ᠪᠥᠲᠥᠭᠡᠨ ᠪᠠᠶᠢᠭᠤᠯᠤᠯᠲᠠ ᠶᠢᠨ ᠢᠨᠵᠧᠨᠧᠷᠢᠩ ᠤᠨ ᠠᠵᠤ ᠠᠬᠤᠶᠢᠯᠠᠯ ᠤᠨ ᠬᠢᠷᠢ ᠴᠢᠳᠠᠮᠵᠢ ᠶᠢᠨ ᠦᠨᠡᠮᠯᠡᠯ ᠢ ᠰᠣᠯᠢᠵᠤ ᠠᠪᠬᠤ ᠬᠤᠯᠪᠣᠭᠳᠠᠯ ᠪᠥᠬᠦᠶ ᠵᠦᠢᠯᠡᠰ ᠤᠨ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠢᠩᠬᠢᠮ ᠤᠨ ᠨᠥᠬᠦᠪᠥᠷᠢ ᠮᠡᠳᠡᠭᠳᠡᠯ
ᠨᠡᠶᠢᠲᠡᠯᠡᠭᠰᠡᠨ ᠴᠠᠭ᠄
2024/7/23
        ᠥᠪᠥᠷ ᠪᠠᠶᠢᠭᠤᠯᠤᠯᠲᠠ ᠵᠠᠰᠠᠭ ᠵᠠᠬᠢᠳᠠᠯ ﹇2024﹈ 137 ᠳ᠋ᠤᠭᠠᠷ ᠲᠣᠭᠠᠲᠤ ᠡᠯ᠎ᠡ ᠠᠶᠢᠮᠠᠭ ᠬᠤᠲᠠ ︵ᠮᠠᠨᠵᠤᠤᠷ ᠬᠤᠲᠠ᠂ ᠡᠷᠢᠶᠡᠨ ᠬᠤᠲᠠ︶ ᠶᠢᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ᠂ ᠬᠥᠬᠡᠬᠤᠲᠠ ᠶᠢᠨ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠪᠠ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ᠂ ᠬᠢᠩᠭᠠᠨ ᠠᠶᠢᠮᠠᠭ ᠤᠨ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠵᠠᠰᠠᠭ ᠤᠨ ᠶᠠᠪᠤᠳᠠᠯ ᠤᠨ ᠦᠢᠯᠡᠴᠢᠯᠡᠭᠡ ᠬᠢᠭᠡᠳ ᠲᠤᠭ᠎ᠠ ᠪᠠᠷᠢᠮᠲᠠ ᠶᠢᠨ ᠬᠠᠮᠢᠶᠠᠷᠤᠯᠲᠠ ᠶᠢᠨ ᠲᠣᠪᠴᠢᠶ᠎ᠠ᠂ ᠲᠦᠩᠯᠢᠶᠣᠤ ᠬᠤᠲᠠ ᠶᠢᠨ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠵᠠᠰᠠᠭ ᠤᠨ ᠶᠠᠪᠤᠳᠠᠯ ᠤᠨ ᠦᠢᠯᠡᠴᠢᠯᠡᠭᠡ ᠬᠢᠭᠡᠳ ᠲᠤᠭ᠎ᠠ ᠪᠠᠷᠢᠮᠲᠠ ᠶᠢᠨ ᠬᠠᠮᠢᠶᠠᠷᠤᠯᠲᠠ ᠶᠢᠨ ᠲᠣᠪᠴᠢᠶ᠎ᠠ᠂ ᠣᠷᠳᠣᠰ ᠬᠤᠲᠠ ᠶᠢᠨ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠵᠠᠰᠠᠭ ᠤᠨ ᠶᠠᠪᠤᠳᠠᠯ ᠤᠨ ᠦᠢᠯᠡᠴᠢᠯᠡᠭᠡ ᠬᠢᠭᠡᠳ ᠲᠤᠭ᠎ᠠ ᠪᠠᠷᠢᠮᠲᠠ ᠶᠢᠨ ᠬᠠᠮᠢᠶᠠᠷᠤᠯᠲᠠ ᠶᠢᠨ ᠲᠣᠪᠴᠢᠶ᠎ᠠ᠂ ᠬᠤᠯᠪᠣᠭᠳᠠᠯ ᠪᠦᠬᠦᠢ ᠠᠵᠤ ᠠᠬᠤᠶᠢᠯᠠᠯ ᠳᠤ᠄    ︽ᠬᠤᠯᠪᠣᠭᠳᠠᠯ ᠪᠦᠬᠦᠢ ᠪᠦᠲᠦᠭᠡᠨ ᠪᠠᠶᠢᠭᠤᠯᠤᠯᠲᠠ ᠶᠢᠨ ᠢᠨᠵᠧᠨᠧᠷᠢᠩ ᠤᠨ ᠠᠵᠤ ᠠᠬᠤᠶᠢᠯᠠᠯ ᠤᠨ ᠬᠢᠷᠢ ᠴᠢᠳᠠᠮᠵᠢ ᠶᠢᠨ ᠦᠨᠡᠮᠯᠡᠯ ᠢ ᠰᠣᠯᠢᠵᠤ ᠠᠪᠬᠤ ᠪᠠ ᠦᠷᠭᠦᠯᠵᠢᠯᠡᠭᠦᠯᠬᠦ ᠠᠵᠢᠯ ᠢ ᠰᠠᠶᠢᠲᠤᠷ ᠬᠢᠬᠦ ᠲᠤᠬᠠᠶ ᠣᠷᠣᠨ ᠰᠠᠭᠤᠴᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠶᠠᠮᠤᠨ ᠤ ᠠᠯᠪᠠᠨ ᠲᠢᠩᠬᠢᠮ ᠤᠨ ᠮᠡᠳᠡᠭᠳᠡᠯ︾ ︵ᠪᠦᠲᠦᠭᠡᠨ ᠪᠠᠶᠢᠭᠤᠯᠤᠯᠲᠠ ᠵᠠᠰᠠᠭ ﹇2023﹈ 47 ᠳ᠋ᠤᠭᠠᠷ ᠲᠣᠭᠠᠲᠤ︶ ᠤᠨ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠣᠰᠣᠭᠠᠷ᠂ ᠣᠶᠢᠷ᠎ᠠ ᠶᠢᠨ ᠬᠤᠭᠤᠴᠠᠭᠠᠨ ᠤ ᠮᠠᠨ ᠤ ᠣᠷᠣᠨ ᠤ ᠪᠦᠲᠦᠭᠡᠨ ᠪᠠᠶᠢᠭᠤᠯᠤᠯᠲᠠ ᠶᠢᠨ ᠢᠨᠵᠧᠨᠧᠷᠢᠩ ᠤᠨ ᠠᠵᠤ ᠠᠬᠤᠶᠢᠯᠠᠯ ᠤᠨ ᠬᠢᠷᠢ ᠴᠢᠳᠠᠮᠵᠢ ᠶᠢᠨ ᠦᠨᠡᠮᠯᠡᠯ ᠢ ᠰᠣᠯᠢᠵᠤ ᠠᠪᠬᠤ ᠠᠵᠢᠯ ᠢ ᠥᠷᠨᠢᠭᠦᠯᠵᠦ ᠪᠠᠶᠢᠭ᠎ᠠ ᠪᠠᠶᠢᠳᠠᠯ ᠲᠠᠢ ᠤᠶᠠᠯᠳᠤᠭᠤᠯᠤᠨ᠂ ᠠᠵᠤ ᠠᠬᠤᠶᠢᠯᠠᠯ ᠤᠨ ᠬᠡᠪ ᠤᠨ ᠦᠢᠯᠡᠳᠪᠦᠷᠢᠯᠡᠯ ᠡᠵᠡᠩᠨᠡᠯᠲᠡ ᠶᠢ ᠪᠠᠲᠤᠯᠠᠵᠤ᠂ ᠵᠠᠬ᠎ᠠ ᠳᠡᠯᠭᠡᠭᠦᠷ ᠤᠨ ᠠᠮᠢᠵᠢᠷᠠᠯ ᠤᠨ ᠬᠦᠴᠦᠨ ᠢ ᠬᠥᠭᠵᠢᠭᠡᠬᠦ ᠶᠢᠨ ᠲᠤᠰᠠᠳᠠ᠂ ᠡᠳᠦᠭᠡ ᠮᠠᠨ ᠤ ᠣᠷᠣᠨ ᠤ ᠪᠦᠲᠦᠭᠡᠨ ᠪᠠᠶᠢᠭᠤᠯᠤᠯᠲᠠ ᠶᠢᠨ ᠢᠨᠵᠧᠨᠧᠷᠢᠩ ᠤᠨ ᠠᠵᠤ ᠠᠬᠤᠶᠢᠯᠠᠯ ᠤᠨ ᠬᠢᠷᠢ ᠴᠢᠳᠠᠮᠵᠢ ᠶᠢᠨ ᠦᠨᠡᠮᠯᠡᠯ ᠢ ᠰᠣᠯᠢᠵᠤ ᠠᠪᠬᠤ ᠬᠤᠯᠪᠣᠭᠳᠠᠯ ᠪᠦᠬᠦᠢ ᠵᠦᠢᠯᠡᠰ ᠤᠨ ᠲᠤᠬᠠᠶ ᠨᠥᠬᠦᠪᠥᠷᠢ ᠶᠢ ᠳᠣᠤᠷᠠᠬᠢ ᠮᠡᠲᠦ ᠮᠡᠳᠡᠭᠳᠡᠶ᠎ᠡ᠄    ᠨᠢᠭᠡ᠂ ︽ᠢᠨᠵᠧᠨᠧᠷᠢᠩ ᠤᠨ ᠦᠢᠯᠡᠰ ᠤᠨ ᠠᠵᠤ ᠠᠬᠤᠶᠢᠯᠠᠯ ᠤᠨ ᠬᠢᠷᠢ ᠬᠡᠮ ᠤᠨ ᠬᠠᠮᠢᠶᠠᠷᠤᠯᠲᠠ ᠶᠢᠨ ᠲᠣᠭᠲᠠᠭᠠᠯ︾ ᠳᠤ ᠲᠣᠭᠲᠠᠭᠠᠭᠰᠠᠨ ᠵᠥᠪᠰᠢᠶᠡᠷᠡᠯ ᠤᠨ ᠱᠠᠲᠤ ᠳᠠᠪᠬᠤᠷᠭ᠎ᠠ ᠶᠣᠰᠣᠭᠠᠷ᠂ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠰᠢᠰᠲ᠋ᠧᠮ ᠨᠢ ᠨᠢᠭᠡᠨᠲᠡ ᠢᠨᠵᠧᠨᠧᠷᠢᠩ ᠤᠨ ᠠᠵᠢᠯ ᠢ ᠶᠡᠷᠦᠩᠬᠡᠶᠢᠯᠡᠨ ᠳᠠᠭᠠᠭᠠᠴᠢᠯᠠᠭᠤᠯᠬᠤ ᠂ ᠲᠤᠰᠬᠠᠶ ᠠᠵᠢᠯ ᠤᠨ ᠳᠠᠭᠠᠭᠠᠴᠢᠯᠠᠯᠲᠠ ᠶᠢᠨ ᠬᠤᠶᠠᠳᠤᠭᠠᠷ ᠳᠡᠰ ᠤᠨ ᠬᠢᠷᠢ ᠴᠢᠳᠠᠮᠵᠢ ᠶᠢᠨ ᠢᠨᠵᠧᠨᠧᠷᠢᠩ ᠤᠨ ᠦᠢᠯᠡᠰ ᠤᠨ ᠠᠵᠤ ᠠᠬᠤᠶᠢᠯᠠᠯ ᠤᠨ ᠬᠢᠷᠢ ᠬᠡᠮ ᠤᠨ ᠦᠨᠡᠮᠯᠡᠯ ᠢ ᠨᠢᠭᠡᠨᠲᠡ ᠰᠣᠯᠢᠵᠤ ᠠᠪᠤᠭᠠᠳ ᠰᠠᠯᠭᠠᠵᠤ᠂ ᠵᠥᠪᠰᠢᠶᠡᠷᠡᠯ ᠤᠨ ᠲᠠᠰ ᠳᠠᠪᠬᠤᠷᠭ᠎ᠠ ᠨᠢ ᠥᠪᠡᠷᠲᠡᠭᠡᠨ ᠵᠠᠰᠠᠬᠤ ᠣᠷᠣᠨ ᠤ ᠲᠠᠰ ᠤᠨ ᠬᠢᠷᠢ ᠬᠡᠮ ᠤᠨ ᠲᠥᠷᠥᠯ ᠢᠯᠭᠠᠯ ᠤᠨ ᠰᠢᠨ᠎ᠡ ᠪᠠᠷ ᠪᠣᠶ ᠪᠣᠯᠤᠭᠰᠠᠨ ᠦᠨᠡᠮᠯᠡᠯ ᠤᠨ ᠳ᠋ᠤᠭᠠᠷ ᠨᠢ ︽D215XXXXXX ︵ᠲᠦᠷ ᠴᠠᠭ︶︾ ᠶᠢᠨ ᠲᠦᠷ ᠴᠠᠭ ᠤᠨ ᠦᠨᠡᠮᠯᠡᠯ ᠪᠠᠶᠢᠵᠤ᠂ ᠵᠥᠪᠰᠢᠶᠡᠷᠡᠯ ᠤᠨ ᠲᠠᠰ ᠳᠠᠪᠬᠤᠷᠭ᠎ᠠ ᠨᠢ ᠠᠶᠢᠮᠠᠭ ᠬᠤᠲᠠ ᠶᠢᠨ ᠲᠠᠰ ᠤᠨ ᠬᠢᠷᠢ ᠬᠡᠮ ᠤᠨ ᠲᠥᠷᠥᠯ ᠢᠯᠭᠠᠯ ᠨᠢ ᠮᠥᠨ ᠬᠦ ᠤᠤᠯ ᠤᠨ D3 ᠡᠬᠢᠯᠡᠯᠲᠡ ᠶᠢᠨ ᠬᠢᠷᠢ ᠬᠡᠮ ᠤᠨ ᠦᠨᠡᠮᠯᠡᠯ ᠳᠡᠭᠡᠷ᠎ᠡ ᠦᠯᠡᠳᠡᠨ᠎ᠡ᠃    ᠬᠤᠶᠠᠷ᠂ ᠠᠵᠤ ᠠᠬᠤᠶᠢᠯᠠᠯ ᠤᠨ ᠬᠢᠷᠢ ᠬᠡᠮ ᠢ ᠦᠷᠭᠦᠯᠵᠢᠯᠡᠭᠦᠯᠬᠦ ᠪᠠ ᠦᠨᠡᠮᠯᠡᠯ ᠰᠣᠯᠢᠭᠰᠠᠨ ᠤ ᠳᠠᠷᠠᠭᠠᠬᠢ ᠦᠨᠡᠮᠯᠡᠯ ᠤᠨ ᠬᠦᠴᠦᠨ ᠲᠠᠢ ᠬᠤᠭᠤᠴᠠᠭ᠎ᠠ ᠨᠢ ᠨᠢᠭᠡᠳᠦᠯ ᠥᠬᠡᠶ ᠪᠠᠶᠢᠬᠤ ᠠᠰᠠᠭᠤᠳᠠᠯ ᠢ ᠰᠢᠢᠳᠪᠦᠷᠢᠯᠡᠬᠦ ᠶᠢᠨ ᠲᠥᠯᠥᠭᠡ᠂ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠰᠢᠰᠲ᠋ᠧᠮ ᠨᠢ ᠢᠨᠵᠧᠨᠧᠷᠢᠩ ᠤᠨ ᠬᠠᠶᠢᠨ ᠪᠠᠶᠢᠴᠠᠭᠠᠬᠤ ᠬᠢᠷᠢ ᠬᠡᠮ᠂ ᠢᠨᠵᠧᠨᠧᠷᠢᠩ ᠤᠨ ᠵᠢᠷᠤᠵᠤ ᠲᠥᠯᠥᠪᠯᠡᠬᠦ ᠬᠢᠷᠢ ᠬᠡᠮ ᠵᠢᠴᠢ ᠢᠨᠵᠧᠨᠧᠷᠢᠩ ᠤᠨ ᠬᠢᠨᠠᠨ ᠬᠠᠮᠢᠶᠠᠷᠬᠤ ᠬᠢᠷᠢ ᠬᠡᠮ ᠢ ᠰᠣᠯᠢᠵᠤ ᠠᠪᠤᠭᠰᠠᠨ ᠠᠵᠤ ᠠᠬᠤᠶᠢᠯᠠᠯ ᠤᠨ ᠤᠤᠯ ᠤᠨ ᠬᠢᠷᠢ ᠬᠡᠮ ᠤᠨ ᠦᠨᠡᠮᠯᠡᠯ ᠤᠨ ᠳ᠋ᠤᠭᠠᠷ ᠲᠤ ︽ᠲᠦᠷ ᠴᠠᠭ︾ ᠭᠡᠰᠡᠨ ᠥᠰᠥᠭ ᠲᠠᠢ ᠵᠣᠬᠢᠴᠠᠯᠳᠤᠭᠰᠠᠨ ᠲᠦᠷ ᠴᠠᠭ ᠤᠨ ᠦᠨᠡᠮᠯᠡᠯ ᠢ ᠨᠡᠮᠡᠵᠦ ᠠᠪᠤᠨ᠎ᠠ᠃    ᠭᠤᠷᠪᠠ᠂ ᠢᠨᠵᠧᠨᠧᠷᠢᠩ ᠤᠨ ᠦᠢᠯᠡᠰ ᠤᠨ ᠠᠵᠤ ᠠᠬᠤᠶᠢᠯᠠᠯ ᠤᠨ ᠬᠢᠷᠢ ᠭᠡᠮ ᠢ ᠬᠠᠷᠠᠬᠠᠨ ᠰᠣᠯᠢᠵᠤ ᠠᠪᠤᠭᠠᠳᠤᠶ ᠠᠵᠤ ᠠᠬᠤᠶᠢᠯᠠᠯ ᠨᠢ ᠮᠥᠨ ᠴᠢᠳᠠᠮᠵᠢ ᠶᠢᠨ ᠦᠨᠡᠮᠯᠡᠯ ᠤᠨ ᠬᠦᠴᠦᠨ ᠲᠠᠢ ᠬᠤᠭᠤᠴᠠᠭ᠎ᠠ ᠨᠢ ᠳᠦᠭᠦᠷᠬᠦ ᠠᠴᠠ ᠡᠮᠦᠨ᠎ᠡ ᠠᠵᠤ ᠠᠬᠤᠶᠢᠯᠠᠯ ᠤᠨ ᠪᠠᠶᠢᠭ᠎ᠠ ᠠᠶᠢᠮᠠᠭ ᠬᠤᠲᠠ ᠶᠢᠨ ᠢᠨᠵᠧᠨᠧᠷᠢᠩ ᠤᠨ ᠦᠢᠯᠡᠰ ᠤᠨ ᠠᠵᠤ ᠠᠬᠤᠶᠢᠯᠠᠯ ᠤᠨ ᠬᠢᠷᠢ ᠭᠡᠮ ᠤᠨ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠰᠠᠯᠠᠭ᠎ᠠ ᠮᠥᠴᠢᠷ ᠲᠤ ᠦᠨᠡᠮᠯᠡᠯ ᠢᠶᠠᠨ ᠰᠣᠯᠢᠵᠤ ᠠᠪᠬᠤ ᠭᠤᠶᠤᠴᠢᠯᠠᠯ ᠭᠠᠷᠭᠠᠵᠤ ᠪᠣᠯᠤᠨ᠎ᠠ᠃ᠳᠥᠷᠪᠡ᠂ ᠠᠵᠤ ᠠᠬᠤᠶᠢᠯᠠᠯ ᠲᠦᠷ ᠴᠠᠭ ᠤᠨ ᠦᠨᠡᠮᠯᠡᠯ ᠤᠨ ᠬᠦᠴᠦᠨ ᠲᠠᠢ ᠬᠤᠭᠤᠴᠠᠭ᠎ᠠ ᠨᠢ ᠳᠦᠭᠦᠷᠬᠦ ᠠᠴᠠ ᠡᠮᠦᠨ᠎ᠡ ᠬᠤᠯᠪᠣᠭᠳᠠᠯ ᠪᠦᠬᠦᠢ ᠬᠢᠷᠢ ᠭᠡᠮ ᠤᠨ ᠬᠠᠮᠢᠶᠠᠷᠤᠯᠲᠠ ᠶᠢᠨ ᠲᠣᠭᠲᠠᠭᠠᠯ ᠪᠣᠯᠤᠨ ᠬᠢᠷᠢ ᠭᠡᠮ ᠤᠨ ᠪᠠᠷᠢᠮᠵᠢᠶ᠎ᠠ ᠶᠣᠰᠣᠭᠠᠷ ᠦᠷᠭᠦᠯᠵᠢᠯᠡᠭᠦᠯᠬᠦ ᠪᠠᠷ ᠭᠤᠶᠤᠴᠢᠯᠠᠵᠤ᠂ ᠲᠦᠷ ᠴᠠᠭ ᠤᠨ ᠦᠨᠡᠮᠯᠡᠯ ᠤᠨ ᠬᠦᠴᠦᠨ ᠲᠠᠢ ᠬᠤᠭᠤᠴᠠᠭ᠎ᠠ ᠨᠢ ᠳᠦᠭᠦᠷᠬᠦ ᠠᠴᠠ ᠡᠮᠦᠨ᠎ᠡ ᠦᠷᠭᠦᠯᠵᠢᠯᠡᠭᠦᠯᠬᠦ ᠪᠠᠷ ᠭᠤᠶᠤᠴᠢᠯᠠᠭᠰᠠᠨ ᠦᠭᠡᠶ ᠪᠣᠯ ᠬᠤᠭᠤᠴᠠᠭ᠎ᠠ ᠥᠩᠭᠡᠷᠡᠯ᠎ᠡ ᠠᠶᠠᠨᠳᠠᠭᠠᠨ ᠬᠦᠴᠦᠨ ᠦᠭᠡᠶ ᠪᠣᠯᠤᠨ᠎ᠠ᠃         2024 ᠣᠨ ᠤ 4 ᠳ᠋ᠦ᠋ᠭᠡᠷ ᠰᠠᠷ᠎ᠠ ᠶᠢᠨ 26 ᠤ ᠡᠳᠦᠷ 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠢᠩᠬᠢᠮ
Baidu
map