︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠠᠷᠢᠯᠭ᠎ᠠ  ᠶᠢᠨ ᠠᠮᠤᠷ ᠲᠦᠪᠰᠢᠨ ᠤ ᠪᠠᠷᠢᠮᠵᠢᠶᠠᠵᠢᠭᠤᠯᠤᠯᠲᠠ ᠶᠢᠨ ᠵᠢᠱᠢᠶ᠎ᠡ ᠦᠵᠡᠭᠦᠯᠬᠦ ᠪᠠᠷᠢᠯᠭ᠎ᠠ ᠶᠢᠨ ᠭᠠᠵᠠᠷ ᠢ ᠰᠢᠯᠭᠠᠷᠠᠭᠤᠯᠬᠤ ᠠᠷᠭ᠎ᠠ︾ ᠶᠢ ᠳᠠᠷᠤᠮᠠᠯᠯᠠᠨ ᠶᠠᠪᠤᠭᠤᠯᠬᠤ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠢᠩᠬᠢᠮ ᠤᠨ ᠮᠡᠳᠡᠭᠳᠡᠯ
ᠨᠡᠶᠢᠲᠡᠯᠡᠭᠰᠡᠨ ᠴᠠᠭ᠄
2024/5/29
        ᠥᠪᠥᠷ ᠵᠠᠰᠠᠭ ᠲᠠᠷᠬᠠᠭᠠᠭᠰᠠᠨ ﹇ 2024﹈ 114 ᠳ᠋ᠤᠭᠡᠷ ᠲᠣᠭᠠᠲᠤᠡᠯ᠎ᠡ ᠠᠶᠢᠮᠠᠭ ᠬᠤᠲᠠ ᠶᠢᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ ᠳᠤ᠄    ᠥᠪᠡᠷᠲᠡᠭᠡᠨ ᠵᠠᠰᠠᠬᠤ ᠣᠷᠣᠨ ᠤ ᠪᠠᠷᠢᠯᠭ᠎ᠠ ᠶᠢᠨ ᠦᠢᠯᠡᠰ ᠤᠨ ᠠᠵᠤ ᠠᠬᠤᠶᠢᠯᠠᠯ ᠤᠨ ᠠᠶᠦᠯᠭᠦᠢ ᠦᠢᠯᠡᠳᠪᠦᠷᠢᠯᠡᠯ ᠪᠠ ᠪᠣᠯᠪᠠᠰᠤᠨ ᠪᠠᠷᠢᠯᠭ᠎ᠠ ᠶᠢᠨ ᠬᠠᠮᠢᠶᠠᠷᠤᠯᠲᠠ ᠶᠢ ᠤᠯᠠᠮ ᠨᠢᠭᠡ ᠠᠯᠬᠤᠮ ᠴᠢᠩᠭᠠᠳᠬᠠᠵᠤ᠂ ᠪᠠᠷᠢᠯᠭ᠎ᠠ ᠶᠢᠨ ᠠᠮᠤᠷ ᠲᠦᠪᠰᠢᠨ ᠤ ᠪᠠᠷᠢᠮᠵᠢᠶᠠᠵᠢᠭᠤᠯᠤᠯᠲᠠ ᠶᠢᠨ ᠵᠢᠱᠢᠶ᠎ᠡ ᠦᠵᠡᠭᠦᠯᠬᠦ ᠪᠠᠷᠢᠯᠭ᠎ᠠ ᠶᠢᠨ ᠭᠠᠵᠠᠷ ᠢ ᠰᠢᠯᠭᠠᠷᠠᠭᠤᠯᠬᠤ ᠠᠵᠢᠯ ᠢ ᠵᠢᠷᠤᠮᠵᠢᠭᠤᠯᠬᠤ ᠶᠢᠨ ᠲᠤᠰᠠᠳᠠ᠂ ᠬᠤᠯᠪᠣᠭᠳᠠᠯ ᠪᠥᠬᠦᠶ ᠬᠠᠤᠯᠢ ᠴᠠᠭᠠᠵᠠ ᠬᠠᠤᠯᠢ ᠲᠣᠭᠲᠠᠭᠠᠯ ᠪᠠ ᠲᠥᠷᠥ ᠶᠢᠨ ᠪᠣᠳᠣᠯᠭ᠎ᠠ ᠶᠢᠨ ᠲᠣᠭᠲᠠᠭᠠᠯ ᠢ ᠦᠨᠳᠦᠰᠦᠯᠡᠨ᠂ ᠮᠠᠨ ᠤ ᠣᠷᠣᠨ ᠤ ᠪᠣᠳᠠᠲᠠᠶ ᠲᠠᠢ ᠪᠠᠨ ᠤᠶᠠᠯᠳᠤᠭᠤᠯᠤᠨ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠠᠷᠢᠯᠭ᠎ᠠ ᠶᠢᠨ ᠠᠮᠤᠷ ᠲᠦᠪᠰᠢᠨ ᠤ ᠪᠠᠷᠢᠮᠵᠢᠶᠠᠵᠢᠭᠤᠯᠤᠯᠲᠠ ᠶᠢᠨ ᠵᠢᠱᠢᠶ᠎ᠡ ᠦᠵᠡᠭᠦᠯᠬᠦ ᠪᠠᠷᠢᠯᠭ᠎ᠠ ᠶᠢᠨ ᠭᠠᠵᠠᠷ ᠢ ᠰᠢᠯᠭᠠᠷᠠᠭᠤᠯᠬᠤ ᠠᠷᠭ᠎ᠠ︾  ᠶᠢ ᠲᠣᠭᠲᠠᠭᠠᠪᠠ᠃ ᠡᠳᠦᠭᠡ ᠲᠠᠨᠠᠷ ᠲᠤ ᠳᠠᠷᠤᠮᠠᠯᠯᠠᠨ ᠶᠠᠪᠤᠭᠤᠯᠤᠯ᠎ᠠ᠂ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠬᠢᠨᠠᠮᠠᠭᠠᠶ ᠲᠤᠭᠤᠰᠢᠯᠠᠭᠤᠯᠤᠨ ᠬᠡᠷᠡᠭᠵᠢᠭᠦᠯᠲᠦᠭᠡᠶ᠃ ᠭᠦᠢᠴᠡᠳᠭᠡᠬᠦ ᠶᠠᠪᠤᠴᠠ ᠳᠤ ᠢᠯᠡᠷᠡᠭᠦᠯᠦᠭᠰᠡᠨ ᠠᠰᠠᠭᠤᠳᠠᠯ ᠢ ᠴᠠᠭ ᠲᠤᠬᠠᠢ ᠳᠤ ᠨᠢ ᠮᠠᠨ ᠤ ᠲᠠᠩᠬᠢᠮ ᠳᠤ ᠬᠠᠷᠢᠭᠤ ᠲᠤᠰᠬᠠᠭᠠᠷᠠᠢ᠃         ᠦᠪᠦᠷ ᠮᠣᠩᠭᠤᠯ ᠤᠨ ᠦᠪᠡᠷᠲᠡᠭᠡᠨ ᠵᠠᠰᠠᠬᠤ ᠤᠷᠤᠨ ᠤ ᠤᠷᠤᠨ ᠰᠠᠭᠤᠴᠠ ᠪᠠ ᠬᠤᠲᠠ ᠬᠦᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠢᠩᠬᠢᠮ        2024 ᠣᠨ ᠤ 5 ᠳ᠋ᠤᠭᠠᠷ ᠰᠠᠷ᠎ᠠ ᠶᠢᠨ 28 ᠤ ᠡᠳᠦᠷ 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠢᠩᠬᠢᠮ
Baidu
map