ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠢᠩᠬᠢᠮ ᠤᠨ ᠶᠡᠷᠦᠩᠬᠡᠶᠢᠯᠡᠭᠰᠡᠨ ᠪᠠᠲᠤᠯᠠᠭ᠎ᠠ ᠶᠢᠨ ᠲᠥᠪ ᠠᠯᠪᠠᠯᠠᠬᠤ ᠲᠤᠭᠤᠷᠢᠭ ᠤᠨ ᠠᠮᠤᠷ ᠲᠦᠪᠰᠢᠨ ᠤ ᠪᠠᠶᠢᠴᠠᠭᠠᠯᠲᠠ ᠶᠢᠨ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠪᠡ
ᠨᠡᠶᠢᠲᠡᠯᠡᠭᠰᠡᠨ ᠴᠠᠭ᠄
2024/5/7
    ︽5.1︾ ᠤ ᠠᠮᠠᠷᠠᠯᠲᠠ ᠣᠶᠢᠷᠠᠳᠬᠤ ᠲᠠᠰᠢᠷᠠᠮ ᠳᠤ᠂ ᠠᠮᠠᠷᠠᠯᠲᠠ ᠶᠢᠨ ᠬᠤᠭᠤᠴᠠᠭᠠᠨ ᠳᠠᠬᠢ ᠠᠯᠪᠠᠯᠠᠬᠤ ᠲᠤᠭᠤᠷᠢᠭ ᠤᠨ ᠠᠮᠤᠷ ᠲᠦᠪᠰᠢᠨ ᠤ ᠰᠡᠷᠭᠡᠶᠢᠯᠡᠯᠲᠡ ᠶᠢᠨ ᠠᠵᠢᠯ ᠢ ᠪᠥᠬᠦ ᠲᠠᠯ᠎ᠠ ᠪᠠᠷ ᠰᠠᠶᠢᠲᠤᠷ ᠬᠢᠬᠦ ᠶᠢᠨ ᠲᠥᠯᠥᠭᠡ᠂ 4 ᠳ᠋ᠦ᠋ᠭᠡᠷ ᠰᠠᠷ᠎ᠠ ᠶᠢᠨ 29 ᠤ ᠡᠳᠦᠷ᠂ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠢᠩᠬᠢᠮ ᠤᠨ ᠶᠡᠷᠦᠩᠬᠡᠶᠢᠯᠡᠭᠰᠡᠨ ᠪᠠᠲᠤᠯᠠᠭ᠎ᠠ ᠶᠢᠨ ᠲᠥᠪ ᠠᠴᠠ ᠠᠳᠠᠯ ᠠᠬᠤᠶ ᠶᠢᠨ ᠦᠢᠯᠡᠴᠢᠯᠡᠭᠡᠨ ᠤ ᠺᠣᠮᠫᠠᠨᠢ ᠪᠠ ᠭᠠᠯ ᠰᠡᠷᠭᠡᠶᠢᠯᠡᠬᠦ ᠬᠠᠮᠠᠭᠠᠯᠠᠯᠲᠠ ᠶᠢᠨ ᠨᠢᠭᠡᠴᠢ ᠶᠢᠨ ᠬᠤᠯᠪᠤᠭᠳᠠᠯ ᠪᠥᠬᠦᠶ ᠬᠥᠮᠦᠰ ᠢ ᠵᠣᠬᠢᠶᠠᠨ ᠪᠠᠶᠢᠭᠤᠯᠵᠤ᠂ ᠠᠯᠪᠠᠯᠠᠬᠤ ᠲᠣᠭᠤᠷᠢᠭ ᠤᠨ ᠭᠠᠯ ᠰᠡᠷᠭᠡᠶᠢᠯᠡᠯᠲᠡ ᠪᠠ ᠠᠮᠤᠷ ᠲᠦᠪᠰᠢᠨ ᠤ ᠰᠡᠷᠭᠡᠶᠢᠯᠡᠯᠲᠡ ᠶᠢᠨ ᠪᠠᠶᠢᠴᠠᠭᠠᠯᠲᠠ ᠶᠢᠨ ᠠᠵᠢᠯ ᠢ ᠥᠷᠨᠢᠭᠦᠯᠪᠡ᠃
W020240506335862665887.png
    ᠪᠠᠶᠢᠴᠠᠭᠠᠬᠤ ᠳᠤᠭᠤᠶᠢᠯᠠᠩ ᠨᠢ ᠲᠣᠮᠣ ᠠᠰᠠᠷ ᠤᠨ ᠠᠯᠪᠠᠯᠠᠬᠤ ᠲᠣᠭᠤᠷᠢᠭ᠂ ᠲᠣᠨᠤᠭ ᠲᠥᠬᠦᠭᠡᠷᠦᠮᠵᠢ᠂ ᠠᠵᠢᠯᠲᠠᠨ ᠠᠵᠢᠯᠴᠢᠨ ᠤ ᠬᠤᠭᠤᠯᠠᠨ ᠭᠡᠷ᠂ ᠮᠠᠰᠢᠨ ᠤ ᠥᠷᠥᠭᠡ ᠬᠥᠮᠥᠷᠭᠡ ᠵᠡᠷᠭᠡ ᠵᠠᠩᠭᠢᠯᠠᠭ᠎ᠠ ᠶᠢᠨ ᠬᠡᠰᠡᠭ ᠢ ᠲᠤᠬᠠᠶ ᠶᠢᠨ ᠭᠠᠵᠠᠷ ᠲᠤ ᠨᠢ ᠲᠣᠭᠤᠷᠢᠨ ᠪᠠᠶᠢᠴᠠᠭᠠᠵᠤ᠂ ᠠᠮᠤᠷ ᠲᠦᠪᠰᠢᠨ ᠤ ᠰᠡᠷᠭᠡᠶᠢᠯᠡᠯᠲᠡ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠭᠰᠠᠨ᠂ ᠭᠠᠯ ᠰᠡᠷᠭᠡᠶᠢᠯᠡᠯᠲᠡ ᠶᠢᠨ ᠳᠠᠯᠳᠠ ᠭᠡᠮ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠭᠰᠠᠨ᠂ ᠪᠠᠴᠢᠮ ᠪᠠᠶᠢᠳᠠᠯ ᠢ ᠠᠷᠭᠠᠴᠠᠭᠠᠬᠤ ᠪᠡᠯᠡᠳᠬᠡᠯ ᠲᠥᠰᠦᠯ ᠢ ᠲᠡᠭᠦᠯᠳᠡᠷᠵᠢᠭᠦᠯᠦᠨ ᠰᠣᠷᠢᠯᠲᠠ ᠬᠢᠭᠰᠡᠨ ᠵᠡᠷᠭᠡ ᠪᠠᠶᠢᠳᠠᠯ ᠢ ᠭᠤᠤᠯᠳᠠᠯᠭ᠎ᠠ ᠲᠠᠢ ᠪᠠᠷ ᠰᠢᠮᠳᠠᠭᠤᠯᠤᠨ ᠵᠢᠯᠣᠭᠤᠳᠪᠠ᠃
W020240506335862740803.png
    ᠡᠭᠦᠨ ᠠᠴᠠ ᠭᠠᠳᠠᠨ᠎ᠠ᠂ ᠶᠡᠷᠦᠩᠬᠡᠶᠢᠯᠡᠭᠰᠡᠨ ᠪᠠᠲᠤᠯᠠᠭ᠎ᠠ ᠶᠢᠨ ᠲᠥᠪ ᠠᠴᠠ ᠪᠠᠰᠠ ᠭᠠᠳᠠᠨ᠎ᠠ ᠰᠠᠭᠤᠭ᠎ᠠ ᠲᠢᠩᠬᠢᠮ ᠤᠨ ᠰᠢᠰᠲ᠋ᠧᠮ ᠤᠨ ᠨᠢᠭᠡᠴᠢ ᠶᠢᠨ ᠠᠮᠤᠷ ᠲᠦᠪᠰᠢᠨ ᠤ ᠥᠪᠡᠷᠲᠡᠭᠡᠨ ᠪᠠᠶᠢᠴᠠᠭᠠᠬᠤ ᠪᠠ ᠴᠡᠭᠴᠡᠯᠡᠨ ᠰᠠᠶᠢᠵᠢᠷᠠᠭᠤᠯᠬᠤ ᠠᠵᠢᠯ ᠳᠤ ᠰᠠᠨᠠᠭᠤᠯᠤᠮᠵᠢ ᠥᠭᠭᠦᠭᠰᠡᠨ ᠪᠥᠭᠡᠳ ᠪᠠᠶᠠᠷ ᠤᠨ ᠡᠳᠦᠷ ᠤᠨ ᠬᠤᠭᠤᠴᠠᠭᠠᠨ ᠳᠤ ᠠᠯᠪᠠᠨ ᠳᠤ ᠬᠡᠷᠡᠭᠯᠡᠬᠦ ᠲᠡᠷᠭᠡ ᠶᠢ ᠪᠢᠲᠡᠭᠦᠮᠵᠢᠯᠡᠨ ᠬᠠᠳᠠᠭᠠᠯᠠᠬᠤ ᠵᠡᠷᠭᠡ ᠠᠵᠢᠯ ᠳᠤ ᠪᠣᠳᠠᠲᠠᠶ ᠲᠣᠬᠢᠷᠠᠭᠤᠯᠤᠯᠲᠠ ᠬᠢᠭᠰᠡᠨ ᠪᠠᠶᠢᠨ᠎ᠠ᠃ 
ᠢᠷᠡᠯᠲᠡ᠄ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠢᠩᠬᠢᠮ
Baidu
map