ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ︵ᠥᠷᠭᠡᠳᠬᠡᠭᠰᠡᠨ︶ ᠤᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/6/7
    6 ᠳ᠋ᠤᠭᠠᠷ ᠰᠠᠷ᠎ᠠ ᠶᠢᠨ 6 ᠤ ᠡᠳᠦᠷ᠂ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ︵ᠥᠷᠭᠡᠳᠬᠡᠭᠰᠡᠨ︶ ᠤᠨ ᠬᠤᠷᠠᠯ ᠬᠤᠷᠠᠯᠳᠤᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠣᠶᠢᠷ᠎ᠠ ᠶᠢᠨ ᠬᠤᠭᠤᠴᠠᠭᠠᠨ ᠤ ᠴᠢᠬᠤᠯᠠ ᠶᠠᠷᠢᠶ᠎ᠠ᠂ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠵᠢᠴᠢ ᠲᠥᠪ᠂ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠦᠬᠦᠢ ᠬᠤᠷᠠᠯ ᠪᠠ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠠᠵᠢᠯ ᠢ ᠰᠤᠳᠤᠯᠪᠠ᠃ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠢᠩᠬᠢᠮ ᠤᠨ ᠳᠠᠷᠤᠭ᠎ᠠ ᠭᠦᠸᠧ ᠢᠦᠢ ᠹᠧᠩ ᠬᠤᠷᠠᠯ ᠢ ᠡᠷᠭᠢᠯᠡᠪᠡ᠃
W020240607327598554510.png
          ᠬᠤᠷᠠᠯ ᠠᠴᠠ᠂  ᠶᠡᠷᠦᠩᠬᠡᠢ ᠱᠦᠵᠢ ᠰᠢ ᠶᠢᠨ ᠫᠢᠩ ᠤᠨ ᠲᠥᠪ ᠬᠤᠷᠢᠶᠠᠨ ᠤ ᠤᠯᠤᠰ ᠲᠦᠷᠤ ᠶᠢᠨ ᠲᠣᠪᠴᠢᠶᠠᠨ  ᠤ ᠠᠷᠪᠠᠨ ᠳᠥᠷᠪᠡᠳᠦᠭᠡᠷ ᠤᠳᠠᠭ᠎ᠠ ᠶᠢᠨ ᠬᠠᠮᠲᠤ ᠶᠢᠨ ᠰᠤᠷᠤᠯᠴᠠᠯᠭ᠎ᠠ ᠳᠡᠭᠡᠷᠡᠬᠢ ᠴᠢᠬᠤᠯᠠ ᠶᠠᠷᠢᠶᠠᠨ  ᠤ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ  ᠲᠤᠭᠤᠰᠢᠯᠠᠭᠤᠯᠵᠤ᠂ ᠠᠵᠢᠯ ᠣᠯᠭᠤᠯᠲᠠ ᠶᠢ ᠠᠷᠠᠳ  ᠤᠨ ᠠᠮᠢᠳᠤᠷᠠᠯ  ᠤᠨ ᠲᠡᠷᠢᠭᠦᠨ ᠴᠢᠬᠤᠯᠠ ᠶᠠᠪᠤᠳᠠᠯ ᠪᠣᠯᠭᠠᠨ ᠠᠳᠬᠤᠵᠤ᠂ ᠭᠡᠷ ᠪᠠᠶᠢᠰᠢᠩ ᠭᠠᠵᠠᠷ ᠬᠥᠷᠥᠩᠭᠡ ᠶᠢᠨ ᠦᠢᠯᠡᠰ᠂ ᠪᠠᠷᠢᠯᠭ᠎ᠠ ᠶᠢᠨ ᠦᠢᠯᠡᠰ ᠢᠶᠠᠷ ᠠᠵᠤ ᠠᠬᠤᠢ ᠶᠢ ᠲᠣᠭᠲᠠᠪᠤᠷᠢᠵᠢᠭᠤᠯᠬᠤ ᠂ ᠠᠵᠢᠯ ᠣᠯᠭᠤᠯᠲᠠ ᠶᠢ ᠠᠬᠢᠭᠤᠯᠬᠤ᠂ ᠠᠷᠠᠳ  ᠤᠨ ᠠᠮᠢᠳᠤᠷᠠᠯ  ᠢ ᠪᠠᠲᠤᠯᠠᠬᠤ ᠢᠳᠡᠪᠬᠢ ᠦᠢᠯᠡᠳᠦᠯ ᠢ ᠰᠠᠶᠢᠲᠤᠷ ᠪᠠᠳᠠᠷᠠᠭᠤᠯᠵᠤ᠂ ᠴᠢᠬᠤᠯᠠ ᠶᠡᠭᠡ ᠲᠦᠷᠦᠯ ᠵᠦᠢᠯ  ᠤᠨ ᠪᠦᠲᠦᠭᠡᠨ ᠪᠠᠶᠢᠭᠤᠯᠤᠯᠲᠠ ᠪᠠᠷ ᠠᠵᠢᠯ ᠣᠯᠭᠤᠯᠲᠠ ᠶᠢ ᠠᠬᠢᠭᠤᠯᠬᠤ  ᠦᠢᠯᠡᠳᠦᠯ ᠢ ᠰᠠᠶᠢᠲᠤᠷ ᠪᠠᠳᠠᠷᠠᠭᠤᠯᠵᠤ᠂ ᠤᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡᠪᠡᠷ ᠬᠡᠷᠡᠭᠯᠡᠵᠦ ᠮᠠᠯᠴᠢᠨ ᠲᠠᠷᠢᠶᠠᠴᠢᠨ  ᠤ ᠠᠵᠢᠯ ᠣᠯᠭᠤᠯᠲᠠ ᠵᠢᠴᠢ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ  ᠤᠨ ᠠᠵᠢᠯ ᠣᠯᠭᠤᠯᠲᠠ ᠶᠢ ᠠᠬᠢᠭᠤᠯᠬᠤ ᠬᠡᠷᠡᠭᠲᠡᠢ ᠃ ᠣᠳᠣᠬᠢᠴᠢᠯᠠᠭᠰᠠᠨ ᠠᠵᠤ ᠦᠢᠯᠡᠰ ᠤᠨ ᠰᠢᠰᠲ᠋ᠧᠮ ᠤᠨ ᠪᠠᠶᠢᠭᠤᠯᠤᠯᠲᠠ ᠶᠢ ᠲᠦᠷᠭᠡᠳᠬᠡᠵᠦ᠂ ᠭᠡᠷ ᠪᠠᠶᠢᠰᠢᠩ ᠭᠠᠵᠠᠷ ᠬᠥᠷᠥᠩᠭᠡ ᠶᠢᠨ ᠦᠢᠯᠡᠰ ᠂ ᠪᠠᠷᠢᠯᠭ᠎ᠠ ᠶᠢᠨ ᠦᠢᠯᠡᠰ ᠤᠨ ᠬᠡᠯᠪᠡᠷᠢ ᠬᠤᠪᠢᠷᠠᠭᠤᠯᠤᠨ ᠰᠢᠨ᠎ᠡ ᠶᠢ ᠡᠭᠦᠳᠬᠦ ᠶᠢ ᠠᠬᠢᠭᠤᠯᠵᠤ᠂ ᠠᠵᠢᠯ ᠣᠯᠭᠤᠯᠲᠠ ᠶᠢᠨ ᠳᠠᠯᠳᠠ ᠬᠦᠴᠦᠨ ᠢ ᠴᠢᠨᠠᠭᠰᠢᠳᠠ ᠪᠠᠳᠠᠷᠠᠭᠤᠯᠵᠤ ᠂ ᠨᠡᠩ ᠤᠯᠠᠨ ᠴᠢᠨᠠᠷ ᠰᠠᠶᠢᠲᠠᠢ ᠠᠵᠢᠯ ᠤᠨ ᠪᠠᠶᠢᠷᠢ ᠶᠢ ᠡᠭᠦᠳᠬᠦ ᠬᠡᠷᠡᠭᠲᠡᠢ ᠃ ᠲᠥᠷᠥᠯ ᠵᠦᠢᠯ ᠢᠶᠠᠷ ᠠᠵᠢᠯ ᠣᠯᠭᠤᠯᠲᠠ ᠶᠢ ᠳᠠᠶᠢᠴᠢᠯᠠᠬᠤ ᠡᠷᠴᠢᠮ ᠢᠶᠠᠨ ᠴᠢᠩᠭᠠᠷᠠᠭᠤᠯᠵᠤ᠂ ᠬᠤᠲᠠ ᠶᠢᠨ ᠶᠠᠪᠤᠳᠠᠯ ᠤᠨ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠵᠡᠷᠭᠡ ᠴᠢᠬᠤᠯᠠ ᠶᠡᠭᠡ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠠᠵᠢᠯᠴᠢᠨ ᠬᠡᠷᠡᠭᠯᠡᠬᠦ ᠳᠠᠯᠳᠠ ᠬᠦᠴᠦᠨ ᠢ ᠭᠦᠢᠴᠡᠳ ᠪᠠᠳᠠᠷᠠᠭᠤᠯᠤᠨ᠂ ᠨᠡᠶᠢᠭᠡᠮ ᠤᠨ ᠪᠡᠯᠡ ᠣᠷᠣᠭᠤᠯᠤᠯᠲᠠ ᠶᠢᠨ ᠲᠥᠷᠥᠯ ᠵᠦᠢᠯ ᠤᠨ ᠠᠵᠢᠯ ᠣᠯᠭᠤᠯᠲᠠ ᠶᠢ ᠵᠣᠷᠢᠭᠵᠢᠭᠤᠯᠵᠤ᠂ ᠵᠠᠬ᠎ᠠ ᠳᠡᠯᠭᠡᠭᠦᠷᠴᠢᠯᠡᠭᠰᠡᠨ ᠠᠵᠢᠯ ᠣᠯᠭᠤᠯᠲᠠ ᠶᠢᠨ ᠬᠠᠩᠭᠠᠯᠭ᠎ᠠ ᠶᠢ ᠦᠷᠭᠦᠯᠵᠢᠯᠡᠨ ᠥᠷᠭᠡᠳᠬᠡᠬᠦ ᠬᠡᠷᠡᠭᠲᠡᠢ᠃ ︽ᠬᠡᠷᠡᠭᠯᠡᠬᠦ︾ ᠪᠠᠷ ᠤᠳᠤᠷᠢᠳᠤᠮᠵᠢ ᠪᠣᠯᠭᠠᠭᠰᠠᠨ ᠤᠷᠠᠨ ᠲᠠᠷᠬᠠᠨ ᠤ ᠰᠢᠰᠲ᠋ᠧᠮ ᠤᠨ ᠪᠠᠶᠢᠭᠤᠯᠤᠯᠲᠠ ᠶᠢ ᠯᠠᠪᠳᠠᠭᠤᠨ ᠪᠠᠲᠤᠲᠠᠢ ᠠᠬᠢᠭᠤᠯᠵᠤ᠂ ᠵᠠᠬ᠎ᠠ ᠳᠡᠯᠭᠡᠭᠦᠷ ᠤᠨ ᠬᠡᠷᠡᠭᠴᠡᠭᠡ ᠶᠢ ᠴᠢᠭᠯᠡᠭᠦᠯᠦᠨ ᠠᠵᠢᠯ ᠮᠡᠷᠭᠡᠵᠢᠯ ᠤᠷ᠎ᠠ ᠴᠢᠳᠠᠪᠤᠷᠢ ᠶᠢᠨ ᠪᠣᠯᠪᠠᠰᠤᠷᠠᠯ ᠢ ᠰᠠᠶᠢᠲᠤᠷ ᠠᠳᠬᠤᠵᠤ ᠂ ᠠᠵᠢᠯ ᠣᠯᠭᠤᠯᠲᠠ ᠶᠢᠨ ᠬᠠᠩᠭᠠᠯᠭ᠎ᠠ ᠬᠡᠷᠡᠭᠴᠡᠭᠡ ᠶᠢ ᠤᠨᠢᠨ ᠳᠡᠭᠡᠷ᠎ᠡ ᠨᠢ ᠵᠣᠯᠭᠠᠭᠤᠯᠬᠤ ᠶᠢ ᠠᠬᠢᠭᠤᠯᠬᠤ ᠬᠡᠷᠡᠭᠲᠡᠢ ᠃ ᠪᠠᠷᠢᠯᠭ᠎ᠠ ᠶᠢᠨ ᠠᠵᠢᠯᠴᠢᠳ ᠤᠨ ᠦᠨᠡᠨ ᠨᠡᠷ᠎ᠡ ᠶᠢᠨ ᠳᠦᠷᠢᠮ ᠤᠨ ᠬᠠᠮᠢᠶᠠᠷᠤᠯᠲᠠ ᠶᠢ ᠴᠢᠩᠭᠠᠷᠠᠭᠤᠯᠤᠨ᠂ ᠪᠠᠷᠢᠯᠭ᠎ᠠ ᠶᠢᠨ ᠵᠣᠭᠤᠰ ᠢ ᠥᠷᠢᠲᠦᠬᠦ ᠵᠡᠷᠭᠡ ᠠᠰᠠᠭᠤᠳᠠᠯ ᠢ ᠬᠠᠤᠯᠢ ᠶᠣᠰᠣᠭᠠᠷ ᠴᠠᠭ ᠲᠤᠬᠠᠢ ᠳᠤᠨᠢ ᠰᠢᠢᠳᠪᠦᠷᠢᠯᠡᠵᠦ᠂ ᠬᠥᠯᠥᠰᠦᠨ ᠠᠵᠢᠯᠴᠢᠨ ᠤ ᠴᠠᠯᠢᠩ ᠢ ᠴᠠᠭ ᠲᠤᠬᠠᠢ ᠳᠤᠨᠢ ᠲᠤᠭ᠎ᠠ ᠶᠣᠰᠣᠭᠠᠷ ᠥᠭᠬᠦ ᠶᠢ ᠪᠠᠲᠤᠯᠠᠨ᠂ ᠬᠥᠯᠥᠰᠦᠨ ᠠᠵᠢᠯᠴᠢᠨ ᠤ ᠬᠠᠤᠯᠢ ᠶᠣᠰᠣᠨ ᠤ ᠡᠷᠬᠡ ᠠᠰᠢᠭ ᠢ ᠦᠨᠡᠨᠬᠦ ᠬᠠᠮᠠᠭᠠᠯᠠᠬᠤ ᠬᠡᠷᠡᠭᠲᠡᠢ ᠭᠡᠵᠦ ᠴᠢᠬᠤᠯᠠᠴᠢᠯᠠᠪᠠ᠃
W020240607327599150725.png
         ᠬᠤᠷᠠᠯ ᠠᠴᠠ᠂ ᠶᠡᠷᠦᠩᠬᠡᠢ ᠱᠦᠵᠢ ᠰᠢ ᠶᠢᠨ ᠫᠢᠩ ᠤᠨ  ︽ᠬᠥᠳᠡᠭᠡ ᠠᠵᠤ ᠠᠬᠤᠢ᠂ ᠬᠥᠳᠡᠭᠡ ᠲᠣᠰᠬᠤᠨ᠂ ᠲᠠᠷᠢᠶᠠᠴᠢᠨ︾  ᠤ ᠠᠵᠢᠯ ᠤᠨ ᠲᠤᠬᠠᠢ ᠴᠢᠬᠤᠯᠠ ᠥᠭᠦᠯᠡᠯᠲᠡ ᠶᠢᠨ ᠵᠣᠷᠢᠭ ᠰᠠᠨᠠᠭ᠎ᠠ ᠪᠣᠯᠣᠨ ︽ᠲᠦᠷᠪᠡᠨ  ᠰᠠᠶᠢᠨ ᠬᠥᠳᠡᠭᠡ ᠲᠣᠰᠬᠤᠨ  ᠤ ᠵᠠᠮ︾  ᠤᠨ ᠪᠦᠲᠦᠭᠡᠨ ᠪᠠᠶᠢᠭᠤᠯᠤᠯᠲᠠ ᠶᠢ ᠴᠢᠨᠠᠭᠰᠢᠳᠠ ᠰᠠᠶᠢᠲᠤᠷ ᠬᠢᠬᠦ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠬᠤᠳᠠ ᠬᠥᠳᠡᠭᠡ ᠶᠢ ᠠᠭᠤᠰᠤᠯᠴᠠᠭᠤᠯᠤᠨ ᠬᠥᠭᠵᠢᠭᠦᠯᠬᠦ ᠳᠤ ᠠᠩᠬᠠᠷᠤᠯ ᠢᠶᠠᠨ ᠲᠥᠪᠯᠡᠷᠡᠭᠦᠯᠵᠦ᠂ ᠦᠨᠳᠦᠰᠦᠨ ᠤᠯᠠᠨ ᠨᠡᠶᠢᠲᠡ  ᠶᠢᠨ ᠦᠢᠯᠡᠴᠢᠯᠡᠭᠡ  ᠶᠢᠨ ᠲᠡᠩᠴᠡᠭᠦᠷᠢᠰᠢᠯ ᠤᠨ ᠱᠠᠭᠠᠷᠳᠠᠯᠭ᠎ᠠ ᠪᠠᠷ᠂ ᠣᠷᠣᠨ ᠰᠠᠭᠤᠴᠠ ᠶᠢᠨ ᠪᠦᠲᠦᠭᠡᠨ ᠪᠠᠶᠢᠭᠤᠯᠤᠯᠲᠠ ᠶᠢᠨ ᠬᠦᠷᠢᠶᠡᠨ ᠳᠠᠬᠢ ᠬᠥᠳᠡᠭᠡ ᠲᠣᠰᠬᠤᠨ  ᠢ ᠪᠦᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠡᠭᠦᠷᠭᠡ ᠶᠢ ᠲᠠᠰᠤᠷᠠᠯᠳᠠ ᠦᠭᠡᠢ ᠮᠥᠨ ᠴᠢᠨᠠᠷ ᠤᠨ ᠠᠬᠢᠴᠠ ᠲᠠᠢ᠂ ᠱᠠᠲᠤ ᠦᠶ᠎ᠡ ᠶᠢᠨ  ᠴᠢᠨᠠᠷᠲᠠᠢ ᠠᠮᠵᠢᠯᠲᠠ ᠣᠯᠬᠤ ᠶᠢ ᠲᠦᠯᠬᠢᠨ ᠠᠬᠢᠭᠤᠯᠤᠨ᠎ᠠ᠃ ᠬᠤᠳᠠ ᠬᠥᠳᠡᠭᠡ ᠶᠢᠨ ᠰᠠᠭᠤᠷᠢ ᠲᠥᠬᠦᠭᠡᠷᠦᠮᠵᠢ ᠶᠢᠨ ᠳᠡᠰ ᠳᠡᠪᠰᠢᠭᠦᠯᠬᠦ ᠪᠠ ᠤᠯᠠᠨ ᠨᠡᠶᠢᠲᠡ ᠶᠢᠨ ᠦᠢᠯᠡᠴᠢᠯᠡᠭᠡᠨ ᠤ ᠬᠠᠩᠭᠠᠯᠭ᠎ᠠ ᠶᠢ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ ᠬᠤᠳᠠ ᠬᠥᠳᠡᠭᠡ ᠶᠢ ᠨᠢᠭᠡ ᠴᠣᠭᠴᠠᠵᠢᠭᠤᠯᠤᠭᠰᠠᠨ᠂ ᠪᠦᠬᠦ ᠠᠷᠠᠳ ᠢ ᠬᠠᠮᠤᠷᠤᠭᠰᠠᠨ᠂ ᠲᠡᠩᠴᠡᠭᠦᠷᠢᠲᠡᠢ ᠬᠥᠭᠵᠢᠭᠰᠡᠨ᠂ ᠨᠡᠶᠢᠳᠡᠮ ᠠᠰᠢᠭ ᠬᠦᠷᠲᠡᠭᠡᠵᠦ ᠬᠠᠮᠲᠤ ᠪᠠᠷ ᠡᠳ᠋ᠯᠡᠬᠦ ᠤᠯᠠᠨ ᠨᠡᠶᠢᠲᠡ ᠶᠢᠨ ᠦᠨᠳᠦᠰᠦᠨ ᠦᠢᠯᠡᠴᠢᠯᠡᠭᠡᠨ ᠤ ᠰᠢᠰᠲ᠋ᠧᠮ ᠢ ᠪᠦᠷᠢᠨᠰᠢᠭᠦᠯᠵᠦ᠂ ᠬᠥᠳᠡᠭᠡ ᠲᠣᠰᠬᠤᠨ ᠤ ᠦᠢᠯᠡᠳᠪᠦᠷᠢᠯᠡᠯ ᠠᠮᠢᠳᠤᠷᠠᠯ ᠤᠨ ᠨᠥᠬᠦᠴᠡᠯ ᠢ ᠰᠠᠶᠢᠵᠢᠷᠠᠭᠤᠯᠵᠤ᠂ ᠠᠵᠢᠯᠯᠠᠵᠤ ᠠᠮᠢᠳᠤᠷᠠᠬᠤ ᠳᠤ ᠲᠣᠬᠢᠷᠠᠮᠵᠢᠲᠠᠢ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠢ ᠲᠦᠷᠭᠡᠪᠴᠢᠯᠡᠨ ᠪᠦᠲᠦᠭᠡᠨ ᠪᠠᠶᠢᠭᠤᠯᠬᠤ ᠬᠡᠷᠡᠭᠲᠡᠢ᠃ ᠵᠢᠷᠤᠭ ᠲᠥᠯᠥᠪᠯᠡᠭᠡ ᠶᠢ ᠬᠥᠳᠡᠭᠡ ᠪᠠᠭᠤᠯᠭᠠᠬᠤ᠂ ᠮᠡᠷᠭᠡᠵᠢᠯ ᠢ ᠡᠷᠦᠬᠡ ᠳᠤ ᠣᠷᠣᠭᠤᠯᠬᠤ ᠪᠠ ᠤᠷᠠᠨ ᠳᠠᠷᠬᠠᠨ ᠢ ᠪᠣᠶᠢᠵᠢᠭᠤᠯᠬᠤ ᠠᠵᠢᠯᠯᠠᠭ᠎ᠠ ᠶᠢ ᠶᠡᠬᠡᠪᠡᠷ ᠥᠷᠨᠢᠭᠦᠯᠵᠦ᠂ ᠬᠥᠳᠡᠭᠡ ᠲᠣᠰᠬᠤᠨ ᠤ ᠭᠡᠷ ᠪᠠᠶᠢᠰᠢᠩ ᠤᠨ ᠪᠦᠲᠦᠭᠡᠨ ᠪᠠᠶᠢᠭᠤᠯᠤᠯᠲᠠ ᠶᠢᠨ ᠶᠠᠰᠤ ᠴᠢᠨᠠᠷ ᠢ ᠳᠡᠭᠡᠭᠰᠢᠯᠡᠭᠦᠯᠦᠨ᠂ ᠬᠥᠳᠡᠭᠡ ᠲᠣᠰᠬᠤᠨ  ᠤ ᠳᠦᠷᠰᠦ ᠪᠠᠶᠢᠳᠠᠯ ᠤᠨ ᠬᠠᠮᠢᠶᠠᠷᠤᠯᠲᠠ ᠡᠵᠡᠮᠳᠡᠯ ᠪᠠ ᠮᠡᠷᠭᠡᠵᠢᠯ ᠤᠨ ᠵᠢᠯᠣᠭᠤᠳᠤᠯᠭ᠎ᠠ ᠶᠢ ᠴᠢᠩᠭᠠᠳᠬᠠᠵᠤ᠂ ᠣᠲᠣ ᠦᠶ᠎ᠡ ᠶᠢᠨ ᠣᠷᠣᠰᠢᠨ ᠰᠠᠭᠤᠬᠤ ᠳᠤ ᠲᠣᠬᠢᠷᠠᠮᠵᠢᠲᠠᠢ ᠬᠥᠳᠡᠭᠡ ᠲᠣᠰᠬᠤᠨ ᠤ ᠪᠦᠲᠦᠭᠡᠨ ᠪᠠᠶᠢᠭᠤᠯᠤᠯᠲᠠ ᠶᠢ ᠲᠦᠯᠬᠢᠨ ᠠᠬᠢᠭᠤᠯᠬᠤ ᠬᠡᠷᠡᠭᠲᠡᠢ᠃ ᠲᠠᠷᠢᠶᠠᠯᠠᠬᠤ ᠮᠠᠯᠵᠢᠬᠤ ᠣᠷᠣᠨ  ᠤᠨ ᠬᠥᠮᠥᠰ ᠤᠨ ᠣᠷᠣᠰᠢᠨ ᠰᠠᠭᠤᠬᠤ ᠣᠷᠴᠢᠨ ᠲᠣᠭᠤᠷᠢᠨ  ᠢ ᠴᠡᠭᠴᠡᠯᠡᠨ ᠵᠠᠰᠠᠬᠤ ᠶᠢ ᠴᠢᠩᠭᠠᠳᠬᠠᠵᠤ᠂ ᠲᠠᠷᠢᠶᠠᠯᠠᠬᠤ ᠮᠠᠯᠵᠢᠬᠤ ᠣᠷᠣᠨ  ᠤᠨ ᠠᠮᠢᠳᠤᠷᠠᠯ ᠤᠨ ᠬᠤᠭ ᠨᠣᠪᠰᠢ ᠶᠢ ᠬᠤᠷᠢᠶᠠᠨ ᠲᠡᠭᠡᠭᠡᠪᠦᠷᠢᠯᠡᠬᠦ ᠪᠠ ᠪᠣᠬᠢᠷ ᠤᠰᠤ ᠶᠢ ᠬᠤᠷᠢᠶᠠᠨ ᠴᠤᠭᠯᠠᠭᠤᠯᠵᠤ ᠰᠢᠢᠳᠪᠦᠷᠢᠯᠡᠬᠦ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠲᠦᠷᠭᠡᠨ ᠪᠠᠶᠢᠷᠢᠰᠢᠭᠤᠯᠤᠨ ᠠᠬᠢᠭᠤᠯᠵᠤ᠂  ᠡᠶ᠎ᠡ ᠵᠣᠬᠢᠴᠠᠯ ᠲᠠᠢ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠢ ᠦᠷᠭᠦᠯᠵᠢᠯᠡᠨ ᠪᠦᠲᠦᠭᠡᠨ ᠪᠠᠶᠢᠭᠤᠯᠬᠤ ᠬᠡᠷᠡᠭᠲᠡᠢ ᠭᠡᠵᠦ  ᠱᠠᠭᠠᠷᠳᠠᠪᠠ᠃     ᠬᠤᠷᠠᠯ ᠠᠴᠠ᠂ ᠶᠡᠷᠦᠩᠬᠡᠢ ᠱᠦᠵᠢ ᠰᠢ ᠶᠢᠨ ᠫᠢᠩ ᠤᠨ ︽ᠰᠢᠨ᠎ᠡ ᠴᠢᠨᠠᠷ ᠤᠨ ᠦᠢᠯᠡᠳᠪᠦᠷᠢᠯᠡᠯ ᠤᠨ ᠬᠦᠴᠦᠨ ᠢ ᠬᠥᠭᠵᠢᠭᠦᠯᠬᠦ ᠪᠣᠯ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠣᠲᠣᠭᠠᠳᠤ ᠱᠠᠭᠠᠷᠳᠠᠯᠭ᠎ᠠ ᠪᠠ ᠴᠢᠬᠤᠯᠠ ᠬᠦᠴᠦᠯᠡᠬᠦ ᠴᠡᠭ ᠮᠥᠨ︾ ᠭᠡᠬᠦ ᠴᠢᠬᠤᠯᠠ ᠵᠣᠬᠢᠶᠠᠯ ᠤᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠰᠤᠷᠤᠯᠴᠠᠨ  ᠲᠤᠭᠤᠰᠢᠯᠠᠭᠤᠯᠵᠤ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠠᠵᠢᠯ ᠤᠨ ᠪᠣᠳᠠᠲᠤ ᠪᠠᠶᠢᠳᠠᠯ ᠲᠠᠢ ᠤᠶᠠᠯᠳᠤᠭᠤᠯᠵᠤ᠂ ᠴᠢᠨᠠᠷ ᠰᠠᠶᠢᠲᠠᠢ ᠬᠥᠭᠵᠢᠯᠲᠡ ᠪᠠ ᠪᠦᠬᠦ ᠲᠠᠯ᠎ᠠ ᠪᠠᠷ ᠬᠡᠯᠪᠡᠷᠢ ᠬᠤᠪᠢᠷᠠᠭᠤᠯᠬᠤ ᠪᠣᠳᠠᠲᠤ ᠬᠡᠷᠡᠭᠴᠡᠭᠡ ᠠᠴᠠ ᠡᠭᠦᠰᠴᠦ᠂ ᠣᠷᠣᠨ ᠰᠠᠭᠤᠴᠠ ᠶᠢᠨ ᠪᠦᠲᠦᠭᠡᠨ ᠪᠠᠶᠢᠭᠤᠯᠤᠯᠲᠠ ᠶᠢᠨ ᠠᠵᠢᠯ ᠲᠦᠷᠦᠯ ᠤᠨ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠡᠨᠡᠬᠦ ᠲᠣᠮᠣ ᠶᠠᠪᠤᠳᠠᠯ ᠢ ᠦᠷᠭᠦᠯᠵᠢᠯᠡᠨ ᠰᠠᠶᠢᠲᠤᠷ ᠬᠢᠵᠦ᠂ ᠣᠷᠣᠨ ᠰᠠᠭᠤᠴᠠ ᠶᠢᠨ ᠪᠦᠲᠦᠭᠡᠨ ᠪᠠᠶᠢᠭᠤᠯᠤᠯᠲᠠ ᠶᠢᠨ ᠬᠦᠷᠢᠶᠡᠨ ᠤ ᠰᠢᠨ᠎ᠡ ᠴᠢᠨᠠᠷ ᠤᠨ ᠦᠢᠯᠡᠳᠪᠦᠷᠢᠯᠡᠯ ᠤᠨ ᠬᠦᠴᠦᠨ ᠤ ᠲᠦᠷᠭᠡᠨ ᠬᠥᠭᠵᠢᠯᠲᠡ ᠶᠢ ᠠᠬᠢᠭᠤᠯᠵᠤ᠂ ᠥᠪᠡᠷᠲᠡᠭᠡᠨ ᠵᠠᠰᠠᠬᠤ ᠣᠷᠣᠨ ᠤ ︽ᠬᠤᠶᠠᠷ ᠶᠡᠭᠡ ᠶᠠᠪᠤᠳᠠᠯ︾ ᠢ ᠰᠠᠶᠢᠲᠤᠷ ᠬᠢᠬᠦ᠂ ︽ᠰᠢᠨ᠎ᠡ ᠵᠠᠮ ᠢ ᠨᠡᠭᠡᠭᠡᠵᠦ᠂ ᠳᠤᠮᠳᠠ ᠤᠷᠤᠰᠬᠠᠯ ᠳᠤ ᠣᠷᠣᠬᠤ︾ ᠶᠢ ᠪᠡᠶᠡᠯᠡᠭᠦᠯᠬᠦ ᠳᠤ ᠢᠳᠡᠪᠬᠢᠲᠡᠢ ᠬᠦᠴᠦᠨ ᠴᠢᠳᠠᠯ ᠢᠶᠠᠨ ᠡᠷᠭᠦᠬᠦ ᠬᠡᠷᠡᠭᠲᠡᠢ᠃ ᠬᠠᠷᠠᠯᠲᠠ ᠪᠠᠷ ᠤᠳᠤᠷᠢᠳᠤᠮᠵᠢ ᠪᠣᠯᠭᠠᠬᠤ ᠪᠠ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠬᠠᠷᠢᠯᠴᠠᠨ ᠤᠶᠠᠯᠳᠤᠭᠤᠯᠬᠤ ᠶᠢ ᠪᠠᠷᠢᠮᠲᠠᠯᠠᠵᠤ᠂ ᠭᠡᠷ ᠪᠠᠶᠢᠰᠢᠩ ᠭᠠᠵᠠᠷ ᠬᠥᠷᠥᠩᠭᠡ᠂ ᠪᠠᠷᠢᠯᠭ᠎ᠠ ᠶᠢᠨ ᠦᠢᠯᠡᠰ᠂ ᠬᠤᠳᠠ ᠶᠢᠨ ᠵᠠᠰᠠᠯᠲᠠ ᠵᠡᠷᠭᠡ ᠭᠤᠣᠯᠳᠠᠯᠭ᠎ᠠ ᠲᠠᠢ ᠬᠦᠷᠢᠶᠡᠨ ᠤ ᠪᠣᠬᠢᠷᠲᠤᠯ ᠦᠭᠡᠢ ᠬᠥᠭᠵᠢᠯᠲᠡ᠂ ᠠᠵᠤ ᠦᠢᠯᠡᠰ ᠤᠨ ᠰᠢᠨ᠎ᠡ ᠶᠢ ᠡᠭᠦᠳᠬᠦ᠂ ᠲᠣᠭᠠᠴᠢᠯᠠᠭᠰᠠᠨ ᠬᠡᠯᠪᠡᠷᠢ ᠬᠤᠪᠢᠷᠠᠭᠤᠯᠬᠤ ᠵᠡᠷᠭᠡ ᠪᠠᠶᠢᠯᠳᠤᠬᠤ ᠪᠣᠳᠣᠯᠭ᠎ᠠ ᠶᠢᠨ ᠡᠭᠦᠷᠭᠡ ᠶᠢ ᠠᠬᠢᠭᠤᠯᠬᠤ ᠶᠢᠨ ᠲᠣᠭᠤᠷᠢᠨ ᠳᠤ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠶᠢ ᠶᠡᠬᠡᠪᠡᠷ ᠠᠬᠢᠭᠤᠯᠵᠤ᠂ ᠮᠡᠷᠭᠡᠵᠢᠯ ᠤᠨ ᠬᠤᠪᠢᠰᠬᠠᠯ ᠤᠨ ᠰᠢᠪᠲᠤᠯᠤᠯᠲᠠ ᠪᠠᠷ ᠵᠠᠩᠭᠢᠯᠠᠭ᠎ᠠ ᠶᠢᠨ ᠳᠠᠭᠠᠭᠤᠯᠤᠯ ᠪᠣᠯᠭᠠᠵᠤ᠂ ᠰᠠᠭᠤᠷᠢ ᠰᠤᠳᠤᠯᠭᠠᠨ ᠢ ᠴᠢᠩᠭᠠᠳᠬᠠᠵᠤ᠂ ᠰᠢᠨ᠎ᠡ ᠶᠢ ᠡᠭᠦᠳᠬᠦ ᠴᠢᠳᠠᠪᠤᠷᠢ ᠶᠢ ᠳᠡᠭᠡᠭᠰᠢᠯᠡᠭᠦᠯᠵᠦ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠪᠠᠷ ᠠᠵᠤ ᠦᠢᠯᠡᠰ ᠤᠨ ᠰᠢᠨ᠎ᠡ ᠶᠢ ᠡᠭᠦᠳᠬᠦ ᠶᠢ ᠠᠬᠢᠭᠤᠯᠵᠤ᠂ ᠰᠢᠨ᠎ᠡ ᠠᠵᠤ ᠦᠢᠯᠡᠰ ᠢ ᠢᠳᠡᠪᠬᠢᠲᠡᠢ ᠡᠭᠦᠳᠴᠦ᠂ ᠰᠢᠨ᠎ᠡ ᠴᠢᠳᠠᠮᠵᠢ ᠶᠢ ᠪᠣᠶᠢᠵᠢᠭᠤᠯᠵᠤ᠂ ᠰᠢᠨ᠎ᠡ ᠳᠠᠪᠠᠭᠤᠯᠢᠭ ᠢ ᠪᠦᠷᠢᠯᠳᠦᠭᠦᠯᠬᠦ ᠬᠡᠷᠡᠭᠲᠡᠢ᠃  ᠰᠠᠶᠢᠨ ᠭᠡᠷ ᠪᠠᠶᠢᠰᠢᠩ᠂  ᠰᠠᠶᠢᠨ ᠰᠠᠭᠤᠭᠠᠯᠢ ᠠᠷᠠᠳ ᠤᠨ ᠲᠣᠭᠤᠷᠢᠭ᠂ ᠰᠠᠶᠢᠨ ᠨᠡᠶᠢᠭᠡᠮ ᠲᠣᠭᠤᠷᠢᠭ᠂  ᠰᠠᠶᠢᠨ ᠬᠤᠳᠠ ᠲᠣᠭᠤᠷᠢᠭ ᠤᠨ ︽ᠲᠦᠷᠪᠡᠨ  ᠰᠠᠶᠢᠨ︾ ᠤ ᠪᠦᠲᠦᠭᠡᠨ ᠪᠠᠶᠢᠭᠤᠯᠤᠯᠲᠠ ᠶᠢ ᠠᠬᠢᠭᠤᠯᠵᠤ᠂ ᠬᠠᠩᠭᠠᠯᠭ᠎ᠠ ᠶᠢᠨ ᠶᠠᠰᠤ ᠴᠢᠨᠠᠷ ᠢ ᠳᠡᠭᠡᠭᠰᠢᠯᠡᠭᠦᠯᠵᠦ᠂ ᠠᠷᠠᠳ ᠲᠦᠮᠡᠨ ᠤ ᠤᠯᠠᠨ ᠶᠠᠩᠵᠤᠴᠢᠯᠠᠭᠰᠠᠨ᠂ ᠳᠡᠭᠡᠳᠦ ᠲᠡᠰ ᠤᠨ ᠬᠡᠷᠡᠭᠯᠡᠭᠡᠨ ᠤ ᠬᠡᠷᠡᠭᠴᠡᠭᠡ ᠶᠢ ᠬᠠᠩᠭᠠᠵᠤ᠂ ᠴᠢᠨᠠᠷ ᠰᠠᠶᠢᠲᠠᠢ ᠠᠮᠢ ᠠᠬᠤᠢ ᠶᠢᠨ ᠣᠷᠴᠢᠨ ᠲᠣᠭᠤᠷᠢᠨ ᠢ ᠪᠤᠢ ᠪᠣᠯᠭᠠᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠬᠦᠴᠦᠨ ᠢᠶᠠᠷ ᠠᠷᠠᠳ ᠤᠨ ᠠᠮᠢᠳᠤᠷᠠᠯ ᠢ ᠰᠠᠶᠢᠵᠢᠷᠠᠭᠤᠯᠵᠤ᠂ ᠠᠷᠠᠳ ᠤᠯᠠᠨ ᠤ ᠬᠦᠷᠲᠡᠮᠵᠢ ᠶᠢᠨ ᠲᠥᠷᠥᠭᠳᠡᠯ᠂ ᠵᠣᠯ ᠵᠢᠷᠭᠠᠯᠲᠤ ᠲᠥᠷᠥᠭᠳᠡᠯ᠂ ᠠᠮᠤᠷ ᠲᠦᠪᠰᠢᠨ ᠤ ᠲᠥᠷᠥᠭᠳᠡᠯ ᠢ ᠲᠠᠰᠤᠷᠠᠯᠳᠡ ᠦᠭᠡᠢ ᠴᠢᠩᠭᠠᠳᠬᠠᠬᠤ ᠬᠡᠷᠡᠭᠲᠡᠢ ᠭᠡᠵᠦ ᠴᠢᠬᠤᠯᠠᠴᠢᠯᠠᠪᠠ᠃     ᠬᠤᠷᠠᠯ ᠠᠴᠠ᠂ ᠣᠳᠣᠬᠠᠨ ᠤ ᠠᠶᠤᠯᠭᠦᠢ ᠦᠢᠯᠡᠳᠪᠦᠷᠢᠯᠡᠯ ᠤᠨ ᠪᠠᠶᠢᠳᠠᠯ ᠢ ᠤᠨᠤᠪᠴᠢᠳᠠᠢ ᠵᠠᠳᠠᠯᠵᠤ ᠰᠤᠳᠤᠯᠤᠨ ᠮᠠᠭᠠᠳᠯᠠᠵᠤ᠂ ᠤᠯᠠᠷᠢᠯ ᠤᠨ ᠴᠢᠨᠠᠷᠲᠠᠢ ᠣᠨᠴᠠᠯᠢᠭ ᠲᠠᠢ ᠤᠶᠠᠯᠳᠤᠭᠤᠯᠵᠤ᠂ ᠬᠠᠮᠤᠭ ᠤᠨ ᠰᠠᠨᠠᠭ᠎ᠠ ᠠᠮᠤᠷ ᠦᠭᠡᠢ ᠬᠥᠮᠥᠨ᠂ ᠬᠠᠮᠤᠭ ᠤᠨ ᠪᠠᠭᠤᠷᠠᠢ ᠭᠠᠵᠠᠷ ᠣᠷᠣᠨ ᠪᠠ ᠬᠠᠮᠤᠭ ᠠᠳᠡᠯ ᠭᠠᠷᠬᠤ ᠪᠣᠯᠣᠯᠴᠠᠭ᠎ᠠ ᠲᠠᠢ ᠬᠦᠷᠢᠶ᠎ᠡ ᠶᠢ ᠠᠩᠬᠠᠷᠴᠤ᠂ ᠡᠯ᠎ᠡ ᠵᠦᠢᠯ ᠤᠨ ᠠᠮᠤᠷ ᠲᠦᠪᠰᠢᠨ ᠤ ᠰᠡᠷᠭᠡᠶᠢᠯᠡᠯᠲᠡ ᠶᠢᠨ ᠠᠷᠭ᠎ᠠ ᠬᠡᠮᠵᠢᠶ᠎ᠡ ᠶᠢ ᠴᠢᠩᠭ᠎ᠠ ᠨᠠᠶᠢᠳᠠᠪᠤᠷᠢᠵᠢᠭᠤᠯᠵᠤ᠂ ᠡᠯ᠎ᠡ ᠵᠦᠢᠯ ᠤᠨ ᠠᠳᠡᠯ ᠭᠠᠷᠬᠤ ᠶᠢ ᠡᠷᠡᠰ ᠰᠡᠷᠭᠡᠶᠢᠯᠡᠵᠦ᠂ ᠠᠮᠤᠷ ᠲᠦᠪᠰᠢᠨ ᠲᠣᠭᠲᠠᠭᠤᠨ ᠨᠡᠶᠢᠭᠡᠮ ᠤᠨ ᠣᠷᠴᠢᠨ ᠲᠣᠭᠤᠷᠢᠨ ᠢ ᠪᠤᠢ ᠪᠣᠯᠭᠠᠬᠤ ᠬᠡᠷᠡᠭᠲᠡᠢ᠃ ᠴᠠᠭ ᠠᠭᠤᠷ ᠤᠨ ᠬᠤᠪᠢᠷᠠᠯᠲᠠ ᠶᠢ ᠨᠢᠭᠲᠠ ᠠᠩᠬᠠᠷᠴᠤ᠂ ᠮᠡᠳᠡᠭᠡ ᠵᠠᠩᠭᠢ ᠶᠢᠨ ᠰᠡᠷᠡᠮᠵᠢᠯᠡᠭᠦᠯᠦᠯ ᠢ ᠰᠤᠳᠤᠯᠤᠨ ᠮᠠᠭᠠᠳᠯᠠᠬᠤ ᠶᠢ ᠴᠢᠩᠭᠠᠳᠬᠠᠵᠤ᠂ ᠲᠥᠰᠥᠯ ᠪᠠ ᠰᠡᠷᠭᠡᠶᠢᠯᠡᠯᠲᠡ ᠶᠢᠨ ᠲᠥᠰᠥᠯ ᠢ ᠨᠠᠷᠢᠯᠢᠭᠵᠢᠭᠤᠯᠤᠨ ᠪᠣᠳᠠᠲᠠᠶᠢᠵᠢᠭᠤᠯᠵᠤ᠂ ᠡᠯ᠎ᠡ ᠵᠦᠢᠯ ᠤᠨ ᠠᠷᠭ᠎ᠠ ᠬᠡᠮᠵᠢᠶ᠎ᠡ ᠶᠢᠨ ᠬᠠᠨᠳᠤᠯᠭᠠᠲᠤ ᠴᠢᠨᠠᠷ ᠪᠠ ᠠᠵᠢᠯᠯᠠᠭᠠᠨ ᠤ ᠴᠢᠨᠠᠷ᠂ ᠤᠷᠢᠳᠠᠴᠢ ᠠᠪᠤᠷᠠᠨ ᠲᠤᠰᠠᠯᠠᠬᠤ ᠬᠦᠴᠦᠨ ᠢ ᠴᠢᠩᠭᠠᠷᠠᠭᠤᠯᠵᠤ᠂ ᠡᠳ᠋ ᠪᠣᠳᠠᠰ ᠤᠨ ᠨᠥᠭᠡᠴᠡᠯᠡᠯᠲᠡ ᠶᠢ ᠰᠠᠶᠢᠲᠤᠷ ᠬᠢᠵᠦ᠂ ᠭᠠᠮᠰᠢᠭ ᠤᠨ ᠪᠠᠶᠢᠳᠠᠯ ᠪᠠ ᠠᠶᠤᠯ ᠤᠨ ᠪᠠᠶᠢᠳᠠᠯ ᠲᠣᠬᠢᠶᠠᠯᠳᠤᠪᠠᠯ ᠴᠠᠭ ᠲᠤᠬᠠᠢ ᠳᠤᠨᠢ ᠥᠨᠳᠥᠷ ᠪᠦᠲᠦᠮᠵᠢᠲᠡᠢ ᠰᠢᠢᠳᠪᠦᠷᠢᠯᠡᠬᠦ ᠶᠢ ᠪᠠᠲᠤᠯᠠᠬᠤ ᠬᠡᠷᠡᠭᠲᠡᠢ᠃ ᠵᠢᠵᠢᠭᠦᠷᠯᠡᠨ ᠰᠠᠬᠢᠬᠤ ᠶᠢ ᠴᠢᠩᠭᠠᠳᠬᠠᠵᠤ᠂ ᠮᠡᠳᠡᠭᠡ ᠵᠠᠩᠭᠢ ᠶᠢ ᠮᠡᠳᠡᠭᠦᠯᠦᠨ ᠬᠦᠷᠭᠡᠬᠦ ᠬᠠᠮᠢᠶ᠎ᠠ ᠪᠦᠬᠦᠢ ᠠᠵᠢᠯ ᠢ ᠴᠠᠭ ᠲᠤᠬᠠᠢ ᠳᠤᠨᠢ ᠣᠨᠣᠪᠴᠢᠲᠠᠶ ᠰᠠᠶᠢᠲᠤᠷ ᠬᠢᠵᠦ᠂ ᠡᠯ᠎ᠡ ᠵᠦᠢᠯ ᠤᠨ ᠠᠵᠢᠯ ᠤᠨ ᠡᠮᠬᠢ ᠵᠢᠷᠤᠮ ᠲᠠᠢ ᠥᠨᠳᠥᠷ ᠦᠷ᠎ᠡ ᠪᠦᠲᠦᠮᠵᠢᠲᠡᠶ ᠪᠠᠷ ᠶᠠᠪᠤᠭᠳᠠᠬᠤ ᠶᠢ ᠦᠨᠡᠨᠬᠦ ᠪᠠᠲᠤᠯᠠᠬᠤ ᠬᠡᠷᠡᠭᠲᠡᠢ᠃ ᠪᠠᠶᠠᠷ ᠤᠨ ᠡᠳᠦᠷ ᠤᠨ ᠬᠤᠭᠤᠴᠠᠭᠠᠨ ᠳᠠᠬᠢ ᠠᠷᠢᠭᠤᠨ ᠴᠢᠬᠡᠴᠢ  ᠪᠠᠷ ᠪᠡᠶ᠎ᠡ ᠪᠠᠨ ᠪᠠᠷᠢᠬᠤ ᠱᠠᠭᠠᠷᠳᠠᠯᠭ᠎ᠠ ᠶᠢ ᠴᠢᠩᠭᠠᠳᠬᠠᠵᠤ᠂ ᠲᠥᠪ ᠬᠤᠷᠢᠶ᠎ᠠ ᠶᠢᠨ  ᠨᠠᠢᠮᠠᠨ ᠲᠣᠭᠲᠠᠭᠠᠯ ᠵᠢᠴᠢ ᠬᠡᠷᠡᠭᠵᠢᠭᠦᠯᠬᠦ ᠨᠠᠷᠢᠨ ᠳᠦᠷᠢᠮ ᠤᠨ ᠵᠣᠷᠢᠭ ᠰᠠᠨᠠᠭ᠎ᠠ ᠶᠢ ᠡᠷᠡᠰ ᠭᠤᠶᠢᠪᠢᠰᠢ ᠦᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂  ︽ᠳᠥᠷᠪᠡᠨ ᠰᠤᠷᠲᠠᠯ︾ ᠢ ᠴᠥᠬᠦᠷᠡᠰᠢ ᠦᠭᠡᠢ ᠵᠠᠯᠠᠷᠠᠭᠤᠯᠬᠤ ᠶᠢ ᠪᠠᠷᠢᠮᠲᠠᠯᠠᠨ ᠂ ᠰᠢᠨ᠎ᠡ ᠰᠤᠷᠲᠠᠯ ᠢ ᠪᠣᠶ ᠪᠣᠯᠭᠠᠵᠤ᠂ ᠪᠥᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠪᠠ ᠨᠠᠮ  ᠤᠨ ᠰᠤᠷᠲᠠᠯ ᠤᠨ ᠪᠠ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠶᠢ ᠨᠢᠭᠡ ᠮᠥᠴᠡ ᠴᠦ ᠵᠣᠭᠰᠣᠯ ᠦᠭᠡᠢ ᠰᠠᠶᠢᠲᠤᠷ ᠠᠳᠬᠤᠬᠤ ᠬᠡᠷᠡᠭᠲᠡᠢ᠃ ᠠᠷᠪᠢᠯᠠᠨ ᠭᠠᠮᠨᠠᠬᠤ ᠱᠠᠭᠠᠷᠳᠠᠯᠭ᠎ᠠ ᠶᠢ ᠡᠷᠡᠰ ᠨᠠᠶᠢᠳᠠᠪᠤᠷᠢᠵᠢᠭᠤᠯᠤᠨ᠂ ᠠᠵᠢᠯᠴᠢ ᠠᠷᠪᠢᠴᠢ  ᠠᠷᠪᠢᠯᠠᠨ ᠭᠠᠮᠨᠠᠬᠤ ᠶᠢ ᠴᠢᠩᠭ᠎ᠠ ᠬᠡᠷᠡᠭᠵᠢᠭᠦᠯᠵᠦ᠂ ᠪᠦᠷᠢᠯᠭᠡᠨ ᠰᠦᠢᠳᠬᠡᠬᠦ ᠶᠢ ᠡᠰᠡᠷᠭᠦᠴᠡᠵᠦ᠂ ᠠᠯᠪᠠᠨ ᠬᠡᠷᠡᠭᠯᠡᠭᠡᠨ ᠤ ᠭᠡᠷ ᠪᠠᠶᠢᠰᠢᠩ᠂ ᠠᠯᠪᠠᠨ ᠶᠠᠪᠤᠳᠠᠯ ᠳᠤ ᠬᠡᠷᠡᠭᠯᠡᠬᠦ ᠮᠠᠰᠢᠨ ᠲᠡᠷᠭᠡ   ᠶᠢ ᠨᠢᠭᠡᠳᠦᠯᠲᠡᠢ ᠲᠥᠯᠥᠪᠵᠢᠭᠦᠯᠬᠦ ᠶᠢ ᠴᠢᠩᠭᠠᠳᠬᠠᠵᠤ᠂ ᠠᠯᠪᠠᠨ ᠵᠣᠴᠢᠯᠠᠯᠭ᠎ᠠ ᠶᠢᠨ ᠬᠦᠷᠢᠶ᠎ᠡ ᠬᠡᠪᠴᠢᠶ᠎ᠡ᠂ ᠪᠠᠷᠢᠮᠵᠢᠶ᠎ᠠ᠂ ᠵᠢᠷᠤᠮ ᠵᠡᠷᠭᠡ ᠶᠢ ᠤᠯᠠᠮ ᠨᠢᠭᠡ ᠠᠯᠬᠤᠮ ᠵᠢᠷᠤᠮᠵᠢᠭᠤᠯᠵᠤ᠂ ᠪᠠᠶᠢᠭᠤᠯᠭ᠎ᠠ ᠶᠢᠨ ᠠᠵᠢᠯᠯᠠᠭᠠᠨ ᠤ ᠥᠪᠡᠷ ᠤᠨ ᠦᠷᠳᠡᠭ ᠢ ᠴᠢᠩᠭ᠎ᠠ ᠬᠢᠵᠠᠭᠠᠷᠯᠠᠬᠤ ᠬᠡᠷᠡᠭᠲᠡᠢ᠃ ᠬᠡᠯᠪᠡᠷᠢᠴᠢ ᠦᠵᠡᠯ ᠢ ᠴᠡᠭᠴᠡᠯᠡᠨ ᠵᠠᠰᠠᠬᠤ ᠪᠠᠷ ᠦᠨᠳᠦᠰᠦᠨ ᠱᠠᠲᠤᠨ ᠤ ᠳᠠᠷᠤᠭᠠᠰᠤ ᠬᠥᠩᠭᠡᠷᠡᠭᠦᠯᠬᠦ ᠠᠵᠢᠯ ᠢ ᠦᠷᠭᠦᠯᠵᠢᠯᠡᠨ ᠭᠦᠨᠵᠡᠭᠡᠶᠢᠷᠡᠭᠦᠯᠵᠦ᠂ ᠤᠯᠠᠨ ᠲᠦᠮᠡᠨ ᠤ ᠳᠡᠷᠭᠡᠳᠡᠬᠢ ᠲᠥᠪ ᠪᠤᠰᠤ ᠰᠤᠷᠲᠠᠯ ᠪᠠ ᠢᠯᠵᠢᠷᠡᠯ ᠤᠨ ᠠᠰᠠᠭᠤᠳᠠᠯ ᠢ ᠡᠷᠡᠰ ᠭᠤᠶᠢᠪᠢᠰᠢ ᠦᠭᠡᠢ ᠴᠡᠭᠴᠡᠯᠡᠨ ᠵᠠᠰᠠᠵᠤ᠂ ᠰᠤᠷᠲᠠᠯ ᠢ ᠵᠠᠯᠠᠷᠠᠭᠤᠯᠬᠤ ᠪᠠ ᠢᠯᠵᠢᠷᠡᠯ ᠢ ᠵᠠᠯᠬᠠᠭᠠᠨ ᠰᠢᠳᠬᠡᠬᠦ᠂ ᠢᠯᠵᠢᠷᠡᠯ ᠢ ᠰᠢᠢᠳᠪᠦᠷᠢᠯᠡᠬᠦ ᠪᠠ ᠠᠷᠠᠳ ᠤᠨ ᠠᠮᠢᠳᠤᠷᠠᠯ ᠢ ᠰᠠᠶᠢᠵᠢᠷᠠᠭᠤᠯᠬᠤ ᠶᠢ ᠪᠠᠷᠢᠮᠲᠠᠯᠠᠵᠤ᠂ ᠲᠥᠪᠯᠡᠷᠡᠭᠦᠯᠦᠨ ᠴᠡᠭᠴᠡᠯᠡᠨ ᠵᠠᠰᠠᠬᠤ ᠪᠠ ᠤᠷᠳᠤ ᠬᠤᠭᠤᠴᠠᠭ᠎ᠠ ᠪᠠᠷ ᠪᠦᠲᠦᠮᠵᠢᠲᠡᠢ ᠵᠠᠰᠠᠬᠤ ᠶᠢ ᠨᠢᠭᠡ ᠴᠣᠭᠴᠠᠵᠢᠭᠤᠯᠤᠨ ᠠᠳᠬᠤᠵᠤ᠂ ᠴᠢᠨᠠᠷ ᠰᠠᠶᠢᠲᠠᠢ ᠬᠥᠭᠵᠢᠯᠲᠡ ᠳᠤ ᠪᠠᠲᠤ ᠴᠢᠩᠭ᠎ᠠ ᠪᠠᠲᠤᠯᠠᠭ᠎ᠠ ᠬᠠᠩᠭᠠᠬᠤ ᠬᠡᠷᠡᠭᠲᠡᠢ ᠭᠡᠵᠦ ᠱᠠᠭᠠᠷᠳᠠᠪᠠ᠃     ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃ 
ᠢᠷᠡᠯᠲᠡ᠄ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠣᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠢᠩᠬᠢᠮ ᠦᠨ ᠠᠯᠪᠠᠨ ᠬᠡᠷ
Baidu
map