ᠵᠠᠰᠠᠭ ᠵᠠᠬᠢᠷᠭᠠᠨ ᠤ ᠬᠢᠨᠠᠨ ᠵᠥᠪᠰᠢᠶᠡᠷᠡᠯ ᠤᠨ ᠪᠠᠶᠢᠩᠭᠤ ᠲᠣᠬᠢᠶᠠᠯᠳᠤᠬᠤ ᠠᠰᠠᠭᠤᠳᠠᠯ ᠤᠨ ᠬᠠᠷᠢᠭᠤᠯᠲᠠ ︵2024 ᠣᠨ ᠤ ᠨᠢᠭᠡᠳᠦᠭᠡᠷ ᠬᠤᠭᠤᠴᠠᠭ᠎ᠠ︶
ᠨᠡᠶᠢᠲᠡᠯᠡᠭᠰᠡᠨ ᠴᠠᠭ᠄
2024/6/1
    ᠠᠰᠠᠭᠤᠯᠲᠠ 1᠄ ᠶᠠᠮᠠᠷ ᠶᠠᠮᠠᠷ ᠪᠦᠲᠦᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠠᠵᠤ ᠠᠬᠤᠶᠢᠯᠠᠯ ᠤᠨ ᠬᠢᠷᠢ ᠬᠡᠮ ᠳᠤ ᠬᠢᠷᠢ ᠬᠡᠮ ᠤᠨ ᠦᠨᠡᠮᠯᠡᠯ ᠰᠤᠯᠢᠬᠤ ᠴᠢᠬᠤᠯᠠᠲᠠᠢ ᠪᠣᠶ︖     ︽︿ᠦᠨᠡᠮᠯᠡᠯ ᠪᠠ ᠭᠡᠷᠡᠴᠢ ᠶᠢ ᠰᠠᠯᠭᠠᠬᠤ﹀ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠬᠥᠭᠵᠢᠯᠲᠡ ᠶᠢᠨ ᠠᠮᠢᠵᠢᠷᠠᠯ ᠤᠨ ᠬᠦᠴᠦᠨ ᠢ ᠤᠯᠠᠮ ᠨᠢᠭᠡ ᠠᠯᠬᠤᠮ ᠬᠥᠭᠵᠢᠭᠡᠬᠦ ᠲᠤᠬᠠᠢ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠮᠡᠳᠡᠭᠳᠡᠯ︾ ︵ᠲᠥᠷᠥ ᠲᠠᠷᠬᠠᠭᠠᠭᠰᠠᠨ ﹇2021﹈ 7 ᠳ᠋ᠤᠭᠠᠷ ᠲᠣᠭᠠᠲᠤ︶ ᠢ ᠦᠨᠳᠦᠰᠦᠯᠡᠪᠡᠯ᠂ ᠬᠦᠴᠦᠨ ᠦᠭᠡᠢ ᠪᠣᠯᠭᠠᠬᠤ ᠪᠠᠷ ᠲᠣᠭᠲᠠᠭᠰᠠᠨ ᠪᠦᠲᠦᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠠᠵᠤ ᠠᠬᠤᠶᠢᠯᠠᠯ ᠤᠨ ᠬᠢᠷᠢ ᠬᠡᠮ ︵ᠢᠨᠵᠧᠨᠧᠷᠢᠩ ᠤᠨ ᠬᠠᠶᠢᠨ ᠪᠠᠶᠢᠴᠠᠭᠠᠯᠲᠠ ᠶᠢᠨ ᠤᠯᠠᠭᠠᠨ ᠲᠠᠰ ᠤᠨ ᠬᠢᠷᠢ ᠬᠡᠮ︔ ᠪᠠᠷᠢᠯᠭ᠎ᠠ ᠶᠢᠨ ᠵᠢᠷᠤᠭ ᠲᠥᠯᠥᠪᠯᠡᠭᠡ ᠶᠢᠨ ᠤᠯᠠᠭᠠᠨ ᠲᠡᠰ᠂ ᠤᠯᠠᠭᠠᠭᠴᠢᠨ ᠲᠡᠰ ᠤᠨ ᠬᠢᠷᠢ ᠬᠡᠮ︔ ᠪᠠᠷᠢᠯᠭ᠎ᠠ ᠶᠢᠨ ᠬᠢᠨᠠᠨ ᠬᠠᠮᠢᠶᠠᠷᠤᠯᠲᠠ ᠶᠢᠨ ᠤᠯᠠᠭᠠᠨ ᠳᠡᠰ᠂ ᠬᠡᠷᠡᠭ ᠡᠷᠬᠢᠯᠡᠬᠦ ᠭᠠᠵᠠᠷ᠂ ᠵᠠᠰᠠᠮᠠᠯ ᠵᠠᠮ᠂ ᠤᠰᠤᠨ ᠠᠰᠢᠭᠯᠠᠯᠲᠠ ᠤᠰᠤᠨ ᠴᠠᠬᠢᠯᠭᠠᠨ᠂ ᠭᠠᠷᠠᠮ ᠬᠢᠭᠡᠳ ᠤᠰᠤᠨ ᠠᠶᠠᠯᠠᠯ ᠤᠨ ᠵᠠᠮ᠂ ᠲᠠᠷᠢᠶᠠᠯᠠᠩ ᠤᠢ ᠰᠢᠭᠤᠢ ᠶᠢᠨ ᠢᠨᠵᠧᠨᠧᠷᠢᠩ ᠤᠨ ᠲᠤᠰᠬᠠᠢ ᠮᠡᠷᠭᠡᠵᠢᠯ ᠤᠨ ᠬᠢᠷᠢ ᠬᠡᠮ︔ ᠪᠠᠷᠢᠯᠭ᠎ᠠ ᠶᠢᠨ ᠦᠢᠯᠡᠰ ᠤᠨ ᠠᠵᠤ ᠠᠬᠤᠶᠢᠯᠠᠯ ᠤᠨ ᠭᠤᠷᠪᠠᠳᠤᠭᠠᠷ ᠳᠡᠰ ᠤᠨ ᠬᠢᠷᠢ ᠬᠡᠮ ᠲᠠᠢ︶ ᠤᠨ ᠠᠵᠤ ᠠᠬᠤᠶᠢᠯᠠᠯ ᠨᠢ ᠬᠢᠷᠢ ᠭᠡᠮ ᠤᠨ ᠦᠨᠡᠮᠯᠡᠯ ᠤᠨ ᠬᠦᠴᠦᠨ ᠲᠠᠢ ᠬᠤᠭᠤᠴᠠᠭ᠎ᠠ ᠳᠦᠭᠦᠷᠬᠦ ᠠᠴᠠ ᠡᠮᠦᠨ᠎ᠡ 1 ᠵᠢᠯ ᠤᠨ ᠬᠦᠴᠦᠨ ᠲᠠᠢ ᠬᠤᠭᠤᠴᠠᠭ᠎ᠠ ᠲᠠᠢ ᠵᠣᠬᠢᠬᠤ ᠲᠤᠰᠬᠠᠢ ᠮᠡᠷᠭᠡᠵᠢᠯ ᠤᠨ ᠬᠢᠷᠢ ᠭᠡᠮ ᠤᠨ ᠦᠨᠡᠮᠯᠡᠯ ᠢ ᠰᠣᠯᠢᠵᠤ ᠠᠪᠤᠨ᠎ᠠ᠃     ᠠᠩᠬᠠᠷᠬᠤ ᠨᠢ ᠄ ᠦᠨᠡᠮᠯᠡᠯ ᠰᠣᠯᠢᠬᠤ ᠴᠢᠬᠤᠯᠠᠲᠠᠢ ᠠᠵᠤ ᠠᠬᠤᠶᠢᠯᠠᠯ ᠡᠷᠬᠡᠪᠰᠢ ᠬᠢᠷᠢ ᠭᠡᠮ ᠤᠨ ᠦᠨᠡᠮᠯᠡᠯ ᠤᠨ ᠬᠦᠴᠦᠨ ᠲᠠᠢ ᠬᠤᠭᠤᠴᠠᠭ᠎ᠠ ᠳᠦᠭᠦᠷᠬᠦ ᠠᠴᠠ ᠡᠮᠦᠨ᠎ᠡ ᠦᠨᠡᠮᠯᠡᠯ ᠰᠣᠯᠢᠬᠤ ᠭᠤᠶᠤᠴᠢᠯᠠᠯ ᠭᠠᠷᠭᠠᠬᠤ ᠬᠡᠷᠡᠭᠲᠡᠢ᠂ ᠬᠢᠷᠢ ᠭᠡᠮ ᠤᠨ ᠦᠨᠡᠮᠯᠡᠯ ᠤᠨ ᠬᠦᠴᠦᠨ ᠲᠠᠢ ᠬᠤᠭᠤᠴᠠᠭ᠎ᠠ ᠳᠦᠭᠦᠷᠬᠦ ᠠᠴᠠ ᠡᠮᠦᠨ᠎ᠡ ᠵᠣᠬᠢᠴᠠᠩᠭᠤᠢ ᠬᠢᠷᠢ ᠭᠡᠮ ᠤᠨ ᠦᠨᠡᠮᠯᠡᠯ ᠰᠣᠯᠢᠵᠤ ᠠᠪᠬᠤ ᠪᠠᠷ ᠭᠤᠶᠤᠴᠢᠯᠠᠭᠰᠠᠨ ᠦᠭᠡᠢ ᠪᠠᠶᠢᠪᠠᠯ᠂ ᠬᠤᠭᠤᠴᠠᠭ᠎ᠠ ᠬᠡᠲᠦᠷᠡᠪᠡᠯ ᠠᠶᠠᠨᠳᠠᠭᠠᠨ ᠬᠦᠴᠦᠨ ᠦᠭᠡᠢ ᠪᠣᠯᠣᠨ᠎ᠠ᠃      ᠠᠰᠠᠭᠤᠯᠲᠠ 2᠄ ᠪᠢᠴᠢᠭ ᠮᠠᠲ᠋ᠧᠷᠢᠶᠠᠯ ᠢ ᠨᠡᠶᠢᠲᠡᠯᠡᠬᠦ ᠦᠶ᠎ᠡ ᠳᠤ᠂ ᠬᠢᠷᠢ ᠬᠡᠮ ᠤᠨ ᠦᠨᠡᠮᠯᠡᠯ ᠤᠨ ᠬᠤᠭᠤᠴᠠᠭ᠎ᠠ ᠨᠢ ᠬᠡᠳᠦᠷᠡᠭᠰᠡᠨ ᠪᠠᠶᠢᠪᠠᠯ ᠶᠠᠭᠠᠬᠢᠬᠤ ᠪᠤᠶ︖     ᠬᠢᠷᠢ ᠭᠡᠮ ᠤᠨ ᠦᠨᠡᠮᠯᠡᠯ ᠤᠨ ᠬᠦᠴᠦᠨ ᠲᠠᠢ ᠬᠤᠭᠤᠴᠠᠭ᠎ᠠ ᠨᠢ 2024 ᠣᠨ ᠤ 1 ᠳ᠋ᠤᠭᠡᠷ ᠰᠠᠷ᠎ᠠ ᠶᠢᠨ 30  ᠤ ᠡᠳᠦᠷ ᠠᠴᠠ ᠡᠮᠦᠨ᠎ᠡ ᠳᠠᠭᠤᠰᠪᠠᠯ᠂ 2024 ᠣᠨ ᠤ 1 ᠳ᠋ᠤᠭᠡᠷ ᠰᠠᠷ᠎ᠠ ᠶᠢᠨ 31  ᠤ ᠡᠳᠦᠷ ᠪᠣᠯᠲᠠᠯ᠎ᠠ ᠨᠢᠭᠡᠳᠦᠯᠲᠡᠢ ᠤᠷᠲᠤᠳᠬᠠᠵᠤ᠂ ᠠᠵᠤ ᠠᠬᠤᠶᠢᠯᠠᠯ 2024 ᠣᠨ ᠤ 1 ᠳ᠋ᠤᠭᠡᠷ ᠰᠠᠷ᠎ᠠ ᠶᠢᠨ 31  ᠤ ᠡᠳᠦᠷ ᠠᠴᠠ ᠡᠮᠦᠨ᠎ᠡ ᠦᠨᠡᠮᠯᠡᠯ ᠰᠣᠯᠢᠬᠤ ᠭᠤᠶᠤᠴᠢᠯᠠᠯ ᠭᠠᠷᠭᠠᠪᠠᠯ ᠪᠣᠯᠴᠢᠬᠠᠨ᠎ᠠ᠃     ᠠᠰᠠᠭᠤᠯᠲᠠ 3᠄ ᠦᠨᠡᠮᠯᠡᠯ ᠰᠣᠯᠢᠬᠤ ᠳᠤ ᠶᠠᠮᠠᠷ ᠶᠠᠮᠠᠷ ᠭᠦᠢᠴᠡᠳᠬᠡᠯ ᠲᠤᠭ᠎ᠠ ᠶᠢ ᠬᠢᠨᠠᠨ ᠰᠢᠯᠭᠠᠬᠤ ᠴᠢᠬᠤᠯᠠᠲᠠᠢ ᠪᠣᠶ︖ᠬᠦᠴᠦᠨ ᠲᠠᠢ ᠬᠤᠭᠤᠴᠠᠭ᠎ᠠ ᠨᠢ 1 ᠵᠢᠯ ᠤᠨ ᠬᠢᠷᠢ ᠬᠡᠮ ᠤᠨ ᠦᠨᠡᠮᠯᠡᠯ ᠢ ᠰᠣᠯᠢᠵᠤ ᠠᠪᠬᠤ ᠳᠤ ᠶᠠᠮᠠᠷ ᠴᠤ ᠭᠦᠢᠴᠡᠳᠬᠡᠯ ᠲᠤᠭ᠎ᠠ ᠶᠢ ᠬᠢᠨᠠᠨ ᠰᠢᠯᠭᠠᠬᠤ ᠴᠢᠬᠤᠯᠠ ᠦᠭᠡᠢ᠂ ᠪᠠᠷᠢᠯᠭ᠎ᠠ  ᠶᠢᠨ ᠶᠡᠷᠦᠩᠬᠡᠢ ᠳᠠᠭᠠᠭᠠᠴᠢᠯᠠᠯᠲᠠ᠂ ᠲᠤᠰᠬᠠᠢ ᠮᠡᠷᠭᠡᠵᠢᠯ ᠤᠨ ᠳᠠᠭᠠᠭᠠᠴᠢᠯᠠᠯᠲᠠ ᠶᠢᠨ ᠭᠤᠷᠪᠠᠳᠤᠭᠠᠷ ᠳᠡᠰ  ᠤᠨ ᠬᠢᠷᠢ ᠬᠡᠮ ᠢᠶᠠᠷ ᠠᠳᠠᠯᠢ ᠲᠤᠰᠬᠠᠢ ᠮᠡᠷᠭᠡᠵᠢᠯ ᠤᠨ ᠬᠤᠶᠠᠳᠤᠭᠠᠷ ᠳᠡᠰ ᠤᠨ ᠬᠢᠷᠢ ᠬᠡᠮ ᠤᠨ ᠦᠨᠡᠮᠯᠡᠯ ᠢ ᠰᠣᠯᠢᠵᠤ ᠠᠪᠤᠨ᠎ᠠ︔ ᠢᠨᠵᠧᠨᠧᠷᠢᠩ ᠤᠨ ᠬᠠᠶᠢᠨ ᠪᠠᠶᠢᠴᠠᠭᠠᠵᠤ ᠵᠢᠷᠤᠵᠤ ᠲᠥᠯᠥᠪᠯᠡᠬᠦ ᠤᠯᠠᠭᠠᠨ ᠲᠠᠰ᠂ ᠤᠯᠠᠭᠠᠭᠴᠢᠨ ᠲᠠᠰ ᠤᠨ ᠬᠢᠷᠢ ᠬᠡᠮ ᠢᠶᠠᠷ ᠠᠳᠠᠯᠢ ᠲᠤᠰᠬᠠᠢ ᠮᠡᠷᠭᠡᠵᠢᠯ ᠤᠨ ᠬᠥᠬᠡᠭᠴᠢᠨ ᠲᠠᠰ ᠤᠨ ᠬᠢᠷᠢ ᠬᠡᠮ ᠤᠨ ᠦᠨᠡᠮᠯᠡᠯ ᠢ ᠰᠣᠯᠢᠵᠤ ᠠᠪᠤᠨ᠎ᠠ︔ ᠪᠠᠷᠢᠯᠭ᠎ᠠ ᠶᠢᠨ ᠬᠢᠨᠠᠨ ᠬᠠᠮᠢᠶᠠᠷᠬᠤ ᠠᠵᠤ ᠠᠬᠤᠶᠢᠯᠠᠯ ᠤᠨ ᠬᠢᠷᠢ ᠭᠡᠮ ᠨᠢ ︽ᠨᠢᠭᠡᠨᠲᠡ ᠬᠦᠴᠦᠨ ᠦᠭᠡᠢ ᠪᠣᠯᠭᠠᠭᠰᠠᠨ ᠪᠠᠷᠢᠯᠭ᠎ᠠ ᠶᠢᠨ ᠬᠢᠨᠠᠨ ᠬᠠᠮᠢᠶᠠᠷᠬᠤ ᠠᠵᠤ ᠠᠬᠤᠶᠢᠯᠠᠯ ᠤᠨ ᠬᠢᠷᠢ ᠭᠡᠮ ᠤᠨ ᠦᠨᠡᠮᠯᠡᠯ ᠢ ᠰᠣᠯᠢᠵᠤ ᠠᠪᠬᠤ ᠬᠠᠷᠢᠴᠠᠭᠤᠯᠤᠭᠰᠠᠨ ᠬᠦᠰᠦᠨᠦᠭᠲᠦ︾ ᠶᠣᠰᠣᠭᠠᠷ ᠵᠣᠬᠢᠬᠤ ᠲᠤᠰᠬᠠᠢ ᠮᠡᠷᠭᠡᠵᠢᠯ ᠤᠨ ᠲᠠᠰ ᠤᠨ ᠬᠢᠷᠢ ᠭᠡᠮ ᠤᠨ ᠦᠨᠡᠮᠯᠡᠯ ᠢ ᠰᠣᠯᠢᠵᠤ ᠠᠪᠤᠨ᠎ᠠ᠃     ᠠᠰᠠᠭᠤᠯᠲᠠ 4 ᠄ ᠰᠣᠯᠢᠵᠤ ᠠᠪᠤᠭᠰᠠᠨ ᠤ ᠳᠠᠷᠠᠭᠠᠬᠢ ᠬᠢᠷᠢ ᠭᠡᠮ ᠤᠨ ᠦᠨᠡᠮᠯᠡᠯ ᠤᠨ ᠬᠦᠴᠦᠨ  ᠲᠠᠢ ᠬᠤᠭᠤᠴᠠᠭ᠎ᠠ ᠶᠢ ᠬᠡᠷᠬᠢᠨ ᠪᠣᠳᠣᠳᠠᠭ ᠪᠣᠢ︖     ᠰᠣᠯᠢᠵᠤ ᠠᠪᠤᠭᠰᠠᠨ ᠤ ᠳᠠᠷᠠᠭᠠᠬᠢ ᠬᠢᠷᠢ ᠭᠡᠮ ᠤᠨ ᠦᠨᠡᠮᠯᠡᠯ ᠤᠨ ᠬᠦᠴᠦᠨ ᠲᠠᠢ ᠬᠤᠭᠤᠴᠠᠭ᠎ᠠ ᠶᠢ ᠦᠨᠡᠮᠯᠡᠯ ᠰᠣᠯᠢᠬᠤ ᠪᠠᠷ ᠭᠤᠶᠤᠴᠢᠯᠠᠭᠰᠠᠨ ᠡᠳᠦᠷ ᠠᠴᠠ ᠡᠬᠢᠯᠡᠨ 1 ᠵᠢᠯ ᠬᠤᠶᠢᠰᠢᠯᠠᠭᠤᠯᠤᠨ᠎ᠠ᠃ ᠵᠢᠱᠢᠶᠡᠯᠡᠪᠡᠯ ᠠᠵᠤ ᠠᠬᠤᠶᠢᠯᠠᠯ 2024 ᠣᠨ ᠤ 1 ᠳ᠋ᠤᠭᠡᠷ ᠰᠠᠷ᠎ᠠ ᠶᠢᠨ 20 ᠤ ᠡᠳᠦᠷ ᠦᠨᠡᠮᠯᠡᠯ ᠰᠣᠯᠢᠬᠤ ᠭᠤᠶᠤᠴᠢᠯᠠᠯ ᠲᠡᠪᠰᠢᠭᠦᠯᠦᠭᠰᠡᠨ ᠪᠤᠯ᠂ ᠲᠣᠰ ᠠᠵᠤ ᠠᠬᠤᠶᠢᠯᠠᠯ ᠤᠨ ᠬᠢᠷᠢ ᠬᠡᠮ ᠤᠨ ᠦᠨᠡᠮᠯᠡᠯ ᠤᠨ ᠬᠦᠴᠦᠨ ᠲᠠᠢ ᠬᠤᠭᠤᠴᠠᠭ᠎ᠠ ᠨᠢ 2024 ᠣᠨ ᠤ 1 ᠳ᠋ᠤᠭᠡᠷ ᠰᠠᠷ᠎ᠠ ᠶᠢᠨ 20 ᠤ ᠡᠳᠦᠷ ᠠᠴᠠ 2025 ᠣᠨ ᠤ 1 ᠳ᠋ᠤᠭᠡᠷ ᠰᠠᠷ᠎ᠠ ᠶᠢᠨ 19 ᠤ ᠡᠳᠦᠷ ᠪᠤᠯᠤᠨ᠎ᠠ᠃     ᠠᠩᠬᠠᠷᠬᠤ ᠨᠢ ᠄ ᠠᠵᠤ ᠠᠬᠤᠶᠢᠯᠠᠯ ᠦᠨᠡᠮᠯᠡᠯ ᠰᠣᠯᠢᠬᠤ ᠭᠤᠶᠤᠴᠢᠯᠠᠯ ᠲᠡᠪᠰᠢᠭᠦᠯᠪᠡᠯ᠂ ᠬᠦᠴᠦᠨ ᠲᠠᠢ ᠬᠤᠭᠤᠴᠠᠭ᠎ᠠ ᠶᠢ ᠳᠡᠭᠡᠷ᠎ᠡ ᠳᠤᠷᠠᠳᠤᠭᠰᠠᠨ ᠵᠠᠷᠴᠢᠮ ᠢᠶᠠᠷ ᠪᠤᠳᠤᠨ᠎ᠠ᠂ ᠤᠤᠯ ᠤᠨ ᠬᠢᠷᠢ ᠭᠡᠮ ᠤᠨ ᠦᠨᠡᠮᠯᠡᠯ ᠤᠨ ᠬᠦᠴᠦᠨ ᠲᠠᠢ ᠬᠤᠭᠤᠴᠠᠭ᠎ᠠ ᠲᠠᠢ ᠬᠠᠮᠢᠶ᠎ᠠ ᠦᠭᠡᠢ᠃  
ᠢᠷᠡᠯᠲᠡ᠄ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠢᠩᠬᠢᠮ
Baidu
map