ᠪᠥᠬᠦ ᠣᠷᠣᠨ ᠤ ᠰᠢᠲᠠᠮᠠᠬᠠᠶ ᠬᠡᠶ ᠶᠢᠨ ᠠᠮᠤᠷ ᠲᠦᠪᠰᠢᠨ ᠤ ᠲᠤᠬᠠᠶᠢᠯᠠᠭᠰᠠᠨ ᠠᠵᠢᠯ ᠤᠨ ᠪᠣᠯᠪᠠᠰᠤᠷᠠᠯ ᠤᠨ ᠠᠩᠭᠢ ᠬᠥᠬᠡᠬᠤᠲᠠ ᠳᠤ ᠶᠠᠪᠤᠭᠳᠠᠪᠠ
ᠨᠡᠶᠢᠲᠡᠯᠡᠭᠰᠡᠨ ᠴᠠᠭ᠄
2024/5/7
    ᠬᠤᠲᠠ ᠪᠠᠯᠭᠠᠰᠤᠨ ᠤ ᠰᠢᠲᠠᠮᠠᠬᠠᠶ ᠬᠡᠶ ᠶᠢᠨ ᠠᠮᠤᠷ ᠲᠦᠪᠰᠢᠨ ᠤ ᠬᠠᠮᠢᠶᠠᠷᠤᠯᠲᠠ ᠶᠢ ᠤᠯᠠᠮ ᠨᠢᠭᠡ ᠠᠯᠬᠤᠮ ᠰᠠᠶᠢᠲᠤᠷ ᠬᠢᠵᠦ᠂ ᠬᠤᠲᠠ ᠪᠠᠯᠭᠠᠰᠤᠨ ᠤ ᠰᠢᠲᠠᠮᠠᠬᠠᠶ ᠬᠡᠶ ᠶᠢᠨ ᠠᠮᠤᠷ ᠲᠦᠪᠰᠢᠨ ᠤ ᠲᠤᠰᠬᠠᠶ ᠴᠡᠭᠴᠡᠯᠡᠨ ᠵᠠᠰᠠᠬᠤ ᠠᠵᠢᠯ ᠢ ᠭᠦᠨᠵᠡᠭᠡᠶ ᠠᠬᠢᠭᠤᠯᠬᠤ ᠶᠢᠨ ᠲᠥᠯᠥᠭᠡ᠂ 4 ᠳ᠋ᠦ᠋ᠭᠡᠷ ᠰᠠᠷ᠎ᠠ ᠶᠢᠨ 29 ᠤ ᠡᠳᠦᠷ᠂ ᠪᠥᠬᠦ ᠣᠷᠣᠨ ᠤ ᠰᠢᠲᠠᠮᠠᠬᠠᠶ ᠬᠡᠶ ᠶᠢᠨ ᠠᠮᠤᠷ ᠲᠦᠪᠰᠢᠨ ᠤ ᠲᠤᠬᠠᠶᠢᠯᠠᠭᠰᠠᠨ ᠠᠵᠢᠯ ᠤᠨ ᠪᠣᠯᠪᠠᠰᠤᠷᠠᠯ ᠤᠨ ᠠᠩᠭᠢ ᠬᠥᠬᠡᠬᠤᠲᠠ ᠳᠤ ᠶᠠᠪᠤᠭᠳᠠᠪᠠ᠃
W020240506333176857369.png
    ᠪᠣᠯᠪᠠᠰᠤᠷᠠᠯ ᠤᠨ ᠠᠩᠭᠢ ᠨᠢ ᠨᠡᠷᠡᠲᠦ ᠲᠤᠰᠬᠠᠶ ᠮᠡᠷᠭᠡᠵᠢᠯᠲᠡᠨ ᠢ ᠤᠷᠢᠵᠤ ᠲᠤᠬᠠᠶ ᠶᠢᠨ ᠲᠠᠯᠠᠪᠤᠷ ᠲᠤ ᠲᠠᠶᠢᠯᠪᠤᠷᠢ ᠬᠢᠯᠭᠡᠵᠦ᠂ ᠰᠢᠲᠠᠮᠠᠬᠠᠶ ᠬᠡᠶ ᠡᠵᠡᠩᠨᠡᠬᠦ ᠵᠥᠪᠰᠢᠶᠡᠷᠡᠯ᠂ ᠰᠢᠲᠠᠮᠠᠬᠠᠶ ᠬᠡᠶ ᠶᠢᠨ ᠲᠠᠯᠠᠪᠤᠷ ᠥᠷᠲᠡᠭᠡ ᠶᠢᠨ ᠠᠮᠤᠷ ᠲᠦᠪᠰᠢᠨ ᠤ ᠬᠠᠮᠢᠶᠠᠷᠤᠯᠲᠠ᠂ ᠬᠤᠯᠪᠤᠭᠳᠠᠯ ᠪᠥᠬᠦᠶ ᠬᠠᠤᠯᠢ ᠴᠠᠭᠠᠵᠠ ᠬᠠᠤᠯᠢ ᠲᠣᠭᠲᠠᠭᠠᠯ ᠵᠡᠷᠭᠡ ᠠᠭᠤᠯᠭ᠎ᠠ ᠶᠢᠨ ᠲᠣᠭᠤᠷᠢᠨ ᠳᠤ ᠶᠡᠭᠡ ᠬᠡᠮᠵᠢᠶᠡᠨ ᠤ ᠨᠡᠶᠢᠲᠡᠯᠢᠭ ᠠᠳᠡᠯ ᠤᠨ ᠬᠡᠷᠡᠭ ᠤᠨ ᠵᠢᠱᠢᠶ᠎ᠡ ᠳᠤ ᠠᠭᠤᠰᠤᠯᠴᠠᠵᠤ᠂ ᠬᠡᠷᠡᠭ ᠤᠨ ᠵᠢᠱᠢᠶ᠎ᠡ ᠶᠢ ᠵᠠᠳᠠᠯᠬᠤ ᠪᠠᠷ ᠳᠠᠮᠵᠢᠭᠤᠯᠤᠨ ᠳᠠᠯᠳᠠ ᠬᠡᠮ ᠤᠨ ᠳᠤᠲᠠᠭᠳᠠᠯ ᠢ ᠠᠬᠢᠭᠤᠯᠪᠠ᠃ ᠵᠢᠭᠠᠨ ᠰᠤᠷᠭᠠᠯᠲᠠ ᠶᠢᠨ ᠠᠭᠤᠯᠭ᠎ᠠ ᠨᠢ ᠡᠯᠪᠡᠭ ᠪᠠᠶᠠᠯᠢᠭ ᠪᠥᠭᠡᠳ ᠠᠪᠰᠠᠷᠬᠠᠨ ᠪᠠᠶᠢᠵᠤ᠂ ᠨᠡᠯᠢᠶᠡᠳ ᠴᠢᠩᠭ᠎ᠠ ᠬᠠᠨᠳᠤᠯᠭᠠᠲᠤ ᠴᠢᠨᠠᠷ᠂ ᠬᠡᠷᠡᠭᠯᠡᠭᠡᠨ ᠤ ᠴᠢᠨᠠᠷ ᠲᠠᠢ ᠪᠠᠶᠢᠪᠠ᠃
W020240506333176946448.png
    ᠪᠣᠯᠪᠠᠰᠤᠷᠠᠯ ᠢᠶᠠᠷ ᠳᠠᠮᠵᠢᠭᠤᠯᠤᠨ᠂ ᠰᠤᠷᠤᠭᠴᠢᠳ ᠤᠨ ᠰᠢᠲᠠᠮᠠᠬᠠᠶ ᠬᠡᠶ ᠶᠢᠨ ᠠᠮᠤᠷ ᠲᠦᠪᠰᠢᠨ ᠤ ᠬᠠᠮᠢᠶᠠᠷᠤᠯᠲᠠ ᠶᠢᠨ ᠲᠠᠯ᠎ᠠ ᠪᠠᠷ ᠬᠢ ᠦᠵᠡᠯ ᠰᠠᠨᠠᠭ᠎ᠠ ᠲᠠᠨᠢᠯᠲᠠ ᠶᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠣᠨᠣᠯ ᠤᠨ ᠰᠠᠭᠤᠷᠢ ᠶᠢ ᠪᠠᠲᠤᠳᠬᠠᠨ᠂ ᠪᠥᠬᠦ ᠣᠷᠣᠨ ᠤ ᠬᠤᠲᠠ ᠪᠠᠯᠭᠠᠰᠤᠨ ᠤ ᠰᠢᠲᠠᠮᠠᠬᠠᠶ ᠬᠡᠶ ᠶᠢᠨ ᠠᠮᠤᠷ ᠲᠦᠪᠰᠢᠨ ᠤ ᠲᠤᠰᠬᠠᠶ ᠴᠡᠭᠴᠡᠯᠡᠨ ᠵᠠᠰᠠᠯᠲᠠ ᠶᠢ ᠳᠥᠯᠭᠢᠨ ᠠᠬᠢᠭᠤᠯᠬᠤ᠂ ᠲᠤᠬᠠᠶᠢᠯᠠᠭᠰᠠᠨ ᠠᠵᠢᠯ ᠤᠨ ᠴᠢᠳᠠᠪᠤᠷᠢ ᠪᠠ ᠦᠢᠯᠡᠴᠢᠯᠡᠭᠡᠨ ᠤ ᠶᠠᠰᠤ ᠴᠢᠨᠠᠷ ᠢ ᠳᠡᠭᠡᠭᠰᠢᠯᠡᠭᠦᠯᠬᠦ᠂ ᠰᠢᠲᠠᠮᠠᠬᠠᠶ ᠬᠡᠶ ᠶᠢᠨ ᠠᠮᠤᠷ ᠲᠦᠪᠰᠢᠨ ᠤ ᠳᠠᠯᠳᠠ ᠬᠡᠮ ᠢ ᠴᠢᠷᠮᠠᠶᠢᠨ ᠠᠷᠢᠯᠭᠠᠬᠤ ᠳᠤ ᠶᠡᠭᠡ ᠬᠡᠮᠵᠢᠶᠡᠨ ᠤ ᠲᠣᠯᠢᠯᠠᠵᠤ ᠪᠣᠯᠬᠤ ᠠᠷᠭ᠎ᠠ ᠪᠠ ᠲᠤᠷᠰᠢᠯᠭ᠎ᠠ ᠬᠠᠩᠭᠠᠭᠰᠠᠨ ᠪᠠᠶᠢᠨ᠎ᠠ᠃    ᠡᠯ᠎ᠡ ᠠᠶᠢᠮᠠᠭ ᠬᠤᠲᠠ ᠶᠢᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ ᠶᠢᠨ ᠬᠤᠲᠠ ᠪᠠᠯᠭᠠᠰᠤ ᠶᠢᠨ ᠰᠢᠲᠠᠮᠠᠬᠠᠢ ᠬᠡᠢ ᠶᠢᠨ ᠠᠮᠤᠷ ᠲᠦᠪᠰᠢᠨ ᠤ ᠬᠠᠮᠢᠶᠠᠷᠤᠯᠲᠠ ᠶᠢᠨ ᠠᠵᠢᠯ ᠤᠨ ᠬᠤᠪᠢᠳᠠᠨ ᠬᠠᠮᠢᠶᠠᠷᠴᠤ ᠪᠠᠶᠢᠭ᠎ᠠ ᠬᠠᠷᠢᠭᠤᠴᠠᠯᠭᠠᠲᠠᠳ ᠵᠢᠴᠢ ᠬᠠᠮᠢᠶ᠎ᠠ ᠪᠦᠬᠦᠢ ᠠᠵᠢᠯᠲᠠᠳ ᠪᠣᠯᠪᠠᠰᠤᠷᠠᠯ ᠳᠤ ᠣᠷᠣᠯᠴᠠᠪᠠ᠃ 
ᠢᠷᠡᠯᠲᠡ᠄ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠢᠩᠬᠢᠮ
Baidu
map