ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠢᠩᠬᠢᠮ ᠪᠥᠬᠦ ᠣᠷᠣᠨ ᠤ ᠬᠤᠲᠠ ᠪᠠᠯᠭᠠᠰᠤᠨ ᠤ ᠬᠤᠲᠠ ᠶᠢᠨ ᠶᠠᠪᠤᠳᠠᠯ ‍ᠤᠨ‌‍ᠰᠠᠭᠤᠷᠢ ᠪᠡᠯᠡᠳᠬᠡᠮᠵᠢ ᠶᠢᠨ ᠪᠥᠲᠥᠭᠡᠨ ᠪᠠᠶᠢᠭᠤᠯᠤᠯᠲᠠ ᠶᠢᠨ ᠪᠠᠯᠠ ᠤᠷᠤᠭᠤᠯᠤᠯᠳᠠ᠂ ᠪᠠᠯᠠ ᠲᠤᠬᠢᠷᠠᠭᠤᠯᠭ᠎ᠠ ᠶᠢᠨ  ᠶᠠᠷᠢᠯᠴᠠᠭᠠᠨ ᠤ  ᠬᠤᠷᠠᠯ  ᠢ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/6/25
    6 ᠳ᠋ᠤᠭᠠᠷ ᠰᠠᠷ᠎ᠠ ᠶᠢᠨ 21 ᠤ ᠡᠳᠦᠷ ᠤᠨ ᠦᠳᠡ ᠶᠢᠨ ᠬᠤᠶᠢᠨ᠎ᠠ᠂ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠢᠩᠬᠢᠮ ᠪᠥᠬᠦ ᠣᠷᠣᠨ ᠤ ᠬᠤᠲᠠ ᠪᠠᠯᠭᠠᠰᠤᠨ ᠤ ᠬᠤᠲᠠ ᠶᠢᠨ ᠶᠠᠪᠤᠳᠠᠯ ᠤᠨ ᠰᠠᠭᠤᠷᠢ ᠪᠡᠯᠡᠳᠬᠡᠮᠵᠢ ᠶᠢᠨ ᠪᠥᠲᠥᠭᠡᠨ ᠪᠠᠶᠢᠭᠤᠯᠤᠯᠲᠠ ᠶᠢᠨ ᠪᠠᠯᠠ ᠤᠷᠤᠭᠤᠯᠤᠯᠳᠠ᠂ ᠪᠠᠯᠠ ᠲᠤᠬᠢᠷᠠᠭᠤᠯᠭ᠎ᠠ ᠶᠢᠨ ᠶᠠᠷᠢᠯᠴᠠᠭᠠᠨ ᠤ ᠬᠤᠷᠠᠯ ᠢ ᠬᠤᠷᠠᠯᠳᠤᠭᠤᠯᠵᠤ᠂ ᠬᠠᠮᠢᠶ᠎ᠠ ᠪᠥᠬᠦᠶ ᠬᠤᠳᠠᠯᠳᠤᠭᠠᠨ ᠤ ᠪᠠᠩᠬᠢ ᠪᠠ ᠲᠥᠷᠥ ᠶᠢᠨ ᠪᠣᠳᠣᠯᠭ᠎ᠠ ᠶᠢᠨ ᠴᠢᠨᠠᠷᠲᠠᠶ ᠪᠠᠩᠬᠢ ᠶᠢᠨ ᠲᠥᠯᠥᠭᠡᠯᠡᠭᠴᠢ ᠶᠢ ᠤᠷᠢᠵᠤ ᠬᠤᠷᠠᠯ ᠳᠤ ᠣᠷᠣᠯᠴᠠᠭᠤᠯᠪᠠ᠃ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠲᠢᠩᠬᠢᠮ ᠤᠨ ᠳᠡᠳ᠋ ᠳᠠᠷᠤᠭ᠎ᠠ ᠢᠦᠶ ᠰᠢᠨ ᠹᠠᠩ ᠬᠤᠷᠠᠯ ᠢ ᠡᠷᠭᠢᠯᠡᠪᠡ᠃
W020240624328903642777.png
    ᠬᠤᠷᠠᠯ ᠳᠤ ᠂ ᠣᠷᠣᠯᠴᠠᠭᠰᠠᠨ ᠨᠢᠭᠡᠴᠢ ᠨᠦᠭᠦᠳ ᠬᠤᠲᠠ ᠪᠠᠯᠭᠠᠰᠤᠨ ᠤ ᠢᠯᠴᠢ ᠬᠠᠩᠭᠠᠬᠤ ︽ᠲᠤᠯᠠᠭᠠᠯᠭ᠎ᠠ ᠶᠢᠨ ᠢᠨᠵᠧᠨᠧᠷᠢᠩ︾᠂ ᠬᠤᠲᠠ ᠶᠢᠨ ᠰᠢᠲᠠᠮᠠᠬᠠᠶ ᠬᠡᠶ ᠶᠢᠨ ᠬᠠᠭᠤᠴᠢᠷᠠᠭᠰᠠᠨ ᠬᠤᠭᠤᠯᠠᠶ ᠲᠤᠤᠷ ᠵᠡᠷᠭᠡ ᠶᠢ ᠰᠢᠨᠡᠳᠬᠡᠨ ᠥᠭᠡᠷᠡᠴᠢᠯᠡᠬᠦ᠂ ᠪᠠᠷᠢᠯᠭ᠎ᠠ ᠪᠠ ᠬᠤᠲᠠ ᠶᠢᠨ ᠶᠠᠪᠤᠳᠠᠯ ᠤᠨ ᠰᠠᠭᠤᠷᠢ ᠲᠥᠬᠦᠭᠡᠷᠦᠮᠵᠢ ᠶᠢ ᠰᠢᠨᠡᠳᠬᠡᠬᠦ ᠵᠡᠷᠭᠡ ᠠᠵᠢᠯ ᠤᠨ ᠲᠣᠭᠤᠷᠢᠨ ᠳᠤ᠂ ᠲᠥᠷᠥᠯ ᠵᠦᠢᠯ ᠤᠨ ᠨᠥᠭᠡᠴᠡ ᠵᠢᠴᠢ ᠪᠠᠯᠠ ᠮᠥᠩᠭᠦ ᠶᠢᠨ ᠬᠡᠷᠡᠭᠴᠡᠭᠡ ᠱᠠᠭᠠᠷᠳᠠᠯᠭ᠎ᠠ ᠶᠢᠨ ᠪᠠᠶᠢᠳᠠᠯ ᠢ ᠲᠠᠨᠢᠯᠴᠠᠭᠤᠯᠪᠠ︔ ᠵᠠᠮ ᠬᠠᠷᠢᠯᠴᠠᠭᠠᠨ ᠤ ᠪᠠᠩᠬᠢ ᠶᠢᠨ ᠥᠪᠥᠷ ᠮᠣᠩᠭᠤᠯ ᠳᠠᠬᠢ ᠬᠤᠪᠢᠶᠠᠷᠢ ᠪᠠᠩᠬᠢ᠂ ᠥᠪᠥᠷ ᠮᠣᠩᠭᠤᠯ ᠪᠠᠩᠬᠢ ᠶᠢᠨ ᠬᠤᠪᠢᠴᠠᠭᠠᠳᠦ ᠬᠢᠵᠠᠭᠠᠷᠲᠤ ᠺᠣᠮᠫᠠᠨᠢ᠂ ᠤᠯᠤᠰ ᠤᠨ ᠨᠡᠭᠡᠭᠡᠨ ᠬᠥᠭᠵᠢᠭᠦᠯᠦᠯᠲᠡ ᠶᠢᠨ ᠪᠠᠩᠬᠢ ᠶᠢᠨ ᠥᠪᠥᠷ ᠮᠣᠩᠭᠤᠯ ᠳᠠᠬᠢ ᠬᠤᠪᠢᠶᠠᠷᠢ ᠪᠠᠩᠬᠢ ᠶᠢᠨ ᠬᠠᠮᠢᠶ᠎ᠠ ᠪᠥᠬᠦᠶ ᠬᠠᠷᠢᠭᠤᠴᠠᠯᠭᠠᠲᠠᠨ ᠨᠥᠬᠦᠳ ᠪᠠᠯᠠ ᠤᠷᠤᠭᠤᠯᠤᠯᠳᠠ᠂ ᠪᠠᠯᠠ ᠲᠤᠬᠢᠷᠠᠭᠤᠯᠭ᠎ᠠ ᠶᠢᠨ ᠲᠥᠷᠥ ᠶᠢᠨ ᠪᠣᠳᠣᠯᠭ᠎ᠠ ᠶᠢᠨ ᠲᠤᠬᠠᠶ ᠲᠤᠬᠠᠶᠢᠯᠠᠭᠰᠠᠨ ᠠᠵᠢᠯ ᠤᠨ ᠲᠠᠨᠢᠯᠴᠠᠭᠤᠯᠭ᠎ᠠ ᠬᠢᠵᠦ᠂ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢᠨ ᠪᠠᠯᠠ ᠮᠥᠩᠭᠦ ᠶᠢᠨ ᠬᠡᠷᠡᠭᠴᠡᠭᠡ ᠱᠠᠭᠠᠷᠳᠠᠯᠭ᠎ᠠ ᠬᠢᠭᠡᠳ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠦᠢᠯᠡᠴᠢᠯᠡᠭᠡ ᠶᠢ ᠬᠠᠷᠢᠯᠴᠠᠨ ᠵᠣᠯᠭᠠᠭᠤᠯᠬᠤ ᠪᠦᠲᠦᠮᠵᠢᠲᠡᠶ ᠠᠷᠭ᠎ᠠ ᠮᠠᠶ᠋ᠢᠭ ᠢ ᠬᠠᠮᠲᠤ ᠪᠠᠷ ᠰᠤᠳᠤᠯᠤᠨ ᠶᠠᠷᠢᠯᠴᠠᠭᠰᠠᠨ ᠪᠥᠭᠡᠳ ᠵᠠᠰᠠᠭ ᠪᠠᠩᠬᠢ ᠶᠢᠨ ᠬᠠᠮᠲᠤᠷᠠᠯᠴᠠᠭ᠎ᠠ ᠶᠢ ᠤᠯᠠᠮ ᠨᠢᠭᠡ ᠠᠯᠬᠤᠮ ᠭᠦᠨᠵᠡᠭᠡᠶᠢᠷᠡᠭᠦᠯᠬᠦ ᠲᠤᠬᠠᠶ ᠰᠠᠨᠠᠯ ᠢᠶᠠᠨ ᠭᠦᠨᠵᠡᠭᠡᠶ ᠰᠣᠯᠢᠯᠴᠠᠪᠠ᠃    ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠢᠩᠬᠢᠮ ᠤᠨ ᠬᠠᠮᠢᠶ᠎ᠠ ᠪᠥᠬᠦᠶ ᠭᠠᠵᠠᠷ ᠲᠠᠰᠤᠭ ᠤᠨ ᠬᠠᠷᠢᠭᠤᠴᠠᠯᠭᠠᠲᠠᠨ᠂ ᠡᠯ᠎ᠡ ᠠᠶᠢᠮᠠᠭ ᠬᠤᠲᠠ ᠶᠢᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ ᠵᠢᠴᠢ ᠬᠥᠬᠡᠬᠤᠲᠠ᠂ ᠪᠤᠭᠤᠲᠤ ᠶᠢᠨ ᠬᠤᠲᠠ ᠶᠢᠨ ᠬᠠᠮᠢᠶᠠᠷᠤᠯᠲᠠ ᠶᠢᠨ ᠲᠣᠪᠴᠢᠶ᠎ᠠ᠂ ᠮᠠᠨᠵᠤᠤᠷ ᠬᠤᠲᠠ᠂ ᠡᠷᠢᠶᠡᠨ ᠬᠤᠲᠠ ᠶᠢᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ᠂ ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠲᠣᠪᠴᠢᠶ᠎ᠠ ᠶᠢᠨ ᠬᠤᠪᠢᠳᠠᠨ ᠬᠠᠮᠢᠶᠠᠷᠴᠤ ᠪᠥᠬᠦᠶ ᠨᠥᠬᠦᠳ ᠵᠢᠴᠢ ᠬᠠᠮᠢᠶ᠎ᠠ ᠪᠥᠬᠦᠶ ᠰᠠᠯᠠᠭ᠎ᠠ ᠲᠠᠰᠤᠭ ᠤᠨ ᠬᠠᠷᠢᠭᠤᠴᠠᠯᠭᠠᠲᠠᠨ ᠨᠥᠬᠦᠳ᠂ ᠵᠠᠮ ᠬᠠᠷᠢᠯᠴᠠᠭᠠᠨ ᠤ ᠪᠠᠩᠬᠢ ᠶᠢᠨ ᠥᠪᠥᠷ ᠮᠣᠩᠭᠤᠯ ᠤᠨ ᠬᠤᠪᠢᠶᠠᠷᠢ ᠪᠠᠩᠬᠢ᠂ ᠥᠪᠥᠷ ᠮᠣᠩᠭᠤᠯ ᠤᠨ ᠪᠠᠩᠬᠢ ᠶᠢᠨ ᠬᠤᠪᠢᠴᠠᠭᠠᠳᠦ ᠬᠢᠵᠠᠭᠠᠷᠲᠤ ᠺᠣᠮᠫᠠᠨᠢ᠂ ᠤᠯᠤᠰ ᠤᠨ ᠨᠡᠭᠡᠭᠡᠨ ᠬᠥᠭᠵᠢᠭᠦᠯᠦᠯᠲᠡ ᠶᠢᠨ ᠪᠠᠩᠬᠢ ᠶᠢᠨ ᠥᠪᠥᠷ ᠮᠣᠩᠭᠤᠯ ᠳᠠᠬᠢ ᠬᠤᠪᠢᠶᠠᠷᠢ ᠪᠠᠩᠬᠢ ᠶᠢᠨ ᠬᠠᠮᠢᠶ᠎ᠠ ᠪᠥᠬᠦᠶ ᠲᠤᠬᠠᠶᠢᠯᠠᠭᠰᠠᠨ ᠠᠵᠢᠯ ᠤᠨ ᠬᠠᠷᠢᠭᠤᠴᠠᠯᠭᠠᠲᠠᠨ ᠨᠥᠬᠦᠳ ᠬᠤᠷᠠᠯ ᠳᠤ ᠣᠷᠣᠯᠴᠠᠵᠠᠶ  
ᠢᠷᠡᠯᠲᠡ᠄ ᠲᠢᠩᠬᠢᠮ ᠤᠨ ᠲᠦᠯᠦᠪᠯᠡᠯᠭᠡᠳᠦ ᠡᠳ᠋ ᠤᠨ ᠶᠠᠪᠤᠳᠠᠯ ᠤᠨ ᠭᠠᠵᠠᠷ
Baidu
map