ᠥᠪᠡᠷᠲᠡᠭᠡᠨ ᠵᠠᠰᠠᠬᠤ ᠣᠷᠣᠨ ᠤ ᠥᠪᠡᠰᠦᠪᠡᠨ ᠪᠠᠷᠢᠭᠰᠠᠨ ᠭᠡᠷ ᠪᠠᠶᠢᠰᠢᠩ ᠤᠨ ᠠᠮᠤᠷ ᠲᠦᠪᠰᠢᠨ ᠤ ᠲᠤᠰᠬᠠᠢ ᠴᠡᠭᠴᠡᠯᠡᠨ ᠵᠠᠰᠠᠬᠤ ᠠᠵᠢᠯ ᠤᠨ ᠤᠳᠤᠷᠢᠳᠬᠤ ᠳᠤᠭᠤᠶᠢᠯᠠᠩ ᠤᠨ ᠠᠯᠪᠠᠨ ᠭᠡᠷ ᠪᠥᠬᠦ ᠣᠷᠣᠨ ᠤ ᠥᠪᠡᠰᠦᠪᠡᠨ ᠪᠠᠷᠢᠭᠰᠠᠨ ᠭᠡᠷ ᠪᠠᠶᠢᠰᠢᠩ ᠤᠨ ᠠᠮᠤᠷ ᠲᠦᠪᠰᠢᠨ ᠤ ᠲᠤᠰᠬᠠᠢ ᠴᠡᠭᠴᠡᠯᠡᠨ ᠵᠠᠰᠠᠬᠤ ᠠᠵᠢᠯ ᠤᠨ ᠠᠬᠢᠭᠤᠯᠬᠤ ᠬᠤᠷᠠᠯ ᠢ ᠵᠣᠬᠢᠶᠠᠨ ᠪᠠᠶᠢᠭᠤᠯᠤᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/6/5
    ᠣᠶᠢᠷ᠎ᠠ ᠳᠤ᠂ ᠥᠪᠡᠷᠲᠡᠭᠡᠨ ᠵᠠᠰᠠᠬᠤ ᠣᠷᠣᠨ ᠤ ᠥᠪᠡᠰᠦᠪᠡᠨ ᠪᠠᠷᠢᠭᠰᠠᠨ ᠭᠡᠷ ᠪᠠᠶᠢᠰᠢᠩ ᠤᠨ ᠠᠮᠤᠷ ᠲᠦᠪᠰᠢᠨ ᠤ ᠲᠤᠰᠬᠠᠢ ᠴᠡᠭᠴᠡᠯᠡᠨ ᠵᠠᠰᠠᠬᠤ ᠠᠵᠢᠯ ᠤᠨ ᠤᠳᠤᠷᠢᠳᠬᠤ ᠳᠤᠭᠤᠶᠢᠯᠠᠩ ᠤᠨ ᠠᠯᠪᠠᠨ ᠭᠡᠷ ᠪᠥᠬᠦ ᠣᠷᠣᠨ ᠤ ᠥᠪᠡᠰᠦᠪᠡᠨ ᠪᠠᠷᠢᠭᠰᠠᠨ ᠭᠡᠷ ᠪᠠᠶᠢᠰᠢᠩ ᠤᠨ ᠠᠮᠤᠷ ᠲᠦᠪᠰᠢᠨ ᠤ ᠲᠤᠰᠬᠠᠢ ᠴᠡᠭᠴᠡᠯᠡᠨ ᠵᠠᠰᠠᠬᠤ ᠠᠵᠢᠯ ᠢ ᠠᠬᠢᠭᠤᠯᠬᠤ ᠬᠤᠷᠠᠯ ᠬᠤᠷᠠᠯᠳᠤᠭᠤᠯᠪᠠ᠃ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠢᠩᠬᠢᠮ ᠤᠨ ᠶᠡᠷᠦᠩᠬᠡᠶ ᠢᠨᠵᠧᠨᠧᠷ ᠯᠢᠦ ᠸᠧᠨ ᠢᠦᠶ ᠬᠤᠷᠠᠯ ᠢ ᠡᠷᠭᠢᠯᠡᠭᠰᠡᠨ ᠪᠥᠭᠡᠳ ᠶᠠᠷᠢᠶ᠎ᠠ ᠲᠠᠯᠪᠢᠵᠠᠶ᠃
W020240604335610788000.png
    ᠬᠤᠷᠠᠯ ᠠᠴᠠ ᠪᠥᠬᠦ ᠣᠷᠣᠨ ᠤ ᠡᠵᠡᠩᠨᠡᠯᠲᠡ ᠶᠢᠨ ᠪᠤᠰᠤ ᠴᠢᠨᠠᠷᠲᠠᠶ ᠥᠪᠡᠰᠦᠪᠡᠨ ᠪᠠᠷᠢᠭᠰᠠᠨ ᠬᠡᠷ ᠪᠠᠶᠢᠰᠢᠩ ᠤᠨ ᠠᠮᠤᠷ ᠲᠦᠪᠰᠢᠨ ᠤ ᠬᠢᠨᠠᠨ ᠲᠣᠭᠲᠠᠭᠠᠯᠲᠠ ᠶᠢᠨ ᠠᠵᠢᠯ ᠤᠨ ᠠᠬᠢᠴᠠ ᠶᠢᠨ ᠪᠠᠶᠢᠳᠠᠯ ᠢ ᠮᠡᠳᠡᠭᠳᠡᠵᠦ᠂ ᠬᠡᠰᠡᠭ ᠠᠶᠢᠮᠠᠭ ᠬᠤᠲᠠ ᠣᠪᠣᠷ ᠢᠶᠠᠨ ᠢᠯᠡᠳᠬᠡᠬᠦ ᠦᠭᠡ ᠬᠡᠯᠡᠪᠡ᠃    ᠬᠤᠷᠠᠯ ᠠᠴᠠ᠂ ᠡᠵᠡᠩᠨᠡᠯᠲᠡ ᠶᠢᠨ ᠪᠤᠰᠤ ᠴᠢᠨᠠᠷᠲᠠᠢ ᠥᠪᠡᠰᠦᠪᠡᠨ ᠪᠠᠷᠢᠭᠰᠠᠨ ᠬᠡᠷ ᠪᠠᠶᠢᠰᠢᠩ ᠤᠨ ᠠᠮᠤᠷ ᠲᠦᠪᠰᠢᠨ ᠤ ᠬᠢᠨᠠᠨ ᠲᠣᠭᠲᠠᠭᠠᠯᠲᠠ ᠶᠢᠨ ᠴᠠᠭ ᠬᠤᠭᠤᠴᠠᠭ᠎ᠠ ᠵᠠᠩᠭᠢᠯᠠᠭ᠎ᠠ ᠶᠢᠨ ᠴᠡᠭ ᠪᠣᠯᠣᠨ ᠡᠭᠦᠷᠭᠡ ᠬᠠᠷᠠᠯᠲᠠ ᠶᠢ ᠴᠢᠩᠭ᠎ᠠ ᠠᠩᠬᠠᠷᠴᠤ᠂ ᠬᠠᠷᠢᠶ᠎ᠠ ᠭᠠᠵᠠᠷ ᠤᠨ ᠠᠵᠢᠯ ᠤᠨ ᠠᠬᠢᠴᠠ ᠶᠢ ᠲᠣᠩᠭᠤᠷᠠᠭᠤᠯᠤᠨ ᠵᠢᠭᠰᠠᠭᠠᠬᠤ ᠶᠢ ᠵᠢᠯᠣᠭᠤᠳᠤᠨ ᠱᠠᠯᠠᠪᠳᠠᠭᠤᠯᠵᠤ᠂ ᠲᠤᠰᠬᠠᠢ ᠮᠡᠷᠭᠡᠵᠢᠯ ᠤᠨ ᠬᠦᠴᠦᠨ ᠢ ᠨᠢᠭᠡᠳᠦᠯᠲᠡᠢ ᠲᠥᠯᠥᠪᠵᠢᠭᠦᠯᠦᠨ ᠲᠤᠬᠢᠷᠠᠭᠤᠯᠵᠤ᠂ ᠤᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡᠪᠡᠷ ᠬᠡᠷᠡᠭᠵᠢᠭᠦᠯᠵᠦ ᠪᠠᠶᠢᠭᠠᠳ ᠬᠢᠨᠠᠨ ᠲᠣᠭᠲᠠᠭᠠᠯᠲᠠ ᠶᠢᠨ ᠠᠵᠢᠯ ᠤᠨ ᠠᠬᠢᠴᠠ ᠶᠢ ᠲᠦᠷᠭᠡᠳᠬᠡᠬᠦ ᠬᠡᠷᠡᠭᠲᠡᠢ᠃ ᠬᠦᠨᠳᠦ ᠶᠡᠭᠡ ᠠᠶᠤᠯ ᠲᠦᠭᠰᠢᠭᠦᠷᠢ ᠳᠤ ᠠᠩᠬᠠᠷᠤᠯ ᠢᠶᠠᠨ ᠲᠥᠪᠯᠡᠷᠡᠭᠦᠯᠵᠦ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠡᠵᠡᠩᠨᠡᠯᠲᠡ ᠶᠢᠨ ᠴᠢᠨᠠᠷᠲᠠᠢ ᠥᠪᠡᠰᠦᠪᠡᠨ ᠪᠠᠷᠢᠭᠰᠠᠨ ᠬᠡᠷ ᠪᠠᠶᠢᠰᠢᠩ ᠤᠨ ᠢᠨᠵᠧᠨᠧᠷᠢᠩ ᠢ ᠴᠡᠭᠴᠡᠯᠡᠨ ᠵᠠᠰᠠᠬᠤ ︽ᠡᠷᠬᠢᠨ ᠬᠠᠷᠠᠬᠤ︾ ᠠᠵᠢᠯ ᠢ ᠯᠠᠪᠳᠠᠭᠤᠨ ᠪᠠᠲᠤᠲᠠᠢ ᠥᠷᠨᠢᠭᠦᠯᠵᠦ᠂ ᠲᠤᠳᠠᠭᠳᠠᠯ ᠢ ᠨᠥᠬᠦᠪᠥᠷᠢᠯᠡᠬᠦ᠂ ᠥᠨᠴᠥᠭ ᠪᠤᠯᠤᠩ ᠦᠯᠡᠳᠡᠭᠡᠬᠦ ᠦᠭᠡᠢ ᠪᠠᠶᠢᠬᠤ ᠶᠢ ᠪᠡᠶᠡᠯᠡᠭᠦᠯᠵᠦ᠂ ᠠᠰᠠᠭᠤᠳᠠᠯ ᠤᠨ ᠭᠡᠮ ᠰᠣᠭᠤᠭ ᠢ ᠦᠨᠡᠨᠬᠦ ᠴᠡᠭᠴᠡᠯᠡᠨ ᠰᠠᠶᠢᠵᠢᠷᠠᠭᠤᠯᠵᠤ᠂ ᠪᠣᠳᠠᠲᠠᠢ ᠳᠤ ᠨᠠᠶᠢᠳᠠᠪᠤᠷᠢᠵᠢᠭᠤᠯᠬᠤ ᠶᠢ ᠪᠠᠲᠤᠯᠠᠬᠤ ᠬᠡᠷᠡᠭᠲᠡᠢ ᠭᠡᠵᠤ ᠴᠢᠬᠤᠯᠠᠴᠢᠯᠠᠪᠠ᠃    ᠬᠤᠷᠠᠯ ᠠᠴᠠ᠂ ᠡᠯ᠎ᠡ ᠱᠠᠲᠤᠨ ᠤ ᠤᠳᠤᠷᠢᠳᠬᠤ ᠳᠤᠭᠤᠶᠢᠯᠠᠩ ᠤᠨ ᠦᠢᠯᠡᠳᠦᠯ ᠢ ᠭᠦᠢᠴᠡᠳ ᠪᠠᠳᠠᠷᠠᠭᠤᠯᠵᠤ᠂ ᠬᠠᠷᠢᠶ᠎ᠠ ᠭᠠᠵᠠᠷ ᠤᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠪᠠ ᠰᠠᠯᠠᠭ᠎ᠠ ᠮᠥᠴᠢᠷ ᠤᠨ ᠬᠢᠨᠠᠯᠲᠠ ᠬᠠᠮᠢᠶᠠᠷᠤᠯᠲᠠ ᠶᠢᠨ ᠬᠠᠷᠢᠭᠤᠴᠠᠯᠭ᠎ᠠ ᠶᠢ ᠴᠢᠩᠭᠠᠳᠬᠠᠬᠤ ᠬᠡᠷᠡᠭᠲᠡᠢ᠃ ︽ᠳᠥᠷᠪᠡᠨ ᠦᠭᠡᠢ ᠬᠤᠶᠠᠷ ᠰᠢᠭᠤᠳ︾᠂ ᠢᠯᠡ ᠪᠠᠷ ᠪᠠᠶᠢᠴᠠᠭᠠᠵᠤ ᠳᠠᠯᠳᠠᠭᠤᠷ ᠰᠤᠷᠪᠤᠯᠵᠢᠯᠠᠬᠤ ᠵᠡᠷᠭᠡ ᠣᠯᠠᠨ ᠵᠦᠢᠯ ᠤᠨ ᠠᠷᠭ᠎ᠠ ᠮᠠᠶ᠋ᠢᠭ ᠢ ᠠᠪᠴᠤ ᠪᠠᠶᠢᠭᠠᠳ ᠬᠢᠨᠠᠨ ᠵᠢᠯᠣᠭᠤᠳᠴᠤ ᠪᠠᠶᠢᠴᠠᠭᠠᠬᠤ ᠶᠢ ᠰᠠᠶᠢᠲᠤᠷ ᠬᠢᠬᠦ ᠬᠡᠷᠡᠭᠲᠡᠶ᠃ ᠬᠥᠮᠦᠵᠢᠯ ᠪᠣᠯᠪᠠᠰᠤᠷᠠᠯ ᠢ ᠲᠣᠪᠤᠶᠢᠮ᠎ᠠ ᠪᠣᠳᠠᠲᠠᠶ ᠠᠳᠬᠤᠵᠤ᠂ ᠲᠥᠷᠥ ᠶᠢᠨ ᠪᠣᠳᠣᠯᠭ᠎ᠠ ᠶᠢᠨ ᠲᠠᠶᠢᠯᠤᠮᠵᠢ ᠪᠠ ᠮᠡᠷᠭᠡᠵᠢᠯ ᠤᠨ ᠵᠢᠯᠣᠭᠤᠳᠣᠯᠭ᠎ᠠ ᠶᠢ ᠰᠠᠶᠢᠲᠤᠷ ᠬᠢᠵᠦ᠂ ᠦᠨᠳᠦᠰᠦᠨ ᠱᠠᠲᠤᠨ ᠤ ᠲᠥᠷᠥ ᠶᠢᠨ ᠪᠣᠳᠣᠯᠭ᠎ᠠ ᠶᠢ ᠬᠡᠷᠡᠭᠵᠢᠭᠦᠯᠬᠦ ᠴᠢᠳᠠᠪᠤᠷᠢ ᠪᠠ ᠲᠤᠰᠬᠠᠶ ᠮᠡᠷᠭᠡᠵᠢᠯ ᠤᠨ ᠬᠢᠷᠢ ᠲᠦᠪᠰᠢᠨ ᠢ ᠦᠷᠭᠦᠯᠵᠢᠯᠡᠨ ᠳᠡᠭᠡᠭᠰᠢᠯᠡᠭᠦᠯᠦᠨ᠎ᠡ ᠭᠡᠵᠤ ᠵᠢᠭᠠᠨ ᠭᠠᠷᠭᠠᠪᠠ᠃    ᠬᠤᠷᠠᠯ ᠢ ᠸᠢᠳᠢᠤ᠋ ᠬᠡᠯᠪᠡᠷᠢ ᠪᠠᠷ ᠬᠤᠷᠠᠯᠳᠤᠭᠤᠯᠵᠤ᠂ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠢᠩᠬᠢᠮ ᠤᠨ ᠬᠤᠯᠪᠣᠭᠳᠠᠯ ᠪᠦᠬᠦᠢ ᠭᠠᠵᠠᠷ ᠲᠠᠰᠤᠭ ᠤᠨ ᠬᠠᠷᠢᠭᠤᠴᠠᠯᠭᠠᠲᠠᠨ ᠨᠥᠬᠦᠳ ᠭᠤᠣᠯ ᠬᠤᠷᠠᠯ ᠤᠨ ᠲᠠᠯᠠᠪᠠᠶ ᠳᠤ ᠣᠷᠣᠯᠴᠠᠪᠠ᠃ ᠡᠯ᠎ᠡ ᠠᠶᠢᠮᠠᠭ ᠬᠤᠲᠠ ᠶᠢᠨ ᠥᠪᠡᠰᠦᠪᠡᠨ ᠪᠠᠷᠢᠭᠰᠠᠨ ᠬᠡᠷ ᠪᠠᠶᠢᠰᠢᠩ ᠤᠨ ᠠᠮᠤᠷ ᠲᠦᠪᠰᠢᠨ ᠤ ᠲᠤᠰᠬᠠᠶ ᠴᠡᠭᠴᠡᠯᠡᠨ ᠵᠠᠰᠠᠬᠤ ᠠᠵᠢᠯ ᠤᠨ ᠤᠳᠤᠷᠢᠳᠬᠤ ᠳᠤᠭᠤᠶᠢᠯᠠᠩ ᠤᠨ ᠠᠯᠪᠠᠨ ᠬᠡᠷ ᠤᠨ ᠬᠠᠷᠢᠭᠤᠴᠠᠯᠭᠠᠲᠠᠨ ᠨᠥᠬᠦᠳ ᠵᠢᠴᠢ ᠠᠵᠢᠯᠲᠠᠳ ᠬᠤᠪᠢᠶᠠᠷᠢ ᠬᠤᠷᠠᠯ ᠤᠨ ᠲᠠᠯᠠᠪᠠᠶ ᠳᠤ ᠣᠷᠣᠯᠴᠠᠵᠠᠶ᠃ 
ᠢᠷᠡᠯᠲᠡ᠄ ᠥᠪᠡᠰᠦᠪᠡᠨ ᠪᠠᠷᠢᠭᠰᠠᠨ ᠬᠡᠷ ᠪᠠᠶᠢᠰᠢᠩ ᠤᠨ ᠠᠮᠤᠷ ᠲᠦᠪᠰᠢᠨ ᠤ ᠲᠤᠰᠬᠠᠶ ᠴᠡᠭᠴᠡᠯᠡᠨ ᠵᠠᠰᠠᠬᠤ ᠠᠵᠢᠯ ᠤᠨ ᠤᠳᠤᠷᠢᠳᠬᠤ ᠳᠤᠭᠤᠶᠢᠯᠠᠩ ᠤᠨ
Baidu
map