ᠪᠠᠷᠢᠯᠭ᠎ᠠ ᠶᠢᠨ ᠪᠥᠲᠥᠭᠡᠨ ᠪᠠᠶᠢᠭᠤᠯᠤᠯᠲᠠ ᠶᠢᠨ ᠣᠷᠣᠨ ᠨᠤᠲᠤᠭ ᠤᠨ ᠪᠠᠷᠢᠮᠵᠢᠶ᠎ᠠ ᠪᠣᠯᠬᠤ ︽ᠪᠣᠬᠢᠷᠲᠤᠯ ᠥᠬᠡᠶ ᠠᠮᠢ ᠠᠬᠤᠶ ᠶᠢᠨ ᠰᠠᠭᠤᠭᠠᠯᠢ ᠲᠣᠭᠤᠷᠢᠭ ᠢ ᠦᠨᠡᠯᠡᠬᠦ ᠪᠠᠷᠢᠮᠵᠢᠶ᠎ᠠ︾ ᠶᠢ ᠨᠡᠶᠢᠲᠡᠯᠡᠬᠦ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠢᠩᠬᠢᠮ ᠤᠨ ᠵᠠᠷᠯᠠᠯ
ᠨᠡᠶᠢᠲᠡᠯᠡᠭᠰᠡᠨ ᠴᠠᠭ᠄
2024/6/22
        ﹇ 2024﹈ 68 ᠳ᠋ᠤᠭᠠᠷ ᠲᠣᠭᠠᠲᠤ     ᠡᠳᠦᠭᠡ ︽ᠪᠣᠬᠢᠷᠲᠤᠯ ᠥᠬᠡᠶ ᠠᠮᠢ ᠠᠬᠤᠶ ᠶᠢᠨ ᠰᠠᠭᠤᠭᠠᠯᠢ ᠲᠣᠭᠤᠷᠢᠭ ᠢ ᠦᠨᠡᠯᠡᠬᠦ ᠪᠠᠷᠢᠮᠵᠢᠶ᠎ᠠ︾ ᠶᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠠᠷᠢᠯᠭ᠎ᠠ ᠶᠢᠨ ᠪᠥᠲᠥᠭᠡᠨ ᠪᠠᠶᠢᠭᠤᠯᠤᠯᠲᠠ ᠶᠢᠨ ᠣᠷᠣᠨ ᠨᠤᠲᠤᠭ ᠤᠨ ᠪᠠᠷᠢᠮᠵᠢᠶ᠎ᠠ ᠪᠣᠯᠭᠠᠬᠤ ᠪᠠᠷ ᠵᠥᠪᠰᠢᠶᠡᠷᠡᠵᠦ᠂ DB15/T 3421 – 2024 ᠶᠢ 2024 ᠣᠨ ᠤ 9 ᠳ᠋ᠦ᠋ᠭᠡᠷ ᠰᠠᠷ᠎ᠠ ᠶᠢᠨ 1 ᠤ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃    ᠲᠣᠰ ᠪᠠᠷᠢᠮᠵᠢᠶ᠎ᠠ ᠶᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠢᠩᠬᠢᠮ ᠠᠴᠠ ᠬᠠᠷᠢᠭᠤᠴᠠᠨ ᠬᠠᠮᠢᠶᠠᠷᠴᠤ᠂ ᠥᠪᠥᠷ ᠮᠣᠩᠭᠤᠯ ᠤᠨ ᠬᠤᠲᠠ ᠶᠢᠨ ᠶᠠᠪᠤᠳᠠᠯ ᠤᠨ ᠵᠢᠷᠤᠭ ᠲᠥᠯᠥᠪᠯᠡᠭᠡ ᠶᠢᠨ ᠰᠤᠳᠤᠯᠭᠠᠨ ᠤ ᠬᠦᠷᠢᠶᠡᠯᠡᠩ ᠤᠨ ᠬᠢᠵᠠᠭᠠᠷᠲᠤ ᠺᠣᠮᠫᠠᠨᠢ ᠠᠴᠠ ᠪᠣᠳᠠᠲᠠᠶ ᠮᠡᠷᠭᠡᠵᠢᠯ ᠤᠨ ᠠᠭᠤᠯᠭ᠎ᠠ ᠶᠢᠨ ᠲᠠᠶᠢᠯᠪᠤᠷᠢᠯᠠᠯᠲᠠ ᠶᠢ ᠬᠠᠷᠢᠭᠤᠴᠠᠵᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠣᠰ ᠱᠠᠲᠤᠨ ᠤ ᠵᠠᠰᠠᠭ ᠤᠨ ᠣᠷᠳᠣᠨ ᠤ ᠪᠠᠯᠠ ᠣᠷᠣᠭᠤᠯᠤᠯᠲᠠ ᠶᠢᠨ ᠡᠵᠡᠩᠨᠡᠯᠲᠡ ᠶᠢᠨ ᠪᠤᠰᠤ ᠴᠢᠨᠠᠷᠲᠠᠶ ᠲᠥᠷᠥᠯ ᠵᠦᠢᠯ ᠤᠨ ᠣᠷᠣᠯᠠᠨ ᠪᠠᠶᠢᠭᠤᠯᠬᠤ ᠲᠥᠪ ᠠᠴᠠ ᠬᠠᠮᠢᠶ᠎ᠠ ᠪᠥᠬᠦᠶ ᠬᠡᠪᠯᠡᠭᠦᠯᠬᠦ᠂ ᠲᠠᠷᠬᠠᠭᠠᠬᠤ ᠠᠵᠢᠯ ᠢ ᠬᠠᠷᠢᠭᠤᠴᠠᠨ᠎ᠠ᠃    ᠣᠨᠴᠠᠭᠠᠶᠢᠯᠠᠨ ᠵᠠᠷᠯᠠᠪᠠ᠃            2024 ᠣᠨ ᠤ 5 ᠳ᠋ᠤᠭᠠᠷ ᠰᠠᠷ᠎ᠠ ᠶᠢᠨ 31 ᠤ ᠡᠳᠦᠷ 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠢᠩᠬᠢᠮ
Baidu
map