2024 ᠣᠨ ᠤ ︽ᠳᠤᠮᠳᠠᠳᠤ ᠶᠢᠨ ᠪᠥᠲᠥᠭᠡᠨ ᠪᠠᠶᠢᠭᠤᠯᠤᠯᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠱᠠᠩᠨᠠᠯ︾ ᠤᠨ ᠲᠥᠷᠥᠯ ᠵᠦᠢᠯ ᠢ ᠵᠣᠬᠢᠶᠠᠨ ᠪᠠᠶᠢᠭᠤᠯᠤᠨ ᠲᠠᠨᠢᠯᠴᠠᠭᠤᠯᠬᠤ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠢᠩᠬᠢᠮ ᠤᠨ ᠮᠡᠳᠡᠭᠳᠡᠯ
ᠨᠡᠶᠢᠲᠡᠯᠡᠭᠰᠡᠨ ᠴᠠᠭ᠄
2024/6/10
    ᠥᠪᠥᠷ ᠪᠠᠶᠢᠭᠤᠯᠤᠯᠳᠠ ᠪᠠᠷᠢᠮᠵᠢᠶ᠎ᠠ ᠵᠠᠬᠢᠳᠠᠯ ﹇2024﹈ 220 ᠲᠤᠭᠠᠳᠦ    ᠡᠯ᠎ᠡ ᠠᠶᠢᠮᠠᠭ ᠬᠤᠲᠠ ᠶᠢᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ᠂ ᠮᠠᠨᠵᠤᠤᠷ ᠬᠤᠲᠠ᠂ ᠡᠷᠢᠶᠡᠨ ᠬᠤᠲᠠ ᠶᠢᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ᠂ ᠲᠢᠩᠬᠢᠮ ᠤᠨ ᠰᠢᠭᠤᠳ ᠬᠠᠷᠢᠶ᠎ᠠ ᠡᠯ᠎ᠡ ᠨᠢᠭᠡᠴᠢ᠂ ᠬᠤᠯᠪᠣᠭᠳᠠᠯ ᠪᠦᠬᠦᠢ ᠠᠵᠢᠯ ᠲᠥᠷᠥᠯ ︵ᠰᠢᠨᠵᠢᠯᠡᠭᠡᠨ ᠤ︶ ᠤᠨ ᠨᠡᠶᠢᠭᠡᠮᠯᠢᠭ᠄    ᠳᠤᠮᠳᠠᠳᠤ ᠶᠢᠨ ᠪᠥᠲᠥᠭᠡᠨ ᠪᠠᠶᠢᠭᠤᠯᠤᠯᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠱᠠᠩᠨᠠᠯ ᠤᠨ ᠵᠥᠪᠯᠡᠯ ᠤᠨ ︽2024 ᠣᠨ ᠤ ︿ᠳᠤᠮᠳᠠᠳᠤ ᠶᠢᠨ ᠪᠦᠲᠦᠭᠡᠨ ᠪᠠᠶᠢᠭᠤᠯᠤᠯᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠱᠠᠩᠨᠠᠯ﹀ ᠤᠨ ᠲᠥᠷᠥᠯ ᠵᠦᠢᠯ ᠢ ᠬᠠᠮᠵᠢᠯᠴᠠᠨ ᠲᠠᠨᠢᠯᠴᠠᠭᠤᠯᠬᠤ ᠲᠤᠬᠠᠶ ᠮᠡᠳᠡᠭᠳᠡᠯ︾ ︵ᠳᠤᠮᠳᠠᠳᠤ ᠱᠠᠩᠨᠠᠯ ᠥᠰᠥᠭ ﹇ 2024﹈ 3 ᠳ᠋ᠤᠭᠠᠷ ᠲᠣᠭᠠᠲᠤ᠂ ᠳᠣᠷᠣᠭᠰᠢ ︽ᠮᠡᠳᠡᠭᠳᠡᠯ︾ ᠭᠡᠵᠦ ᠲᠣᠪᠴᠢᠯᠠᠨ᠎ᠠ︶ ᠤᠨ ᠱᠠᠭᠠᠷᠳᠠᠯᠭ᠎ᠠ ᠶᠢ ᠦᠨᠳᠦᠰᠦᠯᠡᠨ᠂ ᠡᠯ᠎ᠡ ᠨᠢᠭᠡᠴᠢ 2024 ᠣᠨ ᠤ ᠳᠤᠮᠳᠠᠳᠤ ᠶᠢᠨ ᠪᠥᠲᠥᠭᠡᠨ ᠪᠠᠶᠢᠭᠤᠯᠤᠯᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠱᠠᠩᠨᠠᠯ ᠢ ᠭᠤᠶᠤᠴᠢᠯᠠᠨ ᠮᠡᠳᠡᠭᠦᠯᠬᠦ ᠪᠠ ᠲᠠᠨᠢᠯᠴᠠᠭᠤᠯᠬᠤ ᠠᠵᠢᠯ ᠢ ᠬᠢᠨᠠᠮᠠᠭᠠᠶ ᠵᠣᠬᠢᠶᠠᠨ ᠪᠠᠶᠢᠭᠤᠯᠤᠨ ᠰᠠᠶᠢᠲᠤᠷ ᠬᠢᠬᠦ ᠶᠢᠨ ᠬᠠᠮᠲᠤ ᠬᠤᠯᠪᠣᠭᠳᠠᠯ ᠪᠥᠬᠦᠶ ᠵᠦᠢᠯᠡᠰ ᠢ ᠳᠣᠤᠷᠠᠬᠢ ᠮᠡᠲᠦ ᠮᠡᠳᠡᠭᠳᠡᠶ᠎ᠡ᠄    ᠨᠢᠭᠡ᠂ ᠲᠠᠨᠢᠯᠴᠠᠭᠤᠯᠬᠤ ᠬᠡᠪᠴᠢᠶ᠎ᠡ᠂ ᠲᠠᠨᠢᠯᠴᠠᠭᠤᠯᠬᠤ ᠨᠥᠬᠦᠴᠡᠯ ᠪᠠ ᠪᠣᠳᠠᠲᠠᠶ ᠲᠠᠨᠢᠯᠴᠠᠭᠤᠯᠬᠤ ᠱᠠᠭᠠᠷᠳᠠᠯᠭ᠎ᠠ ᠶᠢ ︽ᠮᠡᠳᠡᠭᠳᠡᠯ︾ ᠤᠨ ᠶᠣᠰᠣᠭᠠᠷ ᠬᠡᠷᠡᠭᠵᠢᠭᠦᠯᠦᠨ᠎ᠡ᠂ ᠡᠯ᠎ᠡ ᠠᠶᠢᠮᠠᠭ ᠬᠤᠲᠠ ᠶᠢᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ᠂ ᠨᠢᠭᠡᠴᠢ᠂ ᠨᠡᠶᠢᠭᠡᠮᠯᠢᠭ ︵ᠰᠤᠷᠭᠠᠭᠤᠯᠢ︶ ᠨᠢ ︽ᠳᠤᠮᠳᠠᠳᠤ ᠶᠢᠨ ᠪᠥᠲᠥᠭᠡᠨ ᠪᠠᠶᠢᠭᠤᠯᠤᠯᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠱᠠᠩᠨᠠᠯ ᠬᠥᠬᠢᠭᠦᠯᠦᠯ ᠤᠨ ᠲᠦᠷᠢᠮ︾ ︵2023 ᠣᠨ ᠳᠤ ᠵᠠᠰᠠᠪᠤᠷᠢ ᠣᠷᠣᠭᠤᠯᠤᠭᠰᠠᠨ︶ ᠶᠣᠰᠣᠭᠠᠷ᠂ ᠲᠠᠨᠢᠯᠴᠠᠭᠤᠯᠬᠤ ᠮᠠᠲ᠋ᠧᠷᠢᠶᠠᠯ ᠤᠨ ᠦᠨᠡᠨ ᠪᠣᠳᠠᠲᠤ ᠴᠢᠨᠠᠷ᠂ ᠨᠠᠶᠢᠳᠠᠪᠤᠷᠢᠲᠤ ᠴᠢᠨᠠᠷ ᠢ ᠴᠢᠩᠭ᠎ᠠ ᠬᠢᠨᠠᠨ ᠪᠠᠶᠢᠴᠠᠭᠠᠵᠤ᠂ ᠲᠠᠨᠢᠯᠴᠠᠭᠤᠯᠬᠤ ᠵᠠᠬᠢᠳᠠᠯ ᠳᠠᠭᠠᠨ᠂ ᠲᠠᠨᠢᠯᠴᠠᠭᠤᠯᠬᠤ ᠰᠠᠨᠠᠯ ᠪᠠ ᠪᠠᠲᠤᠯᠠᠨ ᠲᠠᠨᠢᠯᠴᠠᠭᠤᠯᠬᠤ ᠱᠠᠩᠨᠠᠯ ᠤᠨ ᠲᠠᠰ ᠤᠨ ᠰᠠᠨᠠᠭᠤᠯᠭ᠎ᠠ ᠳᠤᠷᠠᠳᠬᠤ ᠬᠡᠷᠡᠭᠲᠡᠶ     ᠬᠤᠶᠠᠷ᠂ ᠡᠯᠧᠺᠲᠷᠣᠨ ᠬᠡᠪᠯᠡᠯ ᠤᠨ ᠲᠠᠨᠢᠯᠴᠠᠭᠤᠯᠬᠤ ᠮᠠᠲ᠋ᠧᠷᠢᠶᠠᠯ ᠢ ᠰᠦᠯᠵᠢᠶ᠎ᠡ ᠪᠠᠷ ᠲᠤᠰᠢᠶᠠᠬᠤ ᠪᠠ ᠪᠢᠴᠢᠭ ᠢᠶᠠᠷ ᠲᠠᠨᠢᠯᠴᠠᠭᠤᠯᠬᠤ ᠮᠠᠲ᠋ᠧᠷᠢᠶᠠᠯ ᠢ ᠮᠡᠳᠡᠭᠦᠯᠦᠨ ᠬᠦᠷᠭᠡᠬᠦ ᠶᠢ ᠱᠠᠭᠠᠷᠳᠠᠨ᠎ᠠ᠃ ᠲᠥᠷᠥᠯ ᠵᠦᠢᠯ ᠭᠤᠶᠤᠴᠢᠯᠠᠨ ᠮᠡᠳᠡᠭᠦᠯᠬᠦ ᠨᠢᠭᠡᠴᠢ ᠳᠤᠮᠳᠠᠳᠤ ᠶᠢᠨ ᠱᠠᠩᠨᠠᠯ ᠲᠠᠨᠢᠯᠴᠠᠭᠤᠯᠬᠤ ᠰᠢᠰᠲ᠋ᠧᠮ ᠤᠨ ᠲᠠᠪᠴᠠᠩ http://stc.chinagb.net/login.asp ᠳᠤ ᠭᠠᠷᠴᠦ᠂ ᠲᠠᠭᠯᠠᠨ ᠮᠡᠳᠡᠭᠦᠯᠬᠦ ᠲᠣᠳᠣᠷᠬᠠᠶᠢᠯᠠᠯᠲᠠ ᠶᠢᠨ ᠶᠣᠰᠣᠭᠠᠷ ᠭᠤᠶᠤᠴᠢᠯᠠᠨ ᠮᠡᠳᠡᠭᠦᠯᠵᠦ ᠲᠠᠨᠢᠯᠴᠠᠭᠤᠯᠬᠤ ᠮᠠᠲ᠋ᠧᠷᠢᠶᠠᠯ ᠢᠶᠠᠨ ᠲᠠᠭᠯᠠᠵᠤ᠂ ᠴᠠᠭᠠᠰᠤᠨ ᠮᠠᠲ᠋ᠧᠷᠢᠶᠠᠯ ᠤᠨ ᠠᠭᠤᠯᠭ᠎ᠠ ᠲᠠᠢ ᠨᠢᠭᠡᠳᠦᠯᠲᠡᠶ ᠪᠠᠶᠢᠬᠤ ᠶᠢ ᠦᠨᠡᠨ ᠬᠦ ᠪᠠᠲᠤᠯᠠᠨ᠎ᠠ᠃    ᠭᠤᠷᠪᠠ᠂ ᠡᠯ᠎ᠡ ᠲᠠᠨᠢᠯᠴᠠᠭᠤᠯᠬᠤ ᠨᠢᠭᠡᠴᠢ ᠨᠦᠭᠦᠳ 7 ᠳ᠋ᠤᠭᠠᠷ ᠰᠠᠷ᠎ᠠ ᠶᠢᠨ 10 ᠤ ᠡᠳᠦᠷ ︵ᠲᠦᠷᠭᠡᠨ ᠬᠦᠷᠭᠡᠯᠡᠭᠳᠡ ᠶᠢᠨ ᠡᠳᠦᠷ ᠢᠶᠠᠷ ᠪᠠᠷᠢᠮᠵᠢᠶ᠎ᠠ ᠪᠤᠯᠭᠠᠨ᠎ᠠ ︶ ᠠᠴᠠ ᠡᠮᠦᠨ᠎ᠡ᠂ ᠲᠠᠨᠢᠯᠴᠠᠭᠤᠯᠬᠤ ᠵᠠᠬᠢᠳᠠᠯ ᠪᠠ ᠲᠠᠨᠢᠯᠴᠠᠭᠤᠯᠬᠤ ᠮᠠᠲ᠋ᠧᠷᠢᠶᠠᠯ ︵ᠴᠠᠭᠠᠰᠤᠨ ᠬᠡᠪᠯᠡᠯ︶ ᠬᠤᠶᠠᠷ ᠬᠤᠪᠢ ᠶᠢ ᠮᠠᠨ ᠤ ᠲᠢᠩᠬᠢᠮ ᠤᠨ ᠪᠠᠷᠢᠮᠵᠢᠶ᠎ᠠ ᠨᠤᠷᠮ᠎ᠠ ᠬᠢᠭᠡᠳ ᠡᠨᠧᠷᠭᠢ ᠠᠷᠪᠢᠯᠠᠬᠤ ᠰᠢᠨᠵᠢᠯᠡᠬᠦ ᠤᠬᠠᠭᠠᠨ ᠮᠡᠷᠭᠡᠵᠢᠯ ᠤᠨ ᠭᠠᠵᠠᠷ ᠲᠤ ᠮᠡᠳᠡᠭᠦᠯᠦᠨ ᠬᠦᠷᠭᠡᠨ᠎ᠡ ᠂ ᠬᠤᠭᠤᠴᠠᠭ᠎ᠠ ᠬᠡᠳᠦᠷᠡᠪᠡᠯ ᠭᠥᠯᠢᠶᠡᠨ ᠠᠪᠴᠤ ᠰᠢᠢᠳᠪᠦᠷᠢᠯᠡᠬᠦ ᠦᠭᠡᠢ᠃    ᠬᠠᠷᠢᠯᠴᠠᠭᠴᠢ᠄ ᠸᠠᠩ ᠯᠢ ᠵᠢᠶᠦ᠋ᠨ    ᠬᠠᠷᠢᠯᠴᠠᠬᠤ ᠤᠲᠠᠰᠤ᠄ 0471-6944435    ᠬᠠᠶ᠋ᠢᠭ᠄ ᠬᠥᠬᠡᠬᠤᠲᠠ ᠶᠢᠨ ᠰᠢᠨ᠎ᠡ ᠬᠤᠲᠠ ᠲᠣᠭᠤᠷᠢᠭ ᠤᠨ ᠴᠢᠩᠭᠢᠰ ᠬᠠᠭᠠᠨ ᠵᠡᠭᠦᠨ ᠵᠡᠭᠡᠯᠢ ᠶᠢᠨ 15 ᠳ᠋ᠤᠭᠠᠷ ᠨᠣᠮᠧᠷᠲᠤ ᠪᠥᠲᠥᠭᠡᠨ ᠪᠠᠶᠢᠭᠤᠯᠤᠯᠲᠠ ᠶᠢᠨ ᠲᠣᠮᠣ ᠠᠰᠠᠷ 607 ᠥᠷᠥᠭᠡ    ᠳᠠᠭᠠᠯᠳᠤᠭᠤᠯᠤᠯ᠄ ︽2024 ᠣᠨ ᠤ ︿ᠳᠤᠮᠳᠠᠳᠤ ᠶᠢᠨ ᠪᠥᠲᠥᠭᠡᠨ ᠪᠠᠶᠢᠭᠤᠯᠤᠯᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠱᠠᠩᠨᠠᠯ﹀ ᠤᠨ ᠲᠥᠷᠥᠯ ᠵᠦᠢᠯ ᠢ ᠬᠠᠪᠰᠤᠷᠤᠨ ᠲᠠᠨᠢᠯᠴᠠᠭᠤᠯᠬᠤ ᠲᠤᠬᠠᠶ ᠮᠡᠳᠡᠭᠳᠡᠯ︾ ︵ᠳᠤᠮᠳᠠᠳᠤ ᠱᠠᠩᠨᠠᠯ ᠥᠰᠥᠭ ﹇ 2024﹈ 3 ᠳ᠋ᠤᠭᠠᠷ ᠲᠣᠭᠠᠲᠤ︶             2024 ᠣᠨ ᠤ 6 ᠳ᠋ᠤᠭᠠᠷ ᠰᠠᠷ᠎ᠠ ᠶᠢᠨ 6 ᠤ ᠡᠳᠦᠷ 

 

ᠢᠷᠡᠯᠲᠡ᠄ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠢᠩᠬᠢᠮ
Baidu
map