ᠪᠦᠲᠦᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠶᠠᠰᠤ ᠴᠢᠨᠠᠷ ᠢ ᠪᠠᠶᠢᠴᠠᠭᠠᠨ ᠰᠢᠯᠭᠠᠬᠤ ᠪᠠᠶᠢᠭᠤᠯᠤᠮᠵᠢ ᠶᠢᠨ ᠬᠢᠷᠢ ᠬᠡᠮ ᠢ ᠲᠠᠬᠢᠨ ᠬᠢᠨᠠᠨ ᠲᠣᠭᠲᠠᠭᠠᠬᠤ ᠬᠤᠯᠪᠣᠭᠳᠠᠯ ᠪᠦᠬᠦᠢ ᠠᠰᠠᠭᠤᠳᠠᠯ ︵ᠨᠢᠭᠡ︶ ︵2024 ᠣᠨ ᠤ ᠵᠢᠷᠭᠤᠳᠤᠭᠠᠷ ᠬᠤᠭᠤᠴᠠᠭ᠎ᠠ︶
ᠨᠡᠶᠢᠲᠡᠯᠡᠭᠰᠡᠨ ᠴᠠᠭ᠄
2024/6/1
    ᠠᠰᠠᠭᠤᠯᠲᠠ 1᠄ ᠶᠠᠮᠠᠷ ᠶᠠᠮᠠᠷ ᠪᠦᠲᠦᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠶᠠᠰᠤ ᠴᠢᠨᠠᠷ ᠢ ᠪᠠᠶᠢᠴᠠᠭᠠᠨ ᠰᠢᠯᠭᠠᠬᠤ ᠪᠠᠶᠢᠭᠤᠯᠤᠮᠵᠢ ᠶᠢᠨ ᠬᠢᠷᠢ ᠬᠡᠮ ᠢ ᠲᠠᠬᠢᠨ ᠬᠢᠨᠠᠨ ᠲᠣᠭᠲᠠᠭᠠᠬᠤ ᠴᠢᠬᠤᠯᠠᠲᠠᠢ ᠪᠣᠶ︖    ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠳᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠢᠩᠬᠢᠮ ᠠᠴᠠ ᠪᠦᠲᠦᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠶᠠᠰᠤ ᠴᠢᠨᠠᠷ ᠢ ᠪᠠᠶᠢᠴᠠᠭᠠᠨ ᠰᠢᠯᠭᠠᠬᠤ ᠬᠢᠷᠢ ᠬᠡᠮ ᠬᠢᠨᠠᠨ ᠣᠯᠭᠤᠭᠰᠠᠨ ᠮᠥᠷᠲᠡᠭᠡᠨ ᠬᠦᠴᠦᠨ ᠲᠠᠢ ᠬᠤᠭᠤᠴᠠᠭ᠎ᠠ ᠳᠤ ᠪᠠᠶᠢᠭ᠎ᠠ ᠪᠦᠲᠦᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠶᠠᠰᠤ ᠴᠢᠨᠠᠷ ᠢ ᠪᠠᠶᠢᠴᠠᠭᠠᠨ ᠰᠢᠯᠭᠠᠬᠤ ᠪᠠᠶᠢᠭᠤᠯᠤᠮᠵᠢ᠃     ᠠᠰᠠᠭᠤᠯᠲᠠ 2᠄ ᠪᠦᠲᠦᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠶᠠᠰᠤ ᠴᠢᠨᠠᠷ ᠢ ᠪᠠᠶᠢᠴᠠᠭᠠᠨ ᠰᠢᠯᠭᠠᠬᠤ ᠪᠠᠶᠢᠭᠤᠯᠤᠮᠵᠢ ᠶᠢᠨ ᠭᠤᠣᠯ ᠪᠣᠯᠬᠤ ᠬᠡᠮᠵᠢᠭᠦᠷᠯᠢᠭ ᠲᠥᠬᠦᠭᠡᠷᠦᠮᠵᠢ ᠶᠢ ᠲᠦᠷᠢᠶᠡᠰᠦᠯᠡᠬᠦ ᠪᠤᠶᠤ ᠵᠢᠭᠡᠯᠡᠨ ᠬᠡᠷᠡᠭᠯᠡᠵᠦ ᠪᠣᠯᠣᠨ᠎ᠠ ᠤᠤ︖     ᠪᠣᠯᠬᠤ ᠦᠭᠡᠢ᠃ ᠪᠦᠲᠦᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠶᠠᠰᠤ ᠴᠢᠨᠠᠷ ᠢ ᠪᠠᠶᠢᠴᠠᠭᠠᠨ ᠰᠢᠯᠭᠠᠬᠤ ᠪᠠᠶᠢᠭᠤᠯᠤᠮᠵᠢ ᠶᠢᠨ ᠭᠤᠣᠯ ᠪᠣᠯᠬᠤ ᠬᠡᠮᠵᠢᠭᠦᠷᠯᠢᠭ ᠲᠥᠬᠦᠭᠡᠷᠦᠮᠵᠢ ᠶᠢ ᠥᠪᠡᠷ ᠤᠨ ᠬᠢᠨ ᠪᠠᠶᠢᠬᠤ ᠬᠡᠷᠡᠭᠳᠡᠢ ᠪᠥᠭᠡᠳ ᠬᠤᠯᠪᠣᠭᠳᠠᠯ ᠪᠦᠬᠦᠢ ᠪᠠᠷᠢᠮᠵᠢᠶ᠎ᠠ ᠶᠢᠨ ᠱᠠᠭᠠᠷᠳᠠᠯᠭ᠎ᠠ ᠶᠢ ᠬᠠᠩᠭᠠᠵᠤ᠂ ᠴᠠᠭ ᠲᠤᠬᠠᠢ ᠳᠤᠨᠢ ᠰᠢᠯᠭᠠᠨ ᠪᠠᠶᠢᠴᠠᠭᠠᠵᠤ ᠬᠠᠷᠭᠤᠭᠤᠯᠤᠨ ᠲᠣᠭᠲᠠᠭᠠᠬᠤ ᠬᠡᠷᠡᠭᠲᠡᠢ᠃     ᠠᠰᠠᠭᠤᠯᠲᠠ 3᠄ ᠪᠦᠲᠦᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠶᠠᠰᠤ ᠴᠢᠨᠠᠷ ᠢ ᠪᠠᠶᠢᠴᠠᠭᠠᠨ ᠰᠢᠯᠭᠠᠬᠤ ᠪᠠᠶᠢᠭᠤᠯᠤᠮᠵᠢ ᠶᠢᠨ ᠬᠢᠷᠢ ᠬᠡᠮ ᠢ ᠲᠠᠬᠢᠨ ᠬᠢᠨᠠᠨ ᠲᠣᠭᠲᠠᠭᠠᠬᠤ ᠳᠤ ᠲᠤᠷᠰᠢᠯᠲᠠ ᠶᠢᠨ ᠠᠵᠢᠯᠯᠠᠭᠠᠨ ᠤ ᠸᠢᠳᠢᠤ᠋ ᠶᠢ ᠲᠤᠰᠢᠶᠠᠬᠤ ᠴᠢᠬᠤᠯᠠᠲᠠᠢ ᠤᠤ︖     ᠪᠦᠬᠦᠨ ᠢ ᠬᠠᠩᠭᠠᠬᠤ ᠴᠢᠬᠤᠯᠠ ᠦᠭᠡᠢ᠂ ᠵᠥᠪᠬᠡᠨ ᠤᠤᠯ ᠤᠨ ᠬᠢᠷᠢ ᠬᠡᠮ ᠳᠤ ᠪᠦᠷᠢᠳᠦᠭᠦᠯᠦᠭᠰᠡᠨ ᠦᠭᠡᠢ᠂ ᠰᠢᠨ᠎ᠡ ᠪᠠᠷᠢᠮᠵᠢᠶ᠎ᠠ ᠶᠢᠨ ᠱᠠᠭᠠᠷᠳᠠᠯᠭ᠎ᠠ ᠶᠢᠨ ᠡᠷᠬᠡᠪᠰᠢ ᠪᠦᠷᠢᠯᠳᠦᠭᠦᠯᠬᠦ ᠴᠢᠬᠤᠯᠠᠲᠠᠢ ᠪᠠᠶᠢᠴᠠᠭᠠᠨ ᠰᠢᠯᠭᠠᠬᠤ ᠪᠣᠯᠵᠣᠯᠲᠤ ᠲᠤᠭ᠎ᠠ ᠶᠢ ᠬᠠᠩᠭᠠᠬᠤ ᠴᠢᠬᠤᠯᠠᠲᠠᠢ ᠪᠠᠶᠢᠨ᠎ᠠ᠃     ᠠᠰᠠᠭᠤᠯᠲᠠ 4᠄ ᠰᠢᠨ᠎ᠡ ᠪᠠᠷᠢᠮᠵᠢᠶ᠎ᠠ ᠳᠤ ᠱᠠᠭᠠᠷᠳᠠᠭᠰᠠᠨ ᠡᠷᠬᠡᠪᠰᠢ ᠪᠦᠷᠢᠯᠳᠦᠭᠦᠯᠬᠦ ᠴᠢᠬᠤᠯᠠᠲᠠᠢ ᠪᠠᠶᠢᠴᠠᠭᠠᠨ ᠰᠢᠯᠭᠠᠬᠤ ᠵᠦᠢᠯᠡᠰ ᠪᠠ ᠡᠷᠬᠡᠪᠰᠢ ᠪᠦᠷᠢᠯᠳᠦᠭᠦᠯᠬᠦ ᠴᠢᠬᠤᠯᠠᠲᠠᠢ ᠪᠠᠶᠢᠴᠠᠭᠠᠨ ᠰᠢᠯᠭᠠᠬᠤ ᠪᠣᠯᠵᠣᠯᠲᠤ ᠲᠤᠭ᠎ᠠ ᠨᠢ ᠪᠦᠷᠢᠨ ᠪᠤᠰᠤ ᠦᠶ᠎ᠡ ᠳᠤ᠂ ᠵᠥᠪᠬᠡᠨ ᠤᠤᠯ ᠤᠨ ᠬᠢᠷᠢ ᠬᠡᠮ ᠲᠠᠢ ᠪᠠᠶᠢᠴᠠᠭᠠᠨ ᠰᠢᠯᠭᠠᠬᠤ ᠵᠦᠢᠯᠡᠰ ᠪᠠ ᠪᠠᠶᠢᠴᠠᠭᠠᠨ ᠰᠢᠯᠭᠠᠬᠤ ᠪᠣᠯᠵᠣᠯᠲᠤ ᠲᠤᠭ᠎ᠠ ᠳᠤ ᠴᠢᠭᠯᠡᠭᠦᠯᠦᠨ ᠲᠠᠬᠢᠨ ᠬᠢᠨᠠᠨ ᠲᠣᠭᠲᠠᠭᠠᠯᠭᠠᠬᠤ ᠪᠠᠷ ᠭᠤᠶᠤᠴᠢᠯᠠᠵᠤ ᠪᠣᠯᠣᠨ᠎ᠠ ᠤᠤ︖    ᠪᠣᠯᠬᠤ ᠦᠭᠡᠢ᠂ ᠲᠠᠬᠢᠨ ᠬᠢᠨᠠᠨ ᠲᠣᠭᠲᠠᠭᠠᠬᠤ ᠦᠶ᠎ᠡ ᠳᠤ ᠡᠷᠬᠡᠪᠰᠢ ᠪᠦᠷᠢᠯᠳᠦᠭᠦᠯᠬᠦ ᠴᠢᠬᠤᠯᠠᠲᠠᠢ ᠪᠠᠶᠢᠴᠠᠭᠠᠨ ᠰᠢᠯᠭᠠᠬᠤ ᠵᠦᠢᠯᠡᠰ ᠪᠠ ᠡᠷᠬᠡᠪᠰᠢ ᠪᠦᠷᠢᠯᠳᠦᠭᠦᠯᠬᠦ ᠴᠢᠬᠤᠯᠠᠲᠠᠢ ᠪᠠᠶᠢᠴᠠᠭᠠᠨ ᠰᠢᠯᠭᠠᠬᠤ ᠪᠣᠯᠵᠣᠯᠲᠤ ᠲᠤᠭ᠎ᠠ ᠨᠢ ᠡᠷᠬᠡᠪᠰᠢ ᠪᠦᠷᠢᠨ ᠭᠦᠢᠴᠡᠳ ᠪᠠᠶᠢᠬᠤ ᠬᠡᠷᠡᠭᠲᠡᠢ᠃     ᠠᠰᠠᠭᠤᠯᠲᠠ 5᠄ ᠲᠠᠬᠢᠨ ᠬᠢᠨᠠᠨ ᠲᠣᠭᠲᠠᠭᠠᠬᠤ ᠭᠤᠶᠤᠴᠢᠯᠠᠯ ᠤᠨ ᠮᠠᠲ᠋ᠧᠷᠢᠶᠠᠯ ᠳᠠᠬᠢ ︽ᠰᠢᠨ᠎ᠡ ᠬᠠᠭᠤᠴᠢᠨ ᠪᠠᠷᠢᠮᠵᠢᠶ᠎ᠠ ᠶᠢᠨ ᠪᠣᠯᠵᠣᠯᠲᠤ ᠲᠤᠭ᠎ᠠ ᠶᠢᠨ ᠬᠠᠷᠢᠴᠠᠭᠤᠯᠤᠯ︾ ᠭᠡᠳᠡᠭ ᠨᠢ ᠪᠣᠳᠠᠲᠠᠢ ᠪᠠᠷ ᠶᠠᠭᠤ ᠶᠢ ᠵᠢᠭᠠᠵᠤ ᠪᠠᠶᠢᠬᠤ ᠪᠣᠶ︖     ︽ᠰᠢᠨ᠎ᠡ ᠬᠠᠭᠤᠴᠢᠨ ᠪᠠᠷᠢᠮᠵᠢᠶ᠎ᠠ ᠶᠢᠨ ᠪᠣᠯᠵᠣᠯᠲᠤ ᠲᠤᠭ᠎ᠠ ᠶᠢᠨ ᠬᠠᠷᠢᠴᠠᠭᠤᠯᠤᠯ︾ ᠳᠠᠬᠢ ︽ᠰᠢᠨ᠎ᠡ︾ ᠭᠡᠳᠡᠭ ᠨᠢ ᠰᠢᠨ᠎ᠡ ᠪᠠᠷᠢᠮᠵᠢᠶ᠎ᠠ ᠳᠠᠬᠢ ᠪᠣᠯᠵᠣᠯᠲᠤ ᠲᠤᠭ᠎ᠠ ᠶᠢ ᠵᠢᠭᠠᠵᠤ ᠪᠠᠶᠢᠨ᠎ᠠ᠂ ︽ᠬᠠᠭᠤᠴᠢᠨ︾ ᠭᠡᠳᠡᠭ ᠨᠢ ᠤᠤᠯ ᠤᠨ ᠬᠢᠷᠢ ᠭᠡᠮ ᠤᠨ ᠦᠨᠡᠮᠯᠡᠯ ᠳᠡᠭᠡᠷᠡᠬᠢ ᠪᠣᠯᠵᠣᠯᠲᠤ ᠲᠤᠭ᠎ᠠ ᠶᠢ ᠵᠢᠭᠠᠵᠤ ᠪᠠᠶᠢᠨ᠎ᠠ᠃ ᠠᠵᠤ ᠠᠬᠤᠶᠢᠯᠠᠯ ᠭᠤᠶᠤᠴᠢᠯᠠᠬᠤ ᠳᠠᠭᠠᠨ ᠥᠪᠡᠷ ᠢᠶᠠᠨ ᠤᠤᠯ ᠤᠨ ᠬᠢᠷᠢ ᠬᠡᠮ ᠤᠨ ᠦᠨᠡᠮᠯᠡᠯ ᠳᠡᠭᠡᠷᠡᠬᠢ ᠪᠣᠯᠵᠣᠯᠲᠤ ᠲᠤᠭ᠎ᠠ ᠬᠢᠭᠡᠳ ᠰᠢᠨ᠎ᠡ ᠪᠠᠷᠢᠮᠵᠢᠶ᠎ᠠ ᠶᠢᠨ ᠱᠠᠭᠠᠷᠳᠠᠯᠭ᠎ᠠ ᠶᠢᠨ ᠪᠣᠯᠵᠣᠯᠲᠤ ᠲᠤᠭ᠎ᠠ ᠵᠢᠴᠢ ᠪᠠᠶᠢᠴᠠᠭᠠᠨ ᠰᠢᠯᠭᠠᠬᠤ ᠦᠨᠳᠦᠰᠦᠯᠡᠯ ᠤᠨ ᠪᠠᠷᠢᠮᠵᠢᠶ᠎ᠠ ︵ᠠᠷᠭ᠎ᠠ︶ ᠶᠢ ᠨᠢᠭᠡᠳ ᠨᠢᠭᠡ ᠪᠠᠷ ᠬᠠᠷᠭᠤᠭᠤᠯᠬᠤ ᠬᠡᠷᠡᠭᠲᠡᠢ᠂ ᠵᠢᠱᠢᠶ᠎ᠡ ᠨᠢ ᠳᠣᠣᠷᠠᠬᠢ ᠮᠡᠲᠦ᠄
W020240523353320475852.jpg
W020240523353320501689.png
W020240523353320551045.png
W020240523353320630762.png
ᠢᠷᠡᠯᠲᠡ᠄ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠳᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠢᠩᠬᠢᠮ
Baidu
map