ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠢᠩᠬᠢᠮ ᠬᠡᠷ ᠪᠠᠶᠢᠰᠢᠩ ᠭᠠᠵᠠᠷ ᠬᠥᠷᠥᠩᠭᠡ ᠶᠢᠨ ᠲᠤᠬᠠᠶᠢᠯᠠᠭᠰᠠᠨ ᠠᠵᠢᠯ ᠤᠨ ᠪᠤᠯᠪᠠᠰᠤᠷᠠᠯ ᠢ ᠵᠣᠬᠢᠶᠠᠨ ᠪᠠᠶᠢᠭᠤᠯᠤᠨ ᠥᠷᠨᠢᠭᠦᠯᠪᠡ
ᠨᠡᠶᠢᠲᠡᠯᠡᠭᠰᠡᠨ ᠴᠠᠭ᠄
2024/5/6
    ᠪᠦᠬᠦ ᠣᠷᠣᠨ ᠤ ᠭᠡᠷ ᠪᠠᠶᠢᠰᠢᠩ ᠭᠠᠵᠠᠷ ᠬᠥᠷᠥᠩᠭᠡ ᠶᠢᠨ ᠨᠡᠭᠡᠭᠡᠯᠲᠡ ᠶᠢᠨ ᠠᠵᠤ ᠠᠬᠤᠶᠢᠯᠠᠯ ᠪᠣᠯᠤᠨ ᠵᠠᠭᠤᠴᠢ ᠪᠠᠶᠢᠭᠤᠯᠤᠮᠵᠢ ᠶᠢᠨ ᠢᠲᠡᠭᠡᠮᠵᠢ ᠶᠢᠨ ᠬᠠᠮᠢᠶᠠᠷᠤᠯᠲᠠ ᠵᠢᠴᠢ ᠭᠠᠵᠠᠷ ᠵᠦᠢ ᠶᠢᠨ ᠣᠷᠣᠨ ᠪᠠᠶᠢᠷᠢ ᠶᠢᠨ ᠠᠴᠢ ᠬᠤᠯᠪᠣᠭᠳᠠᠯ ᠲᠠᠢ ᠴᠢᠬᠤᠯᠠ ᠣᠷᠣᠨ ᠰᠠᠭᠤᠴᠠ ᠶᠢᠨ ᠲᠣᠭᠤᠷᠢᠭ ᠪᠣᠯᠤᠨ ᠠᠰᠠᠷ ᠲᠠᠭᠲᠤ ᠶᠢᠨ ᠨᠡᠷᠡᠶᠢᠳᠦᠯ ᠨᠡᠷ᠎ᠡ ᠶᠢ ᠬᠠᠯᠠᠬᠤ ᠶᠢ ᠬᠢᠨᠠᠨ ᠵᠥᠪᠰᠢᠶᠡᠷᠡᠬᠦ ᠠᠵᠢᠯ ᠢ ᠰᠠᠶᠢᠲᠤᠷ ᠬᠢᠵᠦ᠂ ᠭᠡᠷ ᠪᠠᠶᠢᠰᠢᠩ ᠭᠠᠵᠠᠷ ᠬᠥᠷᠥᠩᠭᠡ ᠶᠢᠨ ᠨᠡᠭᠡᠭᠡᠯᠲᠡ ᠬᠢᠵᠦ ᠪᠦᠲᠦᠭᠡᠨ ᠪᠠᠶᠢᠭᠤᠯᠬᠤ᠂ ᠡᠵᠡᠩᠨᠡᠬᠦ ᠪᠠ ᠭᠡᠷ ᠪᠠᠶᠢᠰᠢᠩ ᠭᠠᠵᠠᠷ ᠬᠥᠷᠥᠩᠭᠡ ᠶᠢᠨ ᠵᠠᠭᠤᠴᠢ ᠦᠢᠯᠡᠴᠢᠯᠡᠭᠡᠨ ᠤ ᠦᠢᠯᠡ ᠠᠵᠢᠯᠯᠠᠭ᠎ᠠ ᠶᠢ ᠤᠯᠠᠮ ᠨᠢᠭᠡ ᠠᠯᠬᠤᠮ ᠵᠢᠷᠤᠮᠵᠢᠭᠤᠯᠵᠤ᠂ ᠭᠡᠷ ᠪᠠᠶᠢᠰᠢᠩ ᠭᠠᠵᠠᠷ ᠬᠥᠷᠥᠩᠭᠡ ᠶᠢᠨ ᠵᠠᠬ᠎ᠠ ᠳᠡᠯᠭᠡᠭᠦᠷ ᠤᠨ ᠲᠣᠭᠲᠠᠭᠤᠨ ᠪᠥᠭᠡᠳ ᠡᠷᠡᠭᠦᠯ ᠢᠶᠠᠷ ᠬᠥᠭᠵᠢᠬᠦ ᠶᠢ ᠠᠬᠢᠭᠤᠯᠬᠤ ᠶᠢᠨ ᠲᠦᠯᠦᠭᠡ᠂ 4 ᠳ᠋ᠦ᠋ᠭᠡᠷ ᠰᠠᠷ᠎ᠠ ᠶᠢᠨ 28 ᠤ ᠡᠳᠦᠷ ᠤᠨ ᠦᠳᠡ ᠶᠢᠨ ᠡᠮᠦᠨ᠎ᠡ᠂ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠢᠩᠬᠢᠮ ᠥᠪᠡᠷᠲᠡᠭᠡᠨ ᠵᠠᠰᠠᠬᠤ ᠣᠷᠣᠨ ᠤ ᠬᠡᠷ ᠪᠠᠶᠢᠰᠢᠩ ᠭᠠᠵᠠᠷ ᠬᠥᠷᠥᠩᠭᠡ ᠶᠢᠨ ᠨᠡᠭᠡᠭᠡᠯᠲᠡ ᠶᠢᠨ ᠠᠵᠤ ᠠᠬᠤᠶᠢᠯᠠᠯ ᠪᠠ ᠵᠠᠭᠤᠴᠢ ᠪᠠᠶᠢᠭᠤᠯᠤᠮᠵᠢ ᠶᠢᠨ ᠢᠲᠡᠭᠡᠮᠵᠢ ᠶᠢᠨ ᠬᠠᠮᠢᠶᠠᠷᠤᠯᠲᠠ ᠶᠢᠨ ᠠᠵᠢᠯ ᠪᠠ ᠭᠠᠵᠠᠷ ᠵᠦᠶ ᠶᠢᠨ ᠣᠷᠣᠨ ᠪᠠᠶᠢᠷᠢ ᠶᠢᠨ ᠴᠢᠬᠤᠯᠠ ᠠᠴᠢ ᠬᠤᠯᠪᠣᠭᠳᠠᠯ ᠲᠠᠢ ᠣᠷᠣᠨ ᠰᠠᠭᠤᠴᠠ ᠶᠢᠨ ᠲᠣᠭᠤᠷᠢᠭ ᠪᠠ ᠠᠰᠠᠷ ᠲᠠᠭᠲᠤ ᠶᠢᠨ ᠨᠡᠷᠡᠶᠢᠳᠦᠯ ᠨᠡᠷ᠎ᠡ ᠶᠢ ᠬᠠᠯᠠᠬᠤ ᠶᠢ ᠬᠢᠨᠠᠨ ᠵᠥᠪᠰᠢᠶᠡᠷᠡᠬᠦ ᠠᠵᠢᠯ ᠤᠨ ᠲᠤᠬᠠᠶᠢᠯᠠᠭᠰᠠᠨ ᠠᠵᠢᠯ ᠤᠨ ᠪᠤᠯᠪᠠᠰᠤᠷᠠᠯ ᠢ ᠵᠣᠬᠢᠶᠠᠨ ᠪᠠᠶᠢᠭᠤᠯᠤᠨ ᠥᠷᠨᠢᠭᠦᠯᠪᠡ᠃    ᠪᠤᠯᠪᠠᠰᠤᠷᠠᠯ ᠨᠢ  ︽ ᠲᠥᠷᠥ ᠶᠢᠨ ᠪᠣᠳᠣᠯᠭ᠎ᠠ ᠶᠢᠨ ᠲᠠᠶᠢᠯᠤᠮᠵᠢ + ᠰᠢᠰᠲ᠋ᠧᠮ ᠤᠨ ᠠᠵᠢᠯᠯᠠᠭ᠎ᠠ︾ ᠶᠢᠨ ᠵᠠᠭᠪᠤᠷ ᠢᠶᠠᠷ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠡᠷ ᠪᠠᠶᠢᠰᠢᠩ ᠭᠠᠵᠠᠷ ᠬᠥᠷᠥᠩᠭᠡ ᠶᠢᠨ ᠨᠡᠭᠡᠭᠡᠯᠲᠡ ᠶᠢᠨ ᠠᠵᠤ ᠠᠬᠤᠶᠢᠯᠠᠯ ᠪᠠ ᠵᠠᠭᠤᠴᠢ ᠪᠠᠶᠢᠭᠤᠯᠤᠮᠵᠢ ᠶᠢᠨ ᠢᠲᠡᠭᠡᠮᠵᠢ ᠶᠢᠨ ᠬᠠᠮᠢᠶᠠᠷᠤᠯᠲᠠ ᠶᠢᠨ ᠠᠷᠭ᠎ᠠ︾ ᠶᠢᠨ ᠭᠤᠤᠯᠳᠠᠯᠭ᠎ᠠ ᠲᠠᠢ ᠠᠭᠤᠯᠭ᠎ᠠ ᠵᠢᠴᠢ ᠠᠩᠬᠠᠷᠬᠤ ᠵᠦᠢᠯᠡᠰ᠂ ᠭᠠᠵᠠᠷ ᠵᠦᠶ ᠶᠢᠨ ᠣᠷᠣᠨ ᠪᠠᠶᠢᠷᠢ ᠶᠢᠨ ᠠᠴᠢ ᠬᠤᠯᠪᠣᠭᠳᠠᠯ ᠲᠠᠢ ᠴᠢᠬᠤᠯᠠ ᠣᠷᠣᠨ ᠰᠠᠭᠤᠴᠠ ᠶᠢᠨ ᠲᠣᠭᠤᠷᠢᠭ ᠪᠠ ᠠᠰᠠᠷ ᠲᠠᠭᠲᠤ ᠶᠢᠨ ᠨᠡᠷᠡᠶᠢᠳᠦᠯ ᠨᠡᠷ᠎ᠡ ᠶᠢ ᠬᠠᠯᠠᠬᠤ ᠶᠢ ᠬᠢᠨᠠᠨ ᠵᠥᠪᠰᠢᠶᠡᠷᠡᠬᠦ ᠲᠥᠷᠥ ᠶᠢᠨ ᠪᠣᠳᠣᠯᠭ᠎ᠠ ᠶᠢᠨ ᠦᠨᠳᠦᠰᠦᠯᠡᠯ ᠵᠢᠴᠢ ᠲᠤᠬᠠᠶᠢᠯᠠᠭᠰᠠᠨ ᠠᠵᠢᠯ ᠤᠨ ᠴᠤᠪᠤᠷᠠᠯ ᠵᠡᠷᠭᠡ ᠠᠭᠤᠯᠭ᠎ᠠ ᠶᠢᠨ ᠲᠣᠭᠤᠷᠢᠨ ᠳᠤ ᠭᠤᠤᠯᠳᠠᠯᠭ᠎ᠠ ᠲᠠᠢ ᠲᠠᠶᠢᠯᠤᠮᠵᠢ ᠬᠢᠬᠦ ᠤᠨ ᠬᠠᠮᠳᠦ ᠮᠡᠷᠭᠡᠵᠢᠯ ᠤᠨ ᠠᠵᠢᠯᠲᠠᠳ ᠥᠪᠥᠷ ᠮᠣᠩᠭᠤᠯ ᠤᠨ ᠬᠡᠷ ᠪᠠᠶᠢᠰᠢᠩ ᠭᠠᠵᠠᠷ ᠬᠥᠷᠥᠩᠭᠡ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠦᠢᠯᠡᠴᠢᠯᠡᠭᠡᠨ ᠤ ᠲᠠᠪᠴᠠᠩ ᠤᠨ ︽ᠬᠡᠷ ᠪᠠᠶᠢᠰᠢᠩ ᠭᠠᠵᠠᠷ ᠬᠥᠷᠥᠩᠭᠡ ᠶᠢᠨ ᠨᠡᠭᠡᠭᠡᠯᠲᠡ ᠶᠢᠨ ᠠᠵᠤ ᠠᠬᠤᠶᠢᠯᠠᠯ ᠪᠠ ᠵᠠᠭᠤᠴᠢ ᠪᠠᠶᠢᠭᠤᠯᠤᠮᠵᠢ ᠶᠢᠨ ᠢᠲᠡᠭᠡᠮᠵᠢ ᠶᠢᠨ ᠬᠠᠮᠢᠶᠠᠷᠤᠯᠲᠠ︾ ᠵᠢᠴᠢ ︽ᠴᠢᠬᠤᠯᠠ ᠭᠠᠵᠠᠷ ᠵᠦᠶ ᠶᠢᠨ ᠣᠷᠣᠨ ᠪᠠᠶᠢᠷᠢ ᠶᠢᠨ ᠠᠴᠢ ᠬᠤᠯᠪᠣᠭᠳᠠᠯ ᠲᠠᠢ ᠣᠷᠣᠨ ᠰᠠᠭᠤᠴᠠ ᠶᠢᠨ ᠲᠣᠭᠤᠷᠢᠭ ᠪᠠ ᠠᠰᠠᠷ ᠲᠠᠭᠲᠤ ᠶᠢᠨ ᠨᠡᠷᠡᠶᠢᠳᠦᠯ ᠨᠡᠷ᠎ᠡ ᠶᠢ ᠬᠠᠯᠠᠬᠤ ᠶᠢ ᠬᠢᠨᠠᠨ ᠵᠥᠪᠰᠢᠶᠡᠷᠡᠬᠦ︾ ᠰᠢᠰᠲ᠋ᠧᠮ ᠤᠨ ᠪᠣᠳᠠᠲᠠᠶ ᠠᠵᠢᠯᠯᠠᠭᠠᠨ ᠤ ᠴᠤᠪᠤᠷᠠᠯ ᠳᠤ ᠦᠵᠡᠭᠦᠯᠦᠯᠭᠡ ᠬᠢᠪᠠ᠃    ᠪᠣᠯᠪᠠᠰᠤᠷᠠᠯ ᠢ ᠸᠢᠳᠢᠤ᠋ ᠪᠠᠷ ᠰᠢᠭᠤᠳ ᠨᠡᠪᠲᠡᠷᠡᠭᠦᠯᠬᠦ ᠠᠷᠭ᠎ᠠ ᠮᠠᠶ᠋ᠢᠭ ᠢᠶᠠᠷ ᠥᠷᠨᠢᠭᠦᠯᠵᠦ᠂ ᠡᠯ᠎ᠡ ᠠᠶᠢᠮᠠᠭ ᠬᠤᠲᠠ᠂ ᠬᠤᠰᠢᠭᠤ ᠰᠢᠶᠠᠨ ︵ᠬᠤᠲᠠ᠂ ᠲᠣᠭᠤᠷᠢᠭ︶ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ ᠶᠢᠨ ᠬᠠᠮᠢᠶ᠎ᠠ ᠪᠥᠬᠦᠶ ᠰᠠᠯᠠᠭ᠎ᠠ ︵ᠲᠠᠰᠤᠭ︶ ᠶᠢᠨ ᠬᠠᠷᠢᠭᠤᠴᠠᠯᠭᠠᠲᠠᠨ ᠵᠢᠴᠢ ᠠᠵᠢᠯᠲᠠᠳ ᠣᠷᠣᠯᠴᠠᠵᠠᠶ᠃ 
ᠢᠷᠡᠯᠲᠡ᠄ ᠬᠡᠷ ᠪᠠᠶᠢᠰᠢᠩ ᠭᠠᠵᠠᠷ ᠬᠥᠷᠥᠩᠭᠡ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠭᠠᠵᠠᠷ
Baidu
map