠪᠠᠶᠢᠭᠤᠯᠤᠯᠲᠠ ᠶᠢ ᠳᠡᠮᠵᠢᠬᠦ ᠪᠠᠷ ᠠᠵᠠ ᠲᠣᠬᠢᠶᠠᠯ ᠪᠣᠯᠭᠠᠵᠤ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠬᠦᠷᠢᠶᠡᠨ ᠳᠠᠬᠢ ᠴᠢᠬᠤᠯᠠ ᠶᠡᠭᠡ ᠲᠥᠷᠥᠯ ᠵᠦᠢᠯ ᠢ ᠨᠥᠭᠡᠴᠡᠯᠡᠬᠦ ᠬᠠᠮᠢᠶᠠᠷᠤᠯᠲᠠ ᠶᠢ ᠴᠢᠩᠭᠠᠳᠬᠠᠵᠤ᠂ ᠲᠥᠷᠥᠯ ᠵᠦᠢᠯ ᠢ ᠰᠢᠭᠰᠢᠨ ᠰᠣᠩᠭᠤᠬᠤ ᠠᠵᠢᠯ ᠢ ᠰᠢᠨᠵᠢᠯᠡᠬᠦ ᠤᠬᠠᠭᠠᠨᠴᠢ ᠪᠠᠷ ᠰᠠᠶᠢᠲᠤᠷ ᠬᠢᠵᠦ᠂ ︽ᠬᠤᠶᠠᠷ ᠢ ᠴᠢᠬᠤᠯᠠᠴᠢᠯᠠᠬᠤ︾ ᠲᠥᠷᠥᠯ ᠵᠦᠢᠯ ᠢ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢ ᠨᠠᠶᠢᠳᠠᠪᠤᠷᠢᠵᠢᠭᠤᠯᠬᠤ ᠪᠠ ︽ᠠᠷᠪᠠᠨ ᠲᠠᠪᠤᠳᠤᠭᠠᠷ ᠲᠠᠪᠤᠨ ᠵᠢᠯ︾ ᠤᠨ ᠲᠥᠯᠥᠪᠵᠢᠭᠦᠯᠭᠡ ᠶᠢᠨ ᠡᠮᠦᠨᠡᠬᠢ ᠬᠤᠭᠤᠴᠠᠭᠠᠨ ᠤ ᠲᠥᠯᠥᠪᠵᠢᠭᠦᠯᠭᠡ ᠲᠠᠢ ᠨᠢᠭᠲᠠ ᠤᠶᠠᠯᠳᠤᠭᠤᠯᠵᠤ᠂ ᠤᠷᠢᠳᠠᠴᠢ ᠴᠢᠨᠠᠷᠲᠠᠶ ᠪᠠᠷ ᠰᠡᠳᠬᠢᠬᠦ᠂ ᠪᠦᠬᠦᠯᠢ ᠴᠣᠭᠴᠠ ᠶᠢᠨ ᠴᠢᠨᠠᠷᠲᠠᠶ ᠪᠠᠷ ᠲᠥᠯᠥᠪᠵᠢᠭᠦᠯᠬᠦ᠂ ᠰᠢᠰᠲ᠋ᠧᠮᠲᠦ ᠴᠢᠨᠠᠷᠲᠠᠶ ᠪᠠᠷ ᠠᠬᠢᠭᠤᠯᠵᠤ᠂ ᠨᠢᠭᠡ ᠪᠦᠯᠦᠭ ᠪᠡᠯᠭᠡ ᠲᠡᠮᠳᠡᠭ ᠤᠨ ᠴᠢᠨᠠᠷᠲᠠᠶ ᠢᠨᠵᠧᠨᠧᠷᠢᠩ ᠢ ᠬᠦᠴᠦᠯᠡᠨ ᠪᠠᠶᠢᠭᠤᠯᠬᠤ ᠬᠡᠷᠡᠭᠲᠡᠶ᠃ ᠰᠢᠰᠲ᠋ᠧᠮᠲᠦ ᠰᠡᠳᠬᠢᠬᠦᠢ ᠶᠢ ᠪᠠᠷᠢᠮᠲᠠᠯᠠᠵᠤ᠂ ᠬᠠᠳᠠᠭᠠᠯᠠᠭᠳᠠᠵᠤ ᠪᠠᠶᠢᠭ᠎ᠠ ᠡᠬᠢ ᠪᠠᠶᠠᠯᠢᠭ ᠢ ᠨᠢᠭᠡᠳᠭᠡᠨ ᠠᠰᠢᠭᠯᠠᠵᠤ᠂ ᠰᠠᠭᠤᠭᠠᠯᠢ ᠠᠷᠠᠳ ᠤᠨ ᠲᠣᠭᠤᠷᠢᠭ ᠪᠣᠯᠤᠨ ᠬᠡᠰᠡᠭ ᠣᠷᠣᠨ ᠢ ᠤᠶᠠᠯᠳᠤᠭᠤᠯᠬᠤ᠂ ᠬᠠᠤᠯᠢ ᠠᠴᠠ ᠵᠥᠷᠢᠴᠡᠭᠰᠡᠨ ᠪᠠᠷᠢᠯᠭ᠎ᠠ ᠶᠢ ᠨᠤᠷᠠᠭᠠᠬᠤ ᠪᠠ ᠰᠢᠨ᠎ᠡ ᠪᠠᠷ ᠪᠠᠶᠢᠭᠤᠯᠬᠤ ᠶᠢ ᠤᠶᠠᠯᠳᠤᠭᠤᠯᠬᠤ᠂ ᠬᠠᠮᠠᠭᠠᠯᠠᠬᠤ ᠪᠠ ᠠᠰᠢᠭᠯᠠᠬᠤ ᠶᠢ ᠤᠶᠠᠯᠳᠤᠭᠤᠯᠬᠤ ᠶᠢ ᠠᠬᠢᠭᠤᠯᠵᠤ᠂ ᠬᠠᠭᠤᠴᠢᠨ ᠬᠤᠭᠤᠯᠠᠢ ᠲᠣᠣᠷ ᠢ ᠰᠢᠨᠡᠳᠬᠡᠨ ᠥᠭᠡᠷᠡᠴᠢᠯᠡᠬᠦ᠂ ᠪᠠᠲᠤᠯᠠᠭ᠎ᠠ ᠶᠢᠨ ᠴᠢᠨᠠᠷᠲᠠᠢ ᠬᠢᠮᠳᠠ ᠣᠷᠣᠨ ᠰᠠᠭᠤᠴᠠ ᠶᠢᠨ ᠢᠨᠵᠧᠨᠧᠷᠢᠩ᠂ ᠬᠤᠳᠠ ᠶᠢᠨ ᠨᠤᠭᠤᠭᠠᠷᠠᠭᠤᠯᠤᠯᠳᠠ ᠶᠢᠨ ᠪᠦᠳᠦᠭᠡᠨ ᠪᠠᠶᠢᠭᠤᠯᠤᠯᠲᠠ ᠵᠡᠷᠭᠡ ᠲᠦᠷᠦᠯ ᠵᠦᠢᠯ ᠤᠨ ᠬᠡᠷᠡᠭᠵᠢᠭᠦᠯᠦᠯᠲᠡ ᠶᠢ ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠠᠳᠬᠤᠵᠤ᠂ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢᠨ ᠰᠢᠰᠲ᠋ᠧᠮᠲᠦ ᠴᠢᠨᠠᠷ ᠢ ᠴᠢᠨᠠᠭᠰᠢᠳᠠ ᠳᠡᠭᠡᠭᠰᠢᠯᠡᠭᠦᠯᠬᠦ ᠬᠡᠷᠡᠭᠲᠡᠢ᠃ ︽ᠬᠠᠲᠠᠭᠤ ᠪᠡᠯᠡ ᠣᠷᠣᠭᠤᠯᠤᠯᠲᠠ︾ ᠪᠠ ︽ᠵᠥᠭᠡᠯᠡᠨ ᠪᠦᠲᠦᠭᠡᠨ ᠪᠠᠶᠢᠭᠤᠯᠤᠯᠲᠠ︾ ᠶᠢ ᠨᠢᠭᠡᠳᠦᠯᠲᠡᠢ ᠲᠥᠯᠥᠪᠯᠡᠨ ᠰᠠᠶᠢᠲᠤᠷ ᠠᠳᠬᠤᠵᠤ᠂ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠪᠠ ᠢᠵᠢ ᠪᠦᠷᠢᠳᠦᠭᠦᠯᠬᠦ ᠥᠭᠡᠷᠡᠴᠢᠯᠡᠯᠲᠡ ᠶᠢ ᠤᠶᠠᠯᠳᠤᠭᠤᠯᠵᠤ᠂ ᠲᠥᠯᠥᠪᠵᠢᠭᠦᠯᠭᠡ ᠶᠢ ᠨᠠᠶᠢᠷᠠᠭᠤᠯᠤᠨ ᠲᠡᠭᠦᠯᠳᠡᠷᠵᠢᠭᠦᠯᠬᠦ ᠪᠠᠷ ᠪᠠᠷᠠᠬᠤ ᠦᠭᠡᠢ ᠳᠦᠷᠢᠮ ᠤᠨ ᠬᠠᠩᠭᠠᠯᠭ᠎ᠠ ᠶᠢ ᠰᠢᠯᠢᠳᠡᠭᠵᠢᠭᠦᠯᠵᠦ᠂ ᠥᠭᠡᠷᠡᠴᠢᠯᠡᠯᠲᠡ ᠶᠢᠨ ᠠᠷᠭ᠎ᠠ ᠪᠠ ᠰᠢᠨ᠎ᠡ ᠶᠢ ᠡᠭᠦᠳᠬᠦ ᠠᠷᠭ᠎ᠠ ᠬᠡᠮᠵᠢᠶ᠎ᠡ ᠪᠠᠷ ᠭᠦᠨ ᠳᠠᠪᠬᠤᠷᠭ᠎ᠠ ᠶᠢᠨ ᠬᠠᠷᠰᠢ ᠰᠠᠭᠠᠳ ᠢ ᠠᠷᠢᠯᠭᠠᠬᠤ ᠬᠡᠷᠡᠭᠲᠡᠢ᠃ ᠰᠢᠨ᠎ᠡ ᠶᠢ ᠡᠭᠦᠳᠬᠦ ᠰᠡᠳᠬᠢᠬᠦᠶ ᠪᠠᠨ ᠴᠢᠩᠭᠠᠳᠬᠠᠵᠤ᠂ ︽ᠵᠧᠵᠢᠶᠠᠩ ᠤᠨ ᠵᠠᠭᠪᠤᠷ︾ ᠢ ᠨᠠᠷᠢᠨ ᠬᠢᠨᠠᠮᠠᠭᠠᠶ ᠰᠤᠷᠤᠯᠴᠠᠨ ᠲᠣᠯᠢᠯᠠᠵᠤ᠂ ᠥᠮᠴᠢᠲᠡᠨ ᠤ ᠪᠠᠯᠠ ᠴᠤᠭᠯᠠᠭᠤᠯᠬᠤ᠂ ᠥᠪᠡᠰᠦᠪᠡᠨ ᠨᠤᠷᠠᠭᠠᠵᠤ ᠥᠪᠡᠰᠦᠪᠡᠨ ᠪᠠᠶᠢᠭᠤᠯᠵᠤ ᠥᠪᠡᠰᠦᠪᠡᠨ ᠥᠭᠡᠷᠡᠴᠢᠯᠡᠬᠦ ᠰᠢᠨ᠎ᠡ ᠵᠠᠮ ᠢ ᠢᠳᠡᠪᠬᠢᠲᠡᠶ ᠬᠠᠶᠢᠨ ᠰᠦᠪᠡᠭᠴᠢᠯᠡᠵᠦ᠂ ᠬᠤᠲᠠ ᠪᠠᠯᠭᠠᠰᠤᠨ ᠤ ᠬᠠᠭᠤᠴᠢᠨ ᠰᠠᠭᠤᠭᠠᠯᠢ ᠲᠣᠭᠤᠷᠢᠭ ᠢ ᠥᠭᠡᠷᠡᠴᠢᠯᠡᠨ ᠰᠠᠶᠢᠵᠢᠷᠠᠭᠤᠯᠬᠤ ᠲᠤᠷᠰᠢᠯᠲᠠ ᠶᠢᠨ ᠠᠵᠢᠯ ᠢ ᠠᠬᠢᠭᠤᠯᠵᠤ᠂ ᠣᠯᠠᠨ ᠲᠦᠮᠡᠨ ᠢ ᠬᠥᠲᠥᠯᠥᠨ ᠵᠢᠯᠣᠭᠤᠳᠴᠤ ᠪᠠᠶᠢᠭᠠᠳ ︽ᠨᠠᠳᠠ ᠪᠠᠷ ᠥᠭᠡᠷᠡᠴᠢᠯᠡᠭᠦᠯᠬᠦ︾ ᠪᠠᠶᠢᠭᠰᠠᠨ ᠠᠴᠠ ︽ ᠥᠪᠡᠰᠦᠪᠡᠨ ᠥᠭᠡᠷᠡᠴᠢᠯᠡᠬᠦ︾ ᠂ ᠥᠮᠴᠢᠲᠡᠨ ᠰᠠᠨᠠᠭᠠᠴᠢᠯᠠᠭ᠎ᠠ ᠠᠴᠠ ᠪᠠᠨ ᠣᠷᠣᠯᠴᠠᠬᠤ᠂ ᠨᠡᠶᠢᠭᠡᠮ ᠤᠨ ᠡᠯ᠎ᠡ ᠡᠲᠡᠭᠡᠳ ᠤᠨ ᠬᠢᠨ ᠥᠷᠭᠡᠨ ᠢᠶᠠᠷ ᠳᠡᠮᠵᠢᠬᠦ ᠭᠦᠨ ᠵᠤᠵᠠᠭᠠᠨ ᠠᠭᠤᠷ ᠠᠮᠢᠰᠬᠤᠯ ᠢ ᠪᠣᠶ ᠪᠣᠯᠭᠠᠬᠤ ᠬᠡᠷᠡᠭᠲᠡᠶ᠃ ᠬᠤᠷᠢᠭ᠎ᠠ ᠱᠤᠭᠤᠮ ᠤᠨ ᠰᠡᠳᠬᠢᠬᠦᠢ ᠶᠢ ᠪᠠᠲᠤ ᠪᠤᠢ ᠪᠣᠯᠭᠠᠵᠤ᠂ ᠬᠤᠳᠠ ᠶᠢᠨ ᠪᠦᠳᠦᠭᠡᠨ ᠪᠠᠶᠢᠭᠤᠯᠤᠯᠲᠠ ᠶᠢᠨ ᠬᠠᠮᠢᠶᠠᠷᠤᠯᠲᠠ ᠶᠢᠨ ᠬᠦᠷᠢᠶᠡᠨ ᠤ ᠡᠯ᠎ᠡ ᠲᠦᠷᠦᠯ ᠤᠨ  ᠰᠢᠮᠳᠠᠭᠤᠯᠤᠨ ᠪᠠᠶᠢᠴᠠᠭᠠᠵᠤ ᠬᠢᠨᠠᠨ ᠰᠢᠯᠭᠠᠬᠤ᠂ ᠤᠯᠠᠨ ᠲᠦᠮᠡᠨ ᠤ ᠲᠤᠰᠬᠠᠭᠰᠠᠨ ᠠᠰᠠᠭᠤᠳᠠᠯ ᠢ ᠴᠢᠩᠭ᠎ᠠ ᠠᠩᠬᠠᠷᠴᠤ᠂ ᠦᠨᠡᠨ ᠪᠣᠳᠠᠲᠠᠢ ᠠᠵᠢᠯᠯᠠᠵᠤ᠂ ᠬᠦᠨᠳᠦ ᠴᠣᠬᠢᠯᠲᠠ ᠥᠭᠴᠦ᠂ ᠡᠮᠬᠢ ᠵᠠᠮᠪᠠᠷᠠᠭ᠎ᠠ ᠦᠭᠡᠢ ᠦᠵᠡᠭᠳᠡᠯ ᠢ ᠵᠠᠰᠠᠬᠤ ᠲᠤᠰᠬᠠᠢ ᠠᠵᠢᠯᠯᠠᠭ᠎ᠠ ᠥᠷᠨᠢᠭᠦᠯᠵᠦ᠂ ᠪᠠᠷᠢᠯᠭ᠎ᠠ ᠶᠢᠨ ᠵᠠᠬ᠎ᠠ ᠳᠡᠯᠭᠡᠭᠦᠷ ᠂ ᠪᠣᠬᠢᠷ ᠤᠰᠤ ᠬᠤᠭ ᠨᠣᠪᠰᠢ ᠶᠢ ᠰᠢᠢᠳᠪᠦᠷᠢᠯᠡᠬᠦ ᠵᠡᠷᠭᠡ ᠲᠤᠪᠤᠶᠢᠮ᠎ᠠ ᠠᠰᠠᠭᠤᠳᠠᠯ ᠢ ᠴᠡᠭᠴᠡᠯᠡᠨ ᠵᠠᠰᠠᠬᠤ ᠡᠷᠴᠢᠮ ᠢᠶᠠᠨ ᠴᠢᠩᠭᠠᠷᠠᠭᠤᠯᠵᠤ᠂ ᠡᠯ᠎ᠡ ᠵᠦᠢᠯ ᠤᠨ ᠡᠭᠦᠷᠭᠡ ᠶᠢᠨ ᠪᠣᠳᠠᠲᠤ ᠦᠷ᠎ᠡ ᠪᠦᠲᠦᠮᠵᠢ ᠤᠯᠬᠤ ᠶᠢ ᠪᠠᠲᠤᠯᠠᠬᠤ ᠬᠡᠷᠡᠭᠲᠡᠢ ᠭᠡᠵᠤ ᠱᠠᠭᠠᠷᠳᠠᠪᠠ᠃
W020240528331908864918.png
        ᠬᠤᠷᠠᠯ ᠠᠴᠠ ᠂ ᠶᠡᠷᠦᠩᠬᠡᠶ ᠱᠦᠵᠢ ᠰᠢ ᠶᠢᠨ ᠫᠢᠩ ᠤᠨ ᠵᠢᠭᠤᠯᠴᠢᠯᠠᠯ ᠤᠨ ᠠᠵᠢᠯ ᠳᠤ ᠲᠠᠯᠪᠢᠭᠰᠠᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠬᠢᠨᠠᠮᠠᠭᠠᠶ ᠰᠤᠷᠤᠯᠴᠠᠨ ᠲᠤᠭᠤᠰᠢᠯᠠᠭᠤᠯᠵᠦ᠂ ᠰᠢ ᠶᠢᠨ ᠫᠢᠩ ᠤᠨ ᠰᠣᠶᠣᠯ ᠤᠨ ᠦᠵᠡᠯ ᠰᠠᠨᠠᠭ᠎ᠠ ᠢᠯᠠᠩᠭᠤᠶ᠎ᠠ ᠲᠡᠦᠬᠡ ᠰᠣᠶᠣᠯ ᠤᠨ ᠥᠪ ᠢ ᠬᠠᠮᠠᠭᠠᠯᠠᠨ ᠤᠯᠠᠮᠵᠢᠯᠠᠬᠤ ᠲᠤᠬᠠᠶ ᠴᠢᠬᠤᠯᠠ ᠥᠭᠦᠯᠡᠯᠲᠡ ᠶᠢ ᠭᠦᠨᠵᠡᠭᠡᠶ ᠰᠤᠷᠤᠯᠴᠠᠨ ᠨᠡᠪᠲᠡᠷᠡᠲᠡᠯ᠎ᠡ ᠣᠶᠢᠯᠠᠭᠠᠵᠤ᠂ ᠲᠡᠦᠬᠡ ᠰᠣᠶᠣᠯ ᠤᠨ ᠨᠠᠷᠠᠲᠤ ᠬᠤᠲᠠ ᠶᠢ ᠡᠭᠦᠳᠦᠨ ᠪᠠᠶᠢᠭᠤᠯᠬᠤ᠂ ᠲᠡᠤᠬᠡ ᠰᠣᠶᠣᠯ ᠤᠨ ᠵᠡᠭᠡᠯᠢ ᠲᠣᠭᠤᠷᠢᠭ ᠢ ᠮᠠᠭᠠᠳᠯᠠᠨ ᠲᠣᠭᠲᠠᠭᠠᠬᠤ᠂ ᠲᠡᠤᠬᠡ ᠶᠢᠨ ᠪᠠᠷᠢᠯᠭ᠎ᠠ ᠶᠢᠨ ᠲᠤᠭᠠᠴᠢᠯᠠᠯᠳᠠ᠂ ᠬᠡᠮᠵᠢᠨ  ᠵᠢᠷᠤᠭᠯᠠᠬᠤ ᠵᠡᠷᠭᠡ ᠠᠵᠢᠯ ᠢ ᠯᠠᠪᠳᠠᠭᠤᠨ ᠪᠠᠲᠤᠲᠠᠶ ᠰᠠᠶᠢᠲᠤᠷ ᠬᠢᠵᠦ᠂ ᠲᠡᠦᠬᠡ ᠰᠣᠶᠣᠯ ᠤᠨ ᠬᠠᠮᠠᠭᠠᠯᠠᠯᠲᠠ ᠬᠢᠭᠡᠳ ᠬᠤᠲᠠ ᠶᠢᠨ ᠰᠢᠨᠡᠴᠢᠯᠡᠯᠲᠡ ᠶᠢ ᠣᠷᠭᠠᠨᠢᠭ ᠢᠶᠠᠷ ᠤᠶᠠᠯᠳᠤᠭᠤᠯᠬᠤ ᠶᠢ ᠳᠥᠯᠭᠢᠨ ᠠᠬᠢᠭᠤᠯᠵᠤ᠂ ᠲᠣᠰᠬᠤᠨ ᠪᠠᠯᠭᠠᠰᠤ ᠶᠢᠨ ᠲᠡᠤᠬᠡ ᠶᠢᠨ ᠳᠦᠷᠰᠦ ᠪᠠᠶᠢᠳᠠᠯ ᠢ ᠤᠯᠠᠮᠵᠢᠯᠠᠨ ᠬᠠᠮᠠᠭᠠᠯᠠᠬᠤ ᠪᠠ ᠦᠷᠭᠦᠯᠵᠢᠯᠡᠭᠦᠯᠬᠦ ᠶᠢ ᠴᠢᠩᠭᠠᠳᠬᠠᠨ᠂ ᠤᠯᠠᠮᠵᠢᠯᠠᠯᠲᠤ ᠲᠣᠰᠬᠤᠨ ᠳᠤ ᠫᠠᠶᠢᠰᠠ ᠡᠯᠭᠦᠨ ᠬᠠᠮᠠᠭᠠᠯᠠᠬᠤ ᠵᠢᠴᠢ ᠦᠨᠡᠯᠡᠯᠳᠡ ᠶᠢ ᠠᠬᠢᠭᠤᠯᠵᠤ᠂ ᠲᠡᠦᠬᠡ ᠰᠣᠶᠣᠯ ᠢ ᠣᠲᠣ ᠦᠶ᠎ᠡ ᠳᠤ ᠠᠮᠢᠯᠠᠭᠤᠯᠵᠤ ᠤᠳᠤ ᠦᠶ᠎ᠡ ᠳᠤ ᠦᠢᠯᠡᠴᠢᠯᠡᠭᠦᠯᠬᠦ ᠬᠡᠷᠡᠭᠲᠡᠶ᠃ ᠲᠡᠦᠬᠡ ᠰᠣᠶᠣᠯ ᠢ ᠬᠠᠮᠠᠭᠠᠯᠠᠨ ᠠᠰᠢᠭᠯᠠᠬᠤ ᠶᠢ ᠠᠬᠢᠭᠤᠯᠵᠤ᠂ ᠲᠣᠭᠠᠴᠢᠯᠠᠭᠰᠠᠨ ᠮᠡᠳᠡᠭᠡ ᠵᠠᠩᠭᠢ ᠴᠤᠭᠯᠠᠭᠤᠯᠬᠤ ᠪᠠ ᠬᠡᠮᠵᠢᠨ ᠵᠢᠷᠤᠭᠯᠠᠬᠤ ᠲᠠᠩᠰᠠ ᠡᠪᠬᠡᠮᠡᠯ ᠪᠠᠶᠢᠭᠤᠯᠬᠤ ᠶᠢ ᠭᠦᠨᠵᠡᠭᠡᠶ ᠥᠷᠨᠢᠭᠦᠯᠵᠦ᠂ ᠰᠢᠨᠵᠢᠯᠡᠬᠦ ᠤᠬᠠᠭᠠᠨᠴᠢ ᠪᠠᠷ ᠲᠦᠷᠦᠯ ᠬᠤᠪᠢᠶᠠᠨ᠂ ᠬᠠᠮᠠᠭᠠᠯᠠᠯᠳᠠ ᠨᠢ ᠬᠦᠴᠦᠲᠡᠶ ᠂ ᠬᠠᠮᠢᠶᠠᠷᠤᠯᠲᠠ ᠨᠢ ᠪᠦᠲᠦᠮᠵᠢᠲᠡᠶ ᠬᠤᠲᠠ ᠬᠥᠳᠡᠭᠡ ᠶᠢᠨ ᠲᠡᠤᠬᠡ ᠰᠣᠶᠣᠯ ᠢ ᠬᠠᠮᠠᠭᠠᠯᠠᠵᠤ ᠤᠯᠠᠮᠵᠢᠯᠠᠨ ᠵᠠᠯᠭᠠᠮᠵᠢᠯᠠᠬᠤ ᠰᠢᠰᠲ᠋ᠧᠮ ᠢ ᠬᠦᠴᠦᠯᠡᠨ ᠪᠠᠶᠢᠭᠤᠯᠬᠤ ᠬᠡᠷᠡᠭᠲᠡᠶ ᠭᠡᠵᠦ ᠱᠠᠭᠠᠷᠳᠠᠪᠠ᠃      ᠬᠤᠷᠠᠯ ᠠᠴᠠ᠂ ᠰᠢ ᠶᠢᠨ ᠫᠢᠩ ᠤᠨ ᠠᠮᠢ ᠠᠬᠤᠢ ᠶᠢᠨ ᠪᠣᠯᠪᠠᠰᠤᠨ ᠤ ᠦᠵᠡᠯ ᠰᠠᠨᠠᠭ᠎ᠠ ᠪᠣᠯᠤᠨ ᠶᠡᠷᠦᠩᠬᠡᠢ ᠱᠦᠵᠢ ᠶᠢᠨ ᠱᠠᠨᠳᠦ᠋ᠩ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ  ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠤᠯᠤᠰ ᠲᠦᠷᠦ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠶᠡᠭᠡ ᠲᠠᠯ᠎ᠠ ᠶᠢᠨ ᠤᠬᠠᠮᠰᠠᠷ ᠢᠶᠠᠨ ᠴᠢᠩᠭᠠᠳᠬᠠᠵᠤ᠂ ᠠᠰᠠᠭᠤᠳᠠᠯ ᠤᠨ ᠲᠤᠳᠠᠭᠳᠠᠯ ᠢ ᠴᠢᠩᠭ᠎ᠠ ᠠᠩᠬᠠᠷᠴᠤ᠂ ᠰᠠᠨᠠᠭᠠᠴᠢᠯᠠᠭ᠎ᠠ ᠠᠴᠠ ᠪᠠᠨ ᠬᠠᠷᠢᠭᠤᠴᠠᠯᠭ᠎ᠠ ᠡᠭᠦᠷᠭᠡᠯᠡᠨ ᠠᠵᠢᠯ ᠶᠠᠪᠤᠳᠠᠯ ᠬᠢᠵᠦ᠂ ᠡᠯ᠎ᠡ ᠵᠦᠢᠯ ᠤᠨ ᠡᠭᠦᠷᠭᠡ ᠶᠢᠨ ᠨᠠᠶᠢᠳᠠᠪᠤᠷᠢᠵᠢᠭᠤᠯᠤᠯᠲᠠ ᠶᠢ ᠨᠠᠷᠢᠨ ᠨᠠᠶᠢᠳᠠᠪᠤᠷᠢᠵᠢᠭᠤᠯᠬᠤ ᠶᠢ ᠪᠠᠲᠤᠯᠠᠬᠤ ᠬᠡᠷᠡᠭᠲᠡᠢ᠃ ᠠᠵᠢᠯ ᠲᠦᠷᠦᠯ ᠤᠨ ᠬᠢᠨᠠᠯᠲᠠ ᠬᠠᠮᠢᠶᠠᠷᠤᠯᠲᠠ ᠶᠢ ᠦᠨᠡᠨᠬᠦ ᠴᠢᠩᠭᠠᠳᠬᠠᠵᠤ᠂ ᠬᠠᠷᠢᠶ᠎ᠠ ᠭᠠᠵᠠᠷ ᠤᠨ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠴᠢᠩᠭ᠎ᠠ ᠠᠳᠬᠤᠵᠤ᠂ ᠬᠠᠳᠤᠨ ᠭᠤᠣᠯ ᠤᠨ ᠰᠠᠪᠠ ᠭᠠᠵᠠᠷ ᠤᠨ ︽ ᠨᠢᠭᠡ ᠨᠠᠭᠤᠷ ᠬᠤᠶᠠᠷ ᠲᠠᠯᠠᠢ︾ ᠶᠢᠨ ᠤᠰᠤᠨ ᠤ ᠠᠮᠢ ᠠᠬᠤᠢ ᠶᠢ ᠵᠠᠰᠠᠬᠤ᠂ ᠬᠠᠷ᠎ᠠ ᠦᠮᠡᠬᠡᠢ ᠤᠰᠤᠨ ᠤ ᠴᠣᠭᠴᠠ ᠶᠢ ᠵᠠᠰᠠᠬᠤ᠂ ᠬᠤᠳᠠ ᠪᠠᠯᠭᠠᠰᠤᠨ ᠤ ᠪᠠᠷᠢᠯᠭ᠎ᠠ ᠶᠢᠨ ᠬᠤᠭ ᠨᠣᠪᠰᠢ ᠪᠣᠯᠤᠨ ᠬᠤᠳᠠ ᠬᠥᠳᠡᠭᠡ ᠶᠢᠨ ᠠᠮᠢᠳᠤᠷᠠᠯ ᠤᠨ ᠬᠤᠭ ᠨᠣᠪᠰᠢ ᠶᠢ ᠵᠠᠰᠠᠬᠤ ᠡᠷᠴᠢᠮ ᠢ ᠴᠢᠩᠭᠠᠷᠠᠭᠤᠯᠵᠤ᠂ ᠨᠢᠭᠡ ᠪᠠᠬᠢᠯᠡᠯᠳᠡ ᠨᠢᠭᠡ ᠪᠠᠬᠢᠯᠡᠯᠳᠡ ᠪᠠᠷ ᠰᠢᠪᠳᠤᠯᠤᠨ᠂ ᠨᠢᠭᠡ ᠠᠵᠢᠯ ᠨᠢᠭᠡ ᠠᠵᠢᠯ ᠢᠶᠠᠷ ᠪᠡᠶᠡᠯᠡᠭᠦᠯᠵᠦ᠂ ᠨᠢᠭᠡ ᠱᠠᠲᠤ ᠨᠢ ᠨᠢᠭᠡ ᠱᠠᠲᠤ ᠪᠠᠨ ᠴᠢᠩᠭ᠎ᠠ ᠠᠩᠬᠠᠷᠴᠤ᠂ ᠠᠵᠢᠯ ᠢᠶᠠᠨ ᠡᠴᠦᠰ ᠲᠤᠨᠢ ᠲᠤᠯᠲᠠᠯ᠎ᠠ ᠬᠢᠵᠦ᠂ ᠦᠷ᠎ᠡ ᠳ᠋ᠦᠩ ᠣᠯᠵᠤ ᠨᠠᠶᠢᠳᠠᠪᠦᠷᠢᠵᠢᠭᠤᠯᠤᠯᠳᠠ ᠶᠢ ᠲᠠᠰᠤᠷᠠᠯᠲᠠ ᠦᠭᠡᠢ ᠭᠦᠨᠵᠡᠭᠡᠶᠢᠷᠡᠬᠦ ᠶᠢ ᠠᠬᠢᠭᠤᠯᠬᠤ ᠬᠡᠷᠡᠭᠲᠡᠢ᠃ ᠤᠰᠤᠨ ᠤ ᠡᠬᠢ ᠪᠠᠶᠠᠯᠢᠭ ᠢ ᠡᠷᠭᠢᠯᠳᠦᠭᠦᠯᠦᠨ ᠠᠰᠢᠭᠯᠠᠬᠤ ᠪᠠ ᠤᠰᠤ  ᠭᠠᠳᠠᠭᠰᠢᠯᠠᠭᠤᠯᠬᠤ ᠤᠰᠤᠲᠤᠯ ᠢ ᠰᠡᠷᠭᠡᠶᠢᠯᠡᠬᠦ ᠠᠰᠠᠭᠤᠳᠠᠯ ᠢ ᠤᠯᠠᠮ ᠨᠢᠭᠡ ᠠᠯᠬᠤᠮ ᠨᠢᠭᠡᠳᠦᠯᠲᠡᠢ ᠲᠥᠯᠥᠪᠵᠢᠭᠦᠯᠵᠦ᠂ ᠬᠤᠭ ᠨᠣᠪᠰᠢ ᠶᠢ ︽ᠴᠤᠭᠯᠠᠭᠤᠯᠬᠤ — ᠰᠢᠢᠳᠪᠦᠷᠢᠯᠡᠬᠦ — ᠡᠬᠢ ᠪᠠᠶᠠᠯᠢᠭᠵᠢᠭᠤᠯᠤᠨ ᠠᠰᠢᠭᠯᠠᠬᠤ︾ ᠶᠢ ᠦᠷᠭᠦᠯᠵᠢᠯᠡᠨ ᠨᠢᠭᠡᠳᠦᠯᠲᠡᠢ ᠲᠥᠯᠥᠪᠵᠢᠭᠦᠯᠵᠦ᠂ ᠰᠠᠭᠤᠷᠢ ᠲᠥᠬᠦᠭᠡᠷᠦᠮᠵᠢ ᠶᠢ ᠰᠢᠨᠵᠢᠯᠡᠬᠦ ᠤᠬᠠᠭᠠᠨᠴᠢ ᠪᠠᠷ ᠵᠦᠢ ᠵᠣᠬᠢᠰᠲᠠᠢ ᠪᠠᠶᠢᠷᠢᠰᠢᠭᠤᠯᠵᠤ᠂ ᠡᠬᠢ ᠡᠭᠦᠰᠦᠯ ᠠᠴᠠ ᠨᠢ ᠰᠡᠷᠭᠡᠶᠢᠯᠡᠬᠦ᠂ ᠶᠠᠪᠤᠴᠠ ᠶᠢ ᠬᠠᠮᠠᠭᠠᠯᠠᠬᠤ᠂ ᠬᠠᠷᠢᠭᠤᠴᠠᠯᠭ᠎ᠠ ᠨᠡᠬᠡᠮᠵᠢᠯᠡᠬᠦ ᠶᠢ ᠣᠷᠣᠨ ᠬᠤᠪᠢᠶᠠᠨ ᠲᠦᠷᠦᠯ ᠬᠤᠪᠢᠶᠠᠨ ᠬᠠᠮᠠᠭᠠᠯᠠᠬᠤ ᠰᠢᠰᠲ᠋ᠧᠮ ᠢ ᠪᠦᠷᠢᠨᠰᠢᠬᠦᠯᠦᠨ ᠲᠡᠭᠦᠯᠳᠡᠷᠵᠢᠭᠦᠯᠵᠦ ᠂ ᠦᠩᠭᠡᠨ ᠲᠠᠯ᠎ᠠ ᠪᠠ ᠦᠨᠳᠦᠰᠦ ᠠᠴᠠ ᠨᠢ ᠵᠠᠰᠠᠬᠤ᠂ ᠦᠨᠡᠨᠬᠦ ᠲᠤᠰᠠᠲᠠᠢ ᠤᠷᠳᠤ ᠬᠤᠭᠤᠴᠠᠭᠠᠨ ᠤ ᠪᠦᠲᠦᠮᠵᠢᠲᠡᠢ ᠲᠣᠭᠲᠠᠴᠠ ᠶᠢ ᠬᠦᠴᠦᠯᠡᠨ ᠪᠠᠶᠢᠭᠤᠯᠵᠤ᠂ ᠱᠠᠯᠠᠪᠳᠠᠨ ᠴᠡᠭᠴᠡᠯᠡᠨ ᠵᠠᠰᠠᠬᠤ᠂ ᠲᠠᠩ ᠵᠦᠢᠯ ᠢᠶᠠᠷ ᠴᠡᠭᠴᠡᠯᠡᠨ ᠵᠠᠰᠠᠵᠤ ᠪᠠᠶᠢᠭᠰᠠᠨ ᠠᠴᠠ ᠶᠡᠷᠦᠩᠬᠡᠶᠢᠯᠡᠨ ᠵᠠᠰᠠᠬᠤ ᠲᠡᠰᠢ ᠬᠤᠪᠢᠷᠠᠭᠤᠯᠬᠤ ᠶᠢ ᠲᠦᠷᠭᠡᠨ ᠪᠡᠶᠡᠯᠡᠭᠦᠯᠵᠦ᠂ ᠡᠬᠡ ᠤᠯᠤᠰ ᠤᠨ ᠤᠮᠠᠷᠠᠲᠤ ᠶᠢᠨ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠡᠷᠡᠰ ᠪᠠᠲᠤ ᠪᠠᠶᠢᠭᠤᠯᠬᠤ ᠬᠡᠷᠡᠭᠲᠡᠢ  ᠭᠡᠵᠤ ᠴᠢᠬᠤᠯᠠᠴᠢᠯᠠᠪᠠ᠃      ᠬᠤᠷᠠᠯ ᠠᠴᠠ᠂ ᠲᠦᠷᠦ ᠶᠢᠨ ᠶᠠᠪᠤᠳᠠᠯ ᠤᠨ ᠬᠤᠷᠢᠶᠠᠨ ᠤ ᠪᠠᠳᠤᠯᠠᠭᠠᠳᠤ ᠲᠤᠰᠢᠶᠠᠬᠤ ᠭᠡᠷ ᠪᠠᠶᠢᠰᠢᠩ ᠤᠨ ᠠᠵᠢᠯ ᠤᠨ ᠸᠢᠳᠢᠣ᠋ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠪᠦᠬᠦ ᠣᠷᠣᠨ ᠤ ᠲᠠᠸᠠᠷ ᠤᠨ ᠭᠡᠷ ᠪᠠᠶᠢᠰᠢᠩ ᠤᠨ ᠲᠦᠷᠦᠯ ᠵᠦᠢᠯ ᠤᠨ ᠭᠡᠷ ᠪᠠᠶᠢᠰᠢᠩ ᠲᠤᠰᠢᠶᠠᠬᠤ ᠶᠢ ᠪᠠᠲᠤᠯᠠᠬᠤ ᠪᠣᠭᠤᠮᠲᠠ ᠰᠢᠪᠲᠤᠯᠬᠤ ᠠᠵᠢᠯ ᠤᠨ ᠬᠡᠷᠡᠭᠵᠢᠭᠦᠯᠬᠦ ᠲᠥᠰᠦᠯ ᠢ ᠱᠠᠯᠠᠪᠳᠠᠨ ᠰᠤᠳᠤᠯᠤᠨ ᠲᠣᠭᠲᠠᠭᠠᠵᠤ᠂ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠬᠠᠮᠵᠢᠯᠴᠠᠭ᠎ᠠ ᠪᠠᠨ ᠴᠢᠩᠭᠠᠳᠬᠠᠵᠤ᠂ ᠭᠡᠷ ᠪᠠᠶᠢᠰᠢᠩ ᠲᠤᠰᠢᠶᠠᠬᠤ ᠶᠢ ᠪᠠᠲᠤᠯᠠᠬᠤ ᠪᠣᠭᠤᠮᠲᠠ ᠰᠢᠪᠲᠤᠯᠬᠤ  ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠭᠡᠷ ᠪᠠᠶᠢᠰᠢᠩ ᠬᠤᠳᠠᠯᠳᠤᠨ ᠠᠪᠤᠭᠴᠢᠳ ᠤᠨ ᠬᠠᠤᠯᠢ ᠶᠣᠰᠣᠨ ᠤ ᠡᠷᠬᠡ ᠠᠰᠢᠭ ᠢ ᠪᠠᠲᠤᠯᠠᠬᠤ ᠬᠡᠷᠡᠭᠲᠡᠢ᠃ ᠠᠶᠤᠯ ᠲᠦᠭᠰᠢᠭᠦᠷᠢ ᠶᠢ ᠰᠡᠷᠭᠡᠶᠢᠯᠡᠬᠦ ᠶᠢ ᠠᠳᠬᠤᠵᠤ᠂ ᠪᠦᠬᠦ ᠣᠷᠣᠨ ᠤ ᠲᠠᠸᠠᠷ ᠤᠨ ᠣᠷᠣᠨ ᠰᠠᠭᠤᠴᠠ ᠶᠢᠨ ᠰᠠᠭᠤᠷᠢ ᠲᠤᠭ᠎ᠠ ᠶᠢ ᠪᠦᠬᠦ ᠲᠠᠯ᠎ᠠ ᠪᠠᠷ ᠲᠣᠳᠣᠷᠬᠠᠢ ᠣᠶᠢᠯᠠᠭᠠᠵᠤ᠂ ᠬᠠᠤᠯᠢᠵᠢᠭᠤᠯᠬᠤ᠂ ᠵᠠᠬ᠎ᠠ ᠳᠡᠯᠭᠡᠭᠦᠷᠴᠢᠯᠡᠬᠦ ᠵᠠᠷᠴᠢᠮ ᠶᠣᠰᠣᠭᠠᠷ᠂ ᠲᠦᠷᠦᠯ ᠬᠤᠪᠢᠶᠠᠨ ᠤᠨᠢᠨ ᠳᠡᠭᠡᠷ᠎ᠡ ᠨᠢ ᠲᠦᠷᠦ ᠶᠢᠨ ᠪᠤᠳᠤᠯᠭ᠎ᠠ ᠶᠢ ᠬᠡᠷᠡᠭᠵᠢᠭᠦᠯᠵᠦ᠂ ᠰᠢᠢᠳᠪᠦᠷᠢᠯᠡᠬᠦ ᠠᠷᠭ᠎ᠠ ᠬᠡᠮᠵᠢᠶ᠎ᠡ ᠠᠪᠴᠤ᠂ ᠲᠦᠷᠦᠯ ᠵᠦᠢᠯ ᠢ ᠴᠠᠭ ᠲᠤᠬᠠᠢ ᠳᠤᠨᠢ ᠴᠢᠨᠠᠷ ᠢ ᠪᠠᠲᠤᠯᠠᠨ ᠲᠤᠰᠢᠶᠠᠬᠤ ᠶᠢ ᠠᠬᠢᠭᠤᠯᠬᠤ ᠬᠡᠷᠡᠭᠲᠡᠢ᠃ ᠬᠤᠲᠠ ᠶᠢᠨ ᠬᠡᠷ ᠪᠠᠶᠢᠰᠢᠩ ᠭᠠᠵᠠᠷ ᠬᠥᠷᠥᠩᠭᠡ ᠶᠢᠨ ᠪᠠᠯᠠ ᠲᠣᠬᠢᠷᠠᠭᠤᠯᠭ᠎ᠠ ᠶᠢᠨ ᠵᠣᠬᠢᠴᠠᠭᠤᠯᠬᠤ ᠲᠣᠭᠲᠠᠴᠠ ᠶᠢᠨ ᠦᠢᠯᠡᠳᠦᠯ ᠢ ᠤᠯᠠᠮ ᠨᠢᠭᠡ ᠠᠯᠬᠤᠮ ᠪᠠᠳᠠᠷᠠᠭᠤᠯᠵᠤ᠂ ︽ᠴᠠᠭᠠᠨ ᠨᠡᠷᠡᠰ ︾ ᠤᠨ ᠨᠥᠬᠦᠴᠡᠯ ᠳᠤ ᠨᠡᠶᠢᠴᠡᠬᠦ ᠲᠥᠷᠥᠯ ᠵᠦᠢᠯ ᠢ ︽ᠣᠷᠣᠭᠤᠯᠬᠤ ᠶᠣᠰᠣᠲᠠᠶ ᠶᠢ ᠨᠢ ᠴᠥᠮ ᠣᠷᠣᠭᠤᠯᠬᠤ︾᠂ ︽ᠵᠢᠭᠡᠯᠡᠭᠦᠯᠬᠦ ᠶᠣᠰᠣᠲᠠᠶ ᠳᠤ ᠨᠢ ᠴᠥᠮ ᠵᠢᠭᠡᠯᠡᠯᠭᠡ ᠲᠠᠯᠪᠢᠬᠤ︾ ᠶᠢ ᠬᠠᠮᠵᠢᠯᠴᠠᠨ ᠠᠬᠢᠭᠤᠯᠵᠤ᠂ ᠪᠥᠲᠥᠭᠡᠨ ᠪᠠᠶᠢᠭᠤᠯᠵᠤ ᠪᠠᠶᠢᠭ᠎ᠠ ᠲᠥᠷᠥᠯ ᠵᠦᠢᠯ ᠤᠨ ᠵᠦᠶ ᠵᠣᠬᠢᠰᠲᠠᠶ ᠪᠠᠯᠠ ᠲᠣᠬᠢᠷᠠᠭᠤᠯᠭ᠎ᠠ ᠶᠢᠨ ᠬᠡᠷᠡᠭᠴᠡᠭᠡ ᠱᠠᠭᠠᠷᠳᠠᠯᠭ᠎ᠠ ᠶᠢ ᠬᠠᠩᠭᠠᠵᠤ᠂ ᠬᠠᠤᠯᠢ ᠶᠣᠰᠣᠨ ᠤ ᠦᠨᠡᠨᠴᠢ ᠢᠲᠡᠭᠡᠮᠵᠢᠲᠡᠶ᠂ ᠬᠥᠭᠵᠢᠯᠲᠡ ᠶᠢᠨ ᠢᠷᠡᠭᠡᠳᠦᠶ ᠲᠠᠢ ᠬᠡᠷ ᠪᠠᠶᠢᠰᠢᠩ ᠤᠨ ᠠᠵᠤ ᠠᠬᠤᠶᠢᠯᠠᠯ ᠢ ᠬᠠᠪᠰᠤᠷᠤᠨ ᠬᠡᠷ ᠪᠠᠶᠢᠰᠢᠩ ᠲᠤᠰᠢᠶᠠᠬᠤ ᠶᠢ ᠪᠠᠲᠤᠯᠠᠬᠤ ᠠᠵᠢᠯ ᠢ ᠰᠠᠶᠢᠲᠤᠷ ᠬᠢᠬᠦ ᠬᠡᠷᠡᠭᠲᠡᠶ᠃ ᠲᠥᠷᠥ ᠶᠢᠨ ᠪᠣᠳᠣᠯᠭ᠎ᠠ ᠶᠢ ᠨᠢᠭᠡᠳᠦᠯᠲᠡᠶ ᠲᠥᠯᠥᠪᠯᠡᠬᠦ ᠶᠢ ᠠᠳᠬᠤᠵᠤ᠂ ᠬᠠᠩᠭᠠᠯᠭ᠎ᠠ ᠬᠡᠷᠡᠭᠴᠡᠭᠡ ᠶᠢᠨ ᠬᠤᠶᠠᠷ ᠲᠠᠯ᠎ᠠ ᠠᠴᠠ ᠬᠦᠴᠦᠯᠡᠨ᠎ᠡ᠂ ᠬᠠᠳᠠᠭᠠᠯᠠᠯᠲᠠ ᠶᠢ ᠪᠠᠭᠠᠰᠬᠠᠬᠤ ᠪᠠᠷ ᠬᠦᠴᠦᠯᠡᠨ ᠬᠠᠳᠠᠭᠠᠯᠠᠯᠲᠠ ᠶᠢᠨ ᠭᠡᠷ ᠪᠠᠶᠢᠰᠢᠩ ᠢ ᠲᠤᠬᠢᠳᠠᠢ ᠰᠢᠢᠳᠪᠦᠷᠢᠯᠡᠵᠦ᠂ ᠭᠠᠷ ᠳᠠᠮᠵᠢᠭᠰᠠᠨ ᠬᠡᠷ ᠪᠠᠶᠢᠰᠢᠩ ᠤᠨ ᠰᠢᠢᠳᠪᠦᠷᠢᠯᠡᠬᠦ ᠳᠤ ᠬᠦᠴᠢᠷᠲᠡᠶ ᠪᠠᠶᠢᠬᠤ ᠠᠰᠠᠭᠤᠳᠠᠯ ᠢ ᠪᠦᠲᠦᠮᠵᠢᠲᠡᠶ ᠰᠢᠢᠳᠪᠦᠷᠢᠯᠡᠬᠦ ᠬᠡᠷᠡᠭᠲᠡᠶ ᠪᠥᠭᠡᠳ ᠪᠠᠰᠠ ︽ᠰᠠᠶᠢᠨ ᠬᠡᠷ ᠪᠠᠶᠢᠰᠢᠩ︾ ᠤᠨ ᠪᠠᠷᠢᠮᠵᠢᠶ᠎ᠠ ᠶᠢ ᠪᠠᠷᠢᠮᠲᠠᠯᠠᠵᠤ᠂ ᠨᠡᠮᠡᠭᠳᠡᠯ ᠤᠨ ᠪᠥᠲᠥᠭᠡᠨ ᠪᠠᠶᠢᠭᠤᠯᠤᠯᠲᠠ ᠶᠢᠨ ᠪᠦᠲᠦᠴᠡ ᠶᠢ ᠰᠢᠯᠢᠳᠡᠭᠵᠢᠭᠦᠯᠦᠨ᠂ ᠬᠡᠷ ᠤᠨ ᠬᠡᠯᠪᠡᠷᠢ ᠨᠠᠩ ᠰᠠᠶᠢᠨ᠂ ᠴᠢᠳᠠᠮᠵᠢ ᠨᠠᠩ ᠪᠦᠷᠢᠨ᠂ ᠢᠵᠢ ᠪᠥᠷᠢᠳᠦᠭᠰᠡᠨ᠂ ᠦᠢᠯᠡᠴᠢᠯᠡᠭᠡ ᠨᠠᠩ ᠰᠢᠯᠢᠳᠡᠭ ᠴᠢᠨᠠᠷ ᠰᠠᠶᠢᠲᠠᠶ ᠣᠷᠣᠨ ᠰᠠᠭᠤᠴᠠ ᠬᠠᠩᠭᠠᠵᠤ᠂ ᠲᠠᠸᠠᠷ ᠤᠨ ᠬᠡᠷ ᠪᠠᠶᠢᠰᠢᠩ ᠤᠨ ᠪᠡᠯᠡᠨ ᠬᠡᠷ ᠪᠠᠶᠢᠰᠢᠩ ᠤᠨ ᠪᠣᠷᠣᠯᠠᠭᠤᠯᠭ᠎ᠠ ᠶᠢ ᠯᠠᠪᠳᠠᠭᠤᠨ ᠢᠶᠠᠷ ᠠᠬᠢᠭᠤᠯᠵᠤ᠂ ᠬᠡᠷ ᠪᠠᠶᠢᠰᠢᠩ ᠭᠠᠵᠠᠷ ᠬᠥᠷᠥᠩᠭᠡ ᠶᠢᠨ ᠵᠠᠬ᠎ᠠ ᠳᠡᠯᠭᠡᠭᠦᠷ ᠤᠨ ᠲᠣᠭᠲᠠᠭᠤᠨ ᠪᠥᠭᠡᠳ ᠡᠷᠡᠭᠦᠯ ᠢᠶᠠᠷ ᠬᠥᠭᠵᠢᠬᠦ ᠶᠢ ᠠᠬᠢᠭᠤᠯᠬᠤ ᠬᠡᠷᠡᠭᠲᠡᠶ ᠭᠡᠵᠤ ᠴᠢᠬᠤᠯᠠᠴᠢᠯᠠᠪᠠ᠃      ᠬᠤᠷᠠᠯ ᠠᠴᠠ᠂ ︽ᠠᠷᠪᠠᠨ ᠬᠤᠶᠠᠷ ᠲᠤᠰᠬᠠᠢ ᠠᠵᠢᠯᠯᠠᠭ᠎ᠠ︾ ᠳᠤ ᠠᠩᠬᠠᠷᠤᠯ ᠢᠶᠠᠨ ᠲᠥᠪᠯᠡᠷᠡᠭᠦᠯᠵᠦ᠂ ᠰᠢᠢᠳᠪᠦᠷᠢᠯᠡᠬᠦ ᠰᠡᠳᠬᠢᠬᠦᠢ᠂ ᠭᠤᠣᠯᠳᠠᠯᠭ᠎ᠠ ᠲᠠᠢ ᠰᠢᠪᠲᠤᠯᠤᠯᠲᠠ ᠬᠢᠵᠦ᠂ ᠤᠯᠠᠨ ᠲᠦᠮᠡᠨ ᠤ ᠳᠡᠷᠭᠡᠳᠡᠬᠢ ᠲᠥᠪ ᠪᠤᠰᠤ ᠰᠤᠷᠲᠠᠯ ᠪᠣᠯᠤᠨ ᠢᠯᠵᠠᠷᠠᠯ ᠤᠨ ᠠᠰᠠᠭᠤᠳᠠᠯ ᠢ ᠲᠥᠪᠯᠡᠷᠡᠭᠦᠯᠦᠨ ᠴᠡᠭᠴᠡᠯᠡᠨ ᠵᠠᠰᠠᠬᠤ ᠠᠵᠢᠯ ᠢ ᠯᠠᠪᠳᠠᠭᠤᠨ ᠪᠠᠲᠤᠲᠠᠢ ᠠᠬᠢᠭᠤᠯᠬᠤ ᠬᠡᠷᠡᠭᠲᠡᠢ᠃ ᠰᠢᠰᠲ᠋ᠧᠮ ᠲᠠᠢ ᠪᠠᠷ ᠬᠦᠴᠦᠯᠡᠬᠦ ᠶᠢ ᠪᠠᠷᠢᠮᠲᠠᠯᠠᠵᠤ᠂ ᠲᠣᠬᠢᠷᠠᠭᠤᠯᠤᠯᠲᠠ ᠪᠠᠨ ᠴᠢᠩᠭᠠᠳᠬᠠᠨ᠂ ᠡᠯ᠎ᠡ ᠭᠠᠵᠠᠷ ᠤᠨ ︽ᠨᠠᠢᠮᠠᠨ ᠨᠢᠭᠡ︾ ᠶᠢᠨ ᠡᠭᠦᠷᠭᠡ ᠶᠢᠨ ᠱᠠᠭᠠᠷᠳᠠᠯᠭ᠎ᠠ ᠶᠢ ᠨᠠᠶᠢᠳᠠᠪᠤᠷᠢᠵᠢᠭᠤᠯᠬᠤ ᠶᠢ ᠱᠠᠯᠠᠪᠳᠠᠭᠤᠯᠵᠤ᠂ ᠠᠬᠢᠴᠠ ᠶᠢ ᠴᠠᠭ ᠲᠤᠬᠠᠶ ᠳᠤᠨᠢ ᠡᠵᠡᠮᠰᠢᠵᠦ᠂ ᠲᠤᠷᠰᠢᠯᠭ᠎ᠠ ᠠᠷᠭ᠎ᠠ ᠬᠢᠳᠡᠯ ᠢᠶᠠᠨ ᠳ᠋ᠦᠩᠨᠡᠨ᠂ ᠵᠡᠷᠭᠡ ᠪᠠᠷ ᠠᠳᠬᠤᠨ ᠬᠠᠮᠲᠤ ᠪᠠᠷ ᠬᠠᠮᠢᠶᠠᠷᠬᠤ᠂ ᠬᠦᠴᠦ ᠪᠠᠨ ᠬᠠᠮᠲᠤᠳᠬᠠᠨ ᠪᠣᠭᠤᠮᠲᠠ ᠰᠢᠪᠲᠤᠯᠬᠤ᠂ ᠠᠳᠠᠯᠢ ᠰᠡᠳᠦᠪ ᠢ ᠬᠠᠮᠲᠤ ᠪᠠᠷ ᠬᠠᠷᠢᠭᠤᠯᠬᠤ ᠠᠵᠢᠯ ᠤᠨ ᠪᠠᠶᠢᠳᠠᠯ ᠢ ᠪᠣᠶ ᠪᠣᠯᠭᠠᠵᠤ᠂ ᠲᠥᠪᠯᠡᠷᠡᠭᠦᠯᠦᠨ ᠴᠡᠭᠴᠡᠯᠡᠨ ᠵᠠᠰᠠᠬᠤ ᠡᠭᠦᠷᠭᠡ ᠶᠢ ᠪᠣᠳᠠᠲᠠᠶᠢᠵᠢᠭᠤᠯᠬᠤ᠂ ᠠᠵᠢᠯ ᠢ ᠨᠠᠶᠢᠳᠠᠪᠤᠷᠢᠵᠢᠭᠤᠯᠬᠤ ᠶᠢ ᠦᠨᠡᠨ ᠬᠦ ᠪᠠᠲᠤᠯᠠᠬᠤ ᠬᠡᠷᠡᠭᠲᠡᠶ ᠭᠡᠵᠤ ᠱᠠᠭᠠᠷᠳᠠᠪᠠ᠃      ᠬᠤᠷᠠᠯ ᠠᠴᠠ᠂ ᠡᠮᠦᠨᠡᠬᠢ ᠬᠤᠭᠤᠴᠠᠭᠠᠨ ᠤ ᠠᠵᠢᠯ ᠤᠨ ᠰᠠᠭᠤᠷᠢᠨ ᠳᠡᠭᠡᠷ᠎ᠡ᠂ ︽ᠲᠦᠷᠪᠡ ᠶᠢ ᠲᠥᠪᠯᠡᠷᠡᠭᠦᠯᠬᠦ︾ ᠪᠠᠷ ᠭᠠᠷᠳᠠᠴᠠ ᠪᠣᠯᠭᠠᠵᠤ᠂ ᠦᠨᠳᠦᠰᠦᠲᠡᠨ ᠤ ᠲᠦᠷᠦ ᠶᠢᠨ ᠪᠤᠳᠤᠯᠭ᠎ᠠ ᠶᠢᠨ ᠤᠬᠠᠭᠤᠯᠭ᠎ᠠ ᠬᠥᠮᠦᠵᠢᠯ ᠢ ᠥᠷᠭᠡᠨ ᠢᠶᠠᠷ ᠥᠷᠨᠢᠭᠦᠯᠵᠦ᠂ ᠰᠡᠳᠬᠢᠯ ᠤᠨ ᠦᠭᠡ ᠪᠠᠨ ᠶᠠᠷᠢᠯᠴᠠᠬᠤ ᠶᠢ ᠯᠠᠪᠳᠠᠭᠤᠨ ᠪᠠᠲᠤᠲᠠᠢ ᠥᠷᠨᠢᠭᠦᠯᠵᠦ᠂ ︽ᠭᠤᠷᠪᠠᠨ ᠰᠠᠯᠵᠤ ᠴᠢᠳᠠᠬᠤ ᠦᠭᠡᠢ︾᠂ ︽ᠲᠦᠷᠪᠡ ᠶᠢ ᠬᠠᠮᠲᠤ ᠪᠠᠷ︾᠂ ︽ᠲᠠᠪᠤᠨ ᠬᠠᠮᠲᠤ ᠶᠢᠨ ᠲᠠᠨᠢᠯᠲᠠ︾᠂ ︽ᠳᠤᠯᠤᠭ᠎ᠠ ᠶᠢ ᠵᠢᠱᠢᠶᠡᠴᠢ ᠪᠣᠯᠭᠠᠬᠤ︾ ᠵᠡᠷᠭᠡ ᠦᠵᠡᠯᠲᠡ ᠶᠢ ᠬᠥᠮᠦᠰ ᠤᠨ ᠰᠡᠳᠬᠢᠯ ᠳᠤ ᠬᠠᠳᠠᠩᠰᠢᠭᠤᠯᠵᠤ᠂ ᠥᠷᠭᠡᠨ ᠤᠯᠠᠨ ᠨᠠᠮ ᠤᠨ ᠭᠡᠰᠢᠭᠦᠨ ᠺᠠᠳ᠋ᠷᠴᠤᠳ ᠢ ᠬᠦᠳᠦᠯᠦᠨ ᠵᠢᠯᠣᠭᠤᠳᠴᠤ ᠪᠠᠶᠢᠭᠠᠳ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠲᠠᠰᠤᠷᠠᠯᠳᠠ ᠦᠭᠡᠢ ᠪᠠᠲᠤ ᠪᠠᠬᠢ ᠪᠤᠢ ᠪᠣᠯᠭᠠᠵᠤ᠂ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢ ᠠᠬᠢᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠤᠶᠤᠨ ᠰᠠᠨᠠᠭᠠᠨ ᠤ ᠭᠡᠷ ᠣᠷᠣᠨ ᠢ ᠪᠦᠬᠦ ᠲᠠᠯ᠎ᠠ ᠪᠠᠷ ᠪᠠᠶᠢᠭᠤᠯᠬᠤ ᠬᠡᠷᠡᠭᠲᠡᠢ᠃ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠠᠵᠢᠯ ᠤᠨ ᠭᠤᠣᠯ ᠱᠤᠭᠤᠮ ᠤᠨ ᠡᠯ᠎ᠡ ᠵᠦᠢᠯ ᠤᠨ ᠡᠭᠦᠷᠭᠡ ᠶᠢ ᠦᠷᠭᠦᠯᠵᠢᠯᠡᠨ ᠴᠢᠩᠭ᠎ᠠ ᠠᠳᠬᠤᠨ ᠪᠣᠳᠠᠲᠠᠢ ᠠᠳᠬᠤᠵᠤ᠂ ᠲᠥᠪ ᠤᠨ ᠪᠠ ᠥᠪᠡᠷᠲᠡᠭᠡᠨ ᠵᠠᠰᠠᠬᠤ ᠣᠷᠣᠨ ᠤ ᠪᠠᠶᠢᠷᠢᠯᠠᠭᠤᠯᠤᠯᠲᠠ ᠱᠠᠭᠠᠷᠳᠠᠯᠭ᠎ᠠ ᠲᠠᠢ ᠪᠦᠬᠦ ᠲᠠᠯ᠎ᠠ ᠪᠠᠷ ᠬᠠᠷᠭᠤᠭᠤᠯᠵᠤ᠂ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠬᠥᠮᠦᠵᠢᠯ ᠢ ᠨᠡᠩ ᠪᠣᠳᠠᠲᠠᠢ ᠪᠦᠲᠦᠮᠵᠢᠲᠡᠢ ᠰᠠᠶᠢᠲᠤᠷ ᠠᠳᠬᠤᠬᠤ ᠬᠡᠷᠡᠭᠲᠡᠢ᠃ ᠨᠠᠮ ᠤᠨ ᠦᠨᠳᠦᠰᠦᠲᠡᠨ ᠤ ᠤᠨᠤᠯ ᠲᠦᠷᠦ ᠶᠢᠨ ᠪᠤᠳᠤᠯᠭ᠎ᠠ ᠶᠢᠨ ᠤᠬᠠᠭᠤᠯᠭ᠎ᠠ ᠬᠥᠮᠦᠵᠢᠯ ᠢ ᠪᠦᠬᠦ ᠲᠠᠯ᠎ᠠ ᠪᠠᠷ᠂ ᠪᠠᠶᠢᠩᠭᠤᠵᠢᠭᠤᠯᠬᠤ᠂ ᠪᠦᠬᠦ ᠭᠡᠰᠢᠭᠦᠳ ᠲᠤ ᠥᠷᠨᠢᠭᠦᠯᠬᠦ ᠶᠢ ᠠᠬᠢᠭᠤᠯᠵᠤ᠂ ᠵᠢᠷᠭᠠᠯ ᠵᠣᠪᠠᠯᠠᠩ ᠢᠶᠠᠨ ᠬᠠᠮᠲᠤᠳᠬᠠᠬᠤ᠂ ᠠᠯᠳᠠᠷ ᠭᠤᠲᠤᠮᠰᠢᠭ ᠢᠶᠠᠨ ᠬᠠᠮᠲᠤᠳᠬᠠᠬᠤ᠂ ᠦᠬᠦᠵᠦ ᠰᠡᠭᠡᠬᠦ ᠪᠠᠨ ᠬᠠᠮᠲᠤᠳᠬᠠᠬᠤ᠂ ᠬᠤᠪᠢ ᠵᠠᠶᠠᠭ᠎ᠠ ᠪᠠᠨ ᠬᠠᠮᠲᠤᠳᠬᠠᠬᠤ ᠬᠠᠮᠲᠤ ᠶᠢᠨ ᠴᠣᠭᠴᠠ ᠶᠢᠨ ᠣᠶᠢᠯᠠᠭᠠᠭᠳᠠᠬᠤᠨ ᠢ ᠪᠠᠲᠤ ᠪᠤᠢ ᠪᠣᠯᠭᠠᠬᠤ ᠬᠡᠷᠡᠭᠲᠡᠢ᠃ ᠵᠥᠪ ᠲᠠᠯ᠎ᠠ ᠶᠢᠨ ᠤᠬᠠᠭᠤᠯᠭ᠎ᠠ ᠶᠢ ᠴᠢᠩᠭᠠᠳᠬᠠᠵᠤ᠂ ᠥᠷᠭᠡᠨ ᠤᠯᠠᠨ ᠨᠠᠮ ᠤᠨ ᠭᠡᠰᠢᠭᠦᠨ ᠺᠠᠳ᠋ᠷᠴᠤᠳ ᠢ ᠬᠥᠮᠦᠵᠢᠭᠦᠯᠦᠨ ᠬᠦᠳᠦᠯᠦᠨ ᠵᠢᠯᠣᠭᠤᠳᠴᠤ ᠪᠠᠶᠢᠭᠠᠳ ᠵᠥᠪ ᠤᠯᠤᠰ ᠤᠨ ᠦᠵᠡᠯᠲᠡ᠂ ᠲᠡᠦᠬᠡ ᠶᠢᠨ ᠦᠵᠡᠯᠲᠡ᠂ ᠦᠨᠳᠦᠰᠦᠲᠡᠨ ᠤ ᠦᠵᠡᠯᠲᠡ᠂ ᠰᠣᠶᠣᠯ ᠤᠨ ᠦᠵᠡᠯᠲᠡ᠂ ᠱᠠᠰᠢᠨ ᠰᠤᠷᠲᠠᠬᠤᠨ ᠤ ᠦᠵᠡᠯᠲᠡ ᠶᠢ ᠪᠠᠲᠤ ᠪᠤᠢ ᠪᠣᠯᠭᠠᠵᠤ᠂ ᠡᠬᠡ ᠤᠯᠤᠰ ᠤᠨ ᠨᠢᠭᠡᠳᠦᠯ᠂ ᠤᠯᠤᠰ ᠤᠨ ᠠᠮᠤᠷ ᠲᠦᠪᠰᠢᠨ᠂ ᠨᠡᠶᠢᠭᠡᠮ ᠤᠨ ᠲᠣᠭᠲᠠᠭᠤᠨ ᠢ ᠤᠬᠠᠮᠰᠠᠷ ᠠᠴᠠ ᠪᠠᠨ ᠬᠠᠮᠠᠭᠠᠯᠠᠵᠤ᠂ ᠤᠮᠠᠷᠠᠲᠤ ᠶᠢᠨ ᠠᠮᠤᠷ ᠲᠦᠪᠰᠢᠨ ᠲᠣᠭᠲᠠᠭᠤᠨ ᠤ ᠰᠡᠷᠭᠡᠶᠢᠯᠡᠯᠲᠡ ᠶᠢᠨ ᠱᠤᠭᠤᠮ ᠢ ᠪᠠᠲᠤ ᠴᠣᠭᠴᠠᠯᠠᠬᠤ ᠳᠤ ᠢᠳᠡᠪᠬᠢᠲᠡᠢ ᠬᠦᠴᠦᠨ ᠴᠢᠳᠠᠯ ᠢᠶᠠᠨ ᠡᠷᠭᠦᠬᠦ ᠬᠡᠷᠡᠭᠲᠡᠢ ᠭᠡᠵᠤ ᠴᠢᠬᠤᠯᠠᠴᠢᠯᠠᠪᠠ ᠃      ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃ 
ᠢᠷᠡᠯᠲᠡ᠄ ᠠᠯᠪᠠᠨ ᠭᠡᠷ
Baidu
map