ᠪᠠᠷᠢᠯᠭ᠎ᠠ ᠶᠢᠨ ᠠᠵᠤ ᠠᠬᠤᠶᠢᠯᠠᠯ ᠤᠨ ᠠᠶᠤᠯᠭᠦᠢ ᠦᠢᠯᠡᠳᠪᠦᠷᠢᠯᠡᠯ ᠤᠨ ᠵᠥᠪᠰᠢᠶᠡᠷᠡᠯ ᠤᠨ ᠦᠨᠡᠮᠯᠡᠯ ᠤᠨ ᠲᠤᠬᠠᠢ ᠠᠰᠠᠭᠤᠯᠳᠠ ᠬᠠᠷᠢᠭᠤᠯᠲᠠ ︵2024 ᠣᠨ ᠤ ᠳᠣᠯᠣᠳᠤᠭᠠᠷ ᠬᠤᠭᠤᠴᠠᠭ᠎ᠠ︶
ᠨᠡᠶᠢᠲᠡᠯᠡᠭᠰᠡᠨ ᠴᠠᠭ᠄
2024/6/14
    1᠄ ︽ᠠᠶᠤᠯᠭᠦᠶ ᠦᠢᠯᠡᠳᠪᠦᠷᠢᠯᠡᠯ ᠤᠨ ᠵᠥᠪᠰᠢᠶᠡᠷᠡᠯ ᠤᠨ ᠦᠨᠡᠮᠯᠡᠯ︾ ᠤᠨ ᠲᠤᠬᠠᠶᠢᠯᠠᠭᠰᠠᠨ ᠠᠵᠢᠯ ᠤᠨ ᠰᠢᠰᠲ᠋ᠧᠮ ᠳᠤ ᠠᠶᠦᠯᠭᠦᠢ ᠶᠢᠨ ᠬᠠᠮᠢᠶᠠᠷᠤᠯᠲᠠ ᠶᠢᠨ ᠠᠵᠢᠯᠲᠠᠨ ᠢ ᠰᠤᠩᠭᠤᠵᠦ ᠲᠡᠶᠢᠯᠬᠦ ᠦᠭᠡᠢ ᠠᠰᠠᠭᠤᠳᠠᠯ ᠢ ᠬᠡᠷᠬᠢᠨ ᠰᠢᠢᠳᠪᠦᠷᠢᠯᠡᠬᠦ ᠪᠣᠶ︖    ᠬᠠᠷᠢᠭᠤᠯᠲᠠ᠄ ᠲᠣᠰ ᠠᠶᠦᠯᠭᠦᠢ ᠶᠢᠨ ᠬᠠᠮᠢᠶᠠᠷᠤᠯᠲᠠ ᠶᠢᠨ ᠠᠵᠢᠯᠲᠠᠨ ᠲᠣᠰ ᠠᠵᠤ ᠠᠬᠤᠶᠢᠯᠠᠯ ᠳᠤ ᠨᠡᠶᠢᠭᠡᠮ ᠤᠨ ᠳᠠᠭᠠᠳᠬᠠᠯ ᠲᠤᠰᠢᠶᠠᠭᠰᠠᠨ ᠦᠭᠡᠢ᠃ ᠲᠣᠰ ᠠᠵᠤ ᠠᠬᠤᠶᠢᠯᠠᠯ ᠤᠨ ᠠᠶᠦᠯᠭᠦᠢ ᠶᠢᠨ ᠬᠠᠮᠢᠶᠠᠷᠤᠯᠲᠠ ᠶᠢᠨ ᠠᠵᠢᠯᠲᠠᠨ ᠢ ᠰᠣᠩᠭᠤᠬᠤ ᠦᠶ᠎ᠡ ᠳᠤ ᠂ ᠰᠢᠰᠲ᠋ᠧᠮ ᠨᠢ ᠲᠣᠰ ᠠᠶᠦᠯᠭᠦᠢ ᠶᠢᠨ ᠬᠠᠮᠢᠶᠠᠷᠤᠯᠲᠠ ᠶᠢᠨ ᠠᠵᠢᠯᠲᠠᠨ ᠤ ᠨᠡᠶᠢᠭᠡᠮ ᠤᠨ ᠳᠠᠭᠠᠳᠬᠠᠯ ᠤᠨ ᠲᠤᠰᠢᠶᠠᠭᠰᠠᠨ ᠡᠰᠡᠬᠦ ᠪᠠᠶᠢᠳᠠᠯ ᠢ ᠠᠦ᠋ᠲ᠋ᠣ᠋ ᠬᠢᠨᠠᠨ ᠰᠢᠯᠭᠠᠵᠤ᠂ ᠳᠡᠭᠡᠷ᠎ᠡ ᠨᠢᠭᠡ ᠰᠠᠷ᠎ᠠ ᠶᠢᠨ ᠨᠡᠶᠢᠭᠡᠮ ᠤᠨ ᠳᠠᠭᠠᠳᠬᠠᠯ ᠲᠤᠰᠢᠶᠠᠭᠰᠠᠨ ᠥᠬᠡᠶ ᠬᠥᠮᠦᠰ ᠢ ᠰᠣᠩᠭᠤᠬᠤ ᠶᠢᠨ ᠠᠷᠭ᠎ᠠ ᠥᠬᠡᠶ ᠃    ᠳᠣᠤᠷᠠᠬᠢ ᠵᠢᠷᠤᠭ ᠤᠨ ᠰᠠᠨᠠᠭᠤᠯᠤᠮᠵᠢ ᠶᠤᠰᠤᠭᠠᠷ ᠂ ᠨᠡᠶᠢᠭᠡᠮ ᠤᠨ ᠳᠠᠭᠠᠳᠬᠠᠯ ᠤᠨ ᠲᠤᠰᠢᠶᠠᠭᠰᠠᠨ ᠪᠠᠶᠢᠳᠠᠯ ᠢ ᠬᠢᠨᠠᠨ ᠰᠢᠯᠭᠠᠬᠤ ᠳᠤ ᠢᠯᠠᠭᠳᠠᠵᠤ᠂ ᠲᠣᠰ ᠠᠵᠢᠯᠲᠠᠨ ᠤ ᠰᠦᠢᠳᠭᠡᠯ ᠲᠤᠰᠢᠶᠠᠭᠰᠠᠨ ᠪᠣᠳᠠᠲᠠᠶ ᠪᠠᠶᠢᠳᠠᠯ ᠂ ᠬᠤᠪᠢ ᠬᠥᠮᠦᠨ ᠤ ᠮᠡᠳᠡᠭᠡ ᠵᠠᠩᠭᠢ᠂ ᠠᠵᠤ ᠠᠬᠤᠶᠢᠯᠠᠯ ᠤᠨ ᠮᠡᠳᠡᠭᠡ ᠵᠠᠩᠭᠢ ᠵᠢᠴᠢ ᠲᠤᠰᠢᠶᠠᠨ ᠬᠠᠳᠠᠭᠠᠯᠠᠭᠤᠯᠤᠭᠰᠠᠨ ᠰᠠᠷ᠎ᠠ ᠵᠡᠷᠭᠡ ᠶᠢ ᠬᠢᠨᠠᠨ ᠬᠠᠷᠭᠤᠭᠤᠯᠤᠨ᠎ᠠ ᠃ ᠬᠡᠷᠪᠡ ᠠᠶᠦᠯᠭᠦᠢ ᠶᠢᠨ ᠬᠠᠮᠢᠶᠠᠷᠤᠯᠲᠠ ᠶᠢᠨ ᠠᠵᠢᠯᠲᠠᠨ ᠨᠢᠭᠡᠨᠲᠡ ᠠᠵᠢᠯ ᠠᠴᠠ ᠪᠠᠨ ᠪᠠᠭᠤᠵᠤ ᠠᠮᠠᠷᠠᠭᠰᠠᠨ ᠪᠠᠶᠢᠪᠠᠯ ᠰᠢᠭᠤᠳ ︽ᠲᠠᠶᠢᠯᠪᠤᠷᠢ ᠪᠤᠯᠤᠩ︾ ᠳᠤ ᠲᠤᠰ ᠬᠦᠮᠦᠨ ᠤ ᠠᠵᠢᠯ ᠠᠴᠠ ᠪᠠᠨ ᠪᠠᠭᠤᠵᠤ ᠠᠮᠠᠷᠠᠭᠰᠠᠨ ᠦᠨᠡᠮᠯᠡᠯ ᠢ ᠳᠠᠮᠵᠢᠭᠤᠯᠪᠠᠯ ᠪᠣᠯᠴᠢᠬᠠᠨ᠎ᠠ᠃
W020240607334187759412.png
    ᠠᠩᠬᠠᠷᠬᠤ ᠨᠢ ᠄ ᠠᠵᠤ ᠠᠬᠤᠶᠢᠯᠠᠯ  ᠠᠴᠠ ᠤᠷᠢᠵᠤ ᠬᠡᠷᠡᠭᠯᠡᠬᠦ ᠬᠥᠮᠦᠰ ᠤᠨ ᠨᠡᠶᠢᠭᠡᠮ ᠤᠨ ᠳᠠᠭᠠᠳᠬᠠᠯ ᠤᠨ ᠲᠤᠰᠢᠶᠠᠭᠰᠠᠨ ᠪᠠᠶᠢᠳᠠᠯ ᠢ ᠤᠷᠢᠳᠴᠢᠯᠠᠨ ᠤᠶᠢᠯᠠᠭᠠᠵᠦ᠂ ᠬᠡᠪ ᠤᠨ ᠲᠤᠬᠠᠶᠢᠯᠠᠭᠰᠠᠨ ᠠᠵᠢᠯ ᠤᠨ ᠭᠤᠶᠤᠴᠢᠯᠠᠨ ᠮᠡᠳᠡᠭᠦᠯᠬᠦ ᠶᠢ ᠨᠦᠯᠦᠭᠡᠯᠡᠬᠦ ᠠᠴᠠ ᠵᠠᠶᠢᠯᠠᠰᠬᠢᠬᠤ ᠬᠡᠷᠡᠭᠲᠡᠶ᠃    2᠄ ︽ᠠᠶᠤᠯᠭᠦᠢ ᠦᠢᠯᠡᠳᠪᠦᠷᠢᠯᠡᠯ ᠤᠨ ᠵᠥᠪᠰᠢᠶᠡᠷᠡᠯ ᠤᠨ ᠦᠨᠡᠮᠯᠡᠯ︾ ᠤᠨ ᠲᠤᠬᠠᠶᠢᠯᠠᠭᠰᠠᠨ ᠠᠵᠢᠯ ᠢ ᠨᠢᠭᠡᠨᠲᠡ ᠳᠠᠭᠤᠰᠬᠠᠵᠠᠢ᠂ ᠶᠠᠭᠤᠨ ᠤ ᠤᠴᠢᠷ ᠠᠴᠠ ᠦᠨᠡᠮᠯᠡᠯ ᠢ ᠨᠢ ᠡᠷᠢᠵᠦ ᠣᠯᠬᠤ ᠦᠭᠡᠢ ᠪᠤᠢ︖ᠬᠠᠷᠢᠭᠤᠯᠲᠠ᠄ ᠪᠣᠳᠠᠲᠠᠢ ᠰᠢᠯᠲᠠᠭᠠᠨ ᠨᠢ ᠳᠣᠣᠷᠠᠬᠢ ᠬᠡᠳᠦᠨ ᠵᠦᠢᠯ ᠪᠤᠢ᠄    ᠰᠢᠯᠳᠠᠭᠠᠨ 1᠄ ᠠᠵᠤ ᠠᠬᠤᠢᠯᠠᠯ ᠤᠨ ᠬᠠᠤᠯᠢ ᠡᠷᠬᠡᠳᠡᠨ ᠤ ᠪᠡᠶ᠎ᠡ ᠶᠢᠨ ᠦᠨᠡᠮᠯᠡᠯ ᠤᠨ ᠮᠡᠳᠡᠭᠡ ᠵᠠᠩᠭᠢ ᠪᠤᠷᠤᠭᠤ᠃ᠠᠵᠤ ᠠᠬᠤᠶᠢᠯᠠᠯ ︽ᠠᠶᠤᠯᠭᠦᠶ ᠦᠢᠯᠡᠳᠪᠦᠷᠢᠯᠡᠯ ᠤᠨ ᠵᠥᠪᠰᠢᠶᠡᠷᠡᠯ ᠤᠨ ᠦᠨᠡᠮᠯᠡᠯ︾ ᠤᠨ ᠲᠤᠬᠠᠶᠢᠯᠠᠭᠰᠠᠨ ᠠᠵᠢᠯ ᠢ ᠭᠦᠢᠴᠡᠳᠬᠡᠬᠦ ᠳᠡᠭᠡᠨ᠂ ᠬᠠᠤᠯᠢ ᠶᠢᠨ ᠡᠷᠬᠡᠳᠡᠨ ᠤ ︽ᠪᠡᠶ᠎ᠡ ᠶᠢᠨ ᠦᠨᠡᠮᠯᠡᠯ︾ ᠤᠨ ᠣᠪᠣᠭ ᠨᠡᠷ᠎ᠡ᠂ ᠨᠣᠮᠧᠷ ᠤᠨ ᠮᠡᠳᠡᠭᠡ ᠵᠠᠩᠭᠢ ᠨᠢ ᠵᠥᠪ ᠡᠰᠡᠬᠦ ᠶᠢ ᠨᠤᠲᠠᠯᠠᠬᠤ ᠶᠢ ᠠᠩᠬᠠᠷᠤᠨ᠎ᠠ᠂ ᠵᠢᠱᠢᠶᠡᠯᠡᠪᠡᠯ ᠪᠡᠶ᠎ᠡ ᠶᠢᠨ ᠦᠨᠡᠮᠯᠡᠯ ᠤᠨ ᠨᠣᠮᠧᠷ ᠤᠨ ᠬᠠᠮᠤᠭ ᠰᠡᠭᠦᠯᠴᠢ ᠳᠤ ︽X︾ ᠪᠠᠶᠢᠪᠠᠯ ᠂ ᠶᠡᠭᠡ ᠪᠢᠴᠢᠯᠭᠡ ᠶᠢᠨ ︽X︾ ᠪᠢᠴᠢᠬᠦ ᠶᠢ ᠠᠩᠬᠠᠷᠤᠭᠠᠷᠠᠢ᠃    ᠬᠠᠤᠯᠢ ᠶᠢᠨ ᠡᠷᠬᠡᠳᠡᠨ ᠤ ︽ᠪᠡᠶ᠎ᠡ ᠶᠢᠨ ᠦᠨᠡᠮᠯᠡᠯ︾ ᠤᠨ ᠮᠡᠳᠡᠭᠡ ᠵᠠᠩᠭᠢ ᠶᠢ ᠨᠤᠲᠠᠯᠠᠬᠤ ᠵᠢᠴᠢ ᠵᠠᠰᠠᠪᠤᠷᠢ ᠣᠷᠣᠭᠤᠯᠬᠤ ᠠᠷᠭ᠎ᠠ ᠨᠢ ᠳᠣᠤᠷᠠᠬᠢ ᠮᠡᠲᠦ᠄    ︵1︶ ᠠᠵᠤ ᠠᠬᠤᠶᠢᠯᠠᠯ ︽ᠥᠪᠥᠷ ᠮᠣᠩᠭᠤᠯ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠰᠦᠯᠵᠢᠶ᠎ᠡ︾ ᠳᠤ ᠭᠠᠷᠴᠤ᠂ ᠥᠪᠥᠷ ᠮᠣᠩᠭᠤᠯ ᠤᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠢᠩᠬᠢᠮ ᠤᠨ ︽ᠰᠦᠯᠵᠢᠶᠡᠨ ᠳᠡᠭᠡᠷ᠎ᠡ ᠭᠦᠢᠴᠡᠳᠬᠡᠬᠦ︾ ᠶᠢ ᠰᠣᠩᠭᠤᠨ᠂ ᠥᠪᠥᠷ ᠮᠣᠩᠭᠤᠯ ᠤᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠢᠩᠬᠢᠮ ᠤᠨ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠰᠢᠰᠲ᠋ᠧᠮ ᠳᠤ ᠤᠷᠤᠨ᠎ᠠ ᠃
W020240607334187784551.png
W020240607334187813587.png
    ︵2︶ ᠵᠠᠰᠠᠭ ᠵᠠᠬᠢᠷᠭᠠᠨ ᠤ ᠬᠢᠨᠠᠨ ᠵᠦᠪᠰᠢᠶᠡᠷᠡᠯ ᠤᠨ ᠰᠢᠰᠲ᠋ᠧᠮ ᠤᠨ ︽ᠠᠵᠤ ᠠᠬᠤᠶᠢᠯᠠᠯ ᠤᠨ ᠮᠡᠳᠡᠭᠡ ᠵᠠᠩᠭᠢ︾ ᠲᠤ ᠣᠷᠣᠵᠤ᠂ ︽ᠮᠡᠳᠡᠭᠡ ᠵᠠᠩᠭᠢ︾ ᠳᠤ ᠵᠠᠰᠠᠪᠤᠷᠢ ᠣᠷᠣᠭᠤᠯᠬᠤ ᠶᠢ ᠰᠣᠩᠭᠤᠨ᠂ ᠠᠵᠤ ᠠᠬᠤᠶᠢᠯᠠᠯ ᠵᠢᠴᠢ ᠬᠠᠤᠯᠢ  ᠶᠢᠨ ᠡᠷᠬᠡᠳᠡᠨ ᠤ ᠦᠨᠳᠦᠰᠦᠨ ᠮᠡᠳᠡᠭᠡ ᠵᠠᠩᠭᠢ ᠶᠢ ᠰᠢᠨᠡᠳᠭᠡᠨ᠎ᠡ ᠃    ᠰᠢᠯᠳᠠᠭᠠᠨ 2᠄ ᠪᠦᠬᠦ ᠤᠯᠤᠰ ᠤᠨ ᠲᠠᠪᠴᠠᠩ ᠳᠤ ᠢᠯᠡᠷᠡᠵᠦ ᠪᠠᠶᠢᠭ᠎ᠠ ᠪᠠᠷᠢᠯᠭ᠎ᠠ ᠶᠢᠨ ᠦᠢᠯᠡᠰ ᠤᠨ ᠠᠵᠤ ᠠᠬᠤᠢᠯᠠᠯ ᠤᠨ ᠬᠢᠷᠢ ᠭᠡᠮ ᠤᠨ ᠮᠡᠳᠡᠭᠡ ᠵᠠᠩᠭᠢ ᠨᠢ ᠪᠤᠷᠤᠭᠤ᠃    ᠠᠵᠤ ᠠᠬᠤᠶᠢᠯᠠᠯ ︽ᠠᠶᠦᠯᠭᠦᠢ ᠦᠢᠯᠡᠳᠪᠦᠷᠢᠯᠡᠯ ᠤᠨ ᠵᠥᠪᠰᠢᠶᠡᠷᠡᠯ ᠤᠨ ᠦᠨᠡᠮᠯᠡᠯ︾ ᠤᠨ ᠲᠤᠬᠠᠶᠢᠯᠠᠭᠰᠠᠨ ᠠᠵᠢᠯ ᠢ ᠭᠦᠢᠴᠡᠳᠬᠡᠬᠦ ᠳᠡᠭᠡᠨ᠂ ᠪᠠᠷᠢᠯᠭ᠎ᠠ ᠶᠢᠨ ᠦᠢᠯᠡᠰ ᠤᠨ ᠠᠵᠤ ᠠᠬᠤᠶᠢᠯᠠᠯ ᠤᠨ ᠬᠢᠷᠢ ᠭᠡᠮ  ᠨᠢ ︽ᠪᠦᠬᠦ ᠤᠯᠤᠰ ᠤᠨ ᠪᠠᠷᠢᠯᠭ᠎ᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠣᠯᠠᠨ ᠨᠡᠶᠢᠲᠡ ᠶᠢᠨ ᠦᠢᠯᠡᠴᠢᠯᠡᠭᠡᠨ ᠤ ᠲᠠᠪᠴᠠᠩ︾ ᠳᠤ ᠬᠡᠪ ᠤᠨ ᠶᠣᠰᠣᠭᠠᠷ ᠢᠯᠡᠷᠡᠵᠦ ᠪᠠᠶᠢᠭ᠎ᠠ ᠡᠰᠡᠬᠦ ᠶᠢ ᠠᠩᠬᠠᠷᠤᠨ᠎ᠠ᠃ ᠦᠪᠡᠰᠤᠪᠠᠨ ᠪᠠᠶᠢᠴᠠᠭᠠᠬᠤ ᠠᠷᠭ᠎ᠠ ᠨᠢ ᠲᠤᠤᠷᠠᠬᠢ ᠮᠡᠳᠦ᠄    ︵1︶ ᠠᠵᠤ ᠠᠬᠤᠶᠢᠯᠠᠯ ︽ᠪᠦᠬᠦ ᠤᠯᠤᠰ ᠤᠨ ᠪᠠᠷᠢᠯᠭ᠎ᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠣᠯᠠᠨ ᠨᠡᠶᠢᠲᠡ ᠶᠢᠨ ᠦᠢᠯᠡᠴᠢᠯᠡᠭᠡᠨ ᠤ ᠲᠠᠪᠴᠠᠩ︾ ᠲᠤ ᠭᠠᠷᠴᠤ᠂ ᠪᠠᠷᠢᠯᠭ᠎ᠠ ᠶᠢᠨ ᠠᠵᠤ ᠠᠬᠤᠶᠢᠯᠠᠯ ᠤᠨ ᠬᠢᠷᠢ ᠭᠡᠮ ᠤᠨ ᠮᠡᠳᠡᠭᠡ ᠵᠠᠩᠭᠢ ᠨᠢ ᠬᠡᠪ ᠤᠨ ᠶᠣᠰᠣᠭᠠᠷ ᠢᠯᠡᠷᠡᠵᠦ ᠪᠠᠶᠢᠬᠤ ᠡᠰᠡᠬᠦ ᠶᠢ ᠪᠠᠶᠢᠴᠠᠭᠠᠨ᠎ᠠ ᠃    ︵2︶ ᠠᠵᠤ ᠠᠬᠤᠶᠢᠯᠠᠯ ᠤᠨ ᠪᠠᠷᠢᠯᠭ᠎ᠠ ᠶᠢᠨ ᠦᠢᠯᠡᠰ ᠤᠨ ᠠᠵᠤ ᠠᠬᠤᠶᠢᠯᠠᠯ ᠤᠨ ᠬᠢᠷᠢ ᠬᠡᠮ ᠤᠨ ᠮᠡᠳᠡᠭᠡ ᠵᠠᠩᠭᠢ ᠨᠢ ᠪᠤᠷᠤᠭᠤ ︔ ᠢᠯᠡᠷᠡᠬᠦ ᠦᠭᠡᠢ ᠪᠤᠶᠤ  ᠢᠯᠡᠷᠡᠭᠰᠡᠨ ᠨᠢ ᠪᠦᠷᠢᠨ ᠪᠤᠰᠤ ᠪᠠᠶᠢᠪᠠᠯ᠂ 0471 – 6944058 ᠳᠤ ᠤᠳᠠᠰᠤᠳᠠᠵᠦ ᠰᠢᠢᠳᠪᠦᠷᠢᠯᠡᠵᠦ ᠪᠣᠯᠣᠨ᠎ᠠ᠃
W020240607334187845921.png
    ᠰᠢᠯᠳᠠᠭᠠᠨ 3᠄ ᠠᠵᠤ ᠠᠬᠤᠢᠯᠠᠯ ᠤᠨ ᠠᠶᠦᠯᠭᠦᠢ ᠶᠢᠨ ᠬᠠᠮᠢᠶᠠᠷᠤᠯᠲᠠ ᠶᠢᠨ ᠠᠵᠢᠯᠲᠠᠨ ᠢ ᠲᠤᠬᠢᠷᠠᠭᠤᠯᠤᠭᠰᠠᠨ ᠲᠤᠭ᠎ᠠ ᠬᠡᠮᠵᠢᠶ᠎ᠡ ᠬᠦᠷᠦᠯᠴᠡᠬᠦ ᠦᠭᠡᠢ᠃    ᠠᠵᠤ ᠠᠬᠤᠶᠢᠯᠠᠯ ᠤᠨ ᠠᠶᠦᠯᠭᠦᠢ ᠶᠢᠨ ᠬᠠᠮᠢᠶᠠᠷᠤᠯᠲᠠ ᠶᠢᠨ ᠠᠵᠢᠯᠲᠠᠨ ᠢ ᠲᠣᠬᠢᠷᠠᠭᠤᠯᠤᠭᠰᠠᠨ ᠲᠤᠭ᠎ᠠ ᠬᠡᠮᠵᠢᠶ᠎ᠡ ᠨᠢ ᠪᠠᠷᠢᠮᠵᠢᠶ᠎ᠠ ᠶᠢᠨ ᠱᠠᠭᠠᠷᠳᠠᠯᠭ᠎ᠠ ᠶᠢ ᠬᠠᠩᠭᠠᠭᠰᠠᠨ ᠦᠭᠡᠶ ᠪᠣᠯ᠂ ᠠᠶᠦᠯᠭᠦᠢ ᠦᠢᠯᠡᠳᠪᠦᠷᠢᠯᠡᠯ ᠤᠨ ᠵᠥᠪᠰᠢᠶᠡᠷᠡᠯ ᠤᠨ ᠦᠨᠡᠮᠯᠡᠯ ᠢ ᠨᠡᠶᠢᠳᠡᠯᠡᠬᠦ ᠨᠢ ᠢᠯᠠᠭᠳᠠᠨ᠎ᠠ ᠂ ᠠᠵᠤ ᠠᠬᠤᠶᠢᠯᠠᠯ ᠬᠡᠷᠪᠡ ᠠᠶᠦᠯᠭᠦᠢ ᠦᠢᠯᠡᠳᠪᠦᠷᠢᠯᠡᠯ ᠤᠨ ᠬᠠᠮᠢᠶᠠᠷᠤᠯᠲᠠ ᠶᠢᠨ ᠠᠵᠢᠯᠲᠠᠨ ᠢ ᠰᠢᠯᠵᠢᠭᠦᠯᠦᠨ ᠭᠠᠷᠭᠠᠭᠰᠠᠨ ᠪᠠᠶᠢᠪᠠᠯ᠂ ᠰᠢᠯᠵᠢᠭᠦᠯᠦᠨ ᠭᠠᠷᠭᠠᠬᠤ ᠠᠴᠠ ᠡᠮᠦᠨ᠎ᠡ ᠨᠥᠬᠦᠪᠥᠷᠢᠯᠡᠬᠦ ᠪᠤᠶᠤ ᠰᠢᠯᠵᠢᠭᠦᠯᠦᠨ ᠭᠠᠷᠭᠠᠭᠰᠠᠨ ᠤ ᠳᠠᠷᠠᠭ᠎ᠠ ᠲᠦᠷᠭᠡᠬᠡᠨ ᠨᠥᠬᠦᠪᠥᠷᠢᠯᠡᠵᠦ᠂ ᠠᠵᠤ ᠠᠬᠤᠶᠢᠯᠠᠯ ᠤᠨ ᠠᠶᠦᠯᠭᠦᠢ ᠦᠢᠯᠡᠳᠪᠦᠷᠢᠯᠡᠯ ᠤᠨ ᠨᠥᠬᠦᠴᠡᠯ ᠢ ᠬᠠᠩᠭᠠᠬᠤ ᠬᠤᠯᠪᠣᠭᠳᠠᠯ ᠪᠦᠬᠦᠢ ᠱᠠᠭᠠᠷᠳᠠᠯᠭ᠎ᠠ ᠶᠢ ᠦᠨᠡᠨ ᠬᠦ ᠪᠠᠲᠤᠯᠠᠬᠤ ᠬᠡᠷᠡᠭᠲᠡᠶ᠃    3᠄ ︽ᠠᠶᠤᠯᠭᠦᠶ ᠦᠢᠯᠡᠳᠪᠦᠷᠢᠯᠡᠯ ᠤᠨ ᠵᠥᠪᠰᠢᠶᠡᠷᠡᠯ ᠤᠨ ᠦᠨᠡᠮᠯᠡᠯ︾ ᠢ ᠬᠤᠶᠢᠰᠢᠯᠠᠭᠤᠯᠤᠨ ᠨᠡᠶᠢᠲᠡᠯᠡᠬᠦ ᠰᠠᠭᠠᠭᠠᠴᠢᠯᠠᠭ᠎ᠠ ︽ᠪᠠᠲᠤᠯᠠᠭᠳᠠᠭᠰᠠᠨ ᠦᠭᠡᠢ︾᠂ ᠬᠢᠨᠠᠨ ᠬᠠᠷᠭᠤᠭᠤᠯᠤᠭᠰᠠᠨ ᠰᠠᠨᠠᠯ ᠳᠤ ︽ᠭᠤᠶᠤᠴᠢᠯᠠᠯ ᠤᠨ ᠬᠦᠰᠦᠨᠦᠭᠲᠦ ᠳᠤ ᠨᠢᠭᠡᠨᠲᠡ ᠬᠢᠷᠢ ᠬᠡᠮ ᠤᠨ ᠲᠥᠷᠥᠯ ᠢᠯᠭᠠᠯ ᠢ ᠲᠠᠭᠯᠠᠭᠰᠠᠨ ᠨᠢ ᠣᠨᠣᠪᠴᠢ ᠦᠭᠡᠶ / ᠪᠦᠷᠢᠨ ᠪᠤᠰᠤ︾ ᠭᠡᠪᠡᠯ ᠂ ᠬᠡᠷᠬᠢᠨ ᠨᠦᠬᠦᠪᠦᠷᠢᠯᠡᠬᠦ ᠪᠣᠶ︖    ᠬᠠᠷᠢᠭᠤᠯᠲᠠ᠄ ᠭᠤᠶᠤᠴᠢᠯᠠᠯ ᠤᠨ ᠬᠦᠰᠦᠨᠦᠭᠲᠦ ᠳᠤ ᠲᠠᠭᠯᠠᠨ ᠮᠡᠳᠡᠭᠦᠯᠬᠦ ᠮᠡᠳᠡᠭᠡ ᠵᠠᠩᠭᠢ ᠶᠢᠨ ᠵᠥᠪ ᠣᠨᠣᠪᠴᠢᠲᠤ ᠴᠢᠨᠠᠷ ᠢ ᠪᠠᠲᠤᠯᠠᠬᠤ ᠴᠢᠬᠤᠯᠠᠲᠠᠶ ᠪᠣᠯ᠂ ᠠᠵᠤ ᠠᠬᠤᠶᠢᠯᠠᠯ ᠠᠴᠠ ᠭᠤᠶᠤᠴᠢᠯᠠᠨ ᠮᠡᠳᠡᠭᠦᠯᠵᠦ ᠬᠠᠮᠢᠶ᠎ᠠ ᠪᠥᠬᠦᠶ ᠮᠡᠳᠡᠭᠡ ᠵᠠᠩᠭᠢ ᠶᠢ ᠦᠨᠡᠨ ᠪᠣᠳᠠᠲᠠᠶ ᠪᠠᠷ ᠣᠨᠣᠪᠴᠢᠲᠠᠶ ᠲᠠᠭᠯᠠᠭᠠᠷᠠᠢ᠃ ᠡᠭᠦᠨ ᠳᠤ ︽ᠭᠤᠶᠤᠴᠢᠯᠠᠯ ᠤᠨ ᠬᠦᠰᠦᠨᠦᠭᠲᠦ ᠨᠢ ᠨᠢᠭᠡᠨᠲᠡ ᠬᠢᠷᠢ ᠬᠡᠮ ᠤᠨ ᠲᠥᠷᠥᠯ ᠢᠯᠭᠠᠯ ᠪᠠ ᠵᠡᠷᠭᠡ ᠳᠡᠰ︾ ᠤᠨ ᠪᠤᠯᠤᠩ ᠨᠢ ᠠᠵᠤ ᠠᠬᠤᠶᠢᠯᠠᠯ ᠤᠨ ᠬᠢᠷᠢ ᠬᠡᠮ ︵ᠪᠠᠷᠢᠯᠭ᠎ᠠ ᠶᠢᠨ ᠦᠢᠯᠡᠰ ᠤᠨ ᠠᠵᠤ ᠠᠬᠤᠶᠢᠯᠠᠯ ᠤᠨ ᠬᠢᠷᠢ ᠬᠡᠮ︶ ᠢ ᠣᠷᠬᠢᠭᠳᠠᠭᠤᠯᠤᠭᠰᠠᠨ᠂ ᠪᠤᠷᠤᠭᠤ ᠲᠠᠭᠯᠠᠭᠰᠠᠨ ᠪᠠᠶᠢᠪᠠᠯ᠂ ᠬᠢᠨᠠᠨ ᠬᠠᠷᠭᠤᠭᠤᠯᠤᠭᠰᠠᠨ ᠰᠠᠨᠠᠯ ᠨᠢ ᠴᠥᠮ ᠪᠠᠳᠤᠯᠠᠭᠳᠠᠬᠤ ᠥᠬᠡᠶ᠃ ᠭᠤᠶᠤᠴᠢᠯᠠᠨ ᠮᠡᠳᠡᠭᠦᠯᠦᠭᠰᠡᠨ ᠠᠵᠤ ᠠᠬᠤᠶᠢᠯᠠᠯ ᠭᠤᠶᠤᠴᠢᠯᠠᠯ ᠤᠨ ᠬᠦᠰᠦᠨᠦᠭᠲᠦ ᠶᠢ ᠳᠠᠭᠯᠠᠵᠤ᠂ ᠰᠤᠷᠠᠭ ᠵᠠᠩᠭᠢ ᠨᠢ ᠵᠥᠪ ᠣᠨᠣᠪᠴᠢᠲᠠᠶ᠂ ᠭᠠᠷ ᠤᠨ ᠦᠰᠦᠭ ᠵᠢᠷᠤᠵᠤ ᠲᠠᠮᠠᠭ᠎ᠠ ᠲᠠᠷᠤᠵᠤ ᠳᠡᠭᠡᠭᠰᠢ ᠳᠠᠮᠵᠢᠭᠤᠯᠤᠭᠰᠠᠨ ᠤ ᠳᠠᠷᠠᠭ᠎ᠠ ᠨᠦᠬᠦᠪᠦᠷᠢᠯᠡᠨ ᠵᠠᠯᠠᠷᠠᠭᠤᠯᠤᠭᠰᠠᠨ ᠪᠢᠴᠢᠭ ᠮᠠᠲ᠋ᠧᠷᠢᠶᠠᠯ ᠢ ᠲᠤᠰᠢᠶᠠᠨ᠎ᠠ᠃    ᠠᠩᠬᠠᠷᠬᠤ ᠵᠦᠢᠯ᠄ 1. ᠠᠵᠤ ᠠᠬᠤᠶᠢᠯᠠᠯ ᠤᠨ ︽ᠪᠠᠷᠢᠯᠭ᠎ᠠ ᠶᠢᠨ ᠠᠵᠤ ᠠᠬᠤᠶᠢᠯᠠᠯ ᠤᠨ ᠬᠥᠳᠡᠯᠮᠦᠷᠢ ᠦᠢᠯᠡᠴᠢᠯᠡᠭᠡᠨ ᠤ ᠬᠢᠷᠢ ᠬᠡᠮ ᠢ ᠵᠡᠷᠭᠡ ᠳᠡᠰ ᠬᠤᠪᠢᠶᠠᠬᠤ ᠥᠬᠡᠶ︾ ᠬᠢᠷᠢ ᠬᠡᠮ ᠢ ᠡᠷᠬᠡᠪᠰᠢ ᠲᠠᠭᠯᠠᠬᠤ ᠬᠡᠷᠡᠭᠲᠡᠶ︔ 2 . ᠪᠠᠷᠢᠯᠭ᠎ᠠ ᠶᠢᠨ ᠦᠢᠯᠡᠰ ᠤᠨ ᠭᠤᠷᠪᠠᠳᠤᠭᠠᠷ ᠳᠡᠰ ᠤᠨ ᠬᠢᠷᠢ ᠬᠡᠮ ᠢ ᠨᠢᠭᠡᠨᠲᠡ ᠰᠣᠯᠢᠪᠠᠯ᠂ ᠬᠠᠮᠤᠭ ᠤᠨ ᠰᠢᠨ᠎ᠡ ᠬᠢᠷᠢ ᠬᠡᠮ ᠤᠨ ᠪᠠᠶᠢᠳᠠᠯ ᠢ ᠦᠨᠳᠦᠰᠦᠯᠡᠨ ᠲᠠᠭᠯᠠᠬᠤ ᠴᠢᠬᠤᠯᠠᠲᠠᠢ︔ 3. ᠨᠢᠭᠡᠨᠲᠡ ᠬᠤᠭᠤᠴᠠᠭ᠎ᠠ ᠨᠢ ᠥᠩᠭᠡᠷᠡᠭᠰᠡᠨ ᠬᠦᠴᠦᠨ ᠥᠬᠡᠶ ᠪᠣᠯᠤᠭᠰᠠᠨ ᠬᠢᠷᠢ ᠬᠡᠮ ᠢ ᠲᠠᠭᠯᠠᠨ ᠪᠢᠴᠢᠬᠦ ᠴᠢᠬᠤᠯᠠ ᠦᠭᠡᠢ᠃
W020240607334187900573.png
    4᠄ ︽ᠠᠶᠤᠯᠭᠦᠶ ᠦᠢᠯᠡᠳᠪᠦᠷᠢᠯᠡᠯ ᠤᠨ ᠵᠥᠪᠰᠢᠶᠡᠷᠡᠯ ᠤᠨ ᠦᠨᠡᠮᠯᠡᠯ︾ ᠢ ᠬᠤᠶᠢᠰᠢᠯᠠᠭᠤᠯᠤᠨ ᠨᠡᠶᠢᠲᠡᠯᠡᠬᠦ ᠰᠠᠨᠠᠯ  ᠨᠢ ︽ ᠪᠠᠳᠤᠯᠠᠭᠳᠠᠭᠰᠠᠨ ᠥᠬᠡᠶ︾᠂ ᠬᠢᠨᠠᠨ ᠬᠠᠷᠭᠤᠭᠤᠯᠤᠭᠰᠠᠨ ᠰᠠᠨᠠᠯ ᠳᠤ ︽ᠭᠤᠶᠤᠴᠢᠯᠠᠯ ᠤᠨ ᠬᠦᠰᠦᠨᠦᠭᠲᠦ ᠶᠢ ᠭᠤᠶᠤᠴᠢᠯᠠᠬᠤ ᠬᠢᠷᠢ ᠬᠡᠮ ᠤᠨ ᠲᠥᠷᠥᠯ ᠢᠯᠭᠠᠯ ᠢ ᠲᠠᠭᠯᠠᠭᠰᠠᠨ  ᠨᠢ ᠪᠤᠷᠤᠭᠤ ︾ ᠪᠠᠶᠢᠬᠤ ᠶᠢ ᠬᠡᠷᠬᠢᠨ ᠨᠦᠬᠦᠪᠦᠷᠢᠯᠡᠨ ᠵᠠᠯᠠᠷᠠᠭᠤᠯᠪᠠᠯ ᠵᠣᠬᠢᠬᠤ ᠪᠣᠶ︖    ᠬᠠᠷᠢᠭᠤᠯᠲᠠ᠄ ︽ᠭᠤᠶᠤᠴᠢᠯᠠᠬᠤ ᠬᠦᠰᠦᠨᠦᠭᠲᠦ ᠶᠢᠨ ᠲᠣᠰ ᠤᠳᠠᠭᠠᠨ ᠤ ᠭᠤᠶᠤᠴᠢᠯᠠᠬᠤ ᠬᠢᠷᠢ ᠬᠡᠮ ᠤᠨ ᠲᠥᠷᠥᠯ ᠢᠯᠭᠠᠯ ᠪᠠ ᠲᠠᠰ︾ ᠭᠡᠬᠦ ᠪᠤᠯᠤᠩ ᠳᠤ ᠲᠣᠰ ᠤᠳᠠᠭᠠᠨ ᠤ ᠭᠤᠶᠤᠴᠢᠯᠠᠬᠤ ᠲᠥᠷᠥᠯ ᠢᠯᠭᠠᠯ ᠪᠠ ᠵᠡᠷᠭᠡ ᠳᠡᠰ ᠢ ᠣᠨᠣᠪᠴᠢᠲᠠᠶ ᠲᠠᠭᠯᠠᠨ ᠪᠢᠴᠢᠬᠦ ᠴᠢᠬᠤᠯᠠᠲᠠᠶ᠄ ︽ᠪᠠᠷᠢᠯᠭ᠎ᠠ ᠶᠢᠨ ᠠᠵᠢᠯ ᠤᠨ ᠠᠵᠤ ᠠᠬᠤᠶᠢᠯᠠᠯ ᠤᠨ ᠠᠶᠦᠯᠭᠦᠢ ᠦᠢᠯᠡᠳᠪᠦᠷᠢᠯᠡᠯ ᠤᠨ ᠵᠥᠪᠰᠢᠶᠡᠷᠡᠯ ᠤᠨ ᠦᠨᠡᠮᠯᠡᠯ ︵ᠳᠠᠬᠢᠨ ᠬᠢᠨᠠᠨ ᠪᠠᠶᠢᠴᠠᠭᠠᠵᠤ  ᠬᠤᠶᠢᠰᠢᠯᠠᠭᠤᠯᠬᠤ ︶︾ ᠪᠤᠶᠤ ︽ᠪᠠᠷᠢᠯᠭ᠎ᠠ ᠶᠢᠨ ᠠᠵᠢᠯ ᠤᠨ ᠠᠵᠤ ᠠᠬᠤᠶᠢᠯᠠᠯ ᠤᠨ ᠠᠶᠦᠯᠭᠦᠢ ᠦᠢᠯᠡᠳᠪᠦᠷᠢᠯᠡᠯ ᠤᠨ ᠵᠥᠪᠰᠢᠶᠡᠷᠡᠯ ᠤᠨ ᠦᠨᠡᠮᠯᠡᠯ ︵ᠳᠠᠬᠢᠨ ᠬᠢᠨᠠᠨ ᠪᠠᠶᠢᠴᠠᠭᠠᠵᠤ ᠬᠤᠭᠤᠴᠠᠭ᠎ᠠ ᠤᠷᠲᠤᠳᠬᠠᠬᠤ ︶︾ ᠪᠤᠶᠤ ︽ᠪᠠᠷᠢᠯᠭ᠎ᠠ ᠶᠢᠨ ᠠᠵᠢᠯ ᠤᠨ ᠠᠵᠤ ᠠᠬᠤᠶᠢᠯᠠᠯ ᠤᠨ ᠠᠶᠦᠯᠭᠦᠢ ᠦᠢᠯᠡᠳᠪᠦᠷᠢᠯᠡᠯ ᠤᠨ ᠵᠥᠪᠰᠢᠶᠡᠷᠡᠯ ᠤᠨ ᠦᠨᠡᠮᠯᠡᠯ ︵ ᠬᠢᠨᠠᠨ ᠪᠠᠶᠢᠴᠠᠭᠠᠵᠤ ᠬᠤᠭᠤᠴᠠᠭ᠎ᠠ ᠤᠷᠲᠤᠳᠬᠠᠬᠤ ᠦᠭᠡᠢ︶︾ ᠂ ᠬᠡᠷᠪᠡ ᠭᠦᠢᠴᠡᠳᠬᠡᠬᠦ ᠵᠦᠢᠯᠡᠰ ᠤᠨ ᠨᠡᠷᠡᠶᠢᠳᠦᠯ ᠪᠦᠷᠢᠨ ᠪᠤᠰᠤ ᠪᠠᠶᠢᠪᠠᠯ᠂ ᠲᠠᠬᠢᠨᠳᠠ ᠲᠠᠭᠯᠠᠨ ᠮᠡᠳᠡᠭᠦᠯᠬᠦ ᠶᠢᠨ ᠬᠠᠮᠲᠤ ᠭᠤᠶᠤᠴᠢᠯᠠᠬᠤ ᠬᠦᠰᠦᠨᠦᠭᠲᠦ ᠶᠢ ᠲᠤᠰᠢᠶᠠᠪᠠᠯ ᠪᠣᠯᠴᠢᠬᠠᠨ᠎ᠠ᠃ 
ᠢᠷᠡᠯᠲᠡ᠄ ᠲᠢᠩᠬᠢᠮ ᠤᠨ ᠵᠠᠰᠠᠭ ᠵᠠᠬᠢᠷᠭᠠᠨ ᠤ ᠬᠢᠨᠠᠨ ᠵᠦᠪᠰᠢᠶᠡᠷᠡᠯ ᠤᠨ ᠭᠠᠵᠠᠷ
Baidu
map