ᠦᠰᠦᠭ ᠪᠢᠴᠢᠭ ᠢᠶᠠᠷ ᠦᠭᠦᠯᠡᠬᠦᠢ᠄ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠠᠷᠢᠯᠭ᠎ᠠ ᠶᠢᠨ ᠬᠡᠷᠡᠯ ᠴᠡᠨᠡᠭ ᠢ ᠳᠡᠯᠭᠡᠷᠡᠭᠦᠯᠦᠨ ᠬᠡᠷᠡᠭᠯᠡᠬᠦ ᠶᠢᠨ ᠬᠡᠷᠡᠭᠵᠢᠭᠦᠯᠬᠦ ᠲᠥᠰᠦᠯ︾ ᠤᠨ ᠲᠥᠷᠥ ᠶᠢᠨ ᠪᠣᠳᠣᠯᠭ᠎ᠠ ᠶᠢᠨ ᠲᠠᠶᠢᠯᠤᠮᠵᠢ
ᠨᠡᠶᠢᠲᠡᠯᠡᠭᠰᠡᠨ ᠴᠠᠭ᠄
2024/7/14
     ᠥᠪᠡᠷᠲᠡᠭᠡᠨ ᠵᠠᠰᠠᠬᠤ ᠣᠷᠣᠨ ᠤ ᠪᠠᠷᠢᠯᠭ᠎ᠠ ᠶᠢᠨ ᠬᠡᠷᠡᠯ ᠴᠡᠨᠡᠭ ᠤᠨ ᠬᠡᠷᠡᠭᠯᠡᠯᠲᠡ ᠶᠢ ᠵᠢᠷᠤᠮᠵᠢᠭᠤᠯᠤᠨ ᠠᠬᠢᠭᠤᠯᠬᠤ ᠶᠢᠨ ᠲᠤᠰᠠᠳᠠ᠂ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠢᠩᠬᠢᠮ᠂ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠡᠨᠧᠷᠭᠢ ᠶᠢᠨ ᠲᠣᠪᠴᠢᠶ᠎ᠠ ᠬᠠᠮᠲᠤᠷᠠᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠠᠷᠢᠯᠭ᠎ᠠ ᠶᠢᠨ ᠬᠡᠷᠡᠯ ᠴᠡᠨᠡᠭ ᠢ ᠳᠡᠯᠭᠡᠷᠡᠭᠦᠯᠦᠨ ᠬᠡᠷᠡᠭᠯᠡᠬᠦ ᠶᠢᠨ ᠬᠡᠷᠡᠭᠵᠢᠭᠦᠯᠬᠦ ᠲᠥᠰᠦᠯ︾ ᠢ ᠲᠣᠭᠲᠠᠭᠠᠪᠠ᠂ ᠡᠳᠦᠭᠡ ᠬᠠᠮᠢᠶ᠎ᠠ ᠪᠥᠬᠦᠶ ᠲᠥᠷᠥ ᠶᠢᠨ ᠪᠣᠳᠣᠯᠭ᠎ᠠ ᠶᠢᠨ ᠲᠤᠬᠠᠶ ᠳᠣᠤᠷᠠᠬᠢ ᠮᠡᠲᠦ ᠲᠠᠶᠢᠯᠤᠮᠵᠢ ᠬᠢᠶ᠎ᠡ᠃    ᠨᠢᠭᠡ᠂ ᠰᠢᠢᠳᠪᠦᠷᠢᠲᠦ ᠪᠣᠳᠣᠯᠭ᠎ᠠ ᠶᠢᠨ ᠠᠬᠤᠢ ᠪᠠᠶᠢᠳᠠᠯ    ᠪᠠᠷᠢᠯᠭ᠎ᠠ ᠶᠢᠨ ᠭᠡᠷᠡᠯ ᠴᠡᠨᠡᠭ ᠨᠢ ᠨᠢᠭᠡ ᠵᠦᠢᠯ ᠤᠨ ᠨᠡᠷᠡᠨ ᠤ ᠡᠨᠧᠷᠭᠢ ᠶᠢᠨ ᠭᠡᠷᠡᠯ ᠴᠡᠨᠡᠭ ᠢᠶᠠᠷ ᠴᠠᠬᠢᠯᠭᠠᠨ ᠭᠠᠷᠭᠠᠬᠤ ᠰᠢᠰᠲ᠋ᠧᠮ ᠢ ᠪᠠᠷᠢᠯᠭ᠎ᠠ ᠳᠡᠭᠡᠷ᠎ᠡ ᠬᠤᠷᠠᠮᠳᠤᠭᠤᠯᠬᠤ ᠮᠡᠷᠭᠡᠵᠢᠯ ᠪᠣᠯᠤᠭᠰᠠᠨ ᠤ ᠬᠤᠪᠢ ᠳᠤ᠂ ᠡᠨᠧᠷᠭᠢ ᠶᠢᠨ ᠪᠦᠲᠦᠴᠡ ᠶᠢ ᠰᠢᠯᠢᠳᠡᠭᠵᠢᠭᠦᠯᠬᠦ᠂ ᠡᠨᠧᠷᠭᠢ ᠠᠷᠪᠢᠯᠠᠵᠤ ᠪᠣᠬᠢᠷᠲᠤᠯ ᠪᠣᠳᠠᠰ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠶᠢ ᠠᠬᠢᠭᠤᠯᠬᠤ᠂ ᠠᠵᠤ ᠠᠬᠤᠢ ᠶᠢᠨ ᠦᠷᠭᠦᠯᠵᠢᠯᠡᠬᠦᠶᠢᠴᠡ ᠬᠥᠭᠵᠢᠯᠲᠡ ᠶᠢ ᠪᠡᠶᠡᠯᠡᠭᠦᠯᠬᠦ ᠳᠤ ᠴᠢᠬᠤᠯᠠ ᠠᠴᠢ ᠬᠤᠯᠪᠣᠭᠳᠠᠯ ᠲᠠᠢ ᠶᠤᠮ᠃ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶᠠᠨ ᠤ ᠨᠡᠭᠦᠷᠡᠰᠦᠲᠥ᠋ᠷᠥᠭᠴᠢ ᠶᠢ ᠣᠷᠭᠢᠯ ᠬᠡᠮᠵᠢᠭᠳᠡᠯ ᠳᠤ ᠬᠦᠷᠭᠡᠬᠦ ᠪᠠ ᠨᠡᠭᠦᠷᠡᠰᠦᠲᠥ᠋ᠷᠥᠭᠴᠢ ᠶᠢ ᠰᠠᠭᠠᠷᠮᠠᠭᠵᠢᠭᠤᠯᠬᠤ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠮᠠᠨ ᠤ ᠣᠷᠣᠨ ᠤ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠪᠣᠬᠢᠷᠳᠤᠯ ᠦᠭᠡᠢ ᠳᠣᠣᠷ᠎ᠠ ᠨᠡᠭᠦᠷᠡᠰᠦᠲᠥ᠋ᠷᠥᠭᠴᠢᠲᠦ ᠶᠢᠨ ᠬᠡᠯᠪᠡᠷᠢ ᠶᠢᠨ ᠬᠤᠪᠢᠷᠠᠭᠤᠯᠤᠯᠲᠠ ᠶᠢ ᠠᠬᠢᠭᠤᠯᠬᠤ ᠶᠢᠨ ᠲᠥᠯᠥᠭᠡ᠂ ︽2030 ᠣᠨ ᠠᠴᠠ ᠡᠮᠦᠨᠡᠬᠢ ᠨᠡᠭᠦᠷᠡᠰᠦᠲᠥ᠋ᠷᠥᠭᠴᠢ ᠶᠢ ᠣᠷᠭᠢᠯ ᠬᠡᠮᠵᠢᠭᠳᠡᠯ ᠳᠤ ᠬᠦᠷᠭᠡᠬᠦ ᠠᠵᠢᠯᠯᠠᠭ᠎ᠠ ᠶᠢᠨ ᠲᠥᠰᠥᠯ︾᠂ ︽ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠬᠦᠷᠢᠶᠡᠨ ᠳᠠᠬᠢ ᠨᠡᠭᠦᠷᠡᠰᠦᠲᠥ᠋ᠷᠥᠭᠴᠢ ᠶᠢ ᠣᠷᠭᠢᠯ ᠬᠡᠮᠵᠢᠭᠳᠡᠯ ᠳᠤ ᠬᠦᠷᠭᠡᠬᠦ ᠶᠢᠨ ᠬᠡᠷᠡᠭᠵᠢᠭᠦᠯᠬᠦ ᠲᠥᠰᠥᠯ︾ ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠡᠭᠦᠷᠡᠰᠦᠲᠥ᠋ᠷᠥᠭᠴᠢ ᠶᠢ ᠣᠷᠭᠢᠯ ᠬᠡᠮᠵᠢᠭᠳᠡᠯ ᠳᠤ ᠬᠦᠷᠭᠡᠬᠦ ᠶᠢᠨ ᠬᠡᠷᠡᠭᠵᠢᠭᠦᠯᠬᠦ ᠲᠥᠰᠦᠯ︾ ᠵᠡᠷᠭᠡ ᠶᠢᠨ ᠱᠠᠭᠠᠷᠳᠠᠯᠭ᠎ᠠ ᠶᠢ ᠦᠨᠳᠦᠰᠦᠯᠡᠨ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠠᠷᠢᠯᠭ᠎ᠠ ᠶᠢᠨ ᠭᠡᠷᠡᠯ ᠴᠡᠨᠡᠭ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠵᠤ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠠᠷᠢᠯᠭ᠎ᠠ ᠶᠢᠨ ᠭᠡᠷᠡᠯ ᠴᠡᠨᠡᠭ ᠢ ᠳᠡᠯᠭᠡᠷᠡᠭᠦᠯᠦᠨ ᠬᠡᠷᠡᠭᠯᠡᠬᠦ ᠶᠢᠨ ᠬᠡᠷᠡᠭᠵᠢᠭᠦᠯᠬᠦ ᠲᠥᠰᠥᠯ︾ ᠢ ᠲᠣᠭᠲᠠᠭᠠᠪᠠ᠃    ᠬᠤᠶᠠᠷ᠂ ᠭᠤᠣᠯ ᠠᠭᠤᠯᠭ᠎ᠠ    ᠲᠣᠰ ᠬᠡᠷᠡᠭᠵᠢᠭᠦᠯᠬᠦ ᠲᠥᠰᠦᠯ ᠨᠢ ᠨᠡᠶᠢᠲᠡ ᠭᠤᠷᠪᠠᠨ ᠪᠦᠯᠦᠭ ᠪᠠᠶᠢᠵᠤ᠂ ᠭᠤᠤᠯ ᠪᠣᠯᠬᠤ ᠬᠡᠷᠡᠭᠯᠡᠭᠡᠨ ᠤ ᠠᠬᠤᠢ ᠪᠠᠶᠢᠳᠠᠯ᠂ ᠭᠤᠤᠯᠳᠠᠯᠭ᠎ᠠ ᠲᠠᠢ ᠡᠭᠦᠷᠭᠡ᠂ ᠪᠠᠲᠤᠯᠠᠭ᠎ᠠ ᠶᠢᠨ ᠠᠷᠭ᠎ᠠ ᠬᠡᠮᠵᠢᠶ᠎ᠡ ᠶᠢ ᠪᠠᠭᠲᠠᠭᠠᠨ᠎ᠠ᠃ ᠪᠠᠷᠢᠯᠭ᠎ᠠ ᠶᠢᠨ ᠬᠡᠷᠡᠯ ᠴᠡᠨᠡᠭ ᠢ ᠳᠡᠯᠭᠡᠷᠡᠭᠦᠯᠦᠨ ᠬᠡᠷᠡᠭᠯᠡᠬᠦ ᠶᠢᠨ ᠴᠢᠬᠤᠯᠠ ᠴᠢᠨᠠᠷ᠂ ᠬᠡᠷᠡᠭᠯᠡᠭᠡᠨ ᠤ ᠠᠬᠤᠶ ᠪᠠᠶᠢᠳᠠᠯ ᠤᠨ ᠱᠠᠭᠠᠷᠳᠠᠯᠭ᠎ᠠ᠂ ᠪᠠᠷᠢᠮᠵᠢᠶ᠎ᠠ ᠵᠢᠷᠤᠮᠵᠢᠯ᠂ ᠬᠡᠷᠡᠭᠯᠡᠭᠡᠨ ᠤ ᠬᠠᠮᠢᠶᠠᠷᠤᠯᠲᠠ ᠶᠢᠨ ᠲᠣᠭᠲᠠᠭᠠᠯ᠂ ᠪᠠᠭᠲᠠᠭᠠᠨ ᠰᠢᠩᠭᠡᠭᠡᠬᠦ ᠵᠢᠴᠢ ᠠᠵᠢᠯᠯᠠᠭᠤᠯᠵᠤ ᠪᠠᠲᠤᠯᠠᠬᠤ ᠵᠡᠷᠭᠡ ᠠᠭᠤᠯᠭ᠎ᠠ ᠶᠢ ᠲᠣᠳᠣᠷᠬᠠᠶᠢᠯᠠᠨ ᠥᠭᠦᠯᠡᠪᠡ᠃    ᠭᠤᠷᠪᠠ᠂ ᠲᠥᠷᠥ ᠶᠢᠨ ᠪᠣᠳᠣᠯᠭ᠎ᠠ ᠶᠢᠨ ᠭᠢᠯᠠᠰ ᠴᠡᠭ    ︵ᠨᠢᠭᠡ︶ ᠪᠠᠷᠢᠯᠭ᠎ᠠ ᠶᠢᠨ ᠭᠡᠷᠡᠯ ᠴᠡᠨᠡᠭ ᠤᠨ 5 ᠭᠤᠣᠯ ᠲᠠᠯᠠᠪᠤᠷ ᠬᠡᠷᠡᠭᠯᠡᠭᠡᠨ ᠤ ᠠᠬᠤᠢ ᠪᠠᠶᠢᠳᠠᠯ ᠤᠨ ᠱᠠᠭᠠᠷᠳᠠᠯᠭ᠎ᠠ ᠶᠢ ᠲᠣᠳᠣᠷᠬᠠᠶᠢᠯᠠᠵᠤ᠂ ᠲᠣᠰ ᠲᠣᠰ᠄ ︽ᠭᠡᠷᠡᠯ ᠴᠡᠨᠡᠭ +︾ ᠰᠢᠨ᠎ᠡ ᠪᠠᠷ ᠪᠠᠶᠢᠭᠤᠯᠬᠤ ᠣᠯᠠᠨ ᠨᠡᠶᠢᠲᠡ ᠶᠢᠨ ᠪᠠᠷᠢᠯᠭ᠎ᠠ᠂ ︽ᠭᠡᠷᠡᠯ ᠴᠡᠨᠡᠭ +︾ ᠰᠢᠨ᠎ᠡ ᠪᠠᠷ ᠪᠠᠶᠢᠭᠤᠯᠬᠤ ᠠᠵᠤ ᠦᠢᠯᠡᠳᠪᠦᠷᠢ ᠶᠢᠨ ᠪᠠᠷᠢᠯᠭ᠎ᠠ ᠂ ︽ᠭᠡᠷᠡᠯ ᠴᠡᠨᠡᠭ +︾ ᠰᠢᠨ᠎ᠡ ᠪᠠᠷ ᠪᠠᠶᠢᠭᠤᠯᠬᠤ ᠣᠷᠣᠨ ᠰᠠᠭᠤᠴᠠ ᠶᠢᠨ ᠪᠠᠷᠢᠯᠭ᠎ᠠ᠂ ︽ᠭᠡᠷᠡᠯ ᠴᠡᠨᠡᠭ +︾ ᠪᠠᠶᠢᠭᠤᠯᠵᠤ ᠪᠠᠶᠢᠭ᠎ᠠ ᠪᠠᠷᠢᠯᠭ᠎ᠠ᠂ ︽ᠭᠡᠷᠡᠯ ᠴᠡᠨᠡᠭ +︾ ᠨᠢᠭᠡᠨᠲᠡ ᠪᠠᠶᠢᠭ᠎ᠠ ᠪᠠᠷᠢᠯᠭ᠎ᠠ ᠪᠣᠯᠤᠨ᠎ᠠ᠃    ︵ᠬᠤᠶᠠᠷ︶ ᠪᠠᠷᠢᠯᠭ᠎ᠠ ᠶᠢᠨ ᠭᠡᠷᠡᠯ ᠴᠡᠨᠡᠭ ᠤᠨ ᠬᠡᠷᠡᠭᠯᠡᠯᠲᠡ ᠶᠢᠨ ᠬᠠᠮᠢᠶᠠᠷᠤᠯᠲᠠ ᠳᠤ ᠪᠣᠳᠠᠲᠠᠢ ᠲᠣᠭᠲᠠᠭᠠᠯ ᠭᠠᠷᠭᠠᠪᠠ᠃ ᠪᠠᠷᠢᠯᠭ᠎ᠠ ᠶᠢᠨ ᠭᠡᠷᠡᠯ ᠴᠡᠨᠡᠭ ᠤᠨ ᠲᠥᠷᠥᠯ ᠵᠦᠢᠯ ᠤᠨ ᠪᠠᠶᠢᠭ᠎ᠠ ᠭᠠᠵᠠᠷ ᠤᠨ ᠪᠡᠯᠡ ᠣᠷᠣᠭᠤᠯᠤᠯᠲᠠ ᠶᠢ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠠᠴᠠ ︽ᠵᠡᠷᠭᠡ ᠪᠠᠷ ᠬᠡᠷᠡᠭᠵᠢᠭᠦᠯᠬᠦ᠂ ᠰᠦᠯᠵᠢᠶ᠎ᠡ ᠢᠷᠡᠯᠳᠡ ᠶᠢ ᠬᠠᠮᠵᠢᠯᠴᠠᠭᠤᠯᠬᠤ︾ ᠵᠠᠷᠴᠢᠮ ᠶᠣᠰᠣᠭᠠᠷ ᠪᠦᠷᠢᠳᠬᠡᠨ ᠳᠠᠩᠰᠠᠯᠠᠬᠤ ᠬᠠᠮᠢᠶᠠᠷᠤᠯᠲᠠ ᠶᠢ ᠬᠡᠷᠡᠭᠵᠢᠭᠦᠯᠵᠦ᠂ ᠪᠦᠲᠦᠭᠡᠨ ᠪᠠᠶᠢᠭᠤᠯᠬᠤ ᠪᠠᠷᠢᠮᠵᠢᠶ᠎ᠠ ᠪᠠ ᠡᠳᠦᠷ ᠲᠣᠲᠤᠮ ᠤᠨ ᠬᠠᠮᠢᠶᠠᠷᠤᠯᠲᠠ ᠶᠢᠨ ᠬᠡᠷᠡᠭᠴᠡᠭᠡ ᠨᠢ ᠤᠯᠤᠰ᠂ ᠠᠵᠢᠯ ᠲᠥᠷᠥᠯ ᠵᠢᠴᠢ ᠥᠪᠡᠷᠲᠡᠭᠡᠨ ᠵᠠᠰᠠᠬᠤ ᠣᠷᠣᠨ ᠤ ᠬᠠᠮᠢᠶ᠎ᠠ ᠪᠦᠬᠦᠢ ᠪᠠᠷᠢᠮᠵᠢᠶ᠎ᠠ ᠶᠢᠨ ᠱᠠᠭᠠᠷᠳᠠᠯᠭ᠎ᠠ ᠳᠤ ᠨᠡᠶᠢᠴᠡᠭᠰᠡᠨ ᠪᠠᠶᠢᠬᠤ ᠬᠡᠷᠡᠭᠲᠡᠢ᠃ ᠰᠢᠨ᠎ᠡ ᠪᠠᠷ ᠪᠠᠶᠢᠭᠤᠯᠤᠭᠰᠠᠨ ᠪᠠᠷᠢᠯᠭ᠎ᠠ ᠶᠢᠨ ᠭᠡᠷᠡᠯ ᠴᠡᠨᠡᠭ ᠤᠨ ᠲᠥᠷᠥᠯ ᠵᠦᠢᠯ ᠢ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠳᠠᠷᠠᠭᠠᠯᠠᠯ ᠤᠨ ᠬᠠᠮᠢᠶᠠᠷᠤᠯᠲᠠ ᠳᠤ ᠣᠷᠣᠭᠤᠯᠤᠨ᠎ᠠ᠃ ᠨᠢᠭᠡᠨᠲᠡ ᠪᠠᠶᠢᠭ᠎ᠠ ᠭᠡᠷᠡᠯ ᠴᠡᠨᠡᠭ ᠤᠨ ᠰᠢᠰᠲ᠋ᠧᠮ ᠨᠢ ᠪᠠᠷᠢᠯᠭ᠎ᠠ ᠶᠢᠨ ᠪᠦᠲᠦᠴᠡ ᠶᠢᠨ ᠠᠮᠤᠷ ᠲᠦᠪᠰᠢᠨ ᠪᠠ ᠴᠠᠬᠢᠯᠭᠠᠨ᠂ ᠭᠠᠯ ᠢ ᠰᠡᠷᠭᠡᠶᠢᠯᠡᠬᠦ ᠵᠡᠷᠭᠡ ᠠᠮᠤᠷ ᠲᠦᠪᠰᠢᠨ ᠤ ᠱᠠᠭᠠᠷᠳᠠᠯᠭ᠎ᠠ ᠳᠤ ᠨᠡᠶᠢᠴᠡᠵᠦ᠂ ᠤᠰᠤ ᠶᠢ ᠰᠡᠷᠭᠡᠶᠢᠯᠡᠬᠦ᠂ ᠨᠡᠪᠴᠢᠬᠦ ᠶᠢ ᠰᠡᠷᠭᠡᠶᠢᠯᠡᠬᠦ᠂ ᠤᠨᠠᠬᠤ ᠶᠢ ᠰᠡᠷᠭᠡᠶᠢᠯᠡᠬᠦ᠂ ᠤᠳᠠᠭᠠᠨ ᠳᠠᠭᠠᠭᠠᠮᠠᠭᠠᠢ ᠪᠠᠶᠢᠬᠤ ᠵᠡᠷᠭᠡ ᠪᠠᠷᠢᠮᠵᠢᠶ᠎ᠠ ᠶᠢᠨ ᠱᠠᠭᠠᠷᠳᠠᠯᠭ᠎ᠠ ᠳᠤ ᠬᠦᠷᠦᠭᠰᠡᠨ ᠪᠠᠶᠢᠬᠤ ᠬᠡᠷᠡᠭᠲᠡᠢ᠃ ᠴᠠᠬᠢᠯᠭᠠᠨ ᠬᠦᠴᠣᠨ ᠤ ᠰᠠᠯᠠᠭ᠎ᠠ ᠮᠦᠴᠢᠷ ᠨᠢ ᠨᠢᠭᠡ ᠦᠷᠲᠡᠭᠡ ᠮᠠᠶ᠋ᠢᠭ ᠤᠨ ᠲᠤᠤᠷ ᠲᠤ ᠨᠡᠶᠢᠯᠡᠬᠦᠯᠬᠦ ᠦᠢᠯᠡᠴᠢᠯᠡᠭᠡ ᠬᠠᠩᠭᠠᠨ᠎ᠠ᠃    ︵ᠭᠤᠷᠪᠠ︶ ᠪᠠᠷᠢᠯᠭ᠎ᠠ ᠶᠢᠨ ᠭᠡᠷᠡᠯ ᠴᠡᠨᠡᠭ ᠢ ᠥᠪᠡᠷᠲᠡᠭᠡᠨ ᠬᠡᠷᠡᠭᠯᠡᠬᠦ ᠪᠠ ᠰᠢᠩᠭᠡᠭᠡᠬᠦ ᠪᠠᠷ ᠭᠤᠣᠯ ᠪᠣᠯᠭᠠᠵᠤ᠂ ᠦᠯᠡᠳᠡᠪᠦᠷᠢ ᠴᠠᠬᠢᠯᠭᠠᠨ ᠤ ᠲᠣᠣᠷ ᠲᠤ ᠣᠷᠣᠭᠤᠯᠬᠤ ᠴᠠᠬᠢᠯᠭᠠᠨ ᠤ ᠬᠡᠮᠵᠢᠶᠡᠨ ᠤ ᠬᠠᠷᠢᠴᠠᠯ ᠢ ᠥᠪᠡᠷᠲᠡᠭᠡᠨ ᠵᠠᠰᠠᠬᠤ ᠣᠷᠣᠨ ᠤ ᠲᠠᠷᠬᠠᠮᠠᠯ ᠮᠠᠶ᠋ᠢᠭ ᠤᠨ ᠭᠡᠷᠡᠯ ᠴᠡᠨᠡᠭ ᠤᠨ ᠠᠵᠤ ᠦᠢᠯᠡᠳᠪᠦᠷᠢ ᠬᠤᠳᠠᠯᠳᠤᠭ᠎ᠠ ᠶᠢᠨ ᠲᠥᠷᠥᠯ ᠵᠦᠢᠯ ᠤᠨ ᠬᠠᠮᠢᠶ᠎ᠠ ᠪᠦᠬᠦᠢ ᠲᠣᠭᠲᠠᠭᠠᠯ ᠶᠣᠰᠣᠭᠠᠷ ᠬᠡᠷᠡᠭᠵᠢᠭᠦᠯᠦᠨ᠎ᠡ᠃ ᠣᠷᠣᠨ ᠨᠤᠲᠤᠭ ᠤᠨ ᠵᠠᠰᠠᠭ ᠤᠨ ᠣᠷᠳᠣᠨ ᠤ ᠪᠣᠬᠢᠷᠲᠤᠯ ᠥᠬᠡᠶ ᠴᠠᠬᠢᠯᠭᠠᠨ ᠬᠦᠴᠦᠨ ᠤ ᠪᠠᠭᠲᠠᠭᠠᠨ ᠰᠢᠩᠭᠡᠭᠡᠬᠦ ᠶᠢ ᠠᠬᠢᠭᠤᠯᠬᠤ ᠳᠡᠮᠵᠢᠯᠭᠡ ᠶᠢᠨ ᠲᠥᠷᠥ ᠶᠢᠨ ᠪᠣᠳᠣᠯᠭ᠎ᠠ ᠲᠣᠭᠲᠠᠭᠠᠬᠤ ᠶᠢ ᠵᠣᠷᠢᠭᠵᠢᠭᠤᠯᠵᠤ᠂ ᠪᠣᠬᠢᠷᠲᠤᠯ ᠥᠬᠡᠶ ᠴᠠᠬᠢᠯᠭᠠᠨ ᠬᠦᠴᠦᠨ ᠤ ᠪᠠᠭᠲᠠᠭᠠᠨ ᠰᠢᠩᠭᠡᠭᠡᠬᠦ ᠬᠡᠪᠴᠢᠶ᠎ᠡ ᠶᠢ ᠢᠳᠡᠪᠬᠢᠲᠡᠶ ᠥᠷᠭᠡᠳᠬᠡᠨ᠎ᠡ᠃ ᠪᠣᠬᠢᠷᠲᠤᠯ ᠥᠬᠡᠢ ᠴᠠᠬᠢᠯᠭᠠᠨ ᠤ ᠬᠡᠷᠡᠭᠯᠡᠭᠡᠨ ᠤ ᠪᠠᠶᠢᠳᠠᠯ ᠢ ᠬᠠᠶᠢᠨ ᠰᠦᠪᠡᠭᠴᠢᠯᠡᠵᠦ᠂ ᠵᠠᠩᠭᠢᠯᠠᠭ᠎ᠠ ᠶᠢᠨ ᠮᠡᠷᠭᠡᠵᠢᠯ ᠤᠨ ᠬᠠᠮᠵᠢᠯᠴᠠᠨ ᠰᠢᠨ᠎ᠡ ᠶᠢ ᠡᠭᠦᠳᠬᠦ ᠪᠠ ᠬᠠᠮᠲᠤᠷᠠᠨ ᠪᠣᠭᠤᠮᠲᠠ ᠰᠢᠪᠲᠤᠯᠬᠤ ᠠᠵᠢᠯ ᠢ ᠥᠷᠨᠢᠭᠦᠯᠦᠨ᠎ᠡ᠃ ᠪᠠᠷᠢᠯᠭ᠎ᠠ ᠶᠢᠨ ᠭᠡᠷᠡᠯ ᠴᠡᠨᠡᠭ ᠤᠨ ᠲᠥᠬᠦᠭᠡᠷᠦᠮᠵᠢ ᠶᠢᠨ ᠡᠵᠡᠩᠨᠡᠯᠲᠡ ᠶᠢᠨ ᠠᠵᠤ ᠠᠬᠤᠶᠢᠯᠠᠯ ᠬᠢᠭᠡᠳ ᠡᠨᠧᠷᠭᠢ ᠶᠢᠨ ᠦᠢᠯᠡᠴᠢᠯᠡᠭᠡ ᠶᠢᠨ ᠬᠤᠳᠠᠯᠳᠤᠭᠠᠴᠢᠨ ᠤ ᠬᠠᠮᠲᠤᠷᠠᠯᠴᠠᠭ᠎ᠠ ᠪᠠᠨ ᠴᠢᠩᠭᠠᠳᠬᠠᠬᠤ ᠶᠢ ᠳᠡᠮᠵᠢᠵᠦ᠂ ᠨᠡᠶᠢᠲᠡᠯᠢᠭ ᠠᠬᠤᠢ ᠪᠠᠶᠢᠳᠠᠯ ᠢ ᠪᠣᠢ ᠪᠣᠯᠭᠠᠨ᠎ᠠ᠃    ︵ᠲᠦᠷᠪᠡ︶ ᠪᠠᠷᠢᠯᠭ᠎ᠠ ᠶᠢᠨ ᠭᠡᠷᠡᠯ ᠴᠡᠨᠡᠭ ᠤᠨ ᠲᠣᠨᠣᠭᠯᠠᠯ ᠤᠨ ᠰᠢᠰᠲ᠋ᠧᠮ ᠤᠨ ᠬᠤᠳᠠᠯᠳᠤᠭᠰᠠᠨ ᠤ ᠳᠠᠷᠠᠭᠠᠬᠢ ᠦᠢᠯᠡᠴᠢᠯᠡᠭᠡᠨ ᠤ ᠪᠦᠯᠬᠦᠮ ᠵᠢᠴᠢ ᠠᠳᠠᠯ ᠠᠬᠤᠢ ᠶᠢᠨ ᠦᠢᠯᠡᠴᠢᠯᠡᠭᠡᠨ ᠤ ᠺᠣᠮᠫᠠᠨᠢ ᠶᠢᠨ ᠪᠠᠷᠢᠯᠭ᠎ᠠ ᠶᠢᠨ ᠭᠡᠷᠡᠯ ᠴᠡᠨᠡᠭ ᠤᠨ ᠰᠢᠰᠲ᠋ᠧᠮ ᠤᠨ ᠠᠵᠢᠯᠯᠠᠭᠤᠯᠵᠤ ᠪᠠᠲᠤᠯᠠᠬᠤ ᠬᠠᠮᠢᠶᠠᠷᠤᠯᠲᠠ ᠶᠢᠨ ᠱᠠᠭᠠᠷᠳᠠᠯᠭ᠎ᠠ ᠶᠢ ᠲᠣᠳᠣᠷᠬᠠᠶᠢᠯᠠᠪᠠ᠃ ᠦᠯᠡᠳᠡᠭᠡᠯ ᠪᠠᠷᠢᠯᠭ᠎ᠠ ᠶᠢᠨ ᠭᠡᠷᠡᠯ ᠴᠡᠨᠡᠭ ᠤᠨ ᠰᠢᠰᠲ᠋ᠧᠮ ᠢ ᠥᠭᠡᠷᠡᠴᠢᠯᠡᠨ ᠳᠡᠭᠡᠭᠰᠢᠯᠡᠭᠦᠯᠬᠦ ᠶᠢ ᠵᠣᠷᠢᠭᠵᠢᠭᠤᠯᠤᠨ᠎ᠠ᠃    ᠲᠠᠶᠢᠯᠪᠤᠷᠢᠯᠠᠭᠴᠢ᠄ ᠸᠠᠩ ᠯᠢ ᠵᠢᠶᠦ᠋ᠨ    ᠬᠠᠷᠢᠯᠴᠠᠬᠤ ᠤᠲᠠᠰᠤ᠄ 0471 - 6944435 
ᠢᠷᠡᠯᠲᠡ᠄ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠢᠩᠬᠢᠮ
Baidu
map