︽ᠠᠶᠤᠯ ᠦᠭᠡᠢ ᠦᠢᠯᠡᠳᠪᠦᠷᠢᠯᠡᠯ ᠤᠨ ᠵᠥᠪᠰᠢᠶᠡᠷᠡᠯ ᠤᠨ ᠦᠨᠡᠮᠯᠡᠯ︾ ᠶᠢᠨ ᠬᠠᠮᠢᠶ᠎ᠠ ᠪᠦᠬᠦᠢ ᠠᠰᠠᠭᠤᠳᠠᠯ
ᠨᠡᠶᠢᠲᠡᠯᠡᠭᠰᠡᠨ ᠴᠠᠭ᠄
2024/7/10
    ᠵᠠᠬᠢᠳᠠᠯ ᠰᠤᠷᠪᠤᠯᠵᠢᠯᠠᠭᠴᠢ ᠶᠢᠨ ᠨᠡᠷ᠎ᠡ᠄ ᠵᠢᠶᠠᠩ ᠣᠪᠣᠭᠲᠤ    ᠵᠠᠬᠢᠳᠠᠯ ᠢᠷᠡᠭᠦᠯᠦᠭᠰᠡᠨ ᠴᠠᠭ᠄ 2024-07-10 02:29:48    ᠵᠠᠬᠢᠳᠠᠯ ᠤᠨ ᠭᠤᠣᠯ ᠰᠡᠳᠦᠪ᠄ ︽ᠠᠶᠤᠯ ᠦᠭᠡᠢ ᠦᠢᠯᠡᠳᠪᠦᠷᠢᠯᠡᠯ ᠤᠨ ᠵᠥᠪᠰᠢᠶᠡᠷᠡᠯ ᠤᠨ ᠦᠨᠡᠮᠯᠡᠯ︾ ᠶᠢᠨ ᠬᠠᠮᠢᠶ᠎ᠠ ᠪᠦᠬᠦᠢ ᠠᠰᠠᠭᠤᠳᠠᠯ    ᠵᠠᠬᠢᠳᠠᠯ ᠤᠨ ᠠᠭᠤᠯᠭ᠎ᠠ᠄ ︽ ᠠᠶᠤᠯ ᠦᠭᠡᠢ ᠦᠢᠯᠡᠳᠪᠦᠷᠢᠯᠡᠯ ᠤᠨ ᠵᠥᠪᠰᠢᠶᠡᠷᠡᠯ ᠤᠨ ᠦᠨᠡᠮᠯᠡᠯ︾ ᠢ ᠬᠤᠶᠢᠰᠢᠯᠠᠭᠤᠯᠤᠨ ᠨᠡᠶᠢᠲᠡᠯᠡᠬᠦ ᠰᠠᠨᠠᠯ ᠢ ︽ᠪᠠᠲᠤᠯᠠᠭᠰᠠᠨ ᠦᠭᠡᠢ︾᠂ ᠬᠢᠨᠠᠨ ᠬᠠᠷᠭᠤᠭᠤᠯᠤᠭᠰᠠᠨ ᠰᠠᠨᠠᠯ ᠳᠤ ︽ᠭᠤᠶᠤᠴᠢᠯᠠᠯ ᠤᠨ ᠬᠦᠰᠦᠨᠦᠭᠲᠦ ᠶᠢ ᠭᠤᠶᠤᠴᠢᠯᠠᠬᠤ ᠬᠢᠷᠢ ᠬᠡᠮ ᠤᠨ ᠲᠦᠷᠦᠯ ᠢᠯᠭᠠᠯ ᠢ ᠣᠨᠣᠪᠴᠢᠲᠠᠢ ᠲᠠᠭᠯᠠᠨ ᠪᠢᠴᠢᠭᠰᠡᠨ ᠦᠭᠡᠢ︾ ᠭᠡᠵᠡᠢ᠂ ᠭᠡᠷᠬᠢᠨ ᠨᠥᠬᠦᠪᠥᠷᠢᠯᠡᠨ ᠵᠠᠯᠠᠷᠠᠭᠤᠯᠬᠤ ᠪᠤᠢ ︖    ᠬᠠᠷᠢᠭᠤᠯᠤᠭᠰᠠᠨ ᠴᠠᠭ᠄ 2024-07-10 15:32:05    ᠬᠠᠷᠢᠭᠤᠯᠲᠠ ᠶᠢᠨ ᠠᠭᠤᠯᠭ᠎ᠠ᠄ ᠰᠠᠶᠢᠨ ᠤᠤ᠂ ᠲᠠᠨ ᠤ ᠲᠤᠰᠭᠠᠭᠰᠠᠨ ᠠᠰᠠᠭᠤᠳᠠᠯ ᠢ ᠨᠢᠭᠡᠨᠲᠡ ᠣᠯᠵᠤ ᠠᠪᠤᠭᠠᠳ ᠣᠶᠢᠯᠭᠠᠭᠰᠠᠨ᠂ ᠣᠳᠣ ᠳᠣᠣᠷᠠᠬᠢ ᠮᠡᠲᠦ ᠬᠠᠷᠢᠭᠤᠯᠲᠠ ᠥᠭᠭᠦᠶ᠎ᠡ᠄ ︽ᠭᠤᠶᠤᠴᠢᠯᠠᠬᠤ ᠬᠦᠰᠦᠨᠦᠭᠲᠦ ᠶᠢᠨ ᠲᠣᠰ ᠤᠳᠠᠭᠠᠨ ᠤ ᠭᠤᠶᠤᠴᠢᠯᠠᠬᠤ ᠬᠢᠷᠢ ᠬᠡᠮ ᠤᠨ ᠲᠥᠷᠥᠯ ᠢᠯᠭᠠᠯ ᠪᠠ ᠵᠡᠷᠭᠡ ᠳᠡᠰ︾ ᠭᠡᠬᠦ ᠪᠤᠯᠤᠩ ᠳᠤ ᠲᠣᠰ ᠤᠳᠠᠭᠠᠨ ᠤ ᠭᠤᠶᠤᠴᠢᠯᠠᠬᠤ ᠲᠥᠷᠥᠯ ᠢᠯᠭᠠᠯ ᠪᠠ ᠵᠡᠷᠭᠡ ᠳᠡᠰ ᠢᠶᠠᠨ ᠣᠨᠣᠪᠴᠢᠲᠠᠶ ᠲᠠᠭᠯᠠᠨ ᠪᠢᠴᠢᠬᠦ ᠴᠢᠬᠤᠯᠠᠲᠠᠶ ᠄ ︽ᠪᠠᠷᠢᠯᠭ᠎ᠠ ᠶᠢᠨ ᠠᠵᠢᠯ ᠤᠨ ᠠᠵᠤ ᠠᠬᠤᠶᠢᠯᠠᠯ ᠤᠨ ᠠᠶᠤᠯ ᠦᠭᠡᠢ ᠦᠢᠯᠡᠳᠪᠦᠷᠢᠯᠡᠯ ᠤᠨ ᠵᠥᠪᠰᠢᠶᠡᠷᠡᠯ ᠤᠨ ᠦᠨᠡᠮᠯᠡᠯ ︵ᠳᠠᠬᠢᠨ ᠬᠢᠨᠠᠨ ᠪᠠᠶᠢᠴᠠᠭᠠᠵᠤ ᠬᠤᠭᠤᠴᠠᠭ᠎ᠠ ᠶᠢ ᠬᠤᠶᠢᠰᠢᠯᠠᠭᠤᠯᠬᠤ︶︾ ᠪᠤᠶᠤ ︽ᠪᠠᠷᠢᠯᠭ᠎ᠠ ᠶᠢᠨ ᠠᠵᠢᠯ ᠤᠨ ᠠᠵᠤ ᠠᠬᠤᠶᠢᠯᠠᠯ ᠤᠨ ᠠᠶᠤᠯ ᠦᠭᠡᠢ ᠦᠢᠯᠡᠳᠪᠦᠷᠢᠯᠡᠯ ᠤᠨ ᠵᠥᠪᠰᠢᠶᠡᠷᠡᠯ ᠤᠨ ᠦᠨᠡᠮᠯᠡᠯ ︵ᠳᠠᠬᠢᠨ ᠬᠢᠨᠠᠨ ᠪᠠᠶᠢᠴᠠᠭᠠᠵᠤ ᠬᠤᠭᠤᠴᠠᠭ᠎ᠠ ᠤᠷᠲᠤᠳᠬᠠᠬᠤ ᠥᠬᠡᠶ︶︾᠂ ᠬᠡᠷᠪᠡ ᠭᠦᠢᠴᠡᠳᠬᠡᠬᠦ ᠵᠦᠢᠯᠡᠰ ᠤᠨ ᠨᠡᠷᠡᠶᠢᠳᠦᠯ ᠨᠢ ᠪᠦᠷᠢᠨ ᠪᠤᠰᠤ ᠲᠠᠭᠯᠠᠭᠰᠠᠨ ᠪᠣᠯ ᠳᠠᠬᠢᠵᠤ ᠲᠠᠭᠯᠠᠨ ᠮᠡᠳᠡᠭᠦᠯᠬᠦ ᠶᠢᠨ ᠬᠠᠮᠲᠤ ᠭᠤᠶᠤᠴᠢᠯᠠᠯ ᠤᠨ ᠬᠦᠰᠦᠨᠦᠭᠲᠦ ᠪᠠᠨ ᠲᠤᠰᠢᠶᠠᠪᠠᠯ ᠪᠣᠯᠴᠢᠬᠠᠨ᠎ᠠ᠃ ᠮᠠᠨ ᠤ ᠲᠢᠩᠬᠢᠮ ᠦᠢᠯᠡᠴᠢᠯᠡᠭᠡᠨ ᠤ ᠶᠠᠰᠤ ᠴᠢᠨᠠᠷ  ᠢᠶᠠᠨ ᠦᠷᠭᠦᠯᠵᠢᠯᠡᠨ ᠰᠠᠶᠢᠵᠢᠷᠠᠭᠤᠯᠤᠨ᠎ᠠ᠂ ᠲᠠᠨ ᠤ ᠬᠠᠷᠢᠯᠴᠠᠨ ᠰᠣᠯᠢᠯᠴᠠᠭ᠎ᠠ ᠬᠢᠬᠦ ᠪᠤᠯᠤᠩ ᠢ ᠠᠩᠬᠠᠷᠴᠤ ᠳᠡᠮᠵᠢᠭᠰᠡᠨ ᠳᠤ ᠲᠠᠯᠠᠷᠬᠠᠵᠤ ᠪᠠᠶᠢᠨ᠎ᠠ᠃     ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠢᠩᠬᠢᠮ ᠤᠨ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠯ ᠤᠨ ᠭᠠᠵᠠᠷ    2024 ᠣᠨ  ᠤ 7 ᠳ᠋ᠤᠭᠠᠷ ᠰᠠᠷ᠎ᠠ ᠶᠢᠨ10  ᠤ  ᠡᠳᠦᠷ 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠢᠩᠬᠢᠮ
Baidu
map