ᠢᠦᠶ ᠰᠢᠨ ᠹᠠᠩ ᠣᠷᠳᠣᠰ᠂ ᠦᠬᠠᠶ᠂ ᠪᠠᠶᠠᠨᠨᠠᠭᠤᠷ ᠬᠤᠲᠠ ᠳᠤ ᠳᠤᠯᠠᠭᠠᠯᠠᠭ᠎ᠠ ᠶᠢᠨ ᠢᠨᠵᠧᠨᠧᠷᠢᠩ ᠢ ᠠᠬᠢᠭᠤᠯᠵᠤ ᠪᠠᠶᠢᠭ᠎ᠠ ᠪᠠᠶᠢᠳᠠᠯ ᠢ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2024/6/5
    5 ᠳ᠋ᠤᠭᠠᠷ ᠰᠠᠷ᠎ᠠ ᠶᠢᠨ 27 ᠤ ᠡᠳᠦᠷ ᠠᠴᠠ 30 ᠤ ᠡᠳᠦᠷ ᠪᠣᠯᠲᠠᠯ᠎ᠠ᠂ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠲᠢᠩᠬᠢᠮ ᠤᠨ ᠳᠡᠳ᠋ ᠳᠠᠷᠤᠭ᠎ᠠ ᠢᠦᠶ ᠰᠢᠨ ᠹᠠᠩ ᠪᠦᠯᠬᠦᠮ ᠳᠠᠭᠠᠭᠤᠯᠤᠨ ᠣᠷᠳᠣᠰ᠂ ᠦᠬᠠᠶ᠂ ᠪᠠᠶᠠᠨᠨᠠᠭᠤᠷ ᠬᠤᠲᠠ ᠳᠤ ᠬᠤᠲᠠ ᠪᠠᠯᠭᠠᠰᠤ ᠶᠢᠨ ᠢᠯᠴᠢ ᠬᠠᠩᠭᠠᠬᠤ ᠳᠤᠯᠠᠭᠠᠯᠠᠭ᠎ᠠ ᠶᠢᠨ ᠢᠨᠵᠧᠨᠧᠷᠢᠩ ᠢ ᠠᠬᠢᠭᠤᠯᠵᠤ ᠪᠠᠶᠢᠭ᠎ᠠ ᠪᠠᠶᠢᠳᠠᠯ ᠢ ᠪᠠᠶᠢᠴᠠᠭᠠᠨ ᠰᠤᠳᠤᠯᠪᠠ᠃
W020240604334825359599.png
    ᠢᠦᠶ ᠰᠢᠨ ᠹᠠᠩ ᠤᠷᠢᠳ ᠬᠤᠵᠢᠳ ᠣᠷᠳᠣᠰ ᠬᠤᠲᠠ ᠶᠢᠨ ᠳ᠋ᠦᠩᠱᠧᠩ ᠲᠣᠭᠤᠷᠢᠭ ᠤᠨ ᠬᠠᠷᠢᠯᠴᠠᠨ ᠬᠤᠯᠪᠣᠭᠠᠯᠠᠵᠤ ᠬᠠᠷᠢᠯᠴᠠᠨ ᠨᠡᠪᠲᠡᠷᠡᠯᠴᠡᠬᠦ ᠪᠠᠷᠢᠯᠭ᠎ᠠ ᠶᠢᠨ ᠲᠤᠬᠠᠶ ᠶᠢᠨ ᠲᠠᠯᠠᠪᠠᠶ᠂ ᠤᠯᠤᠰ ᠤᠨ ᠴᠠᠬᠢᠯᠭᠠᠨ ᠬᠦᠴᠦᠨ ᠤ ᠸᠧᠨ ᠰᠢᠨ ᠬᠤᠶᠠᠳᠤᠭᠠᠷ ᠬᠤᠭᠤᠴᠠᠭᠠᠨ ᠤ ᠢᠯᠴᠢ ᠰᠣᠯᠢᠯᠴᠠᠬᠤ ᠥᠷᠲᠡᠭᠡ ᠶᠢ ᠥᠭᠡᠷᠡᠴᠢᠯᠡᠬᠦ ᠲᠤᠬᠠᠶ ᠶᠢᠨ ᠲᠠᠯᠠᠪᠠᠶ᠂ ᠬᠤᠸᠠ ᠴᠧᠩ ᠰᠠᠭᠤᠭᠠᠯᠢ ᠠᠷᠠᠳ ᠤᠨ ᠲᠣᠭᠤᠷᠢᠭ᠂ ᠦᠬᠠᠶ ᠬᠤᠲᠠ ᠶᠢᠨ ᠢᠯᠴᠢ ᠶᠢᠨ ᠬᠦᠴᠦᠨ ᠤ ᠺᠣᠮᠫᠠᠨᠢ ᠶᠢᠨ ᠣᠶᠤᠨᠴᠢ ᠢᠯᠴᠢ ᠬᠠᠩᠭᠠᠬᠤ ᠲᠠᠪᠴᠠᠩ᠂ ᠬᠠᠶᠢᠷᠤᠪ ᠤᠨ ᠲᠣᠬᠤᠶ ᠲᠣᠭᠤᠷᠢᠭ ᠤᠨ ︽ᠢᠯᠴᠢ ᠴᠠᠬᠢᠯᠭᠠᠨ ᠬᠤᠯᠪᠣᠭᠠᠯᠠᠨ ᠦᠢᠯᠡᠳᠪᠦᠷᠢᠯᠡᠬᠦ︾ ᠴᠡᠪᠡᠷ ᠡᠨᠧᠷᠭᠢ ᠶᠢᠨ ᠢᠯᠴᠢ ᠬᠠᠩᠭᠠᠬᠤ ᠬᠤᠭᠤᠯᠠᠶ ᠲᠣᠤᠷ ᠢ ᠥᠭᠡᠷᠡᠴᠢᠯᠡᠬᠦ ᠲᠤᠬᠠᠶ ᠶᠢᠨ ᠲᠠᠯᠠᠪᠠᠶ ᠂ ᠪᠠᠶᠠᠨᠨᠠᠭᠤᠷ ᠬᠤᠲᠠ ᠶᠢᠨ ᠤᠷᠠᠳ ᠤᠨ ᠬᠤᠶᠢᠲᠤ ᠬᠤᠰᠢᠭᠤᠨ ᠤ ᠬᠦᠭᠡᠴᠢ ᠵᠡᠭᠡᠯᠢ ᠶᠢᠨ ᠢᠯᠴᠢ ᠬᠠᠩᠭᠠᠬᠤ ᠨᠢᠭᠡᠳᠦᠭᠡᠷ ᠲᠡᠰ ᠤᠨ ᠬᠤᠭᠤᠯᠠᠢ ᠶᠢ ᠥᠭᠡᠷᠡᠴᠢᠯᠡᠬᠦ ᠲᠤᠬᠠᠶ ᠶᠢᠨ ᠲᠠᠯᠠᠪᠠᠶ᠂ ᠯᠢᠨ ᠾᠧ ᠲᠣᠭᠤᠷᠢᠭ ᠤᠨ ᠣᠷᠣᠨ ᠨᠤᠲᠤᠭ ᠤᠨ ᠭᠠᠶᠢᠯᠢ ᠶᠢᠨ ᠰᠠᠭᠤᠭᠠᠯᠢ ᠠᠷᠠᠳ ᠤᠨ ᠲᠣᠭᠤᠷᠢᠭ ᠤᠨ ᠢᠯᠴᠢ ᠬᠠᠩᠭᠠᠬᠤ ᠬᠤᠶᠠᠳᠤᠭᠠᠷ ᠲᠡᠰ ᠤᠨ ᠬᠤᠭᠤᠯᠠᠢ ᠶᠢ ᠥᠭᠡᠷᠡᠴᠢᠯᠡᠬᠦ ᠲᠤᠬᠠᠶ ᠶᠢᠨ ᠲᠠᠯᠠᠪᠠᠶ ᠵᠡᠷᠭᠡ ᠭᠠᠵᠠᠷ ᠲᠤ ᠲᠤᠬᠠᠶ ᠶᠢᠨ ᠭᠠᠵᠠᠷ ᠲᠤᠨᠢ ᠪᠠᠶᠢᠴᠠᠭᠠᠨ ᠰᠤᠳᠤᠯᠤᠯᠲᠠ ᠥᠷᠨᠢᠭᠦᠯᠪᠡ᠃
W020240604334825447535.png
    ᠢᠦᠶ ᠰᠢᠨ ᠹᠠᠩ ᠲᠤᠯᠠᠭᠠᠯᠭ᠎ᠠ  ᠶᠢᠨ ᠢᠨᠵᠧᠨᠧᠷᠢᠩ ᠪᠣᠯ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠲᠣᠭᠲᠠᠭᠠᠭᠰᠠᠨ ᠵᠢᠷᠭᠤᠭᠠᠨ ᠢᠨᠵᠧᠨᠧᠷᠢᠩ ᠤᠨ ᠨᠢᠭᠡ ᠮᠥᠨ᠂ ᠲᠦᠭ ᠲᠦᠮᠡᠨ ᠠᠶᠢᠯ ᠡᠷᠦᠬᠡ ᠳᠤ ᠬᠤᠯᠪᠣᠭᠳᠠᠬᠤ ᠴᠢᠬᠤᠯᠠ ᠶᠡᠭᠡ ᠠᠷᠠᠳ ᠤᠨ ᠠᠮᠢᠳᠤᠷᠠᠯ ᠤᠨ ᠢᠨᠵᠧᠨᠧᠷᠢᠩ ᠮᠥᠨ᠂ ᠥᠩᠭᠡᠷᠡᠭᠰᠡᠨ ᠵᠢᠯ ᠤᠳ ᠤᠨ ᠵᠠᠭᠠᠯᠳᠤᠯᠭ᠎ᠠ ᠶᠢᠨ ᠬᠡᠮᠵᠢᠶ᠎ᠡ ᠪᠠᠷ ᠨᠡᠯᠢᠶᠡᠳ ᠶᠡᠭᠡ ᠭᠤᠤᠯᠳᠠᠯᠭ᠎ᠠ ᠲᠠᠢ ᠰᠠᠭᠤᠭᠠᠯᠢ ᠠᠷᠠᠳ ᠤᠨ ᠲᠣᠭᠤᠷᠢᠭ ᠵᠢᠴᠢ ᠰᠠᠭᠤᠭᠠᠯᠢ ᠡᠷᠦᠬᠡ ᠳᠤ ᠠᠩᠬᠠᠷᠤᠯ ᠢᠶᠠᠨ ᠲᠥᠪᠯᠡᠷᠡᠭᠦᠯᠦᠨ᠂ ᠠᠰᠠᠭᠤᠳᠠᠯ ᠢ ᠨᠠᠷᠢᠯᠢᠭ ᠣᠨᠣᠴᠠᠲᠠᠶ ᠪᠠᠷ ᠡᠷᠢᠵᠦ᠂ ᠰᠢᠯᠲᠠᠭᠠᠨ ᠢ ᠨᠠᠷᠢᠨ ᠬᠢᠨᠠᠮᠠᠭᠠᠶ ᠵᠠᠳᠠᠯᠵᠤ᠂ ᠬᠦᠴᠦᠲᠡᠶ ᠠᠷᠭ᠎ᠠ ᠬᠡᠮᠵᠢᠶ᠎ᠡ ᠠᠪᠴᠤ ᠪᠠᠶᠢᠭᠠᠳ ᠢᠯᠴᠢ ᠶᠢᠨ ᠢᠷᠡᠯᠲᠡ᠂ ᠬᠤᠭᠤᠯᠠᠢ ᠲᠤᠤᠷ᠂ ᠢᠯᠴᠢ ᠶᠢᠨ ᠬᠦᠴᠦᠨ ᠤ ᠦᠷᠳᠡᠭᠡ᠂ ᠠᠰᠠᠷ᠂ ᠰᠠᠭᠤᠭᠠᠯᠢ ᠡᠷᠦᠬᠡ ᠵᠡᠷᠭᠡ ᠪᠥᠬᠦ ᠬᠡᠯᠬᠢᠶ᠎ᠡ ᠠᠴᠠ ᠬᠦᠴᠦᠯᠡᠵᠦ᠂ ᠣᠷᠣᠰᠢᠵᠤ ᠪᠠᠶᠢᠭ᠎ᠠ ᠳᠤᠯᠠᠭᠠᠯᠭ᠎ᠠ ᠶᠢᠨ ᠠᠰᠠᠭᠤᠳᠠᠯ ᠢ ᠰᠢᠰᠲ᠋ᠧᠮ ᠲᠠᠢ ᠰᠢᠢᠳᠪᠦᠷᠢᠯᠡᠬᠦ ᠬᠡᠷᠡᠭᠲᠡᠶ᠃ ᠢᠯᠡ ᠪᠠᠷ ᠥᠭᠡᠷᠡᠴᠢᠯᠡᠬᠦ ᠶᠢ ᠪᠠᠷᠢᠮᠲᠠᠯᠠᠵᠤ᠂ ᠤᠯᠠᠨ ᠠᠷᠭ᠎ᠠ ᠵᠠᠮ ᠢᠶᠠᠷ ᠤᠯᠠᠨ ᠲᠦᠮᠡᠨ ᠤ ᠰᠠᠨᠠᠯ ᠢ ᠬᠤᠷᠢᠶᠠᠵᠤ᠂ ᠠᠵᠢᠯ ᠤᠨ ᠢᠯᠡ ᠲᠣᠳᠣ ᠶᠢᠨ ᠬᠡᠮᠵᠢᠶ᠎ᠡ ᠪᠠ ᠤᠯᠠᠨ ᠲᠦᠮᠡᠨ ᠤ ᠬᠠᠨᠤᠮᠵᠢ ᠶᠢᠨ ᠬᠡᠮᠵᠢᠶ᠎ᠡ ᠶᠢ ᠨᠡᠮᠡᠭᠳᠡᠭᠦᠯᠬᠦ ᠬᠡᠷᠡᠭᠲᠡᠢ᠃ ᠬᠡᠷᠡᠭᠵᠢᠭᠦᠯᠬᠦ ᠶᠠᠪᠤᠴᠠ ᠳᠤ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢᠨ ᠠᠮᠤᠷ ᠲᠦᠪᠰᠢᠨ ᠤ ᠪᠣᠭᠤᠮᠲᠠ᠂ ᠶᠠᠰᠤ ᠴᠢᠨᠠᠷ ᠤᠨ ᠪᠣᠭᠤᠮᠲᠠ᠂ ᠠᠬᠢᠴᠠ ᠶᠢᠨ ᠪᠣᠭᠤᠮᠲᠠ ᠶᠢ ᠴᠢᠩᠭ᠎ᠠ ᠠᠳᠬᠤᠵᠤ᠂ ᠢᠨᠵᠧᠨᠧᠷᠢᠩ ᠤᠨ ᠥᠭᠡᠷᠡᠴᠢᠯᠡᠯᠲᠡ ᠶᠢᠨ ᠪᠣᠳᠠᠲᠤ ᠦᠷ᠎ᠡ ᠪᠦᠲᠦᠮᠵᠢ ᠣᠯᠬᠤ ᠶᠢ ᠦᠨᠡᠨᠬᠦ ᠪᠠᠲᠤᠯᠠᠬᠤ ᠬᠡᠷᠡᠭᠲᠡᠶ ᠭᠡᠵᠤ ᠴᠢᠬᠤᠯᠠᠴᠢᠯᠠᠪᠠ᠃
W020240604334825543053.png
    ᠢᠦᠢ ᠰᠢᠨ ᠹᠠᠩ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠳᠤᠯᠠᠭᠠᠯᠠᠭ᠎ᠠ ᠶᠢᠨ ᠢᠨᠵᠧᠨᠧᠷᠢᠩ ᠤᠨ ᠲᠤᠬᠠᠢ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠡᠮᠦᠨᠡᠬᠢ ᠬᠤᠭᠤᠴᠠᠭᠠᠨ ᠤ ᠭᠠᠷ ᠭᠦᠢᠴᠡᠳᠬᠡᠯ ᠢ ᠲᠦᠷᠭᠡᠨ ᠭᠦᠢᠴᠡᠳᠬᠡᠵᠦ᠂ ᠠᠵᠢᠯ ᠤᠨ ᠠᠷᠭ᠎ᠠ ᠬᠡᠮᠵᠢᠶ᠎ᠡ ᠪᠠᠨ ᠨᠠᠷᠢᠯᠢᠭᠵᠢᠭᠤᠯᠵᠤ᠂ ᠤᠯᠠᠨ ᠠᠷᠭ᠎ᠠ ᠵᠠᠮ ᠢᠶᠠᠷ ᠪᠡᠯᠡ ᠮᠥᠩᠭᠦ ᠴᠤᠭᠯᠠᠭᠤᠯᠵᠤ᠂ ᠲᠦᠷᠦᠯ ᠵᠦᠢᠯ ᠢ ᠬᠦᠴᠦᠲᠡᠢ ᠪᠥᠭᠡᠳ ᠡᠮᠬᠢ ᠵᠢᠷᠤᠮ ᠲᠠᠢ ᠠᠬᠢᠭᠤᠯᠬᠤ ᠶᠢ ᠪᠠᠲᠤᠯᠠᠬᠤ ᠬᠡᠷᠡᠭᠲᠡᠢ ᠃ ᠢᠯᠴᠢ ᠶᠢᠨ ᠬᠦᠴᠦᠨ ᠤ ᠥᠷᠲᠡᠭᠡ ᠶᠢᠨ ᠪᠠᠷᠢᠮᠵᠢᠶᠠᠵᠢᠭᠤᠯᠬᠤ ᠪᠥᠲᠥᠭᠡᠨ ᠪᠠᠶᠢᠭᠤᠯᠤᠯᠲᠠ ᠬᠢᠭᠡᠳ ᠥᠭᠡᠷᠡᠴᠢᠯᠡᠯᠲᠡ ᠶᠢ ᠰᠠᠶᠢᠲᠤᠷ ᠬᠢᠵᠦ᠂ ᠢᠯᠴᠢ ᠶᠢᠨ ᠬᠦᠴᠦᠨ ᠤ ᠥᠷᠲᠡᠭᠡ ᠶᠢᠨ ᠠᠵᠢᠯᠯᠠᠭᠠᠨ ᠤ ᠦᠷ᠎ᠡ ᠪᠦᠲᠦᠮᠵᠢ ᠶᠢ ᠳᠡᠭᠡᠭᠰᠢᠯᠡᠭᠦᠯᠦᠨ᠂ ᠬᠡᠷᠡᠭᠴᠡᠭᠡ ᠶᠣᠰᠣᠭᠠᠷ ᠢᠯᠴᠢ ᠬᠠᠩᠭᠠᠬᠤ᠂ ᠨᠠᠷᠢᠯᠢᠭ ᠣᠨᠣᠴᠠᠲᠠᠶ ᠪᠠᠷ ᠢᠯᠴᠢ ᠬᠠᠩᠭᠠᠬᠤ ᠰᠢᠨ᠎ᠡ ᠬᠡᠯᠪᠡᠷᠢ ᠶᠢᠨ ᠣᠶᠤᠨᠴᠢ ᠢᠯᠴᠢ ᠬᠠᠩᠭᠠᠬᠤ ᠵᠠᠭᠪᠤᠷ ᠢ ᠠᠯᠬᠤᠮ ᠠᠯᠬᠤᠮ ᠢᠶᠠᠷ ᠪᠡᠶᠡᠯᠡᠭᠦᠯᠬᠦ ᠬᠡᠷᠡᠭᠲᠡᠶ᠃ ᠤᠯᠤᠰ᠂ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠥᠬᠦᠶ ᠪᠠᠷᠢᠮᠵᠢᠶ᠎ᠠ ᠲᠣᠭᠲᠠᠭᠠᠯ ᠪᠠ ᠵᠢᠷᠤᠭ ᠲᠥᠯᠥᠪᠯᠡᠭᠡ ᠶᠢᠨ ᠱᠠᠭᠠᠷᠳᠠᠯᠭ᠎ᠠ ᠶᠢ ᠴᠢᠩᠭ᠎ᠠ ᠵᠢᠷᠤᠮᠯᠠᠨ᠂ ᠡᠯ᠎ᠡ ᠲᠥᠷᠥᠯ ᠤᠨ ᠬᠤᠭᠤᠯᠠᠶ ᠶᠢᠨ ᠮᠠᠲ᠋ᠧᠷᠢᠶᠠᠯ᠂ ᠨᠡᠭᠡᠯᠡᠬᠡᠶ ᠵᠡᠷᠭᠡ ᠲᠣᠨᠤᠭ ᠲᠥᠬᠦᠭᠡᠷᠦᠮᠵᠢ ᠮᠠᠲ᠋ᠧᠷᠢᠶᠠᠯ ᠢ ᠲᠠᠯᠠᠪᠠᠶ ᠳᠤ ᠣᠷᠣᠭᠤᠯᠬᠤ ᠪᠣᠭᠤᠮᠲᠠ ᠶᠢ ᠰᠠᠶᠢᠲᠤᠷ ᠠᠳᠬᠤᠵᠤ᠂ ᠢᠯᠠᠩᠭᠤᠶ᠎ᠠ ᠳᠠᠯᠳᠠ ᠢᠨᠵᠧᠨᠧᠷᠢᠩ ᠤᠨ ᠰᠢᠯᠭᠠᠨ ᠠᠪᠬᠤ ᠠᠵᠢᠯ ᠢ ᠰᠠᠶᠢᠲᠤᠷ ᠬᠢᠵᠦ᠂ ᠰᠠᠶᠢᠨ ᠶᠠᠪᠤᠳᠠᠯ ᠢ ᠦᠨᠡᠨ ᠬᠦ ᠰᠠᠶᠢᠲᠤᠷ ᠬᠢᠵᠦ᠂ ᠪᠣᠳᠠᠲᠠᠶ ᠶᠠᠪᠤᠳᠠᠯ ᠢ ᠪᠣᠳᠠᠲᠠᠶ ᠪᠠᠷ ᠬᠢᠬᠦ ᠬᠡᠷᠡᠭᠲᠡᠶ ᠭᠡᠵᠦ ᠴᠢᠬᠤᠯᠠᠴᠢᠯᠠᠪᠠ᠃
W020240604334825617295.png
    ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠢᠩᠬᠢᠮ ᠤᠨ ᠬᠠᠮᠢᠶ᠎ᠠ ᠪᠥᠬᠦᠶ ᠭᠠᠵᠠᠷ ᠲᠠᠰᠤᠭ ᠤᠨ ᠬᠠᠷᠢᠭᠤᠴᠠᠯᠭᠠᠲᠠᠨ᠂ ᠢᠯᠴᠢ ᠬᠠᠩᠭᠠᠬᠤ ᠠᠵᠢᠯ ᠲᠥᠷᠥᠯ ᠤᠨ ᠲᠤᠰᠬᠠᠶ ᠮᠡᠷᠭᠡᠵᠢᠯᠲᠡᠨ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃ 
ᠢᠷᠡᠯᠲᠡ᠄ ᠲᠢᠩᠬᠢᠮ ᠤᠨ ᠬᠤᠲᠠ ᠶᠢᠨ ᠬᠠᠮᠢᠶᠠᠷᠤᠯᠲᠠ ᠶᠢᠨ ᠭᠠᠵᠠᠷ
Baidu
map