ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠢᠩᠬᠢᠮ 2024 ᠣᠨ ᠤ ᠠᠶᠤᠯᠭᠦᠶ ᠦᠢᠯᠡᠳᠪᠦᠷᠢᠯᠡᠯ ᠤᠨ ᠰᠠᠷ᠎ᠠ ᠶᠢᠨ ᠡᠬᠢᠯᠡᠯᠲᠡ ᠶᠢᠨ ᠶᠣᠰᠣᠯᠠᠯ ᠤᠨ ᠠᠵᠢᠯᠯᠠᠭ᠎ᠠ ᠶᠢ ᠵᠣᠬᠢᠶᠠᠨ ᠪᠠᠶᠢᠭᠤᠯᠵᠤ ᠥᠷᠨᠢᠭᠦᠯᠪᠡ
ᠨᠡᠶᠢᠲᠡᠯᠡᠭᠰᠡᠨ ᠴᠠᠭ᠄
2024/6/4
    ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠪᠠ ᠶᠡᠷᠦᠩᠬᠡᠢ ᠱᠦᠵᠢ ᠰᠢ ᠶᠢᠨ ᠫᠢᠩ ᠤᠨ ᠠᠶᠤᠯᠭᠦᠢ ᠦᠢᠯᠡᠳᠪᠦᠷᠢᠯᠡᠯ ᠤᠨ ᠲᠤᠬᠠᠢ ᠴᠢᠬᠤᠯᠠ ᠥᠭᠦᠯᠡᠯᠲᠡ ᠶᠢ ᠭᠦᠨᠵᠡᠭᠡᠢ ᠤᠬᠠᠭᠤᠯᠤᠨ ᠲᠤᠭᠤᠰᠢᠯᠠᠭᠤᠯᠵᠤ᠂ ᠠᠮᠤᠷ ᠲᠦᠪᠰᠢᠨ ᠤ ᠤᠯᠠᠭᠠᠨ ᠱᠤᠭᠤᠮ ᠤᠨ ᠤᠬᠠᠮᠰᠠᠷ ᠢ ᠦᠷᠭᠦᠯᠵᠢᠯᠡᠨ ᠪᠠᠲᠤ ᠪᠠᠬᠢ ᠪᠤᠢ ᠪᠣᠯᠭᠠᠵᠤ᠂ ᠠᠶᠤᠯᠭᠦᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢ ᠪᠣᠳᠠᠲᠠᠢ ᠳᠤ ᠨᠠᠶᠢᠳᠠᠪᠤᠷᠢᠵᠢᠭᠤᠯᠬᠤ ᠶᠢ ᠠᠬᠢᠭᠤᠯᠬᠤ ᠶᠢᠨ ᠲᠥᠯᠥᠭᠡ᠂ 6 ᠳ᠋ᠤᠭᠠᠷ ᠰᠠᠷ᠎ᠠ ᠶᠢᠨ 1 ᠤ ᠡᠳᠦᠷ᠂ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠳᠠ ᠬᠥᠳᠡᠭᠡ ᠶᠢᠨ ᠪᠦᠳᠦᠭᠡᠨ ᠪᠠᠶᠢᠭᠤᠯᠤᠯᠲᠠ ᠶᠢᠨ ᠲᠢᠩᠬᠢᠮ ᠬᠥᠬᠡᠬᠤᠲᠠ ᠶᠢᠨ ᠣᠷᠣᠨ ᠰᠠᠭᠤᠴᠠ ᠪᠠ ᠬᠤᠳᠠ ᠬᠥᠳᠡᠭᠡ ᠶᠢᠨ ᠪᠦᠳᠦᠭᠡᠨ ᠪᠠᠶᠢᠭᠤᠯᠤᠯᠲᠠ ᠵᠢᠨ‌‍ᠲ᠋ᠤᠪᠴᠢᠶ᠎ᠠ᠂ ᠰᠢᠩᠭᠡ ᠲᠠᠢ ᠪᠦᠳᠦᠭᠡᠨ ᠪᠠᠶᠢᠭᠤᠯᠤᠯᠳᠠ ᠶᠢᠨ ᠪᠦᠯᠦᠭᠯᠡᠯ ᠲᠠᠢ ᠬᠠᠮᠲᠤᠷᠠᠨ ᠬᠦᠬᠡᠬᠤᠳᠠ ᠶᠢᠨ ᠰᠢᠨ᠎ᠡ ᠨᠢᠰᠬᠡᠯ ᠤᠨ ᠪᠠᠭᠤᠳᠠᠯ ᠤᠨ ᠤᠯᠤᠰ ᠤᠨ ᠠᠭᠠᠷ  ᠠᠶᠠᠯᠠᠯ ᠤᠨ ᠥᠪᠥᠷ ᠮᠣᠩᠭᠤᠯ ᠤᠨ ᠺᠣᠮᠫᠠᠨᠢ ᠶᠢᠨ ᠰᠠᠭᠤᠷᠢ ᠢᠨᠵᠧᠨᠧᠷᠢᠩ ︵ᠶᠡᠷᠦᠩᠬᠡᠶᠢᠯᠡᠭᠰᠡᠨ ᠪᠠᠲᠤᠯᠠᠭ᠎ᠠ ᠶᠢᠨ ᠠᠰᠠᠷ︶ ᠤᠨ ᠨᠢᠭᠡᠳᠦᠭᠡᠷ ᠬᠤᠭᠤᠴᠠᠭᠠᠨ ᠤ ᠲᠦᠷᠦᠯ ᠵᠦᠢᠯ ᠤᠨ ᠲᠤᠬᠠᠢ ᠶᠢᠨ ᠲᠠᠯᠠᠪᠠᠢ ᠳᠤ ︽ᠬᠥᠮᠦᠨ ᠪᠦᠬᠦᠨ ᠠᠮᠤᠷ ᠲᠦᠪᠰᠢᠨ ᠢ ᠡᠷᠬᠢᠮᠯᠡᠵᠦ᠂ ᠬᠥᠮᠦᠨ ᠪᠦᠬᠦᠨ ᠪᠠᠴᠢᠮ ᠪᠠᠶᠢᠳᠠᠯ ᠢ ᠠᠷᠭᠠᠴᠠᠭᠠᠵᠤ ᠴᠢᠳᠠᠨ᠎ᠠ — ᠠᠮᠢ ᠨᠠᠰᠤᠨ ᠤ ᠵᠠᠮ ᠢ ᠰᠠᠭᠠᠳ ᠦᠭᠡᠢ ᠨᠡᠪᠳᠡᠷᠡᠭᠦᠯᠦᠶ᠎ᠡ ︾ ᠭᠤᠣᠯ ᠰᠡᠳᠦᠪ ᠤᠨ ᠲᠣᠭᠤᠷᠢᠨ ᠳᠤ ︽ᠠᠶᠤᠯᠭᠦᠢ ᠦᠢᠯᠡᠳᠪᠦᠷᠢᠯᠡᠯ ᠤᠨ ᠰᠠᠷ᠎ᠠ︾ ᠶᠢᠨ ᠡᠬᠢᠯᠡᠯᠲᠡ ᠶᠢᠨ ᠶᠣᠰᠣᠯᠠᠯ ᠢ ᠵᠣᠬᠢᠶᠠᠨ ᠪᠠᠶᠢᠭᠤᠯᠵᠤ ᠥᠷᠨᠢᠭᠦᠯᠪᠡ᠃ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠲᠢᠩᠬᠢᠮ ᠤᠨ ᠳᠡᠳ᠋ ᠳᠠᠷᠤᠭ᠎ᠠ ᠯᠢᠦ ᠵᠢᠶᠠᠨ ᠬᠤᠸᠠ ᠡᠬᠢᠯᠡᠯᠲᠡ ᠶᠢᠨ ᠶᠣᠰᠣᠯᠠᠯ ᠳᠤ ᠣᠷᠣᠯᠴᠠᠵᠤ ᠶᠠᠷᠢᠶ᠎ᠠ ᠲᠠᠯᠪᠢᠵᠤ᠂ ᠶᠡᠷᠦᠩᠬᠡᠢ ᠢᠨᠵᠧᠨᠧᠷᠢᠭᠴᠢ ᠯᠢᠦ ᠸᠧᠨ ᠢᠦᠢ ᠶᠣᠰᠣᠯᠠᠯ ᠳᠤ ᠣᠷᠣᠯᠴᠠᠪᠠ᠃
W020240603363410737915.jpg 
       ᠯᠢᠦ ᠵᠢᠶᠠᠨ ᠬᠤᠸᠠ᠂ ᠡᠨᠡ ᠵᠢᠯ ᠠᠴᠠ ᠨᠠᠭᠠᠰᠢ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠵᠠᠰᠠᠭ ᠤᠨ ᠣᠷᠳᠣᠨ ᠪᠣᠯᠤᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠶᠠᠮᠤᠨ ᠤ ᠵᠥᠪ ᠤᠳᠤᠷᠢᠳᠤᠯᠭ᠎ᠠ ᠪᠣᠯᠤᠨ ᠬᠦᠴᠦᠲᠡᠶ ᠳᠡᠮᠵᠢᠯᠭᠡ ᠬᠠᠯᠠᠮᠵᠢᠯᠠᠯ ᠳᠣᠤᠷ᠎ᠠ᠂ ᠪᠥᠬᠦ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠰᠢᠰᠲ᠋ᠧᠮ ᠠᠶᠤᠯᠭᠦᠶ ᠦᠢᠯᠡᠳᠪᠦᠷᠢᠯᠡᠯ ᠤᠨ ᠠᠵᠢᠯ ᠢ ᠪᠥᠬᠦ ᠬᠦᠴᠦᠨ ᠢᠶᠠᠷ ᠢᠶᠠᠨ ᠰᠠᠶᠢᠲᠤᠷ ᠠᠳᠬᠤᠵᠤ᠂ ᠠᠶᠤᠯᠭᠦᠶ ᠦᠢᠯᠡᠳᠪᠦᠷᠢᠯᠡᠯ ᠤᠨ ᠪᠠᠶᠢᠳᠠᠯ ᠦᠷᠭᠦᠯᠵᠢᠯᠡᠨ ᠲᠣᠭᠲᠠᠭᠤᠨ ᠢᠶᠠᠷ ᠰᠠᠶᠢᠵᠢᠷᠠᠵᠤ᠂ ᠮᠠᠨ ᠤ ᠣᠷᠣᠨ ᠤ ᠴᠢᠨᠠᠷ ᠰᠠᠶᠢᠲᠠᠶ ᠬᠥᠭᠵᠢᠯᠲᠡ ᠳᠤ ᠰᠠᠶᠢᠨ ᠰᠠᠶᠢᠬᠠᠨ ᠠᠮᠤᠷ ᠲᠦᠪᠰᠢᠨ ᠤ ᠣᠷᠴᠢᠨ ᠲᠣᠭᠤᠷᠢᠨ ᠢ ᠪᠣᠶ ᠪᠣᠯᠭᠠᠪᠠ ᠭᠡᠵᠤ ᠵᠢᠭᠠᠨ ᠭᠠᠷᠭᠠᠪᠠ᠃ᠯᠢᠦ ᠵᠢᠶᠠᠨ ᠬᠤᠸᠠ᠂ ᠪᠦᠬᠦ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠰᠢᠰᠲ᠋ᠧᠮ ᠤᠨ ᠬᠢᠨ ︽ᠠᠶᠤᠯᠭᠦᠢ ᠦᠢᠯᠡᠳᠪᠦᠷᠢᠯᠡᠯ ᠤᠨ ᠰᠠᠷ᠎ᠠ︾ ᠶᠢᠨ ᠠᠵᠢᠯᠯᠠᠭ᠎ᠠ ᠪᠠᠷ ᠠᠵᠠ ᠲᠣᠬᠢᠶᠠᠯ ᠪᠣᠯᠭᠠᠵᠤ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠬᠦᠷᠢᠶᠡᠨ ᠳᠠᠬᠢ ᠦᠨᠳᠦᠰᠦᠨ ᠠᠴᠠ ᠨᠢ ᠵᠠᠰᠠᠬᠤ ᠪᠣᠭᠤᠮᠲᠠ ᠰᠢᠪᠲᠤᠯᠬᠤ ᠭᠤᠷᠪᠠᠨ ᠵᠢᠯ ᠤᠨ ᠠᠵᠢᠯᠯᠠᠭ᠎ᠠ ᠶᠢ ᠯᠠᠪᠳᠠᠭᠤᠨ ᠪᠠᠲᠤᠲᠠᠢ ᠥᠷᠨᠢᠭᠦᠯᠵᠦ᠂ ᠦᠪᠡᠰᠤᠪᠠᠨ ᠪᠠᠷᠢᠭᠰᠠᠨ ᠭᠡᠷ ᠪᠠᠶᠢᠰᠢᠩ ᠤᠨ ᠠᠮᠤᠷ ᠲᠦᠪᠰᠢᠨ ᠤ ᠲᠤᠰᠬᠠᠢ ᠴᠡᠭᠴᠡᠯᠡᠨ ᠵᠠᠰᠠᠬᠤ ᠠᠵᠢᠯ ᠢ ᠦᠷᠭᠦᠯᠵᠢᠯᠡᠨ ᠠᠬᠢᠭᠤᠯᠵᠤ᠂ ᠰᠢᠲᠠᠮᠠᠬᠠᠢ ᠬᠡᠢ ᠶᠢ ᠴᠡᠭᠴᠡᠯᠡᠨ ᠵᠠᠰᠠᠬᠤ ︽ᠡᠷᠬᠢᠨ ᠬᠠᠷᠠᠬᠤ︾ ᠠᠵᠢᠯᠯᠠᠭ᠎ᠠ ᠶᠢ ᠪᠦᠬᠦ ᠲᠠᠯ᠎ᠠ ᠪᠠᠷ ᠰᠠᠶᠢᠲᠤᠷ ᠠᠳᠬᠤᠵᠤ᠂ ᠭᠡᠷ ᠪᠠᠶᠢᠰᠢᠩ ᠬᠤᠳᠠ ᠶᠢᠨ ᠶᠠᠪᠤᠳᠠᠯ ᠤᠨ ᠢᠨᠵᠧᠨᠧᠷᠢᠩ ᠤᠨ ᠬᠤᠶᠠᠷ ᠵᠢᠯ ᠤᠨ ᠵᠠᠰᠠᠯᠲᠠ ᠶᠢᠨ ᠠᠵᠢᠯᠯᠠᠭ᠎ᠠ ᠶᠢ ᠪᠠᠬᠢᠵᠢᠭᠦᠯᠦᠨ ᠳᠡᠭᠡᠭᠰᠢᠯᠡᠭᠦᠯᠵᠦ᠂ ᠬᠦᠨᠳᠦ ᠶᠡᠭᠡ ᠠᠮᠤᠷ ᠲᠦᠪᠰᠢᠨ ᠤ ᠠᠶᠤᠯ ᠲᠦᠭᠰᠢᠭᠦᠷᠢ ᠶᠢ ᠡᠬᠢ ᠡᠭᠦᠰᠦᠯ ᠠᠴᠠ ᠨᠢ ᠰᠡᠷᠭᠡᠶᠢᠯᠡᠨ ᠠᠷᠢᠯᠭᠠᠵᠤ᠂ ᠬᠦᠨᠳᠦ ᠶᠡᠭᠡ ᠦᠢᠯᠡᠳᠪᠦᠷᠢᠯᠡᠯ ᠤᠨ ᠠᠮᠤᠷ ᠲᠦᠪᠰᠢᠨ ᠤ ᠠᠳᠡᠯ ᠭᠠᠷᠬᠤ ᠶᠢ ᠡᠷᠡᠰ ᠬᠤᠷᠢᠭᠯᠠᠬᠤ ᠬᠡᠷᠡᠭᠲᠡᠢ ᠭᠡᠵᠤ ᠴᠢᠬᠤᠯᠠᠴᠢᠯᠠᠪᠠ ᠃
W020240603363410904277.jpg
W020240603363410932251.jpg
    ᠯᠢᠦ ᠵᠢᠶᠠᠨ ᠬᠤᠸᠠ᠂ ᠪᠦᠬᠦ ᠣᠷᠣᠨ ᠤ ᠣᠷᠣᠨ ᠰᠠᠭᠤᠴᠠ ᠪᠠ ᠬᠤᠳᠠ ᠬᠥᠳᠡᠭᠡ ᠶᠢᠨ ᠪᠦᠳᠦᠭᠡᠨ ᠪᠠᠶᠢᠭᠤᠯᠤᠯᠲᠠ ᠶᠢᠨ ᠰᠢᠰᠲ᠋ᠧᠮ ᠤᠨ ᠬᠢᠨ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠵᠤ᠂ ᠠᠮᠤᠷ ᠲᠦᠪᠰᠢᠨ ᠤ ᠬᠥᠮᠦᠵᠢᠯ ᠪᠣᠯᠪᠠᠰᠤᠷᠠᠯ ᠢ ᠴᠢᠩᠭᠠᠳᠬᠠᠵᠤ᠂ ᠠᠶᠤᠯᠭᠦᠢ ᠦᠢᠯᠡᠳᠪᠦᠷᠢᠯᠡᠯ ᠤᠨ ᠬᠠᠮᠢᠶᠠᠷᠤᠯᠲᠠ ᠶᠢᠨ ᠲᠦᠪᠰᠢᠨ ᠢ ᠪᠦᠬᠦ ᠲᠠᠯ᠎ᠠ ᠪᠠᠷ ᠳᠡᠭᠡᠭᠰᠢᠯᠡᠭᠦᠯᠬᠦ ᠬᠡᠷᠡᠭᠲᠡᠢ᠃ ᠤᠬᠠᠭᠤᠯᠭ᠎ᠠ ᠶᠢᠨ ᠡᠷᠴᠢᠮ ᠢᠶᠠᠨ ᠴᠢᠩᠭᠠᠷᠠᠭᠤᠯᠵᠤ᠂ ᠠᠮᠤᠷ ᠲᠦᠪᠰᠢᠨ ᠤ ᠮᠡᠳᠡᠯᠭᠡ ᠶᠢ ᠲᠦᠭᠡᠮᠡᠯᠵᠢᠭᠦᠯᠵᠦ᠂ ᠠᠮᠤᠷ ᠲᠦᠪᠰᠢᠨ ᠤ ᠤᠷ᠎ᠠ ᠴᠢᠳᠠᠪᠤᠷᠢ ᠶᠢ ᠳᠡᠭᠡᠭᠰᠢᠯᠡᠭᠦᠯᠬᠦ ᠬᠡᠷᠡᠭᠲᠡᠶ᠃ ᠰᠣᠨᠢᠨ ᠮᠡᠳᠡᠭᠡ ᠵᠠᠭᠤᠴᠢᠯᠠᠭᠤᠷ ᠤᠨ ᠦᠢᠯᠡᠳᠦᠯ ᠢ ᠭᠦᠢᠴᠡᠳ ᠪᠠᠳᠠᠷᠠᠭᠤᠯᠵᠤ᠂ ᠨᠡᠩ ᠤᠯᠠᠨ ᠬᠡᠯᠪᠡᠷᠢ᠂ ᠪᠠᠶᠠᠯᠢᠭ ᠠᠭᠤᠯᠭ᠎ᠠ ᠲᠠᠢ ᠤᠬᠠᠭᠤᠯᠤᠨ ᠮᠡᠳᠡᠭᠡᠯᠡᠵᠦ᠂ ᠪᠦᠬᠦ ᠨᠡᠶᠢᠭᠡᠮ ᠳᠤ ᠬᠥᠮᠦᠨ ᠪᠦᠬᠦᠨ ᠠᠮᠤᠷ ᠲᠦᠪᠰᠢᠨ ᠢ ᠬᠠᠯᠠᠮᠵᠢᠯᠠᠬᠤ᠂ ᠬᠥᠮᠦᠨ ᠪᠦᠬᠦᠨ ᠠᠮᠤᠷ ᠲᠦᠪᠰᠢᠨ ᠳᠤ ᠣᠷᠣᠯᠴᠠᠬᠤ ᠭᠦᠨ ᠵᠤᠵᠠᠭᠠᠨ ᠶᠠᠷᠢᠶ᠎ᠠ ᠬᠡᠯᠡᠯᠴᠡᠭᠡᠨ ᠤ ᠠᠭᠤᠷ ᠠᠮᠢᠰᠬᠤᠯ ᠢ ᠪᠤᠢ ᠪᠤᠯᠭᠠᠬᠤ ᠬᠡᠷᠡᠭᠳᠡᠢ ᠭᠡᠵᠤ ᠱᠠᠭᠠᠷᠳᠠᠪᠠ᠃
W020240603363410974180.jpg
    ᠡᠭᠦᠨ ᠠᠴᠠ ᠭᠠᠳᠠᠨ᠎ᠠ᠂ ᠲᠤᠬᠠᠶ ᠶᠢᠨ ᠲᠠᠯᠠᠪᠠᠶ ᠳᠤ ᠪᠠᠰᠠ ︽ᠬᠥᠮᠦᠨ ᠪᠦᠬᠦᠨ ᠠᠮᠤᠷ ᠲᠦᠪᠰᠢᠨ ᠢ ᠡᠷᠬᠢᠮᠯᠡᠵᠦ᠂ ᠬᠥᠮᠦᠨ ᠪᠦᠬᠦᠨ ᠪᠠᠴᠢᠮ ᠪᠠᠶᠢᠳᠠᠯ ᠢ ᠠᠷᠭᠠᠴᠠᠭᠠᠵᠤ ᠴᠢᠳᠠᠨ᠎ᠠ — ᠠᠮᠢ ᠨᠠᠰᠤᠨ ᠤ ᠵᠠᠮ ᠢ ᠰᠠᠭᠠᠳ ᠥᠬᠡᠶ ᠨᠡᠪᠳᠡᠷᠡᠭᠦᠯᠦᠶ᠎ᠡ︾ ᠠᠮᠤᠷ ᠲᠦᠪᠰᠢᠨ ᠤ ᠲᠠᠩᠭᠠᠷᠢᠭᠯᠠᠯ ᠵᠢᠴᠢ ᠰᠠᠭᠤᠷᠢ ᠨᠦᠬᠡ ᠶᠢᠨ ᠨᠤᠷᠠᠯᠲᠠ ᠳᠤ ᠠᠪᠤᠷᠠᠨ ᠲᠤᠰᠠᠯᠠᠬᠤ ᠪᠠᠴᠢᠮ ᠪᠠᠶᠢᠳᠠᠯ ᠢ ᠠᠷᠭᠠᠴᠠᠬᠤ ᠰᠣᠷᠢᠯᠲᠠ ᠬᠢᠵᠦ᠂ ᠲᠥᠷᠥᠯ ᠵᠦᠢᠯ ᠤᠨ ᠬᠡᠯᠳᠡᠰ ᠤᠨ ᠲᠦᠷ ᠴᠠᠭ ᠤᠨ ᠨᠠᠮ ᠤᠨ ᠡᠭᠦᠷ ᠤᠨ ᠨᠠᠮ ᠤᠨ ᠪᠠᠶᠢᠭᠤᠯᠤᠯᠲᠠ ᠶᠢᠨ  ᠭᠠᠵᠠᠷ ᠢ ᠲᠣᠭᠤᠷᠢᠨ ᠦᠵᠡᠵᠦ᠂ ᠲᠣᠭᠠᠴᠢᠯᠠᠭᠰᠠᠨ ᠮᠡᠷᠭᠡᠵᠢᠯ᠂ BIM ᠮᠡᠷᠭᠡᠵᠢᠯ ᠤᠨ ᠬᠡᠷᠡᠭᠯᠡᠯᠲᠡ ᠶᠢᠨ ᠪᠠᠶᠢᠳᠠᠯ ᠢ ᠨᠠᠷᠢᠨ ᠣᠶᠢᠯᠠᠭᠠᠪᠠ᠃    ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠢᠩᠬᠢᠮ ᠤᠨ ᠬᠠᠮᠢᠶ᠎ᠠ ᠪᠥᠬᠦᠶ ᠭᠠᠵᠠᠷ ᠬᠡᠷ ᠨᠢᠭᠡᠴᠢ ᠵᠢᠴᠢ ᠬᠥᠬᠡᠬᠤᠲᠠ ᠶᠢᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ᠂ ᠰᠢᠩ ᠲᠠᠢ ᠪᠥᠲᠥᠭᠡᠨ ᠪᠠᠶᠢᠭᠤᠯᠤᠯᠲᠠ ᠶᠢᠨ ᠪᠦᠯᠦᠭᠯᠡᠯ ᠵᠡᠷᠭᠡ ᠬᠤᠯᠪᠣᠭᠳᠠᠯ ᠪᠥᠬᠦᠶ ᠨᠢᠭᠡᠴᠢ ᠶᠢᠨ ᠬᠠᠷᠢᠭᠤᠴᠠᠯᠭᠠᠲᠠᠨ ᠲᠣᠰ ᠤᠳᠠᠭᠠᠨ ᠤ ᠠᠵᠢᠯᠯᠠᠭ᠎ᠠ ᠳᠤ ᠣᠷᠣᠯᠴᠠᠪᠠ᠃ 
ᠢᠷᠡᠯᠲᠡ᠄ ᠲᠢᠩᠬᠢᠮ ᠤᠨ ᠪᠠᠷᠢᠯᠭ᠎ᠠ ᠶᠢᠨ ᠶᠠᠰᠤ ᠴᠢᠨᠠᠷ ᠤᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢᠨ ᠭᠠᠵᠠᠷ
Baidu
map