ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠢᠩᠬᠢᠮ ᠪᠥᠬᠦ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠬᠦᠷᠢᠶᠡᠨ ᠳᠠᠬᠢ ᠠᠶᠤᠯᠭᠦᠶ ᠦᠢᠯᠡᠳᠪᠦᠷᠢᠯᠡᠯ ᠤᠨ ᠠᠵᠢᠯ ᠤᠨ ᠸᠢᠳᠢᠤ᠋ ᠬᠤᠷᠠᠯ ᠢ ᠵᠣᠬᠢᠶᠠᠨ ᠪᠠᠶᠢᠭᠤᠯᠤᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/7/16
    7 ᠳ᠋ᠤᠭᠠᠷ ᠰᠠᠷ᠎ᠠ ᠶᠢᠨ 12 ᠤᠨ ᠡᠳᠦᠷ᠂ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠢᠩᠬᠢᠮ ᠠᠴᠠ ᠪᠥᠬᠦ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠬᠦᠷᠢᠶᠡᠨ ᠳᠠᠬᠢ ᠠᠶᠤᠯᠭᠦᠶ ᠦᠢᠯᠡᠳᠪᠦᠷᠢᠯᠡᠯ ᠤᠨ ᠠᠵᠢᠯ ᠤᠨ ᠸᠢᠳᠢᠤ᠋ ᠬᠤᠷᠠᠯ ᠬᠤᠷᠠᠯᠳᠤᠭᠤᠯᠵᠤ᠂ ᠣᠶᠢᠷ᠎ᠠ ᠶᠢᠨ ᠬᠤᠭᠤᠴᠠᠭᠠᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠬᠦᠷᠢᠶᠡᠨ ᠳᠠᠬᠢ ᠠᠶᠤᠯᠭᠦᠶ ᠦᠢᠯᠡᠳᠪᠦᠷᠢᠯᠡᠯ ᠤᠨ ᠠᠵᠢᠯ ᠢ ᠳᠣᠭᠢᠷᠠᠭᠤᠯᠤᠨ ᠪᠠᠶᠢᠷᠢᠯᠠᠭᠤᠯᠪᠠ᠃ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠲᠢᠩᠬᠢᠮ ᠤᠨ ᠳᠡᠳ᠋ ᠳᠠᠷᠤᠭ᠎ᠠ ᠯᠢᠦ ᠵᠢᠶᠠᠨ ᠬᠤᠸᠠ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ᠃    ᠬᠤᠷᠠᠯ ᠠᠴᠠ᠂ ᠠᠷᠠᠳ ᠲᠦᠮᠡᠨ ᠢ ᠳᠡᠭᠡᠳᠦᠯᠡᠬᠦ᠂ ᠠᠮᠢ ᠨᠠᠰᠤ ᠶᠢ ᠳᠡᠭᠡᠳᠦᠯᠡᠬᠦ ᠶᠢ ᠪᠠᠷᠢᠮᠲᠠᠯᠠᠵᠤ᠂ ᠴᠠᠭ ᠢᠮᠠᠭᠲᠠ ᠠᠷᠠᠳ ᠲᠦᠮᠡᠨ ᠤ ᠲᠦᠯᠦᠭᠡ ᠰᠠᠨᠠᠭᠠᠰᠢᠷᠠᠬᠤ ᠬᠠᠷᠢᠭᠤᠴᠠᠯᠭᠠᠲᠤ ᠰᠡᠳᠬᠢᠯᠭᠡ ᠪᠣᠯᠤᠨ ᠶᠠᠪᠤᠳᠠᠯ ᠪᠦᠬᠦᠨ ᠳᠤ ᠬᠠᠷᠢᠭᠤᠴᠠᠯᠭ᠎ᠠ ᠲᠠᠢ ᠠᠵᠢᠯᠯᠠᠬᠤ ᠬᠦᠴᠦᠨ ᠢᠶᠠᠷ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠵᠤ᠂ ᠣᠷᠣᠨ ᠰᠠᠭᠤᠴᠠ ᠪᠠ ᠬᠤᠳᠠ ᠬᠥᠳᠡᠭᠡ ᠶᠢᠨ ᠪᠦᠳᠦᠭᠡᠨ ᠪᠠᠶᠢᠭᠤᠯᠤᠯᠲᠠ ᠶᠢᠨ ᠬᠦᠷᠢᠶᠡᠨ ᠤ ᠠᠶᠤᠯᠭᠦᠢ ᠦᠢᠯᠡᠳᠪᠦᠷᠢᠯᠡᠯ ᠤᠨ ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠠᠳᠬᠤᠵᠤ᠂ ᠨᠠᠮ ᠤᠨ ᠬᠤᠷᠢᠳᠤᠭᠠᠷ ᠬᠤᠭᠤᠴᠠᠭᠠᠨ ᠤ ᠭᠤᠷᠪᠠᠳᠤᠭᠠᠷ ᠪᠦᠬᠦᠳᠡ ᠬᠤᠷᠠᠯ ᠤᠨ ᠠᠮᠵᠢᠯᠲᠠ ᠲᠠᠢ ᠬᠤᠷᠠᠯᠳᠤᠭᠤᠯᠬᠤ ᠳᠤ ᠰᠠᠶᠢᠨ ᠰᠠᠶᠢᠬᠠᠨ ᠠᠮᠤᠷ ᠲᠦᠪᠰᠢᠨ ᠤ ᠣᠷᠴᠢᠨ ᠲᠣᠭᠤᠷᠢᠨ ᠢ ᠪᠤᠢ ᠪᠣᠯᠭᠠᠬᠤ ᠬᠡᠷᠡᠭᠲᠡᠢ ᠭᠡᠵᠦ ᠴᠢᠬᠤᠯᠠᠴᠢᠯᠠᠪᠠ᠃    ᠬᠤᠷᠠᠯ ᠠᠴᠠ᠂ ᠠᠶᠤᠯᠭᠦᠢ ᠦᠢᠯᠡᠳᠪᠦᠷᠢᠯᠡᠯ ᠤᠨ ᠠᠳᠡᠯ ᠠᠴᠠ ᠭᠦᠨᠵᠡᠭᠡᠢ ᠰᠤᠷᠭᠠᠮᠵᠢ ᠠᠪᠴᠤ᠂ ᠣᠳᠣᠬᠠᠨ ᠤ ᠠᠶᠤᠯᠭᠦᠢ ᠦᠢᠯᠡᠳᠪᠦᠷᠢᠯᠡᠯ ᠤᠨ ᠪᠠᠶᠢᠳᠠᠯ ᠢ ᠵᠠᠳᠠᠯᠵᠤ᠂ ᠣᠷᠣᠨ ᠰᠠᠭᠤᠴᠠ ᠪᠠ ᠬᠤᠳᠠ ᠬᠥᠳᠡᠭᠡ ᠶᠢᠨ ᠪᠦᠳᠦᠬᠡᠨ ᠪᠠᠶᠢᠭᠤᠯᠤᠯᠲᠠ ᠶᠢᠨ ᠬᠦᠷᠢᠶᠡᠨ ᠤ ᠠᠶᠤᠯᠭᠦᠢ ᠦᠢᠯᠡᠳᠪᠦᠷᠢᠯᠡᠯ ᠢ ᠦᠨᠳᠦᠰᠦᠨ ᠠᠴᠠ ᠨᠢ ᠵᠠᠰᠠᠬᠤ ᠪᠣᠭᠤᠮᠲᠠ ᠰᠢᠪᠲᠤᠯᠬᠤ ᠭᠤᠷᠪᠠᠨ ᠵᠢᠯ ᠤᠨ ᠠᠵᠢᠯᠯᠠᠭ᠎ᠠ ᠶᠢ ᠴᠢᠩᠭ᠎ᠠ ᠪᠣᠳᠠᠲᠠᠢ ᠠᠳᠬᠤᠵᠤ᠂ ᠲᠤᠰᠬᠠᠢ ᠴᠡᠭᠴᠡᠯᠡᠨ ᠵᠠᠰᠠᠯᠲᠠ ᠶᠢ ᠪᠠᠬᠢᠵᠢᠭᠦᠯᠦᠨ ᠳᠡᠭᠡᠭᠰᠢᠯᠡᠭᠦᠯᠬᠦ ᠱᠠᠲᠤᠨ ᠤ ᠡᠯ᠎ᠡ ᠵᠦᠢᠯ ᠤᠨ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠬᠦ ᠬᠡᠷᠡᠭᠲᠡᠢ᠃ ᠦᠨᠳᠦᠰᠦᠨ‌ᠡᠴᠡ ᠨᠢ ᠪᠠᠬᠢᠵᠢᠭᠦᠯᠵᠦ ᠰᠠᠭᠤᠷᠢ ᠪᠠᠨ ᠪᠠᠲᠤᠳᠬᠠᠬᠤ ᠶᠢ ᠴᠢᠩᠭ᠎ᠠ ᠠᠳᠬᠤᠵᠤ᠂ ᠬᠤᠳᠠ ᠪᠠᠯᠭᠠᠰᠤᠨ ᠤ ᠰᠢᠲᠠᠮᠠᠬᠠᠢ ᠬᠡᠢ ᠶᠢᠨ ᠠᠮᠤᠷ ᠲᠦᠪᠰᠢᠨ ᠤ ᠲᠤᠰᠬᠠᠢ ᠴᠡᠭᠴᠡᠯᠡᠨ ᠵᠠᠰᠠᠯᠲᠠ ᠶᠢ ᠦᠷᠭᠦᠯᠵᠢᠯᠡᠨ ᠥᠷᠨᠢᠭᠦᠯᠵᠦ᠂ ᠬᠤᠳᠠ ᠬᠥᠳᠡᠭᠡ ᠶᠢᠨ ᠭᠡᠷ ᠪᠠᠶᠢᠰᠢᠩ ᠤᠨ ᠪᠠᠷᠢᠯᠭ᠎ᠠ ᠶᠢᠨ ᠠᠮᠤᠷ ᠲᠦᠪᠰᠢᠨ ᠤ ᠬᠠᠮᠢᠶᠠᠷᠤᠯᠲᠠ ᠶᠢ ᠦᠷᠭᠦᠯᠵᠢᠯᠡᠨ ᠠᠬᠢᠭᠤᠯᠵᠤ᠂ ᠭᠠᠯ ᠤᠨᠲᠠᠷᠠᠭᠠᠬᠤ ᠵᠢᠷᠤᠭ ᠲᠥᠯᠥᠪᠯᠡᠭᠡ ᠶᠢ ᠬᠢᠨᠠᠨ ᠪᠠᠶᠢᠴᠠᠭᠠᠵᠤ ᠰᠢᠯᠭᠠᠨ ᠠᠪᠬᠤ ᠠᠵᠢᠯ ᠢ ᠦᠨᠡᠨ ᠬᠦ ᠴᠢᠩᠭᠠᠳᠬᠠᠵᠤ᠂ ᠬᠦᠨᠳᠦ ᠶᠡᠭᠡ ᠭᠡᠮ ᠰᠣᠭᠤᠭ ᠢ ᠬᠥᠳᠡᠯᠦᠩᠭᠦᠢ ᠪᠠᠷ ᠠᠷᠢᠯᠭᠠᠬᠤ ᠶᠢ ᠠᠬᠢᠭᠤᠯᠵᠤ᠂ ᠬᠤᠳᠠ ᠶᠢᠨ ᠠᠮᠤᠷ ᠲᠦᠪᠰᠢᠨ ᠤ ᠠᠵᠢᠯᠯᠠᠭᠠᠨ ᠤ ᠲᠦᠭᠰᠢᠭᠦᠷᠢ ᠶᠢ ᠬᠠᠮᠢᠶᠠᠷᠤᠨ ᠡᠵᠡᠮᠳᠡᠬᠦ ᠴᠢᠳᠠᠪᠤᠷᠢ ᠶᠢ ᠪᠦᠬᠦ ᠲᠠᠯ᠎ᠠ ᠪᠠᠷ ᠳᠡᠭᠡᠭᠰᠢᠯᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃    ᠬᠤᠷᠠᠯ ᠠᠴᠠ ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠬᠦᠷᠢᠶᠡᠨ ᠳᠠᠬᠢ ᠦᠶᠡᠷ ᠤᠨ ᠬᠤᠭᠤᠴᠠᠭᠠᠨ ᠤ ᠠᠮᠤᠷ ᠲᠦᠪᠰᠢᠨ ᠢ ᠰᠡᠷᠭᠡᠶᠢᠯᠡᠨ ᠠᠷᠭᠠᠴᠠᠭᠠᠬᠤ ᠠᠵᠢᠯ ᠢ ᠪᠥᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠠᠵᠢᠯ ᠤᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ᠂ ᠰᠢᠰᠲ᠋ᠧᠮ ᠤᠨ ᠪᠠᠶᠢᠭᠤᠯᠤᠯᠲᠠ᠂ ᠳᠠᠯᠳᠠ ᠬᠡᠮ ᠢ ᠵᠢᠭᠰᠠᠭᠠᠨ ᠪᠠᠶᠢᠴᠠᠭᠠᠬᠤ᠂ ᠪᠠᠴᠢᠮ ᠪᠠᠶᠢᠳᠠᠯ ᠢ ᠠᠷᠭᠠᠴᠠᠭᠠᠬᠤ ᠠᠶᠤᠯ ᠠᠴᠠ ᠠᠪᠤᠷᠠᠬᠤ᠂ ᠦᠶᠡᠷ ᠤᠨ ᠬᠤᠭᠤᠴᠠᠭᠠᠨ ᠤ ᠵᠢᠵᠢᠭᠦᠷᠯᠡᠨ ᠰᠠᠬᠢᠬᠤ ᠵᠡᠷᠭᠡ ᠡᠯ᠎ᠡ ᠵᠦᠢᠯ ᠤᠨ ᠠᠵᠢᠯ ᠢ ᠰᠠᠶᠢᠲᠤᠷ ᠠᠳᠬᠤᠵᠤ᠂ ᠦᠶᠡᠷ ᠢ ᠠᠮᠤᠷ ᠲᠦᠪᠰᠢᠨ ᠢᠶᠠᠷ ᠥᠩᠭᠡᠷᠡᠭᠦᠯᠬᠦ ᠶᠢ ᠦᠨᠡᠨ ᠬᠦ ᠪᠠᠲᠤᠯᠠᠬᠤ ᠬᠡᠷᠡᠭᠲᠡᠶ ᠭᠡᠵᠤ ᠱᠠᠭᠠᠷᠳᠠᠪᠠ᠃    ᠲᠢᠩᠬᠢᠮ ᠤᠨ ᠠᠶᠦᠯᠭᠦᠢ ᠦᠢᠯᠡᠳᠪᠦᠷᠢᠯᠡᠯ ᠤᠨ ᠵᠥᠪᠯᠡᠯ ᠤᠨ ᠬᠠᠮᠢᠶ᠎ᠠ ᠪᠥᠬᠦᠶ ᠪᠦᠷᠢᠯᠳᠦᠬᠦᠨ ᠨᠢᠭᠡᠴᠢ ᠶᠢᠨ ᠬᠠᠷᠢᠭᠤᠴᠠᠯᠭᠠᠲᠠᠨ ᠨᠥᠬᠦᠳ ᠭᠤᠤᠯ ᠬᠤᠷᠠᠯ ᠤᠨ ᠲᠠᠯᠠᠪᠠᠶ ᠳᠤ ᠣᠷᠣᠯᠴᠠᠵᠤ᠂ ᠡᠯ᠎ᠡ ᠠᠶᠢᠮᠠᠭ ᠬᠤᠲᠠ ᠶᠢᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ ᠵᠢᠴᠢ ᠬᠥᠬᠡᠬᠤᠲᠠ᠂ ᠪᠤᠭᠤᠲᠤ ᠶᠢᠨ ᠬᠤᠲᠠ ᠶᠢᠨ ᠬᠠᠮᠢᠶᠠᠷᠤᠯᠲᠠ ᠶᠢᠨ ᠲᠣᠪᠴᠢᠶ᠎ᠠ᠂ ᠮᠠᠨᠵᠤᠤᠷ᠂ ᠡᠷᠢᠶᠡᠨ ᠬᠤᠲᠠ ᠶᠢᠨ ᠬᠤᠲᠠ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠲᠣᠪᠴᠢᠶ᠎ᠠ ᠶᠢᠨ ᠬᠠᠷᠢᠭᠤᠴᠠᠯᠭᠠᠲᠠᠨ ᠨᠥᠬᠦᠳ ᠬᠤᠪᠢᠶᠠᠷᠢ ᠬᠤᠷᠠᠯ ᠤᠨ ᠲᠠᠯᠠᠪᠠᠶ ᠳᠤ ᠬᠤᠷᠠᠯ ᠳᠤ ᠣᠷᠣᠯᠴᠠᠪᠠ᠃ 
ᠢᠷᠡᠯᠲᠡ᠄ ᠲᠢᠩᠬᠢᠮ ᠤᠨ ᠪᠠᠷᠢᠯᠭ᠎ᠠ ᠶᠢᠨ ᠶᠠᠰᠤ ᠴᠢᠨᠠᠷ ᠤᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢᠨ ᠭᠠᠵᠠᠷ
Baidu
map