ᠭᠡᠷ ᠬᠥᠷᠥᠩᠭᠡ ᠪᠠᠨ ᠦᠷ᠎ᠡ ᠬᠡᠦᠬᠡᠳ ᠲᠤ ᠪᠠᠨ ᠰᠢᠯᠵᠢᠭᠦᠯᠦᠨ ᠦᠭᠭᠦᠭᠰᠡᠨ ᠤ ᠲᠠᠷᠠᠭ᠎ᠠ ᠦᠷ᠎ᠡ ᠬᠡᠦᠬᠡᠳ ᠨᠢ ᠭᠡᠷ ᠬᠥᠷᠥᠩᠭᠡ ᠶᠢ ᠨᠢ ᠬᠤᠳᠠᠯᠳᠤᠪᠠᠯ ᠬᠡᠷᠬᠢᠨ ᠡᠷᠬᠡ ᠪᠠᠨ ᠬᠠᠮᠠᠭᠠᠯᠠᠬᠤ ᠪᠣᠶ︖
ᠨᠡᠶᠢᠲᠡᠯᠡᠭᠰᠡᠨ ᠴᠠᠭ᠄
2024/5/9
    ᠣᠳᠣᠬᠠᠨ ᠳᠤ᠂ ︽ᠬᠡᠷ ᠪᠠᠶᠢᠰᠢᠩ ᠢᠶᠠᠷ ᠨᠠᠰᠤᠵᠢᠯ ᠤᠨ ᠠᠰᠠᠷᠠᠮᠵᠢ︾ ᠪᠤᠯᠭᠠᠬᠤ ᠨᠢ ᠴᠥᠭᠡᠨ ᠪᠤᠰᠤ ᠬᠥᠮᠦᠨ ᠤ ᠨᠠᠰᠤᠵᠢᠯ ᠤᠨ ᠠᠰᠠᠷᠠᠮᠵᠢ ᠶᠢᠨ ᠪᠠᠲᠤᠯᠠᠭ᠎ᠠ ᠶᠢᠨ ᠠᠷᠭ᠎ᠠ ᠮᠠᠶ᠋ᠢᠭ ᠪᠤᠯᠵᠠᠢ᠂ ᠨᠠᠰᠤᠲᠠᠶᠢᠴᠤᠳ ᠦᠪᠡᠷ ᠤᠨ ᠬᠡᠷ ᠪᠠᠶᠢᠰᠢᠩ ᠢᠶᠠᠨ ᠦᠷ᠎ᠡ ᠬᠡᠤᠬᠡᠳ ᠪᠤᠶᠤ ᠲᠥᠷᠥᠯ ᠰᠠᠳᠤᠨ ᠳᠠᠭᠠᠨ ᠰᠢᠯᠵᠢᠭᠦᠯᠦᠨ ᠦᠭᠬᠦ ᠪᠠᠷ ᠳᠠᠮᠵᠢᠭᠤᠯᠤᠨ ᠬᠤᠪᠢ ᠪᠠᠨ ᠠᠰᠠᠷᠠᠨ ᠲᠡᠵᠢᠭᠡᠯᠭᠡᠬᠦ ᠪᠣᠯᠪᠠ᠃ ᠭᠡᠪᠡᠴᠦ ᠦᠷ᠎ᠡ ᠬᠡᠤᠬᠡᠳ ᠲᠡᠭᠡᠨ ᠭᠡᠷ ᠪᠠᠶᠢᠰᠢᠩ ᠢᠶᠠᠨ ᠰᠢᠯᠵᠢᠭᠦᠯᠦᠨ ᠦᠭᠭᠦᠭᠰᠡᠨ ᠤ ᠳᠠᠷᠠᠭ᠎ᠠ ᠦᠷ᠎ᠡ ᠬᠡᠤᠬᠡᠳ ᠨᠢ ᠠᠰᠠᠷᠠᠨ ᠲᠡᠵᠢᠭᠡᠬᠦ ᠡᠭᠦᠷᠭᠡ ᠪᠠᠨ ᠭᠦᠢᠴᠡᠳᠭᠡᠬᠦ ᠦᠭᠡᠢ᠂ ᠡᠰᠡᠬᠦᠯ᠎ᠡ ᠨᠠᠰᠤᠲᠠᠨ ᠨᠠᠰᠤ ᠪᠠᠷᠠᠵᠤ ᠭᠡᠷ ᠪᠦᠯᠢ ᠶᠢᠨ ᠪᠦᠲᠦᠴᠡ ᠳᠤ ᠬᠤᠪᠢᠷᠠᠯᠲᠠ ᠭᠠᠷᠪᠠᠯ᠂ ᠨᠠᠰᠤᠲᠠᠶᠢᠴᠤᠳ ᠤᠨ ᠡᠷᠬᠡ ᠠᠰᠢᠭ ᠢ ᠬᠡᠷᠬᠢᠨ ᠪᠠᠲᠤᠯᠠᠬᠤ ᠪᠤᠢ︖ ᠬᠡᠷᠬᠢᠨ ᠡᠷᠬᠡ ᠪᠠᠨ ᠬᠠᠮᠠᠭᠠᠯᠠᠬᠤ ᠪᠤᠢ︖    2021 ᠣᠨ ᠤ 2 ᠳ᠋ᠤᠭᠠᠷ ᠰᠠᠷ᠎ᠠ ᠳᠤ᠂ ᠵᠠᠩ ᠣᠪᠣᠭᠲᠤ ᠥᠬᠢᠨ ᠴᠢᠨ ᠣᠪᠣᠭ ᠲᠠᠢ ︽ᠠᠮᠠᠯᠠᠯᠲᠠ ᠶᠢᠨ ᠪᠢᠴᠢᠭ︾ ᠲᠣᠭᠲᠠᠵᠤ᠂ ︽ᠡᠵᠢ ᠵᠠᠩ ᠣᠪᠣᠭᠲᠤ ᠰᠠᠶᠢᠨ ᠳᠤᠷ᠎ᠠ ᠠᠴᠠ ᠪᠠᠨ ᠥᠪᠡᠷ ᠤᠨ ᠬᠡᠷ ᠪᠠᠶᠢᠰᠢᠩ ᠢᠶᠠᠨ ᠦᠨ᠎ᠡ ᠲᠥᠯᠥᠪᠦᠷᠢ ᠥᠬᠡᠶ ᠬᠦᠷᠭᠡᠨ ᠥᠭᠬᠦ ᠬᠡᠯᠪᠡᠷᠢ ᠪᠠᠷ ᠥᠬᠢᠨ ᠴᠢᠨ ᠣᠪᠣᠭᠲᠤ ᠳᠤ ᠰᠢᠯᠵᠢᠭᠦᠯᠦᠨ ᠦᠭᠭᠦᠨ᠎ᠡ᠂ ᠭᠡᠪᠡᠴᠦ ᠠᠮᠢᠳᠦ ᠶᠠᠪᠤᠭ᠎ᠠ ᠦᠶ᠎ᠡ ᠳᠤ ᠡᠨᠡᠬᠦ ᠰᠢᠯᠵᠢᠭᠦᠯᠦᠨ ᠦᠭᠭᠦᠭᠰᠡᠨ ᠣᠷᠣᠨ ᠰᠠᠭᠤᠴᠠ ᠳᠤ ᠡᠭᠦᠷᠢᠳᠡ ᠰᠠᠭᠤᠬᠤ ᠡᠷᠬᠡ ᠲᠠᠢ ᠭᠡᠵᠤ ᠭᠡᠷ᠎ᠡ ᠲᠤᠭᠳᠠᠪᠠ᠃ ᠪᠡᠯᠡᠭᠯᠡᠭᠴᠢ ᠶᠢᠨ ᠥᠬᠢᠨ ᠴᠢᠨ ᠣᠪᠣᠭᠲᠤ ᠄ ᠰᠢᠯᠵᠢᠭᠦᠯᠦᠨ ᠥᠭᠭᠦᠭᠰᠡᠨ ᠤ ᠳᠠᠷᠠᠭ᠎ᠠ ᠳᠠᠷᠤᠢ ᠡᠬᠡ ᠵᠠᠩ ᠣᠪᠣᠭᠲᠤ ᠶᠢᠨ ᠨᠠᠰᠤ ᠪᠠᠷᠠᠳᠠᠯ᠎ᠠ ᠠᠰᠠᠷᠠᠨ ᠲᠡᠵᠢᠭᠡᠬᠦ ᠪᠠ ᠰᠠᠶᠢᠲᠤᠷ ᠦᠢᠯᠡᠴᠢᠯᠡᠬᠦ ᠡᠭᠦᠷᠭᠡ ᠶᠢ ᠡᠭᠦᠷᠭᠡᠯᠡᠵᠦ᠂ ᠵᠠᠩ ᠣᠪᠣᠭᠲᠤ ᠰᠢᠯᠵᠢᠭᠦᠯᠦᠨ ᠦᠭᠭᠦᠭᠰᠡᠨ ᠣᠷᠣᠨ ᠰᠠᠭᠤᠴᠠ ᠳᠤ ᠡᠭᠦᠷᠢᠳᠡ ᠰᠠᠭᠤᠬᠤ ᠡᠷᠬᠡ  ᠲᠠᠢ ᠁︾ ᠭᠡᠵᠦ ᠲᠥᠪ ᠴᠢᠩᠭ᠎ᠠ ᠪᠠᠷ ᠠᠮᠠᠯᠠᠵᠠᠢ᠃ ᠵᠠᠩ ᠣᠪᠣᠭᠲᠤ᠂ ᠴᠢᠨ ᠣᠪᠣᠭᠲᠤ ᠠᠮᠠᠯᠠᠭᠴᠢ ᠶᠢᠨ ᠬᠤᠪᠢ ᠪᠠᠷ ᠭᠠᠷ ᠤᠨ ᠦᠰᠦᠭ ᠵᠢᠷᠤᠵᠠᠢ᠃ 2021 ᠣᠨ ᠤ 3 ᠳ᠋ᠤᠭᠠᠷ ᠰᠠᠷ᠎ᠠ ᠳᠤ᠂ ᠵᠠᠩ ᠣᠪᠣᠭᠲᠤ ᠪᠣᠯᠤᠨ ᠴᠢᠨ ᠣᠪᠣᠭᠲᠤ ︽ᠪᠡᠯᠡᠭᠯᠡᠬᠦ ᠭᠡᠷ᠎ᠡ︾ ᠲᠣᠭᠲᠠᠵᠤ᠂ ᠵᠠᠩ ᠣᠪᠣᠭᠲᠤ ᠶᠢᠨ ᠰᠢᠯᠵᠢᠭᠦᠯᠦᠨ ᠦᠭᠭᠦᠭᠰᠡᠨ ᠭᠡᠷ ᠪᠠᠶᠢᠰᠢᠩ ᠢ ᠴᠢᠨ ᠣᠪᠣᠭᠲᠤ ᠳᠤ ᠪᠡᠯᠡᠭᠯᠡᠬᠦ ᠪᠠᠷ ᠪᠣᠯᠵᠣᠨ ᠲᠣᠭᠲᠠᠭᠰᠠᠨ ᠪᠥᠭᠡᠳ ᠲᠤᠰ ᠡᠳᠦᠷ ᠲᠤ ᠰᠢᠯᠵᠢᠭᠦᠯᠦᠨ ᠦᠭᠭᠦᠭᠰᠡᠨ ᠭᠡᠷ ᠪᠠᠶᠢᠰᠢᠩ ᠢ ᠴᠢᠨ ᠤᠪᠤᠭᠳᠤ ᠶᠢᠨ ᠨᠡᠷᠡᠨ  ᠳᠤ ᠰᠢᠯᠵᠢᠭᠦᠯᠵᠦ᠂ ᠰᠠᠭᠤᠬᠤ ᠡᠷᠬᠡ ᠶᠢᠨ ᠳᠡᠩᠰᠡᠯᠡᠯᠲᠡ ᠶᠢ ᠭᠦᠢᠴᠡᠳᠬᠡᠭᠰᠡᠨ ᠥᠬᠡᠶ᠃    ᠭᠡᠲᠡᠯ᠎ᠡ ᠬᠤᠶᠠᠷ ᠰᠠᠷ᠎ᠠ ᠶᠢᠨ ᠳᠠᠷᠠᠭ᠎ᠠ᠂ ᠴᠢᠨ ᠣᠪᠣᠭᠲᠤ ᠪᠣᠯᠤᠨ ᠵᠦ ᠣᠪᠣᠭᠲᠤ ᠭᠡᠷ ᠪᠠᠶᠢᠰᠢᠩ ᠤᠨ ᠬᠤᠳᠠᠯᠳᠤᠭᠠᠨ ᠤ ᠭᠡᠷ᠎ᠡ ᠲᠣᠭᠲᠠᠵᠤ᠂ ᠰᠢᠯᠵᠢᠭᠦᠯᠦᠨ ᠦᠭᠭᠦᠭᠰᠡᠨ ᠭᠡᠷ ᠪᠠᠶᠢᠰᠢᠩ ᠢ ᠵᠦ ᠣᠪᠣᠭᠲᠤ ᠳᠤ ᠬᠤᠳᠠᠯᠳᠤᠬᠤ ᠪᠠᠷ ᠪᠣᠯᠵᠣᠨ ᠲᠣᠭᠲᠠᠵᠠᠶ᠃ ᠰᠡᠭᠦᠯᠡᠷ ᠨᠢ ᠲᠣᠰ ᠬᠡᠷᠡᠭ ᠲᠤ ᠬᠤᠯᠪᠣᠭᠳᠠᠭᠰᠠᠨ ᠥᠮᠴᠢᠯᠡᠬᠦ ᠡᠷᠬᠡ ᠶᠢᠨ ᠵᠢᠭᠤᠷᠠᠯᠳᠤᠭᠠᠨ ᠠᠴᠠ ᠪᠣᠯᠵᠣ᠂ ᠬᠡᠷᠡᠭ ᠲᠤ ᠬᠤᠯᠪᠣᠭᠳᠠᠭᠰᠠᠨ ᠬᠡᠷ ᠪᠠᠶᠢᠰᠢᠩ ᠢ ᠰᠢᠭᠦᠬᠦ ᠬᠤᠷᠢᠶ᠎ᠠ ᠪᠢᠲᠡᠭᠦᠮᠵᠢᠯᠡᠵᠦ᠂ ᠰᠦᠯᠵᠢᠶᠡᠨ ᠳᠡᠭᠡᠷ᠎ᠡ ᠭᠠᠷ ᠤᠨ ᠥᠰᠥᠭ ᠵᠢᠷᠤᠬᠤ ᠵᠢᠴᠢ ᠥᠯᠥ ᠬᠥᠳᠡᠯᠬᠦ ᠬᠥᠷᠥᠩᠭᠡ ᠶᠢᠨ ᠰᠢᠯᠵᠢᠭᠦᠯᠬᠦ ᠳᠡᠩᠰᠡᠯᠡᠯᠲᠡ ᠶᠢᠨ ᠭᠠᠷᠳᠠᠮ ᠢ ᠭᠦᠢᠴᠡᠳᠭᠡᠬᠦ ᠶᠢᠨ ᠠᠷᠭ᠎ᠠ ᠥᠬᠡᠶ ᠪᠤᠯᠵᠠᠢ᠂ ᠵᠦ ᠣᠪᠣᠭᠲᠤ ᠬᠡᠷ ᠪᠠᠶᠢᠰᠢᠩ ᠬᠤᠳᠠᠯᠳᠤᠭᠠᠯᠠᠬᠤ ᠭᠡᠷ᠎ᠡ ᠶᠢᠨ ᠵᠢᠭᠤᠷᠠᠯᠳᠤᠭᠠᠨ ᠢᠶᠠᠷ ᠰᠢᠭᠦᠬᠦ ᠬᠤᠷᠢᠶᠠᠨ ᠳᠤ ᠴᠢᠨ ᠣᠪᠣᠭᠲᠤ ᠶᠢ ᠵᠠᠭᠠᠯᠳᠤᠵᠠᠢ᠂ ᠰᠢᠭᠦᠬᠦ ᠬᠤᠷᠢᠶ᠎ᠠ ᠠᠴᠠ ᠭᠡᠷ᠎ᠡ ᠶᠢ ᠬᠦᠴᠦᠨ ᠥᠬᠡᠶ ᠪᠣᠯᠭᠠᠬᠤ ᠪᠠᠷ ᠰᠢᠭᠦᠨ ᠲᠠᠰᠤᠯᠵᠤ᠂ ᠴᠢᠨ ᠣᠪᠣᠭᠲᠤ ᠠᠴᠠ ᠵᠦ ᠣᠪᠣᠭᠲᠤ ᠶᠢᠨ ᠪᠣᠯᠵᠤᠭ᠎ᠠ ᠶᠢᠨ ᠮᠥᠩᠭᠦ ᠂ ᠭᠡᠷ᠎ᠡ ᠵᠥᠷᠢᠴᠡᠭᠰᠡᠨ ᠮᠥᠩᠭᠦ ᠵᠢᠴᠢ ᠵᠠᠪᠰᠠᠷ ᠤᠨ ᠦᠢᠯᠡᠴᠢᠯᠡᠭᠡᠨ ᠤ ᠰᠦᠢᠳᠬᠡᠯ ᠤᠨ ᠬᠤᠬᠢᠷᠠᠯ ᠢ ᠲᠥᠯᠥᠭᠦᠯᠬᠦ ᠪᠠᠷ ᠰᠢᠭᠦᠨ ᠲᠠᠰᠤᠯᠤᠭᠠᠳ ᠨᠢᠭᠡᠨᠲᠡ ᠬᠦᠴᠦᠨ ᠲᠠᠢ ᠪᠣᠯᠤᠭᠰᠠᠨ ᠪᠠᠶᠢᠨ᠎ᠠ᠃    ᠵᠠᠩ ᠣᠪᠣᠭᠲᠤ ᠲᠤᠰ ᠬᠡᠷᠡᠭ ᠪᠤᠯ ᠲᠠᠭᠠᠯᠳᠤᠭᠤᠯᠤᠯ ᠡᠭᠦᠷᠭᠡ ᠲᠠᠢ ᠪᠡᠯᠡᠭᠯᠡᠬᠦ ᠭᠡᠷ᠎ᠡ ᠮᠦᠨ᠂ ᠴᠢᠨ ᠣᠪᠣᠭᠲᠤ ᠠᠰᠠᠷᠠᠨ ᠲᠡᠵᠢᠭᠡᠬᠦ ᠡᠭᠦᠷᠭᠡ ᠪᠠᠨ ᠭᠦᠢᠴᠡᠳᠬᠡᠬᠦ ᠵᠢᠴᠢ ᠵᠠᠩ ᠣᠪᠣᠭᠲᠤ ᠶᠢᠨ ᠬᠡᠷᠡᠭ ᠲᠤ ᠬᠤᠯᠪᠣᠭᠳᠠᠭᠰᠠᠨ ᠭᠡᠷ ᠪᠠᠶᠢᠰᠢᠩ ᠳᠤ ᠡᠭᠦᠷᠢᠳᠡ ᠰᠠᠭᠤᠬᠤ ᠡᠷᠬᠡ ᠠᠰᠢᠭ ᠢ ᠪᠠᠲᠤᠯᠠᠬᠤ ᠴᠢᠬᠤᠯᠠᠲᠠᠶ ᠂ ᠭᠡᠪᠡᠴᠦ ᠴᠢᠨ ᠣᠪᠣᠭᠲᠤ ᠵᠠᠩ ᠣᠪᠣᠭᠲᠤ ᠶᠢ ᠠᠰᠠᠷᠠᠨ ᠲᠡᠵᠢᠭᠡᠬᠦ ᠡᠭᠦᠷᠭᠡ ᠪᠠᠨ ᠭᠦᠢᠴᠡᠳᠬᠡᠭᠰᠡᠨ ᠦᠭᠡᠢ ᠪᠥᠭᠡᠳ ᠬᠡᠷᠡᠭ ᠲᠤ ᠬᠤᠯᠪᠣᠭᠳᠠᠭᠰᠠᠨ ᠭᠡᠷ ᠪᠠᠶᠢᠰᠢᠩ ᠢ ᠬᠤᠳᠤᠯᠳᠠᠭᠠᠯᠠᠵᠤ ᠰᠢᠭᠦᠬᠦ ᠬᠤᠷᠢᠶᠠᠨ ᠳᠤ ᠵᠠᠭᠠᠯᠳᠤᠭᠳᠠᠵᠠᠢ᠂ ᠬᠡᠷᠡᠭ ᠲᠤ ᠬᠤᠯᠪᠣᠭᠳᠠᠭᠰᠠᠨ ᠭᠡᠷ ᠪᠠᠶᠢᠰᠢᠩ ᠤᠨ ᠪᠡᠯᠡᠭᠡᠯᠡᠬᠦ ᠭᠡᠷ᠎ᠡ ᠶᠢ ᠬᠦᠴᠦᠨ ᠦᠭᠡᠢ ᠪᠣᠯᠭᠠᠬᠤ ᠂ ᠴᠢᠨ ᠣᠪᠣᠭᠲᠤ ᠵᠠᠩ ᠣᠪᠣᠭᠲᠤ ᠶᠢᠨ ᠬᠡᠷᠡᠭ ᠲᠤ ᠬᠤᠯᠪᠣᠭᠳᠠᠭᠰᠠᠨ ᠭᠡᠷ ᠪᠠᠶᠢᠰᠢᠩ ᠢ ᠪᠤᠴᠠᠭᠠᠬᠤ ᠮᠦᠷᠳᠡᠭᠡᠨ ᠥᠮᠴᠢᠯᠡᠬᠦ ᠡᠷᠬᠡ ᠶᠢᠨ ᠬᠤᠪᠢᠷᠠᠭᠤᠯᠬᠤ ᠳᠡᠩᠰᠡᠯᠡᠯᠲᠡ ᠶᠢᠨ ᠭᠠᠷ ᠭᠦᠢᠴᠡᠳᠬᠡᠯ ᠢ ᠬᠠᠮᠵᠢᠯᠴᠠᠨ ᠭᠦᠢᠴᠡᠳᠭᠡᠬᠦ ᠶᠢ ᠱᠠᠭᠠᠷᠳᠠᠪᠠ᠃    ᠳᠡᠰ ᠳᠡᠪᠰᠢᠭᠰᠡᠨ ᠬᠠᠷᠢᠶᠠᠯᠠᠯ ᠤᠨ ᠪᠠᠶᠢᠳᠠᠯ᠄ ᠲᠤᠰ ᠬᠡᠷᠡᠭ ᠢ ᠡᠬᠢᠨ ᠳᠤ ᠪᠠᠨ ᠪᠡᠭᠡᠵᠢᠩ ᠬᠤᠲᠠ ᠶᠢᠨ ᠹᠠᠩ ᠱᠠᠨ ᠲᠣᠭᠤᠷᠢᠭ ᠤᠨ ᠠᠷᠠᠳ ᠤᠨ ᠰᠢᠭᠦᠬᠦ ᠬᠤᠷᠢᠶ᠎ᠠ ᠠᠴᠠ ᠬᠦᠯᠢᠶᠡᠨ ᠠᠪᠴᠤ ᠰᠢᠢᠳᠪᠦᠷᠢᠯᠡᠵᠡᠢ᠂ ᠲᠤᠰ ᠬᠤᠷᠢᠶ᠎ᠠ ᠰᠢᠭᠦᠨ ᠰᠢᠢᠳᠪᠦᠷᠢᠯᠡᠬᠦ ᠶᠠᠪᠤᠴᠠ ᠳᠤ ᠂ ᠪᠦᠬᠦ ᠤᠯᠤᠰ ᠤᠨ ᠰᠢᠭᠦᠬᠦ ᠬᠤᠷᠢᠶ᠎ᠠ ᠪᠠ ᠪᠡᠭᠡᠵᠢᠩ ᠤᠨ ᠬᠠᠷᠢᠶ᠎ᠠ ᠲᠣᠭᠤᠷᠢᠭ ᠤᠨ ᠡᠯ᠎ᠡ ᠦᠨᠳᠦᠰᠦᠨ ᠱᠠᠲᠤᠨ ᠤ ᠰᠢᠭᠦᠬᠦ ᠬᠤᠷᠢᠶ᠎ᠠ ᠨᠢ ᠡᠶᠢᠮᠦᠷᠭᠦᠦ ᠬᠡᠷᠡᠭ ᠢ ᠰᠢᠢᠳᠪᠦᠷᠢᠯᠡᠬᠦ ᠳᠡᠭᠡᠨ᠂ ᠲᠠᠭᠠᠯᠳᠤᠭᠤᠯᠤᠯ ᠡᠭᠦᠷᠭᠡ ᠲᠠᠢ ᠪᠡᠯᠡᠭᠯᠡᠬᠦ ᠭᠡᠷ᠎ᠡ ᠶᠢ ᠬᠤᠪᠢᠷᠠᠭᠤᠯᠬᠤ᠂ ᠬᠦᠴᠦᠨ ᠦᠭᠡᠢ ᠪᠣᠯᠭᠠᠬᠤ ᠬᠤᠯᠪᠣᠭᠳᠠᠯ ᠪᠦᠬᠦᠢ ᠬᠠᠤᠯᠢ ᠴᠠᠭᠠᠵᠠ ᠶᠢᠨ ᠲᠣᠭᠲᠠᠭᠠᠯ ᠤᠨ ᠲᠤᠬᠠᠢ ᠣᠶᠢᠯᠠᠭᠠᠯᠲᠠ ᠨᠢ ᠨᠢᠭᠡᠳᠦᠯ ᠦᠭᠡᠢ ᠂ ᠠᠳᠠᠯᠢ ᠪᠤᠰᠤ ᠲᠠᠰᠤᠯᠤᠨ ᠲᠣᠭᠲᠠᠭᠠᠬᠤ ᠪᠠᠷᠢᠮᠵᠢᠶ᠎ᠠ ᠣᠷᠣᠰᠢᠵᠤ ᠪᠠᠶᠢᠬᠤ ᠶᠢ ᠣᠯᠵᠤ ᠮᠡᠳᠡᠵᠡᠢ᠃ ᠪᠡᠭᠡᠵᠢᠩ ᠬᠤᠲᠠ ᠶᠢᠨ ᠹᠠᠩ ᠱᠠᠨ ᠲᠣᠭᠤᠷᠢᠭ ᠤᠨ ᠠᠷᠠᠳ ᠤᠨ ᠰᠢᠭᠦᠬᠦ ᠬᠤᠷᠢᠶ᠎ᠠ ᠶᠢᠨ ᠦᠵᠡᠬᠦ ᠪᠠᠷ᠂ ᠬᠥᠮᠦᠨ ᠠᠮᠠ ᠶᠢᠨ ᠨᠠᠰᠤᠵᠢᠯ ᠤᠨ ᠬᠠᠨᠳᠤᠰᠢ ᠨᠡᠮᠡᠭᠳᠡᠬᠦ ᠶᠢ ᠳᠠᠭᠠᠯᠳᠤᠨ᠂ ᠨᠠᠰᠤᠵᠢᠯ ᠤᠨ ᠵᠢᠭᠤᠷᠠᠯᠳᠤᠭᠠᠨ ᠠᠯᠬᠤᠮ ᠠᠯᠬᠤᠮ ᠢᠶᠠᠷ ᠨᠡᠮᠡᠭᠳᠡᠵᠦ᠂ ᠡᠶᠢᠮᠦᠷᠬᠦᠦ ᠬᠡᠷᠡᠭ ᠤᠨ ᠲᠠᠰᠤᠯᠤᠨ ᠲᠣᠭᠲᠠᠭᠠᠯᠲᠠ ᠶᠢᠨ ᠪᠠᠷᠢᠮᠵᠢᠶ᠎ᠠ ᠨᠢ ᠭᠡᠷ ᠪᠠᠶᠢᠰᠢᠩ ᠢ ᠰᠢᠯᠵᠢᠭᠦᠯᠦᠨ ᠦᠭᠴᠦ ᠨᠠᠰᠤᠵᠢᠯ ᠤᠨ ᠪᠤᠯᠭᠠᠬᠤ ᠵᠢᠭᠤᠷᠠᠯᠳᠤᠭᠠᠨ ᠢ ᠪᠦᠲᠦᠮᠵᠢᠲᠡᠶ ᠰᠢᠢᠳᠪᠦᠷᠢᠯᠡᠬᠦ ᠳᠤ ᠠᠰᠢᠭᠲᠠᠶ ᠂ ᠳᠡᠭᠡᠳᠦ ᠱᠠᠲᠤᠨ ᠤ ᠠᠷᠠᠳ ᠤᠨ ᠰᠢᠭᠦᠬᠦ ᠬᠤᠷᠢᠶ᠎ᠠ ᠠᠴᠠ ᠲᠠᠰ ᠳᠡᠪᠰᠢᠭᠦᠯᠦᠨ ᠬᠠᠮᠢᠶᠠᠷᠬᠤ ᠴᠢᠬᠤᠯᠠᠲᠠᠶ ᠪᠣᠯᠬᠤᠷ ᠪᠡᠭᠡᠵᠢᠩ ᠬᠤᠲᠠ ᠶᠢᠨ ᠬᠤᠶᠠᠳᠤᠭᠠᠷ ᠲᠤᠮᠳᠠ ᠵᠡᠷᠭᠡ ᠶᠢᠨ ᠠᠷᠠᠳ ᠤᠨ ᠰᠢᠭᠦᠬᠦ ᠬᠤᠷᠢᠶ᠎ᠠ ᠳᠤ ᠲᠠᠰ ᠳᠡᠪᠰᠢᠭᠦᠯᠦᠨ ᠬᠠᠷᠢᠶᠠᠯᠠᠭᠤᠯᠪᠠ᠃ ᠪᠡᠭᠡᠵᠢᠩ ᠬᠤᠲᠠ ᠶᠢᠨ ᠬᠤᠶᠠᠳᠤᠭᠠᠷ ᠳᠤᠮᠳᠠ ᠵᠡᠷᠭᠡ ᠶᠢᠨ ᠠᠷᠠᠳ ᠤᠨ ᠰᠢᠭᠦᠬᠦ ᠬᠤᠷᠢᠶ᠎ᠠ ᠬᠢᠨᠠᠨ ᠪᠠᠶᠢᠴᠠᠭᠠᠭᠠᠳ᠂ ᠲᠣᠰ ᠬᠡᠷᠡᠭ ᠨᠢ ᠲᠠᠰ ᠳᠡᠪᠰᠢᠭᠦᠯᠦᠨ ᠬᠠᠮᠢᠶᠠᠷᠬᠤ ᠬᠤᠯᠪᠣᠭᠳᠠᠯ ᠪᠥᠬᠦᠶ ᠲᠣᠭᠲᠠᠭᠠᠯ ᠤᠨ ᠪᠠᠶᠢᠳᠠᠯ ᠳᠤ ᠨᠡᠶᠢᠴᠡᠵᠦ᠂ 2023 ᠣᠨ ᠤ 3 ᠳ᠋ᠤᠭᠠᠷ ᠰᠠᠷ᠎ᠠ ᠶᠢᠨ 29 ᠤ ᠡᠳᠦᠷ ᠲᠣᠰ ᠬᠡᠷᠡᠭ ᠢ ᠲᠠᠰ ᠳᠡᠪᠰᠢᠭᠦᠯᠦᠨ ᠰᠢᠭᠦᠬᠦ ᠪᠠᠷ ᠬᠢᠨᠠᠨ ᠲᠠᠰᠤᠯᠪᠠ᠃ᠲᠠᠰᠤᠯᠤᠨ ᠲᠣᠭᠲᠠᠭᠠᠭᠰᠠᠨ ᠦᠷ᠎ᠡ ᠳ᠋ᠦᠩ᠄    ᠪᠡᠬᠡᠵᠢᠩ ᠬᠤᠳᠠ ᠶᠢᠨ ᠬᠤᠶᠠᠳᠤᠭᠠᠷ ᠲᠤᠮᠳᠠ ᠵᠡᠷᠬᠡ ᠶᠢᠨ ᠠᠷᠠᠳ ᠤᠨ ᠰᠢᠬᠦᠬᠦ ᠬᠤᠷᠢᠶ᠎ᠠ ᠰᠢᠬᠦᠨ ᠰᠢᠢᠳᠪᠤᠷᠢᠯᠡᠭᠰᠡᠨ ᠤ ᠲᠠᠷᠠᠭ᠎ᠠ᠂ ᠲᠤᠰ ᠭᠡᠷᠡᠭ ᠤᠨ ᠮᠠᠷᠭᠤᠯᠳᠤᠭᠠᠨ ᠤ ᠲᠦᠪᠯᠡᠷᠡᠯ ᠤᠨ ᠲᠦᠪ ᠨᠢ ᠬᠤᠶᠠᠷ ᠪᠠᠶᠢᠨ᠎ᠠ᠄ ᠨᠢᠬᠡ᠂ ︽ᠠᠮᠠᠯᠠᠯᠳᠠ ᠶᠢᠨ ᠪᠢᠴᠢᠭ︾ ᠪᠤᠯᠤᠨ ︽ᠪᠡᠯᠡᠭᠯᠡᠬᠦ ᠭᠡᠷ᠎ᠡ︾ ᠶᠢᠨ ᠬᠠᠷᠢᠴᠠᠭ᠎ᠠ ᠶᠢ ᠬᠡᠷᠬᠢᠨ ᠲᠤᠭᠳᠠᠭᠠᠬᠤ ᠪᠤᠢ︖ ᠬᠤᠶᠠᠷ ᠲᠤ᠂ ᠵᠠᠩ ᠣᠪᠣᠭᠲᠤ ᠶᠢᠨ ᠪᠡᠯᠡᠭᠡᠯᠡᠬᠦ ᠭᠡᠷ᠎ᠡ ᠶᠢ ᠬᠦᠴᠦᠨ ᠦᠭᠡᠢ ᠪᠣᠯᠭᠠᠬᠤ ᠪᠠᠷ ᠵᠤᠷᠢᠵᠤ ᠪᠠᠶᠢᠭ᠎ᠠ ᠨᠢ ᠪᠣᠳᠠᠲᠤ ᠬᠡᠷᠡᠭ ᠪᠠ ᠬᠠᠤᠯᠢ ᠴᠠᠭᠠᠵᠠ ᠶᠢᠨ ᠦᠨᠳᠦᠰᠦᠯᠡᠯ ᠲᠠᠢ ᠤᠤ ᠦᠭᠡᠢ ᠤᠤ︖    ᠮᠠᠷᠭᠤᠭᠠᠨ ᠤ ᠲᠥᠪᠯᠡᠷᠡᠯ ᠤᠨ ᠴᠡᠭ ᠨᠢᠭᠡ᠂ ᠵᠠᠩ ᠣᠪᠣᠭᠲᠤ ᠪᠣᠯᠤᠨ ᠴᠢᠨ ᠣᠪᠣᠭᠲᠤ ᠭᠠᠷ ᠤᠨ ᠦᠰᠦᠭ ᠵᠢᠷᠤᠵᠤ ᠣᠷᠣᠨ ᠰᠠᠭᠤᠴᠠ ᠪᠡᠯᠡᠭᠡᠯᠬᠦ ︽ᠠᠮᠠᠯᠠᠯᠲᠠ ᠶᠢᠨ ᠪᠢᠴᠢᠭ︾ ᠨᠢ ᠬᠤᠶᠠᠷ ᠲᠠᠯ᠎ᠠ ᠶᠢᠨ ᠦᠨᠡᠨ ᠰᠡᠳᠬᠢᠯ ᠤᠨ ᠢᠯᠡᠷᠬᠡᠶᠢᠯᠡᠯᠲᠡ ᠪᠠᠶᠢᠵᠤ᠂ ᠬᠠᠤᠯᠢ ᠶᠣᠰᠣᠨ ᠤ ᠬᠦᠴᠦᠨ ᠲᠠᠢ ᠃ ᠴᠢᠨ ᠣᠪᠣᠭᠲᠤ ᠵᠠᠩ ᠣᠪᠣᠭᠲᠤ ᠶᠢᠨ ᠠᠰ ᠲᠤᠨᠢ ᠭᠠᠷ ᠤᠨ ᠦᠰᠦᠭ ᠵᠢᠷᠤᠭᠰᠠᠨ ︽ᠪᠡᠯᠡᠭᠯᠡᠬᠦ ᠭᠡᠷ᠎ᠡ︾ ᠨᠢ ᠬᠡᠯᠪᠡᠷᠢ ᠶᠢᠨ ᠲᠠᠯ᠎ᠠ ᠪᠠᠷ ᠳᠦᠷᠢᠮᠵᠢᠭᠰᠡᠨ ᠭᠡᠷ᠎ᠡ ᠪᠣᠯᠭᠠᠵᠤ᠂ ᠭᠠᠷ ᠤᠨ ᠦᠰᠦᠭ ᠵᠢᠷᠤᠭᠰᠠᠨ ᠴᠠᠭ ᠲᠠᠢ ᠤᠶᠠᠯᠳᠤᠭᠤᠯᠤᠨ᠂ ᠭᠡᠷ ᠪᠠᠶᠢᠰᠢᠩ ᠰᠢᠯᠵᠢᠭᠦᠯᠬᠦ ᠳᠤ ᠬᠠᠮᠵᠢᠯᠴᠠᠭᠰᠠᠨ ᠬᠠᠤᠯᠢ ᠴᠠᠭᠠᠵᠠ ᠶᠢᠨ ᠦᠢᠯᠡ ᠠᠵᠢᠯᠯᠠᠭ᠎ᠠ ᠳᠤ ᠬᠠᠷᠢᠶᠠᠯᠠᠭᠳᠠᠨ᠎ᠠ᠂ ᠡᠭᠦᠨ ᠢᠶᠠᠷ ︽ᠠᠮᠠᠯᠠᠯᠲᠠ ᠶᠢᠨ ᠪᠢᠴᠢᠭ︾ ᠲᠤ ᠪᠣᠯᠵᠣᠨ ᠲᠣᠭᠲᠠᠭᠰᠠᠨ ᠠᠭᠤᠯᠭ᠎ᠠ ᠶᠢ ᠦᠭᠡᠶᠢᠰᠬᠡᠵᠦ ᠪᠣᠯᠬᠤ ᠦᠭᠡᠢ᠂ ᠬᠤᠶᠠᠭᠤᠯᠠ ᠶᠢᠨ ᠬᠤᠭᠤᠷᠣᠨᠳᠣ ᠭᠡᠷ ᠪᠠᠶᠢᠰᠢᠩ ᠲᠠᠢ ᠬᠤᠯᠪᠣᠭᠳᠠᠭᠰᠠᠨ ᠦᠨᠡᠨ ᠪᠣᠳᠠᠲᠠᠶ ᠠᠭᠤᠯᠭ᠎ᠠ ᠵᠢᠴᠢ ᠡᠷᠬᠡ ᠡᠭᠦᠷᠭᠡ ᠶᠢᠨ ᠬᠠᠷᠢᠴᠠᠭ᠎ᠠ ᠶᠢ ᠮᠥᠨ ︽ᠠᠮᠠᠯᠠᠯᠲᠠ ᠶᠢᠨ ᠪᠢᠴᠢᠭ︾ ᠢᠶᠠᠷ ᠪᠠᠷᠢᠮᠵᠢᠶ᠎ᠠ ᠪᠣᠯᠭᠠᠬᠤ ᠬᠡᠷᠡᠭᠲᠡᠶ᠃    ᠮᠠᠷᠭᠤᠭᠠᠨ ᠤ ᠲᠥᠪᠯᠡᠷᠡᠯ ᠤᠨ ᠴᠡᠭ ᠬᠤᠶᠠᠷ ᠂ ᠡᠮᠦᠨ᠎ᠡ ᠳᠤᠷᠠᠳᠤᠭᠰᠠᠨ ᠮᠠᠷᠭᠤᠯᠳᠤᠭᠠᠨ ᠤ ᠲᠥᠪᠯᠡᠷᠡᠯ ᠤᠨ ᠴᠡᠭ ᠤᠨ ᠥᠭᠦᠯᠡᠯᠲᠡ ᠶᠢ ᠦᠨᠳᠦᠰᠦᠯᠡᠪᠡᠯ᠂ ᠵᠠᠩ ᠣᠪᠣᠭᠲᠤ ᠬᠡᠷᠡᠭ ᠲᠤ ᠬᠤᠯᠪᠣᠭᠳᠠᠭᠰᠠᠨ ᠬᠡᠷ ᠪᠠᠶᠢᠰᠢᠩ  ᠢ ᠪᠡᠯᠡᠭᠯᠡᠵᠦ ᠥᠭᠬᠦ ᠳᠤ ᠲᠠᠭᠠᠯᠳᠤᠭᠤᠯᠤᠯ ᠡᠭᠦᠷᠭᠡ ᠲᠠᠢ᠂ ︽ᠠᠮᠠᠯᠠᠯᠲᠠ ᠶᠢᠨ ᠪᠢᠴᠢᠭ︾ ᠤᠨ ᠪᠣᠯᠵᠣᠨ ᠲᠣᠭᠲᠠᠭᠰᠠᠨ ᠢ ᠦᠨᠳᠦᠰᠦᠯᠡᠪᠡᠯ᠂ ᠲᠠᠭᠠᠯᠳᠤᠭᠤᠯᠤᠯ ᠡᠭᠦᠷᠭᠡ ᠨᠢ ᠴᠢᠨ ᠣᠪᠣᠭᠲᠤ ᠶᠢᠨ ᠵᠠᠩ ᠣᠪᠣᠭᠲᠤ ᠶᠢ ᠠᠰᠠᠷᠠᠨ ᠲᠡᠵᠢᠭᠡᠬᠦ ᠡᠭᠦᠷᠭᠡ ᠲᠠᠢ ᠪᠥᠭᠡᠳ ᠬᠡᠷᠡᠭ ᠲᠤ ᠬᠤᠯᠪᠣᠭᠳᠠᠭᠰᠠᠨ ᠬᠡᠷ ᠪᠠᠶᠢᠰᠢᠩ ᠳᠤ ᠣᠷᠣᠰᠢᠨ ᠰᠠᠭᠤᠬᠤ ᠡᠷᠬᠡ ᠶᠢ ᠦᠨᠡᠨ ᠬᠦ ᠪᠠᠲᠤᠯᠠᠨ᠎ᠠ᠃ ᠭᠡᠪᠡᠴᠦ ᠴᠢᠨ ᠣᠪᠣᠭᠲᠤ ᠭᠡᠷ ᠪᠠᠶᠢᠰᠢᠩ ᠰᠢᠯᠵᠢᠭᠦᠯᠦᠨ ᠠᠪᠴᠦ ᠪᠠ ᠳᠠᠩᠰᠠᠯᠠᠭᠰᠠᠨ ᠤ ᠳᠠᠷᠠᠭ᠎ᠠ ᠲᠡᠮᠡᠢ ᠤᠳᠠᠭᠰᠠᠨ ᠦᠭᠡᠢ ᠪᠤᠰᠤᠳ ᠬᠦᠮᠦᠨ ᠲᠠᠢ ᠭᠡᠷ ᠪᠠᠶᠢᠰᠢᠩ ᠬᠤᠳᠠᠯᠳᠤᠭᠠᠯᠠᠬᠤ ᠭᠡᠷ᠎ᠡ ᠶᠢ ᠲᠣᠭᠲᠠᠭᠠᠵᠤ᠂ ᠲᠠᠭᠠᠯᠳᠤᠭᠤᠯᠤᠯ ᠡᠭᠦᠷᠭᠡ  ᠲᠠᠢ ᠭᠡᠷ᠎ᠡ ᠶᠢ ᠵᠥᠷᠢᠴᠡᠭᠰᠡᠨ ᠤᠴᠢᠷ ᠠᠴᠠ᠂ ᠵᠠᠩ ᠣᠪᠣᠭᠲᠤ ᠪᠡᠯᠡᠭᠡᠯᠡᠵᠦ ᠥᠭᠬᠦ ᠶᠢ ᠬᠦᠴᠦᠨ ᠦᠭᠡᠢ ᠪᠣᠯᠭᠠᠬᠤ ᠪᠣᠳᠠᠲᠤ ᠬᠡᠷᠡᠭ ᠪᠠ ᠬᠠᠤᠯᠢ ᠴᠠᠭᠠᠵᠠ ᠶᠢᠨ ᠦᠨᠳᠦᠰᠦᠯᠡᠯ ᠲᠠᠢ ᠪᠤᠯᠬᠤᠷ ᠳᠡᠮᠵᠢᠯᠭᠡ ᠦᠵᠡᠭᠦᠯᠦᠨ᠎ᠡ᠃ ᠰᠢᠭᠦᠨ ᠲᠠᠰᠤᠯᠤᠭᠰᠠᠨ ᠤ ᠳᠠᠷᠠᠭ᠎ᠠ ᠲᠤᠬᠠᠢ ᠶᠢᠨ ᠬᠥᠮᠦᠨ ᠨᠢ ᠲᠡᠭᠡᠭᠰᠢ ᠵᠠᠭᠠᠯᠲᠤᠭᠰᠠᠨ ᠦᠭᠡᠢ ᠮᠥᠷᠲᠡᠭᠡᠨ ᠨᠢᠭᠡᠳᠦᠭᠡᠷ ᠰᠢᠭᠦᠯᠲᠡ ᠶᠢᠨ ᠰᠢᠭᠦᠨ ᠲᠠᠰᠤᠯᠤᠯᠲᠠ ᠨᠢ ᠬᠠᠤᠯᠢ ᠶᠢᠨ ᠬᠦᠴᠦᠨ ᠲᠠᠢ ᠪᠤᠯᠵᠠᠢ᠃ᠨᠡᠶᠢᠲᠡᠯᠢᠭ ᠠᠴᠢ ᠬᠤᠯᠪᠣᠭᠳᠠᠯ᠄    ᠣᠳᠣᠬᠠᠨ ᠳᠤ ︽ᠭᠡᠷ ᠪᠠᠶᠢᠰᠢᠩ ᠢᠶᠠᠷ ᠨᠠᠰᠤᠵᠢᠯ ᠤᠨ ᠠᠰᠠᠷᠠᠮᠵᠢ︾ ᠪᠤᠯᠭᠠᠬᠤ ᠨᠢ ᠴᠢᠬᠤᠯᠠ ᠨᠠᠰᠤᠵᠢᠯ ᠤᠨ ᠠᠷᠭ᠎ᠠ ᠮᠠᠶᠢᠭ ᠪᠣᠯᠭᠠᠭᠰᠠᠨ ᠠᠬᠤᠢ ᠪᠠᠶᠢᠳᠠᠯ ᠳᠣᠣᠷ᠎ᠠ᠂ ︽ᠭᠡᠷ ᠪᠠᠶᠢᠰᠢᠩ ᠰᠢᠯᠵᠢᠭᠦᠯᠦᠨ ᠥᠭᠴᠦ ᠨᠠᠰᠤᠵᠢᠯ ᠤᠨ ᠠᠰᠠᠷᠠᠮᠵᠢ︾ ᠪᠤᠯᠭᠠᠬᠤ ᠳᠤ ᠬᠤᠯᠪᠣᠭᠳᠠᠭᠰᠠᠨ ᠬᠡᠷᠡᠭ ᠲᠠᠰᠤᠷᠠᠯᠲᠠ ᠦᠭᠡᠢ ᠨᠡᠮᠡᠭᠳᠡᠵᠦ᠂ ᠢᠯᠠᠩᠭᠤᠶ᠎ᠠ ᠡᠴᠢᠭᠡ ᠡᠬᠡ ᠨᠢ ᠦᠷ᠎ᠡ ᠬᠡᠦᠬᠡᠳ ᠲᠡᠭᠡᠨ ᠭᠡᠷ ᠪᠠᠶᠢᠰᠢᠩ ᠢᠶᠠᠨ ᠪᠡᠯᠡᠭᠡᠯᠡᠭᠰᠡᠨ ᠤ ᠲᠠᠷᠠᠭ᠎ᠠ ᠰᠠᠭᠤᠬᠤ ᠡᠷᠬᠡ ᠪᠠᠨ ᠦᠯᠡᠳᠡᠭᠡᠬᠦ ᠭᠡᠷ᠎ᠡ ᠶᠢᠨ ᠵᠢᠭᠤᠷᠠᠯᠳᠤᠭᠠᠨ ᠬᠠᠮᠤᠭ ᠤᠨ ᠨᠡᠢᠲᠡᠯᠢᠭ ᠵᠢᠱᠢᠶ᠎ᠡ ᠪᠣᠯᠵᠤ ᠪᠠᠶᠢᠨ᠎ᠠ᠃ ᠢᠮᠦᠷᠬᠦ ᠵᠢᠭᠤᠷᠠᠯᠳᠤᠭᠠᠨ ᠨᠢ ᠶᠡᠷᠦ ᠨᠢ ᠲᠠᠭᠠᠯᠳᠤᠭᠤᠯᠤᠯ ᠡᠭᠦᠷᠭᠡ ᠲᠠᠢ ᠪᠡᠯᠡᠭᠯᠡᠬᠦ ᠭᠡᠷ᠎ᠡ ᠶᠢᠨ ᠬᠤᠪᠢᠷᠠᠯᠳᠠ᠂ ᠬᠦᠴᠦᠨ ᠥᠬᠡᠢ ᠪᠣᠯᠭᠠᠬᠤ ᠬᠠᠤᠯᠢ ᠴᠠᠭᠠᠵᠠ ᠳᠤ ᠬᠡᠷᠡᠭᠯᠡᠬᠦ ᠳᠤ ᠬᠤᠯᠪᠣᠭᠳᠠᠵᠤ᠂ ᠬᠠᠤᠯᠢ ᠴᠠᠭᠠᠵᠠ ᠶᠢᠨ ᠦᠢᠯᠡᠳᠦᠯᠭᠡ ᠳᠤ ᠨᠡᠯᠢᠶᠡᠳ ᠶᠡᠭᠡ ᠵᠥᠷᠢᠯᠳᠦᠭᠡᠨ ᠤᠷᠤᠰᠢᠵᠤ᠂ ᠬᠡᠷᠪᠡ ᠨᠢᠭᠡᠳᠦᠯᠲᠡᠢ ᠪᠠᠷᠢᠮᠵᠢᠶ᠎ᠠ ᠲᠣᠳᠣᠷᠬᠠᠢ ᠦᠭᠡᠢ ᠪᠣᠯ ᠨᠠᠰᠤᠲᠠᠢᠴᠤᠳ ᠤᠨ ᠬᠠᠤᠯᠢ ᠶᠣᠰᠣᠨ ᠤ ᠡᠷᠬᠡ ᠠᠰᠢᠭ ᠢ ᠬᠤᠬᠢᠷᠠᠭᠤᠯᠵᠤ᠂ ᠭᠡᠷ ᠪᠦᠯᠢ ᠶᠢᠨ ᠡᠶ᠎ᠡ ᠵᠣᠬᠢᠴᠠᠯ ᠢ ᠨᠥᠯᠥᠭᠡᠯᠡᠬᠦ ᠪᠣᠯᠤᠨ᠎ᠠ᠃ ᠲᠤᠰ ᠬᠡᠷᠡᠭ ᠢ ᠳᠡᠰ ᠳᠡᠪᠰᠢᠭᠦᠯᠦᠨ ᠰᠢᠭᠦᠬᠦ ᠪᠠᠷ ᠳᠠᠮᠵᠢᠭᠤᠯᠵᠤ᠂ ᠭᠡᠷ ᠪᠠᠶᠢᠰᠢᠩ ᠤᠨ ᠣᠷᠣᠨ ᠰᠠᠭᠤᠴᠠ ᠶᠢᠨ ᠡᠷᠬᠡ ᠶᠢ ᠰᠢᠯᠵᠢᠭᠦᠯᠦᠨ ᠦᠭᠬᠦ ᠭᠡᠷ᠎ᠡ ᠶᠢᠨ ᠵᠢᠭᠤᠷᠠᠯᠳᠤᠭᠠᠨ ᠢ ᠲᠠᠭᠠᠯᠳᠤᠭᠤᠯᠤᠯ ᠡᠭᠦᠷᠭᠡ ᠲᠠᠢ ᠭᠡᠷ᠎ᠡ ᠪᠣᠯᠭᠠᠨ ᠬᠤᠪᠢᠷᠠᠭᠤᠯᠬᠤ ᠬᠠᠤᠯᠢ ᠴᠠᠭᠠᠵᠠ ᠶᠢᠨ ᠲᠣᠬᠢᠷᠠᠬᠤ ᠳᠦᠷᠢᠮ ᠪᠣᠯᠬᠤ ᠶᠢ ᠲᠤᠳᠤᠷᠬᠠᠶᠢᠯᠠᠵᠠᠢ᠂ ᠲᠤᠬᠠᠶᠢᠯᠠᠪᠠᠯ ᠲᠤᠬᠠᠢ ᠶᠢᠨ ᠬᠥᠮᠦᠨ ᠨᠢ ᠤᠷᠢᠳᠠᠪᠠᠷ ᠲᠠᠭᠠᠯᠳᠤᠭᠤᠯᠤᠯ ᠡᠭᠦᠷᠭᠡ ᠲᠠᠢ ᠪᠡᠯᠡᠭᠯᠡᠵᠦ ᠥᠭᠬᠦ ᠭᠡᠷ᠎ᠡ ᠲᠣᠭᠲᠠᠭᠰᠠᠨ ᠤ ᠳᠠᠷᠠᠭ᠎ᠠ ᠭᠡᠷ ᠪᠠᠶᠢᠰᠢᠩ ᠤᠨ ᠥᠮᠴᠢᠯᠡᠬᠦ ᠡᠷᠬᠡ ᠶᠢ ᠬᠤᠪᠢᠷᠠᠭᠤᠯᠬᠤ ᠦᠶ᠎ᠡ ᠳᠤ ᠰᠢᠯᠵᠢᠭᠦᠯᠦᠨ ᠥᠭᠬᠦ ᠭᠡᠷ᠎ᠡ ᠲᠣᠭᠲᠠᠭᠠᠨ᠎ᠠ᠂ ᠲᠤᠰ ᠰᠢᠯᠵᠢᠭᠦᠯᠦᠨ ᠥᠭᠬᠦ ᠭᠡᠷ᠎ᠡ ᠶᠢᠨ ᠠᠭᠤᠯᠭ᠎ᠠ ᠨᠢ ᠲᠠᠭᠠᠯᠳᠤᠭᠤᠯᠤᠯ ᠡᠭᠦᠷᠭᠡ ᠲᠠᠢ ᠭᠡᠷ᠎ᠡ ᠶᠢᠨ ᠬᠡᠰᠡᠭ ᠤᠨ ᠠᠭᠤᠯᠭ᠎ᠠ ᠲᠠᠢ ᠠᠳᠠᠯᠢ᠂ ᠲᠤᠬᠠᠢ ᠶᠢᠨ ᠬᠥᠮᠦᠨ ᠲᠠᠭᠠᠯᠳᠤᠭᠤᠯᠤᠯ ᠡᠭᠦᠷᠭᠡ  ᠲᠠᠢ ᠪᠡᠯᠡᠭᠡᠯᠡᠬᠦ ᠭᠡᠷ᠎ᠡ ᠶᠢ ᠬᠤᠪᠢᠷᠠᠭᠤᠯᠬᠤ ᠦᠶ᠎ᠡ ᠳᠤ ᠬᠠᠤᠯᠢ ᠶᠢᠨ ᠬᠦᠴᠦᠨ ᠲᠠᠢ ᠪᠠᠶᠢᠪᠠᠯ ᠠᠷᠠᠳ ᠤᠨ ᠰᠢᠭᠦᠬᠦ ᠬᠤᠷᠢᠶ᠎ᠠ ᠳᠡᠮᠵᠢᠬᠦ ᠬᠡᠷᠡᠭᠲᠡᠢ᠃ ᠪᠡᠯᠡᠭᠯᠡᠭᠴᠢ ᠠᠴᠠ ᠭᠡᠷ ᠪᠠᠶᠢᠰᠢᠩ ᠢᠶᠠᠨ ᠪᠡᠯᠡᠭᠡᠯᠡᠨ ᠦᠭᠭᠦᠭᠰᠡᠨ ᠤ ᠲᠠᠷᠠᠭ᠎ᠠ ᠦᠷᠭᠦᠯᠵᠢᠯᠡᠨ ᠨᠠᠰᠤ ᠪᠠᠷᠠᠳᠠᠯ᠎ᠠ ᠰᠠᠭᠤᠬᠤ ᠡᠷᠬᠡ ᠲᠠᠢ ᠃ ᠬᠦᠯᠢᠶᠡᠵᠦ ᠠᠪᠤᠭᠴᠢ ᠰᠢᠯᠵᠢᠭᠦᠯᠦᠨ ᠠᠪᠤᠭᠰᠠᠨ ᠤ ᠳᠠᠷᠠᠭ᠎ᠠ᠂ ᠪᠤᠰᠤᠳ ᠬᠥᠮᠦᠨ ᠯᠦᠭᠡ ᠭᠡᠷ ᠪᠠᠶᠢᠰᠢᠩ ᠢ ᠬᠤᠳᠠᠯᠳᠤᠭᠠᠯᠠᠬᠤ ᠭᠡᠷ᠎ᠡ ᠲᠤᠭᠳᠠᠪᠠᠯ ᠪᠡᠯᠡᠭᠯᠡᠭᠴᠢ ᠠᠴᠠ ᠪᠡᠯᠡᠭᠯᠡᠵᠦ ᠥᠭᠬᠦ ᠶᠢ ᠬᠦᠴᠦᠨ ᠦᠭᠡᠢ ᠪᠣᠯᠭᠠᠬᠤ ᠪᠠᠷ ᠵᠣᠷᠢᠪᠠᠯ ᠠᠷᠠᠳ ᠤᠨ ᠰᠢᠭᠦᠬᠦ ᠬᠤᠷᠢᠶ᠎ᠠ ᠳᠡᠮᠵᠢᠬᠦ ᠬᠡᠷᠡᠭᠲᠡᠢ ᠃    ᠲᠠᠰᠤᠯᠤᠨ ᠲᠣᠭᠲᠠᠭᠠᠯᠲᠠ ᠨᠢ ᠬᠦᠴᠦᠨ ᠲᠠᠢ ᠪᠣᠯᠤᠭᠰᠠᠨ ᠤ ᠲᠠᠷᠠᠭ᠎ᠠ᠂ ᠪᠡᠭᠡᠵᠢᠩ ᠬᠤᠳᠠ ᠶᠢᠨ ᠬᠤᠶᠠᠳᠤᠭᠠᠷ ᠳᠤᠮᠳᠠ ᠵᠡᠷᠭᠡ ᠶᠢᠨ ᠠᠷᠠᠳ ᠤᠨ ᠰᠢᠭᠦᠬᠦ ᠬᠤᠷᠢᠶ᠎ᠠ ᠠᠴᠠ ᠲᠤᠰ ᠬᠡᠷᠡᠭ ᠨᠢ ᠨᠡᠯᠢᠶᠡᠳ ᠴᠢᠩᠭ᠎ᠠ ᠨᠡᠶᠢᠲᠡᠯᠢᠭ ᠴᠢᠨᠠᠷ ᠲᠠᠢ ᠂ ᠪᠡᠭᠡᠵᠢᠩ ᠬᠤᠳᠠ ᠶᠢᠨ ᠬᠠᠷᠢᠶ᠎ᠠ ᠣᠷᠣᠨ ᠳᠠᠬᠢ ᠶᠡᠭᠡ ᠬᠡᠮᠵᠢᠶᠡᠨ ᠤ ᠡᠶᠢᠮᠦᠷᠬᠦ ᠵᠢᠭᠤᠷᠠᠯᠳᠤᠭᠠᠨ ᠢ ᠵᠢᠯᠣᠭᠤᠳᠬᠤ ᠠᠴᠢ ᠬᠤᠯᠪᠣᠭᠳᠠᠯ ᠲᠠᠢ ᠪᠤᠯᠬᠤᠷ ᠂ ᠪᠡᠭᠡᠵᠢᠩ ᠬᠤᠳᠠ ᠶᠢᠨ ᠠᠷᠠᠳ ᠤᠨ ᠥᠨᠳᠥᠷ ᠵᠡᠷᠭᠡ ᠶᠢᠨ ᠰᠢᠭᠦᠬᠦ ᠬᠤᠷᠢᠶ᠎ᠠ ᠳᠤ ᠮᠡᠳᠡᠭᠦᠯᠦᠨ ᠪᠡᠭᠡᠵᠢᠩ ᠤᠨ ᠰᠢᠭᠦᠬᠦ ᠬᠤᠷᠢᠶ᠎ᠠ ᠶᠢᠨ ᠰᠢᠰᠲ᠋ᠧᠮ ᠤᠨ ᠬᠡᠷᠡᠭ ᠤᠨ ᠵᠢᠱᠢᠶ᠎ᠡ ᠳᠤ ᠣᠷᠣᠭᠤᠯᠬᠤ ᠪᠠᠷ ᠮᠡᠳᠡᠭᠦᠯᠪᠡ᠃ ᠪᠡᠭᠡᠵᠢᠩ ᠬᠤᠲᠠ ᠶᠢᠨ ᠠᠷᠠᠳ ᠤᠨ ᠥᠨᠳᠥᠷ ᠵᠡᠷᠭᠡ ᠶᠢᠨ ᠰᠢᠭᠦᠬᠦ ᠬᠤᠷᠢᠶᠠᠨ ᠤ ᠰᠢᠭᠦᠨ ᠲᠠᠰᠤᠯᠬᠤ ᠵᠥᠪᠯᠡᠯ ᠨᠠᠷᠢᠨ ᠬᠢᠨᠠᠮᠠᠭᠠᠶ ᠰᠤᠳᠤᠯᠤᠨ ᠶᠠᠷᠢᠯᠴᠠᠭᠰᠠᠨ ᠤ ᠳᠠᠷᠠᠭ᠎ᠠ᠂ ᠲᠣᠰ ᠬᠡᠷᠡᠭ ᠢ ᠪᠡᠭᠡᠵᠢᠩ ᠤᠨ ᠰᠢᠭᠦᠬᠦ ᠬᠤᠷᠢᠶᠠᠨ ᠤ ᠭᠤᠴᠢᠳᠤᠭᠠᠷ ᠪᠦᠯᠦᠭ ᠤᠨ ᠯᠠᠪᠯᠠᠯᠳᠠ ᠶᠢᠨ ᠬᠡᠷᠡᠭ ᠤᠨ ᠵᠢᠱᠢᠶ᠎ᠡ ᠪᠣᠯᠭᠠᠬᠤ ᠪᠠᠷ ᠲᠣᠭᠲᠠᠭᠠᠭᠰᠠᠨ ᠪᠥᠭᠡᠳ ᠬᠠᠷᠢᠶ᠎ᠠ ᠣᠷᠣᠨ ᠤ ᠡᠯ᠎ᠡ ᠰᠢᠭᠦᠬᠦ ᠬᠤᠷᠢᠶ᠎ᠠ ᠳᠤ ᠳᠡᠭᠡᠷ᠎ᠡ ᠳᠤᠷᠠᠳᠤᠭᠰᠠᠨ ᠲᠠᠰᠤᠯᠤᠨ ᠲᠣᠭᠲᠠᠭᠠᠯᠲᠠ ᠶᠢᠨ ᠳᠦᠷᠢᠮ ᠢ ᠨᠡᠶᠢᠲᠡᠯᠡᠵᠦ᠂ ᠬᠠᠷᠢᠶ᠎ᠠ ᠣᠷᠣᠨ ᠤ ᠰᠢᠭᠦᠬᠦ ᠬᠤᠷᠢᠶ᠎ᠠ  ᠶᠢᠨ ᠭᠡᠷ ᠪᠠᠶᠢᠰᠢᠩ ᠤᠨ ᠣᠷᠣᠰᠢᠨ ᠰᠠᠭᠤᠬᠤ ᠡᠷᠬᠡ ᠶᠢ ᠦᠯᠡᠳᠡᠭᠡᠬᠦ ᠭᠡᠷ᠎ᠡ ᠶᠢᠨ ᠬᠡᠷᠡᠭ ᠤᠨ ᠲᠠᠰᠤᠯᠤᠨ ᠲᠣᠭᠲᠠᠭᠠᠬᠤ ᠪᠠᠷᠢᠮᠵᠢᠶ᠎ᠠ ᠶᠢ ᠨᠢᠭᠡᠳᠬᠡᠵᠦ᠂ ᠪᠦᠬᠦ ᠬᠤᠲᠠ ᠶᠢᠨ ᠰᠢᠭᠦᠬᠦ ᠬᠤᠷᠢᠶ᠎ᠠ  ᠶᠢᠨ ᠡᠶᠢᠮᠦᠷᠬᠦ ᠬᠡᠷᠡᠭ ᠢ ᠰᠢᠢᠳᠪᠦᠷᠢᠯᠡᠬᠦ ᠳᠤ ᠪᠦᠲᠦᠮᠵᠢᠲᠡᠶ ᠵᠢᠯᠣᠭᠤᠳᠣᠯᠭ᠎ᠠ ᠪᠠ ᠴᠢᠬᠤᠯᠠ ᠯᠠᠪᠯᠠᠯᠲᠠ ᠪᠣᠯᠭᠠᠵᠤ᠂ ︽ᠥᠲᠡᠯᠪᠡᠯ ᠣᠷᠣᠨ ᠰᠠᠭᠤᠴᠠ ᠲᠠᠢ᠂ ᠥᠲᠡᠯᠪᠡᠯ ᠠᠰᠠᠷᠠᠮᠵᠢ ᠲᠠᠢ ᠪᠠᠶᠢᠬᠤ︾ ᠢᠯᠡ ᠲᠣᠳᠣ ᠥᠷᠲᠡᠭ ᠤᠨ ᠤᠳᠤᠷᠢᠳᠤᠮᠵᠢ ᠶᠢ ᠬᠠᠤᠯᠢ ᠶᠣᠰᠣᠭᠠᠷ ᠪᠠᠲᠤᠯᠠᠪᠠ᠃ 
ᠢᠷᠡᠯᠲᠡ᠄ ᠲᠥᠪ ᠲᠧᠯᠸᠢᠰ ᠤᠨ ᠰᠣᠨᠢᠨ ᠮᠡᠳᠡᠭᠡ
Baidu
map