ᠭᠦᠸᠧ ᠢᠦᠶ ᠹᠧᠩ ᠬᠥᠬᠡᠬᠤᠲᠠ ᠳᠤ ᠭᠦᠨᠵᠡᠭᠡᠶᠢᠷᠡᠨ ᠲᠤᠯᠠᠭᠠᠯᠭ᠎ᠠ ᠶᠢᠨ ᠢᠨᠵᠧᠨᠧᠷᠢᠩ ᠢ ᠬᠡᠷᠡᠭᠵᠢᠭᠦᠯᠦᠭᠰᠡᠨ ᠪᠠᠶᠢᠳᠠᠯ ᠳᠤ ᠪᠠᠶᠢᠴᠠᠭᠠᠨ ᠰᠤᠳᠤᠯᠤᠯᠳᠠ ᠬᠢᠪᠡ
ᠨᠡᠶᠢᠲᠡᠯᠡᠭᠰᠡᠨ ᠴᠠᠭ᠄
2024/6/4
    5 ᠳ᠋ᠤᠭᠠᠷ ᠰᠠᠷ᠎ᠠ ᠶᠢᠨ 31 ᠤ ᠡᠳᠦᠷ᠂ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠢᠩᠬᠢᠮ ᠤᠨ ᠳᠠᠷᠤᠭ᠎ᠠ ᠭᠦᠸᠧ ᠢᠦᠶ ᠹᠧᠩ ᠬᠥᠬᠡᠬᠤᠲᠠ ᠳᠤ ᠲᠤᠯᠠᠭᠠᠯᠭ᠎ᠠ ᠶᠢᠨ ᠢᠨᠵᠧᠨᠧᠷᠢᠩ ᠢ ᠬᠡᠷᠡᠭᠵᠢᠭᠦᠯᠦᠭᠰᠡᠨ ᠪᠠᠶᠢᠳᠠᠯ ᠳᠤ ᠪᠠᠶᠢᠴᠠᠭᠠᠨ ᠰᠤᠳᠤᠯᠤᠯᠲᠠ ᠬᠢᠪᠠ᠃
W020240603360706101349.jpg
    ᠭᠦᠸᠧ ᠢᠦᠢ ᠹᠧᠩ ᠤᠷᠢᠳ ᠬᠤᠵᠢᠳ ᠰᠠᠶᠢᠬᠠᠨ ᠲᠣᠭᠤᠷᠢᠭ ᠤᠨ ᠾᠧ ᠲᠠᠩ ᠶᠦᠸᠧ ᠰᠧ ᠰᠠᠭᠤᠭᠠᠯᠢ ᠠᠷᠠᠳ ᠤᠨ ᠲᠣᠭᠤᠷᠢᠭ᠂ ᠰᠢᠨ ᠺᠠᠩ ᠬᠤᠸᠠ ᠶᠤᠸᠠᠨ ᠰᠠᠭᠤᠭᠠᠯᠢ ᠠᠷᠠᠳ ᠤᠨ ᠲᠣᠭᠤᠷᠢᠭ ᠵᠢᠴᠢ ᠢᠦᠢ ᠴᠢᠤᠸᠠᠨ ᠲᠣᠭᠤᠷᠢᠭ ᠤᠨ ᠹᠧᠩ ᠷᠦᠢ ᠴᠡᠴᠡᠷᠯᠢᠭ ᠤᠨ ᠨᠢᠭᠡᠳᠦᠭᠡᠷ ᠰᠠᠭᠤᠭᠠᠯᠢ ᠠᠷᠠᠳ ᠤᠨ ᠲᠣᠭᠤᠷᠢᠭ ᠵᠡᠷᠭᠡ ᠭᠠᠵᠠᠷ ᠲᠤ ᠬᠦᠷᠴᠦ ᠪᠠᠶᠢᠴᠠᠭᠠᠨ ᠰᠤᠳᠤᠯᠤᠯᠲᠠ ᠬᠢᠵᠦ᠂ ᠲᠤᠯᠠᠭᠠᠯᠭ᠎ᠠ ᠶᠢᠨ ᠢᠨᠵᠧᠨᠧᠷᠢᠩ ᠢ ᠬᠡᠷᠡᠭᠵᠢᠭᠦᠯᠦᠭᠰᠡᠨ ᠪᠠᠶᠢᠳᠠᠯ ᠢ ᠲᠤᠬᠠᠢ ᠶᠢᠨ ᠭᠠᠵᠠᠷ ᠲᠤᠨᠢ ᠰᠢᠨᠵᠢᠯᠡᠨ ᠪᠠᠶᠢᠴᠠᠭᠠᠵᠤ᠂ ᠬᠠᠷᠢᠶ᠎ᠠ ᠭᠠᠵᠠᠷ ᠤᠨ ᠵᠠᠰᠠᠭ ᠤᠨ ᠣᠷᠳᠣᠨ᠂ ᠣᠷᠣᠨ ᠰᠠᠭᠤᠴᠠ ᠪᠠ ᠬᠤᠳᠠ ᠬᠥᠳᠡᠭᠡ ᠶᠢᠨ ᠪᠦᠳᠦᠭᠡᠨ ᠪᠠᠶᠢᠭᠤᠯᠤᠯᠲᠠ ᠶᠢᠨ ᠰᠠᠯᠠᠭ᠎ᠠ ᠮᠥᠴᠢᠷ᠂ ᠠᠵᠤ ᠠᠬᠤᠶᠢᠯᠠᠯ᠂ ᠪᠠᠷᠢᠯᠭ᠎ᠠ ᠶᠢᠨ ᠲᠠᠯ᠎ᠠ ᠶᠢᠨ ᠬᠠᠷᠢᠭᠤᠴᠠᠯᠭᠠᠲᠠᠨ ᠵᠢᠴᠢ ᠲᠤᠰᠬᠠᠢ ᠮᠡᠷᠭᠡᠵᠢᠯᠲᠡᠨ ᠲᠠᠢ ᠬᠠᠮᠲᠤ ᠪᠠᠷ ᠳᠠᠷᠠᠭᠠᠴᠢ ᠶᠢᠨ ᠠᠯᠬᠤᠮ ᠤᠨ ᠠᠬᠢᠭᠤᠯᠬᠤ ᠠᠷᠭ᠎ᠠ ᠬᠡᠮᠵᠢᠶ᠎ᠡ ᠶᠢ ᠰᠤᠳᠤᠯᠤᠨ ᠶᠠᠷᠢᠯᠴᠠᠪᠠ᠃    ᠭᠦᠸᠧ ᠢᠦᠢ ᠹᠧᠩ ᠂ ᠲᠤᠯᠠᠭᠠᠯᠭ᠎ᠠ ᠶᠢᠨ ᠢᠨᠵᠧᠨᠧᠷᠢᠩ ᠪᠣᠯ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠠᠷᠪᠠᠨ ᠨᠢᠭᠡᠳᠦᠭᠡᠷ ᠬᠤᠭᠤᠴᠠᠭᠠᠨ ᠤ ᠳᠣᠯᠣᠳᠤᠭᠠᠷ ᠪᠦᠬᠦᠳᠡ ᠬᠤᠷᠠᠯ ᠠᠴᠠ ᠲᠣᠭᠲᠠᠭᠠᠭᠰᠠᠨ ︽ᠵᠢᠷᠭᠤᠭᠠᠨ ᠢᠨᠵᠧᠨᠧᠷᠢᠩ︾ ᠤᠨ ᠨᠢᠭᠡ ᠪᠣᠯᠤᠨ᠎ᠠ᠂ ᠲᠦᠭ ᠲᠦᠮᠡᠨ ᠠᠶᠢᠯ ᠡᠷᠦᠬᠡ ᠳᠤ ᠠᠰᠢᠭ ᠬᠦᠷᠲᠡᠭᠡᠬᠦ ᠴᠢᠬᠤᠯᠠ ᠶᠡᠭᠡ ᠠᠷᠠᠳ ᠤᠨ ᠠᠮᠢᠳᠤᠷᠠᠯ ᠤᠨ ᠢᠨᠵᠧᠨᠧᠷᠢᠩ ᠪᠣᠯᠤᠨ᠎ᠠ᠃ ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠪᠠᠲᠤ ᠪᠠᠬᠢ ᠪᠤᠢ ᠪᠣᠯᠭᠠᠵᠤ᠂ ᠢᠯᠴᠢ ᠬᠠᠩᠭᠠᠬᠤ ᠪᠠᠲᠤᠯᠠᠭ᠎ᠠ ᠶᠢᠨ ᠠᠵᠢᠯ ᠢ ᠰᠠᠶᠢᠲᠤᠷ ᠬᠢᠬᠦ ᠶᠢᠨ ᠴᠢᠬᠤᠯᠠ ᠴᠢᠨᠠᠷ ᠪᠣᠯᠤᠨ ᠲᠤᠯᠭᠠᠮ᠎ᠠ ᠴᠢᠨᠠᠷ ᠢ ᠭᠦᠢᠴᠡᠳ ᠲᠠᠨᠢᠵᠤ ᠂ ᠰᠢᠰᠲ᠋ᠧᠮ ᠲᠠᠢ ᠲᠥᠯᠥᠪᠵᠢᠭᠦᠯᠦᠨ ᠨᠠᠶᠢᠳᠠᠪᠤᠷᠢᠵᠢᠭᠤᠯᠵᠤ᠂ ᠪᠦᠬᠦ ᠬᠦᠴᠦᠨ ᠢᠶᠠᠷ ᠢᠶᠠᠨ ︽ ᠲᠤᠯᠠᠭᠠᠯᠭ᠎ᠠ ᠶᠢᠨ ᠢᠨᠵᠧᠨᠧᠷᠢᠩ︾ ᠢ ᠤᠯᠠᠨ ᠲᠦᠮᠡᠨ ᠤ ᠬᠠᠨᠤᠮᠵᠢᠲᠠᠢ ᠪᠠᠶᠢᠬᠤ᠂ ᠨᠡᠶᠢᠭᠡᠮ ᠨᠡᠶᠢᠲᠡ ᠪᠠᠷ ᠢᠶᠠᠨ ᠮᠡᠳᠡᠷᠡᠭᠰᠡᠨ ᠠᠷᠠᠳ ᠤᠨ ᠰᠡᠳᠬᠢᠯ ᠤᠨ ᠢᠨᠵᠧᠨᠧᠷᠢᠩ ᠪᠣᠯᠭᠠᠨ ᠡᠷᠬᠢᠯᠡᠬᠦ ᠬᠡᠷᠡᠭᠲᠡᠢ ᠭᠡᠵᠤ ᠴᠢᠬᠤᠯᠠᠴᠢᠯᠠᠪᠠ᠃
W020240603360707533125.jpg
    ᠭᠦᠸᠧ ᠢᠦᠢ ᠹᠧᠩ ᠂ ᠪᠦᠲᠦᠮᠵᠢᠲᠡᠢ ᠪᠠᠷᠢᠯᠭ᠎ᠠ ᠶᠢᠨ ᠬᠤᠭᠤᠴᠠᠭ᠎ᠠ ᠶᠢ ᠴᠢᠩᠭ᠎ᠠ ᠠᠳᠬᠤᠵᠤ᠂ ᠴᠠᠭ ᠬᠤᠭᠤᠴᠠᠭ᠎ᠠ ᠶᠢᠨ ᠵᠠᠩᠭᠢᠯᠠᠭ᠎ᠠ ᠶᠢᠨ ᠴᠡᠭ ᠢ ᠴᠢᠩᠭ᠎ᠠ ᠠᠩᠬᠠᠷᠴᠤ᠂ ᠪᠠᠷᠢᠯᠭ᠎ᠠ ᠶᠢᠨ ᠬᠤᠭᠤᠴᠠᠭ᠎ᠠ ᠶᠢ ᠲᠣᠩᠭᠤᠷᠠᠭᠤᠯᠤᠨ ᠪᠠᠶᠢᠷᠢᠯᠠᠭᠤᠯᠵᠤ᠂ ᠲᠦᠷᠭᠡᠳᠭᠡᠨ ᠠᠬᠢᠭᠤᠯᠵᠤ᠂ ᠲᠦᠷᠦᠯ ᠵᠦᠢᠯ ᠤᠨ ᠲᠣᠭᠲᠠᠭᠰᠠᠨ ᠬᠤᠭᠤᠴᠠᠭᠠᠨ ᠳᠠᠭᠠᠨ ᠠᠵᠢᠯ ᠡᠬᠢᠯᠡᠭᠦᠯᠵᠦ᠂ ᠲᠣᠭᠲᠠᠭᠰᠠᠨ ᠴᠠᠭ ᠲᠠᠭᠠᠨ ᠪᠠᠷᠢᠯᠭ᠎ᠠ ᠳᠠᠭᠤᠰᠬᠠᠬᠤ ᠶᠢ ᠪᠠᠲᠤᠯᠠᠬᠤ ᠬᠡᠷᠡᠭᠲᠡᠢ᠃ ᠢᠯᠴᠢ ᠶᠢᠨ ᠢᠷᠡᠯᠲᠡ᠂ ᠬᠤᠭᠤᠯᠠᠶ ᠲᠣᠤᠷ᠂ ᠢᠯᠴᠢ ᠶᠢᠨ ᠬᠦᠴᠦᠨ ᠤ ᠥᠷᠲᠡᠭᠡ᠂ ᠬᠡᠷᠡᠭᠯᠡᠭᠴᠢ ᠵᠡᠷᠭᠡ ᠳᠥᠷᠪᠡᠨ ᠲᠠᠯ᠎ᠠ ᠶᠢᠨ ᠪᠠᠷᠢᠯᠭ᠎ᠠ ᠶᠢᠨ ᠠᠬᠢᠴᠠ ᠶᠢ ᠨᠢᠭᠡᠳᠦᠯᠲᠡᠶ ᠲᠥᠯᠥᠪᠯᠡᠨ ᠰᠠᠶᠢᠲᠤᠷ ᠠᠳᠬᠤᠵᠤ᠂ ᠢᠯᠴᠢ ᠶᠢᠨ ᠢᠷᠡᠯᠲᠡ ᠶᠢᠨ ᠪᠥᠲᠥᠭᠡᠨ ᠪᠠᠶᠢᠭᠤᠯᠤᠯᠲᠠ᠂ ᠨᠢᠭᠡᠳᠦᠭᠡᠷ ᠳᠡᠰ ᠤᠨ ᠬᠤᠭᠤᠯᠠᠶ ᠲᠣᠤᠷ ᠤᠨ ᠥᠭᠡᠷᠡᠴᠢᠯᠡᠯᠲᠡ ᠶᠢ ᠳᠥᠯᠭᠢᠨ ᠠᠬᠢᠭᠤᠯᠬᠤ ᠪᠠᠷ ᠪᠠᠷᠠᠬᠤ ᠥᠬᠡᠶ᠂ ᠨᠠᠩ ᠴᠤ ᠬᠤᠶᠠᠳᠤᠭᠠᠷ ᠳᠡᠰ ᠤᠨ ᠬᠤᠭᠤᠯᠠᠶ ᠲᠣᠤᠷ᠂ ᠠᠰᠠᠷ ᠤᠨ ᠪᠤᠰᠤᠭ᠎ᠠ ᠬᠤᠭᠤᠯᠠᠢ᠂ ᠡᠷᠦᠬᠡ ᠶᠢᠨ ᠳᠣᠲᠣᠭᠠᠳᠤ ᠶᠢᠨ ᠰᠢᠰᠲ᠋ᠧᠮ ᠢ ᠥᠭᠡᠷᠡᠴᠢᠯᠡᠬᠦ ᠵᠡᠷᠭᠡ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢᠨ ᠠᠬᠢᠴᠠ ᠶᠢ ᠲᠦᠷᠭᠡᠳᠬᠡᠵᠦ᠂ ︽ᠨᠢᠭᠡ ᠲᠠᠯ᠎ᠠ ᠨᠢ ᠬᠠᠯᠠᠭᠤᠨ᠂ ᠨᠢᠭᠡ ᠲᠠᠯ᠎ᠠ ᠨᠢ ᠬᠦᠢᠳᠡᠨ︾ ᠦᠵᠡᠭᠳᠡᠯ ᠭᠠᠷᠬᠤ ᠠᠴᠠ ᠵᠠᠶᠢᠯᠠᠰᠬᠢᠵᠦ᠂ ᠪᠦᠬᠦᠯᠢ ᠴᠣᠭᠴᠠ ᠶᠢᠨ ᠢᠨᠵᠧᠨᠧᠷᠢᠩ ᠤᠨ ᠠᠬᠢᠴᠠ ᠶᠢ ᠰᠠᠶᠢᠵᠢᠷᠠᠭᠤᠯᠬᠤ ᠬᠡᠷᠡᠭᠲᠡᠶ᠃ ᠢᠯᠠᠩᠭᠤᠶ᠎ᠠ ᠡᠷᠦᠬᠡ ᠬᠤᠪᠢᠶᠠᠭᠰᠠᠨ ︽ ᠰᠢᠰᠲ᠋ᠧᠮ︾ ᠤᠨ ᠪᠠᠶᠢᠳᠠᠯ ᠨᠡᠯᠢᠶᠡᠳ ᠪᠤᠳᠤᠯᠢᠶᠠᠨᠲᠠᠶ᠂ ᠡᠪᠡᠳᠴᠢᠨ ᠤ ᠦᠨᠳᠦᠰᠦ ᠶᠢ ᠣᠨᠣᠪᠴᠢᠲᠠᠶ ᠡᠷᠢᠵᠦ᠂ ᠭᠦᠢᠴᠡᠳ ᠨᠤᠲᠠᠯᠠᠯᠲᠠ ᠬᠢᠵᠦ᠂ ᠰᠢᠰᠲ᠋ᠧᠮ ᠲᠠᠢ ᠪᠠᠷ ᠵᠠᠰᠠᠵᠤ᠂ ᠬᠠᠶᠢᠷ᠎ᠠ ᠬᠠᠯᠠᠮᠵᠢ ᠶᠢ ᠲᠦᠭ ᠲᠦᠮᠡᠨ ᠠᠶᠢᠯ ᠡᠷᠦᠬᠡ ᠳᠤ ᠬᠦᠷᠭᠡᠬᠦ ᠶᠢ ᠦᠨᠡᠨᠬᠦ ᠪᠠᠲᠤᠯᠠᠬᠤ ᠬᠡᠷᠡᠭᠲᠡᠶ᠃ ᠪᠠᠷᠢᠯᠭ᠎ᠠ ᠶᠢᠨ ᠶᠠᠪᠤᠴᠠ ᠳᠤ᠂ ᠠᠶᠤᠯᠭᠦᠢ ᠦᠢᠯᠡᠳᠪᠦᠷᠢᠯᠡᠯ ᠤᠨ ᠬᠠᠮᠢᠶ᠎ᠠ ᠪᠦᠬᠦᠢ ᠲᠣᠭᠲᠠᠭᠠᠯ ᠢ ᠴᠢᠩᠭ᠎ᠠ ᠬᠡᠷᠡᠭᠵᠢᠭᠦᠯᠵᠦ᠂ ᠠᠮᠤᠷ ᠲᠦᠪᠰᠢᠨ ᠤ ᠬᠤᠷᠢᠭ᠎ᠠ ᠱᠤᠭᠤᠮ ᠢ ᠪᠠᠲᠤ ᠰᠠᠬᠢᠬᠤ ᠬᠡᠷᠡᠭᠲᠡᠢ᠃ ᠣᠯᠠᠨ ᠲᠦᠮᠡᠨ ᠯᠦᠭᠡ ᠶᠢᠨ ᠨᠡᠪᠲᠡᠷᠡᠯᠴᠡᠭᠡ ᠬᠠᠷᠢᠯᠴᠠᠭ᠎ᠠ ᠪᠠᠨ ᠴᠢᠩᠭᠠᠳᠬᠠᠵᠤ᠂ ᠠᠯᠪᠠᠨ ᠵᠠᠷ ᠤᠨ ᠰᠠᠮᠪᠠᠷ᠎ᠠ ᠭᠠᠷᠭᠠᠵᠤ᠂ ᠥᠭᠡᠷᠡᠴᠢᠯᠡᠬᠦ ᠲᠥᠰᠦᠯ ᠢᠶᠠᠨ ᠴᠠᠭ ᠲᠤᠬᠠᠢ ᠳᠤᠨᠢ ᠨᠡᠶᠢᠲᠡᠯᠡᠵᠦ᠂ ᠪᠠᠷᠢᠯᠭ᠎ᠠ ᠶᠢᠨ ᠠᠬᠢᠴᠠ ᠶᠢ ᠴᠠᠭ ᠲᠣᠭᠲᠠᠭᠠᠨ ᠮᠡᠳᠡᠭᠳᠡᠵᠦ᠂ ᠤᠯᠠᠨ ᠲᠦᠮᠡᠨ ᠤ ᠳᠡᠮᠵᠢᠯᠭᠡ ᠣᠶᠢᠯᠠᠭᠠᠯᠲᠠ ᠶᠢ ᠴᠢᠷᠮᠠᠶᠢᠨ ᠣᠯᠬᠤ ᠬᠡᠷᠡᠭᠲᠡᠢ ᠭᠡᠵᠤ ᠴᠢᠬᠤᠯᠠᠴᠢᠯᠠᠪᠠ᠃    ᠭᠦᠸᠧ ᠢᠦᠢ ᠹᠧᠩ᠂ ᠢᠯᠴᠢ ᠶᠢᠨ ᠬᠦᠴᠦᠨ ᠤ ᠦᠷᠳᠡᠭᠡ ᠵᠡᠷᠭᠡ ᠢᠯᠴᠢ ᠬᠠᠩᠭᠠᠬᠤ ᠲᠥᠬᠦᠭᠡᠷᠦᠮᠵᠢ ᠶᠢ ᠬᠠᠮᠠᠭᠠᠯᠠᠨ ᠰᠢᠨᠡᠳᠬᠡᠬᠦ ᠲᠦᠷᠦ ᠶᠢᠨ ᠪᠤᠳᠤᠯᠭ᠎ᠠ ᠶᠢᠨ ᠲᠣᠭᠲᠠᠴᠠ ᠪᠣᠯᠤᠨ ᠬᠡᠷᠡᠭᠵᠢᠭᠦᠯᠬᠦ ᠵᠠᠭᠪᠤᠷ ᠤᠨ ᠰᠢᠨ᠎ᠡ ᠶᠢ ᠡᠭᠦᠳᠬᠦ ᠶᠢ ᠢᠳᠡᠪᠬᠢᠲᠡᠢ ᠰᠦᠪᠡᠭᠴᠢᠯᠡᠵᠦ᠂ ᠬᠤᠶᠠᠳᠤᠭᠠᠷ ᠳᠡᠰ ᠤᠨ ᠬᠤᠭᠤᠯᠠᠢ ᠲᠣᠣᠷ ᠤᠨ ᠬᠠᠮᠠᠭᠠᠯᠠᠯᠲᠠ ᠶᠢᠨ ᠡᠷᠬᠡ ᠬᠠᠷᠢᠭᠤᠴᠠᠯᠭ᠎ᠠ ᠠᠰᠢᠭ ᠢ ᠲᠣᠳᠣᠷᠬᠠᠶᠢᠯᠠᠵᠤ᠂ ᠡᠪᠳᠡᠷᠡᠵᠦ ᠰᠦᠢᠳᠦᠭᠰᠡᠨ ᠵᠡᠷᠭᠡ ᠪᠠᠶᠢᠳᠠᠯ ᠭᠠᠷᠪᠠᠯ ᠬᠠᠮᠢᠶᠠᠷᠬᠤ ᠬᠥᠮᠦᠨ ᠲᠠᠢ ᠪᠠᠲᠤᠯᠠᠬᠤ ᠬᠥᠮᠦᠨ ᠲᠠᠢ ᠠᠷᠠᠴᠢᠯᠠᠬᠤ ᠬᠦᠮᠦᠨ ᠲᠠᠢ ᠪᠠᠶᠢᠬᠤ ᠶᠢ ᠪᠠᠲᠤᠯᠠᠵᠤ᠂ ᠬᠠᠮᠠᠭᠠᠯᠠᠵᠤ ᠰᠡᠯᠪᠢᠨ ᠵᠠᠰᠠᠬᠤ ᠤᠷᠳᠤ ᠬᠤᠭᠤᠴᠠᠭᠠᠨ ᠤ ᠪᠦᠲᠦᠮᠵᠢᠲᠡᠢ ᠲᠣᠭᠲᠠᠴᠠ ᠶᠢ ᠪᠠᠶᠢᠭᠤᠯᠬᠤ ᠬᠡᠷᠡᠭᠲᠡᠢ᠃ ᠰᠢᠨ᠎ᠡ ᠪᠠᠷ ᠪᠠᠶᠢᠭᠤᠯᠤᠭᠰᠠᠨ ᠰᠠᠭᠤᠭᠠᠯᠢ ᠠᠷᠠᠳ ᠤᠨ ᠲᠣᠭᠤᠷᠢᠭ ᠤᠨ ᠪᠠᠷᠢᠯᠭ᠎ᠠ ᠶᠢᠨ ᠵᠢᠷᠤᠭ ᠲᠠᠬᠢ ᠢᠯᠴᠢ ᠶᠢᠨ ᠬᠦᠴᠦᠨ ᠤ ᠥᠷᠲᠡᠭᠡ ᠵᠡᠷᠭᠡ ᠢᠯᠴᠢ ᠬᠠᠩᠭᠠᠬᠤ ᠲᠦᠭᠦᠭᠡᠷᠦᠮᠵᠢ  ᠶᠢᠨ ᠵᠢᠷᠤᠭ ᠲᠥᠯᠥᠪᠯᠡᠭᠡ  ᠶᠢᠨ ᠬᠢᠨᠠᠨ ᠪᠠᠶᠢᠴᠠᠭᠠᠯᠳᠠ᠂ ᠪᠠᠷᠢᠯᠭ᠎ᠠ  ᠶᠢᠨ ᠬᠢᠨᠠᠨ ᠬᠠᠮᠢᠶᠠᠷᠤᠯᠳᠠ᠂ ᠪᠠᠷᠢᠯᠭ᠎ᠠ ᠳᠠᠭᠤᠰᠤᠭᠰᠠᠨ ᠢ ᠰᠢᠯᠭᠠᠨ ᠠᠪᠬᠤ ᠵᠡᠷᠭᠡ ᠶᠢ ᠴᠢᠩᠭᠠᠳᠬᠠᠵᠤ᠂ ᠵᠢᠷᠤᠭ ᠲᠥᠯᠥᠪᠯᠡᠭᠡ ᠶᠢᠨ ᠳᠤᠲᠠᠭᠳᠠᠯ ᠭᠠᠷᠬᠤ ᠠᠴᠠ ᠵᠠᠶᠢᠯᠠᠰᠬᠢᠵᠦ᠂ ᠡᠬᠢ ᠡᠭᠦᠰᠦᠯ ᠠᠴᠠ ᠨᠢ ᠬᠠᠮᠢᠶᠠᠷᠤᠨ ᠡᠵᠡᠮᠳᠡᠬᠦ ᠶᠢ ᠴᠢᠩᠭᠠᠳᠬᠠᠬᠤ ᠬᠡᠷᠡᠭᠲᠡᠶ ᠭᠡᠵᠤ ᠱᠠᠭᠠᠷᠳᠠᠪᠠ᠃
W020240603360708129810.jpg
    ᠭᠦᠸᠧ ᠢᠦᠢ ᠹᠧᠩ᠂ ᠳᠤᠮᠳᠠᠳᠤ ᠶᠢᠨ ᠰᠣᠶᠣᠯ ᠤᠨ ᠲᠡᠮᠳᠡᠭ ᠪᠣᠯᠤᠨ ᠳᠤᠮᠳᠠᠳᠤ ᠶᠢᠨ ᠦᠨᠳᠦᠰᠦᠲᠡᠨ ᠤ ᠲᠦᠷᠢ ᠲᠥᠷᠬᠦ ᠶᠢ ᠬᠤᠳᠠ ᠶᠢᠨ ᠴᠡᠴᠡᠷᠯᠢᠭ᠂ ᠠᠭᠤᠳᠠᠮ ᠲᠠᠯᠠᠪᠠᠢ ᠳᠤ ᠰᠢᠭᠢᠳᠬᠡᠬᠦ ᠵᠡᠷᠭᠡ ᠠᠵᠢᠯ ᠢ ᠪᠠᠶᠢᠴᠠᠭᠠᠨ ᠰᠤᠳᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠶᠢ ᠣᠷᠣᠨ ᠰᠠᠭᠤᠴᠠ ᠪᠠ ᠬᠤᠳᠠ ᠬᠥᠳᠡᠭᠡ ᠶᠢᠨ ᠪᠦᠳᠦᠭᠡᠨ ᠪᠠᠶᠢᠭᠤᠯᠤᠯᠲᠠ ᠶᠢᠨ ᠬᠦᠷᠢᠶᠡᠨ ᠳᠠᠬᠢ ᠡᠯ᠎ᠡ ᠵᠦᠢᠯ ᠤᠨ ᠠᠵᠢᠯ ᠤᠨ ︽ᠶᠡᠷᠦᠩᠬᠡᠢ ᠬᠥᠲᠥᠯᠪᠦᠷᠢ︾ ᠪᠣᠯᠭᠠᠵᠤ᠂ ᠦᠨᠳᠦᠰᠦᠲᠡᠨ ᠨᠦᠭᠦᠳ ᠤᠨ ᠬᠠᠮᠲᠤ ᠪᠠᠷ ᠡᠳ᠋ᠯᠡᠬᠦ ᠳᠤᠮᠳᠠᠳᠤ ᠶᠢᠨ ᠰᠣᠶᠣᠯ ᠤᠨ ᠲᠡᠮᠳᠡᠭ ᠪᠣᠯᠤᠨ ᠳᠤᠮᠳᠠᠳᠤ ᠶᠢᠨ ᠦᠨᠳᠦᠰᠦᠲᠡᠨ ᠤ ᠲᠦᠷᠢ ᠲᠥᠷᠬᠦ ᠶᠢ ᠤᠯᠠᠮᠵᠢᠯᠠᠨ ᠳᠡᠯᠭᠡᠷᠡᠭᠦᠯᠬᠦ ᠶᠢ ᠴᠢᠩᠭᠠᠳᠬᠠᠵᠤ᠂ ᠬᠤᠳᠠ ᠬᠥᠳᠡᠭᠡ ᠶᠢᠨ ᠪᠦᠳᠦᠭᠡᠨ ᠪᠠᠶᠢᠭᠤᠯᠤᠯᠲᠠ᠂ ᠴᠡᠴᠡᠷᠯᠢᠭ ᠤᠨ ᠦᠵᠡᠮᠵᠢ᠂ ᠭᠠᠵᠠᠷ ᠤᠨ ᠲᠡᠮᠳᠡᠭ ᠤᠨ ᠪᠠᠷᠢᠯᠭ᠎ᠠ᠂ ᠵᠠᠷ ᠮᠡᠳᠡᠭᠡᠨ ᠤ ᠫᠠᠶᠢᠰᠠ ᠶᠢᠨ ᠳᠤᠮᠳᠠ ᠥᠷᠭᠡᠨ ᠢᠶᠠᠷ ᠬᠡᠷᠡᠭᠯᠡᠵᠦ᠂ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠢ ᠤᠯᠠᠮᠵᠢᠯᠠᠨ ᠬᠥᠭᠵᠢᠭᠦᠯᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠬᠡᠷᠡᠭᠲᠡᠢ ᠭᠡᠵᠦ ᠴᠢᠬᠤᠯᠠᠴᠢᠯᠠᠪᠠ᠃    ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠲᠢᠩᠬᠢᠮ ᠤᠨ ᠳᠡᠳ᠋ ᠳᠠᠷᠤᠭ᠎ᠠ ᠢᠦᠶ ᠰᠢᠨ ᠹᠠᠩ ᠵᠢᠴᠢ ᠬᠠᠮᠢᠶ᠎ᠠ ᠪᠥᠬᠦᠶ ᠭᠠᠵᠠᠷ ᠲᠠᠰᠤᠭ ᠤᠨ ᠬᠠᠷᠢᠭᠤᠴᠠᠯᠭᠠᠲᠠᠨ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃ 
ᠢᠷᠡᠯᠲᠡ᠄ ᠠᠯᠪᠠᠨ ᠭᠡᠷ
Baidu
map