ᠥᠪᠡᠷᠲᠡᠭᠡᠨ ᠵᠠᠰᠠᠬᠤ ᠣᠷᠣᠨ ᠤ ᠲᠣᠰ ᠱᠠᠲᠤᠨ ᠤ ᠵᠠᠰᠠᠭ ᠤᠨ ᠣᠷᠳᠣᠨ ᠤ ᠪᠠᠯᠠ ᠣᠷᠣᠭᠤᠯᠤᠯᠲᠠ ᠶᠢᠨ ᠡᠵᠡᠩᠨᠡᠯᠲᠡ ᠶᠢᠨ ᠪᠤᠰᠤ ᠴᠢᠨᠠᠷᠲᠠᠶ ᠲᠥᠷᠥᠯ ᠵᠦᠢᠯ ᠤᠨ ᠣᠷᠣᠯᠠᠨ ᠪᠠᠶᠢᠭᠤᠯᠬᠤ ᠲᠥᠪ ᠪᠠᠶᠠᠷ ᠤᠨ ᠡᠳᠦᠷ ᠠᠴᠠ ᠡᠮᠦᠨ᠎ᠡ ᠪᠠᠶᠢᠭᠤᠯᠵᠤ ᠪᠠᠶᠢᠭ᠎ᠠ ᠲᠥᠷᠥᠯ ᠵᠦᠢᠯ ᠤᠨ ᠶᠠᠰᠤ ᠴᠢᠨᠠᠷ ᠤᠨ ᠠᠮᠤᠷ ᠲᠦᠪᠰᠢᠨ ᠤ ᠪᠠᠶᠢᠴᠠᠭᠠᠯᠲᠠ ᠶᠢ ᠥᠷᠨᠢᠭᠦᠯᠪᠡ
ᠨᠡᠶᠢᠲᠡᠯᠡᠭᠰᠡᠨ ᠴᠠᠭ᠄
2024/5/7
    ᠪᠠᠶᠢᠭᠤᠯᠵᠤ ᠪᠠᠶᠢᠭ᠎ᠠ ᠲᠥᠷᠥᠯ ᠵᠦᠢᠯ ᠤᠨ ᠪᠠᠶᠠᠷ ᠳᠤᠷᠠᠰᠬᠠᠯ ᠠᠮᠠᠷᠠᠯᠲᠠ ᠶᠢᠨ ᠡᠳᠦᠷ ᠤᠨ ᠬᠤᠭᠤᠴᠠᠭᠠᠨ ᠳᠠᠬᠢ ᠠᠮᠤᠷ ᠲᠦᠪᠰᠢᠨ ᠤ ᠪᠠᠶᠢᠳᠠᠯ ᠢ ᠦᠷᠭᠦᠯᠵᠢᠯᠡᠨ ᠲᠣᠭᠲᠠᠭᠤᠨ ᠪᠠᠶᠢᠯᠭᠠᠬᠤ ᠶᠢ ᠪᠠᠲᠤᠯᠠᠵᠤ᠂ ᠶᠠᠰᠤ ᠴᠢᠨᠠᠷ ᠤᠨ ᠠᠮᠤᠷ ᠲᠦᠪᠰᠢᠨ ᠤ ᠳᠠᠯᠳᠠ ᠬᠡᠮ ᠢ ᠪᠦᠲᠦᠮᠵᠢᠲᠡᠶ ᠠᠷᠢᠯᠭᠠᠬᠤ ᠶᠢᠨ ᠲᠥᠯᠥᠭᠡ᠂ 4 ᠳ᠋ᠦ᠋ᠭᠡᠷ ᠰᠠᠷ᠎ᠠ ᠶᠢᠨ 28 ᠤ ᠡᠳᠦᠷ ᠠᠴᠠ 30 ᠤ ᠡᠳᠦᠷ ᠪᠣᠯᠲᠠᠯ᠎ᠠ᠂ ᠥᠪᠡᠷᠲᠡᠭᠡᠨ ᠵᠠᠰᠠᠬᠤ ᠣᠷᠣᠨ ᠤ ᠲᠣᠰ ᠱᠠᠲᠤᠨ ᠤ ᠵᠠᠰᠠᠭ ᠤᠨ ᠣᠷᠳᠣᠨ ᠡᠵᠡᠩᠨᠡᠯᠲᠡ ᠶᠢᠨ ᠪᠤᠰᠤ ᠴᠢᠨᠠᠷᠲᠠᠶ ᠲᠥᠷᠥᠯ ᠵᠦᠢᠯ ᠤᠨ ᠣᠷᠣᠯᠠᠨ ᠪᠠᠶᠢᠭᠤᠯᠬᠤ ᠲᠥᠪ ᠲᠤ ᠪᠠᠶᠢᠴᠠᠭᠠᠬᠤ ᠳᠤᠭᠤᠶᠢᠯᠠᠩ ᠪᠠᠶᠢᠭᠤᠯᠵᠤ᠂ ᠥᠪᠡᠷᠲᠡᠭᠡᠨ ᠵᠠᠰᠠᠬᠤ ᠣᠷᠣᠨ ᠤ ᠣᠯᠠᠨ ᠤᠯᠤᠰ ᠤᠨ ᠮᠣᠩᠭᠤᠯ ᠡᠮᠨᠡᠯᠭᠡ ᠶᠢᠨ ᠬᠤᠷᠢᠶ᠎ᠠ ᠶᠢ ᠥᠷᠭᠡᠳᠬᠡᠨ ᠪᠠᠶᠢᠭᠤᠯᠬᠤ ᠵᠡᠷᠭᠡ 5 ᠲᠥᠷᠥᠯ ᠵᠦᠢᠯ ᠳᠤ ᠪᠠᠶᠠᠷ ᠤᠨ ᠡᠳᠦᠷ ᠠᠴᠠ ᠡᠮᠦᠨᠡᠬᠢ ᠶᠠᠰᠤ ᠴᠢᠨᠠᠷ᠂ ᠠᠶᠤᠯᠭᠦᠶ ᠦᠢᠯᠡᠳᠪᠦᠷᠢᠯᠡᠯ ᠤᠨ ᠶᠡᠭᠡ ᠪᠠᠶᠢᠴᠠᠭᠠᠯᠲᠠ ᠶᠢ ᠥᠷᠨᠢᠭᠦᠯᠪᠡ᠃
W020240506334169691261.png
    ᠲᠣᠰ ᠤᠳᠠᠭᠠᠨ ᠤ ᠪᠠᠶᠢᠴᠠᠭᠠᠯᠲᠠ ᠳᠤ ᠭᠤᠤᠯᠳᠠᠭᠤ ᠡᠯ᠎ᠡ ᠲᠥᠷᠥᠯ ᠵᠦᠢᠯ ᠤᠨ ᠵᠠᠩᠭᠢᠯᠠᠭ᠎ᠠ ᠶᠢᠨ ᠠᠵᠢᠯ ᠤᠨ ᠪᠠᠶᠢᠷᠢ ᠶᠢᠨ ᠬᠥᠮᠦᠰ ᠤᠨ ᠠᠵᠢᠯ ᠤᠨ ᠪᠠᠶᠢᠷᠢ ᠳᠤ ᠭᠠᠷᠴᠤ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠭᠡᠬᠦ᠂ ᠲᠥᠷᠥᠯ ᠵᠦᠢᠯ ᠤᠨ ᠪᠠᠯᠠ ᠮᠥᠩᠭᠦ ᠶᠢᠨ ᠬᠡᠷᠡᠭᠯᠡᠯᠲᠡ᠂ ᠪᠠᠷᠢᠯᠭ᠎ᠠ ᠶᠢᠨ ᠠᠮᠤᠷ ᠲᠦᠪᠰᠢᠨ ᠪᠠ ᠶᠠᠰᠤ ᠴᠢᠨᠠᠷ ᠤᠨ ᠬᠠᠮᠢᠶᠠᠷᠤᠯᠲᠠ ᠶᠢᠨ ᠲᠦᠷᠢᠮ ᠢ ᠨᠠᠶᠢᠳᠠᠪᠤᠷᠢᠵᠢᠭᠤᠯᠤᠭᠰᠠᠨ᠂ ᠲᠥᠷᠥᠯ ᠵᠦᠢᠯ ᠤᠨ ᠲᠤᠬᠠᠶ ᠶᠢᠨ ᠲᠠᠯᠠᠪᠤᠷ ᠤᠨ ᠭᠠᠯ ᠰᠡᠷᠭᠡᠶᠢᠯᠡᠯᠲᠡ ᠶᠢᠨ ᠠᠮᠤᠷ ᠲᠦᠪᠰᠢᠨ ᠵᠢᠴᠢ ᠢᠨᠵᠧᠨᠧᠷᠢᠩ ᠤᠨ ᠲᠠᠩᠰᠠ ᠡᠪᠬᠡᠮᠡᠯ ᠤᠨ ᠮᠠᠲ᠋ᠧᠷᠢᠶᠠᠯ ᠵᠡᠷᠭᠡ ᠭᠤᠤᠯᠳᠠᠯᠭ᠎ᠠ ᠲᠠᠢ ᠠᠭᠤᠯᠭ᠎ᠠ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠤᠨ ᠲᠣᠭᠤᠷᠢᠨ ᠳᠤ ᠪᠥᠬᠦ ᠲᠠᠯ᠎ᠠ ᠶᠢᠨ᠂ ᠨᠠᠷᠢᠨ ᠪᠣᠳᠠᠲᠠᠶ ᠪᠠᠶᠢᠴᠠᠭᠠᠯᠲᠠ ᠬᠢᠪᠠ᠃    ᠪᠠᠶᠢᠴᠠᠭᠠᠬᠤ ᠳᠤᠭᠤᠶᠢᠯᠠᠩ ᠤᠨ ᠳᠤᠷᠠᠳᠤᠭᠰᠠᠨ ᠡᠯ᠎ᠡ ᠵᠦᠢᠯ ᠤᠨ ᠠᠰᠠᠭᠤᠳᠠᠯ ᠳᠤ ᠴᠢᠭᠯᠡᠭᠦᠯᠦᠨ᠂ ᠥᠪᠡᠷᠲᠡᠭᠡᠨ ᠵᠠᠰᠠᠬᠤ ᠣᠷᠣᠨ ᠤ ᠣᠷᠣᠯᠠᠨ ᠪᠠᠶᠢᠭᠤᠯᠬᠤ ᠲᠥᠪ ᠠᠴᠠ ᠡᠯ᠎ᠡ ᠲᠥᠷᠥᠯ ᠵᠦᠢᠯ ᠳᠤ ᠪᠠᠶᠢᠴᠠᠭᠠᠬᠤ ᠮᠡᠳᠡᠭᠳᠡᠯ ᠤᠨ ᠬᠠᠭᠤᠳᠠᠰᠤ ᠪᠠᠭᠤᠯᠭᠠᠭᠰᠠᠨ ᠪᠥᠭᠡᠳ ᠴᠡᠭᠴᠡᠯᠡᠨ ᠰᠠᠶᠢᠵᠢᠷᠠᠭᠤᠯᠬᠤ ᠬᠤᠭᠤᠴᠠᠭ᠎ᠠ ᠪᠠ ᠰᠠᠨᠠᠭᠤᠯᠭ᠎ᠠ ᠳᠤᠷᠠᠳᠴᠤ᠂ ᠪᠥᠲᠥᠭᠡᠨ ᠪᠠᠶᠢᠭᠤᠯᠤᠯᠲᠠ ᠳᠤ ᠣᠷᠣᠯᠴᠠᠭᠰᠠᠨ ᠡᠯ᠎ᠡ ᠨᠢᠭᠡᠴᠢ ᠶᠢ ᠪᠣᠭᠤᠮᠲᠠ ᠶᠢ ᠴᠢᠩᠭ᠎ᠠ ᠠᠳᠬᠤᠵᠤ᠂ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠶᠢᠨ ᠬᠠᠮᠲᠤ ᠣᠷᠳᠣ ᠬᠤᠭᠤᠴᠠᠭᠠᠨ ᠤ ᠪᠦᠲᠦᠮᠵᠢᠲᠡᠶ ᠵᠣᠬᠢᠴᠠᠮᠵᠢ ᠶᠢ ᠪᠦᠷᠢᠯᠳᠦᠭᠦᠯᠵᠦ᠂ ᠠᠶᠤᠯᠭᠦᠢ ᠦᠢᠯᠡᠳᠪᠦᠷᠢᠯᠡᠯ ᠢ ᠢᠮᠠᠭᠲᠠ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢᠨ ᠲᠡᠷᠢᠭᠦᠨ ᠴᠢᠬᠤᠯᠠ ᠶᠠᠪᠤᠳᠠᠯ ᠪᠣᠯᠭᠠᠵᠤ᠂ ᠦᠨᠡᠨ ᠬᠦ ᠨᠠᠩ ᠥᠨᠳᠥᠷ ᠪᠠᠷᠢᠮᠵᠢᠶ᠎ᠠ᠂ ᠨᠠᠩ ᠴᠢᠩᠭ᠎ᠠ ᠱᠠᠭᠠᠷᠳᠠᠯᠭ᠎ᠠ᠂ ᠨᠠᠩ ᠪᠣᠳᠠᠲᠠᠶ ᠠᠷᠭ᠎ᠠ ᠬᠡᠮᠵᠢᠶ᠎ᠡ ᠪᠠᠷ ᠠᠶᠤᠯᠭᠦᠢ ᠦᠢᠯᠡᠳᠪᠦᠷᠢᠯᠡᠯ ᠤᠨ ᠠᠵᠢᠯ ᠢ ᠪᠣᠳᠠᠲᠠᠶ ᠠᠳᠬᠤᠵᠤ ᠨᠠᠷᠢᠯᠢᠭ ᠠᠳᠬᠤᠵᠤ᠂ ᠠᠳᠡᠯ ᠭᠠᠷᠬᠤ ᠶᠢ ᠡᠷᠡᠰ ᠰᠡᠷᠭᠡᠶᠢᠯᠡᠨ ᠬᠤᠷᠢᠭᠯᠠᠬᠤ ᠬᠡᠷᠡᠭᠲᠡᠶ ᠭᠡᠵᠦ ᠱᠠᠭᠠᠷᠳᠠᠪᠠ᠃ ᠠᠮᠠᠷᠠᠯᠲᠠ ᠶᠢᠨ ᠬᠤᠭᠤᠴᠠᠭᠠᠨ ᠤ ᠪᠠᠴᠢᠮ ᠪᠠᠶᠢᠳᠠᠯ ᠢ ᠠᠷᠭᠠᠴᠠᠭᠠᠬᠤ ᠵᠢᠵᠢᠭᠦᠷᠯᠡᠨ ᠰᠠᠬᠢᠬᠤ ᠵᠡᠷᠭᠡ ᠠᠵᠢᠯ ᠤᠨ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠡᠯ᠎ᠡ ᠲᠦᠷᠦᠯ ᠤᠨ ᠭᠡᠨᠡᠳᠲᠡ ᠶᠢᠨ ᠬᠡᠷᠡᠭ ᠢ ᠲᠡᠷᠡ ᠳᠠᠷᠤᠢ ᠳᠤ ᠨᠢ ᠪᠦᠲᠦᠮᠵᠢᠲᠡᠢ ᠰᠢᠢᠳᠪᠦᠷᠢᠯᠡᠬᠦ ᠶᠢ ᠪᠠᠲᠤᠯᠠᠬᠤ ᠬᠡᠷᠡᠭᠲᠡᠢ᠃ 
ᠢᠷᠡᠯᠲᠡ᠄ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠢᠩᠬᠢᠮ
Baidu
map