ᠪᠦᠲᠦᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠠᠵᠤ ᠠᠬᠤᠶᠢᠯᠠᠯ ᠤᠨ ᠬᠢᠷᠢ ᠬᠡᠮ ᠤᠨ ᠲᠦᠷ ᠴᠠᠭ ᠤᠨ ᠭᠡᠷᠡᠴᠢ ᠦᠨᠡᠮᠯᠡᠯ ᠢ ᠦᠷᠭᠦᠯᠵᠢᠯᠡᠭᠦᠯᠬᠦ ᠲᠤᠬᠠᠢ ᠬᠤᠯᠪᠣᠭᠳᠠᠯ ᠪᠦᠬᠦᠢ ᠠᠰᠠᠭᠤᠳᠠᠯ ︵2024 ᠣᠨ ᠤ ᠨᠠᠢᠮᠠᠳᠤᠭᠠᠷ ᠬᠤᠭᠤᠴᠠᠭ᠎ᠠ︶
ᠨᠡᠶᠢᠲᠡᠯᠡᠭᠰᠡᠨ ᠴᠠᠭ᠄
2024/7/24
    Q1᠄ ᠪᠥᠲᠥᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠠᠵᠤ ᠠᠬᠤᠶᠢᠯᠠᠯ ᠤᠨ ᠬᠢᠷᠢ ᠬᠡᠮ ᠤᠨ ᠲᠦᠷ ᠴᠠᠭ ᠤᠨ ᠭᠡᠷᠡᠴᠢ ᠦᠨᠡᠮᠯᠡᠯ ︵ᠬᠦᠴᠦᠨ ᠲᠠᠢ ᠬᠤᠭᠤᠴᠠᠭ᠎ᠠ ᠨᠢ 1 ᠵᠢᠯ︶ ᠢ ᠬᠡᠵᠢᠶ᠎ᠡ ᠠᠴᠠ ᠡᠬᠢᠯᠡᠨ ᠦᠷᠭᠦᠯᠵᠢᠯᠡᠭᠦᠯᠬᠦ ᠵᠤᠬᠢᠬᠤ ᠪᠣᠶ︖    ᠬᠠᠷᠢᠭᠤᠯᠲᠠ᠄ ᠪᠦᠲᠦᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠠᠵᠤ ᠠᠬᠤᠶᠢᠯᠠᠯ ᠤᠨ ᠬᠢᠷᠢ ᠬᠡᠮ ᠤᠨ ᠲᠦᠷ ᠴᠠᠭ ᠤᠨ ᠭᠡᠷᠡᠴᠢ ᠦᠨᠡᠮᠯᠡᠯ ︵ᠬᠦᠴᠦᠨ ᠲᠠᠢ ᠬᠤᠭᠤᠴᠠᠭ᠎ᠠ ᠨᠢ 1 ᠵᠢᠯ︶ ᠢ ᠦᠷᠭᠦᠯᠵᠢᠯᠡᠭᠦᠯᠬᠦ ᠠᠵᠢᠯ ᠣᠲᠣ ᠨᠢᠭᠡᠨᠲᠡ ᠬᠡᠪ ᠤᠨ ᠶᠣᠰᠣᠭᠠᠷ ᠶᠠᠪᠤᠭᠳᠠᠵᠤ ᠪᠠᠶᠢᠨ᠎ᠠ᠂ ᠠᠵᠤ ᠠᠬᠤᠶᠢᠯᠠᠯ ᠬᠢᠷᠢ ᠬᠡᠮ ᠤᠨ ᠭᠡᠷᠡᠴᠢ ᠦᠨᠡᠮᠯᠡᠯ ᠤᠨ ᠬᠦᠴᠦᠨ ᠲᠠᠢ ᠬᠤᠭᠤᠴᠠᠭ᠎ᠠ ᠨᠢ ᠳᠠᠭᠤᠰᠬᠤ ᠠᠴᠠ ᠡᠮᠦᠨ᠎ᠡ᠂ ᠬᠤᠯᠪᠣᠭᠳᠠᠯ ᠪᠦᠬᠦᠢ ᠬᠢᠷᠢ ᠬᠡᠮ ᠤᠨ ᠬᠠᠮᠢᠶᠠᠷᠤᠯᠲᠠ ᠶᠢᠨ ᠲᠣᠭᠲᠠᠭᠠᠯ ᠪᠠ ᠬᠢᠷᠢ ᠬᠡᠮ ᠤᠨ ᠪᠠᠷᠢᠮᠵᠢᠶ᠎ᠠ ᠶᠣᠰᠣᠭᠠᠷ ᠦᠷᠭᠦᠯᠵᠢᠯᠡᠭᠦᠯᠬᠦ ᠪᠠᠷ ᠭᠤᠶᠤᠴᠢᠯᠠᠬᠤ ᠬᠡᠷᠡᠭᠲᠡᠶ᠃ ᠲᠦᠷ ᠴᠠᠭ ᠤᠨ ᠭᠡᠷᠡᠴᠢ ᠦᠨᠡᠮᠯᠡᠯ ᠤᠨ ᠬᠦᠴᠦᠨ ᠲᠠᠢ ᠬᠤᠭᠤᠴᠠᠭ᠎ᠠ ᠨᠢ ᠳᠦᠭᠦᠷᠬᠦ ᠠᠴᠠ ᠡᠮᠦᠨ᠎ᠡ ᠦᠷᠭᠦᠯᠵᠢᠯᠡᠭᠦᠯᠬᠦ ᠪᠠᠷ ᠭᠤᠶᠤᠴᠢᠯᠠᠭᠰᠠᠨ ᠦᠭᠡᠶ ᠪᠣᠯ ᠬᠤᠭᠤᠴᠠᠭ᠎ᠠ ᠦᠩᠭᠡᠷᠡᠪᠡᠯ ᠠᠶᠠᠨᠳᠠᠭᠠᠨ ᠬᠦᠴᠦᠨ ᠦᠭᠡᠶ ᠪᠤᠯᠭᠠᠨ᠎ᠠ᠃    Q2᠄ ᠪᠥᠲᠥᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠠᠵᠤ ᠠᠬᠤᠶᠢᠯᠠᠯ ᠤᠨ ᠬᠢᠷᠢ ᠬᠡᠮ ᠤᠨ ᠲᠦᠷ ᠴᠠᠭ ᠤᠨ ᠭᠡᠷᠡᠴᠢ ᠦᠨᠡᠮᠯᠡᠯ ︵ᠬᠦᠴᠦᠨ ᠲᠠᠢ ᠬᠤᠭᠤᠴᠠᠭ᠎ᠠ ᠨᠢ 1 ᠵᠢᠯ︶ ᠶᠢ ᠦᠷᠭᠦᠯᠵᠢᠯᠡᠭᠦᠯᠬᠦ ᠳᠤ ᠶᠠᠮᠠᠷ ᠪᠠᠷᠢᠮᠵᠢᠶ᠎ᠠ ᠳᠤ ᠨᠡᠶᠢᠴᠡᠭᠰᠡᠨ ᠪᠠᠶᠢᠬᠤ ᠬᠡᠷᠡᠭᠳᠡᠢ ᠪᠣᠶ︖    ᠬᠠᠷᠢᠭᠤᠯᠲᠠ᠄ ᠠᠵᠤ ᠠᠬᠤᠶᠢᠯᠠᠯ ᠤᠨ ᠡᠳ᠋ ᠬᠥᠷᠥᠩᠭᠡ᠂ ᠮᠡᠷᠭᠡᠵᠢᠯ ᠤᠨ ᠬᠠᠷᠢᠭᠤᠴᠠᠯᠭᠠᠲᠠᠨ ︽ᠪᠠᠷᠢᠯᠭ᠎ᠠ ᠶᠢᠨ ᠦᠢᠯᠡᠰ ᠤᠨ ᠠᠵᠤ ᠠᠬᠤᠶᠢᠯᠠᠯ ᠤᠨ ᠬᠢᠷᠢ ᠬᠡᠮ ᠤᠨ ᠪᠠᠷᠢᠮᠵᠢᠶ᠎ᠠ︾ ︵ᠪᠠᠶᠢᠭᠤᠯᠤᠯᠳᠠ ᠬᠤᠲᠠ ﹇2014﹈159 ᠳ᠋ᠦ᠋ᠭᠡᠷ ᠲᠣᠭᠠᠲᠤ︶ ᠤᠨ ᠲᠣᠭᠲᠠᠭᠠᠭᠰᠠᠨ ᠵᠣᠬᠢᠴᠠᠩᠭᠤᠶ ᠲᠥᠷᠥᠯ ᠢᠯᠭᠠᠯ ᠤᠨ ᠬᠤᠶᠠᠳᠤᠭᠠᠷ ᠳᠡᠰ ᠤᠨ ᠬᠢᠷᠢ ᠬᠡᠮ ᠤᠨ ᠪᠠᠷᠢᠮᠵᠢᠶ᠎ᠠ ᠶᠢᠨ ᠱᠠᠭᠠᠷᠳᠠᠯᠭ᠎ᠠ ᠶᠢ ᠬᠠᠩᠭᠠᠬᠤ ᠴᠢᠬᠤᠯᠠᠲᠠᠶ᠂ ᠪᠤᠰᠤᠳ ᠭᠦᠢᠴᠡᠳᠬᠡᠯ ᠲᠤᠭ᠎ᠠ ᠨᠢ ᠵᠣᠬᠢᠴᠠᠩᠭᠤᠶ ᠲᠥᠷᠥᠯ ᠢᠯᠭᠠᠯ ᠤᠨ ᠭᠤᠷᠪᠠᠳᠤᠭᠠᠷ ᠳᠡᠰ ᠤᠨ ᠬᠢᠷᠢ ᠬᠡᠮ ᠤᠨ ᠪᠠᠷᠢᠮᠵᠢᠶ᠎ᠠ ᠶᠢᠨ ᠱᠠᠭᠠᠷᠳᠠᠯᠭ᠎ᠠ ᠶᠢ ᠬᠠᠩᠭᠠᠬᠤ ᠬᠡᠷᠡᠭᠲᠡᠶ᠃ᠠᠩᠬᠠᠷ᠄ ᠲᠦᠷ ᠴᠠᠭ ᠤᠨ ᠭᠡᠷᠡᠴᠢ ᠦᠨᠡᠮᠯᠡᠯ ᠢ ᠦᠷᠭᠦᠯᠵᠢᠯᠡᠭᠦᠯᠬᠦ ᠨᠢ ᠲᠦᠷᠦᠯ ᠵᠦᠢᠯ ᠨᠡᠮᠡᠭᠳᠡᠭᠦᠯᠬᠦ ᠲᠤᠬᠠᠶᠢᠯᠠᠭᠰᠠᠨ ᠠᠵᠢᠯ ᠤᠨ ᠬᠤᠯᠪᠣᠭᠳᠠᠯ ᠪᠦᠬᠦᠢ ᠱᠠᠭᠠᠷᠳᠠᠯᠭ᠎ᠠ ᠲᠠᠢ ᠦᠨᠳᠦᠰᠦᠨ ᠳᠡᠭᠡᠨ ᠠᠳᠠᠯᠢ᠃    Q3᠄ ᠪᠥᠲᠥᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠠᠵᠤ ᠠᠬᠤᠶᠢᠯᠠᠯ ᠤᠨ ᠬᠢᠷᠢ ᠬᠡᠮ ᠤᠨ ᠲᠦᠷ ᠴᠠᠭ ᠤᠨ ᠭᠡᠷᠡᠴᠢ ᠦᠨᠡᠮᠯᠡᠯ ︵ᠬᠦᠴᠦᠨ ᠲᠠᠢ ᠬᠤᠭᠤᠴᠠᠭ᠎ᠠ ᠨᠢ 1 ᠵᠢᠯ︶ ᠲᠤ ᠣᠯᠠᠨ ᠵᠦᠢᠯ ᠤᠨ ᠬᠢᠷᠢ ᠬᠡᠮ ᠪᠠᠭᠳᠠᠭᠠᠨ᠎ᠠ᠂ ᠵᠦᠢᠯ ᠳᠠᠷᠠᠭᠠᠯᠠᠨ ᠦᠷᠭᠦᠯᠵᠢᠯᠡᠭᠦᠯᠵᠦ ᠪᠤᠯᠤᠨ᠎ᠠ ᠤᠤ ︖    ᠬᠠᠷᠢᠭᠤᠯᠲᠠ᠄ ᠪᠣᠯᠣᠨ᠎ᠠ᠃ ᠪᠦᠲᠦᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠠᠵᠤ ᠠᠬᠤᠶᠢᠯᠠᠯ ᠤᠨ ᠬᠢᠷᠢ ᠭᠡᠮ ᠤᠨ ᠲᠦᠷ ᠴᠠᠭ ᠤᠨ ᠭᠡᠷᠡᠴᠢ ᠦᠨᠡᠮᠯᠡᠯ ︵ᠬᠦᠴᠦᠨ ᠲᠠᠢ ᠬᠤᠭᠤᠴᠠᠭ᠎ᠠ ᠨᠢ 1 ᠵᠢᠯ︶ ᠤᠨ ᠳᠣᠲᠣᠷᠠᠬᠢ ᠬᠡᠰᠡᠭ ᠬᠢᠷᠢ ᠬᠡᠮ ᠨᠢ ᠪᠠᠷᠢᠮᠵᠢᠶ᠎ᠠ ᠱᠠᠭᠠᠷᠳᠠᠯᠭ᠎ᠠ ᠶᠢ ᠬᠠᠩᠭᠠᠵᠤ ᠪᠠᠶᠢᠪᠠᠯ᠂ ᠵᠣᠬᠢᠬᠤ ᠬᠢᠷᠢ ᠬᠡᠮ ᠤᠨ ᠦᠷᠭᠦᠯᠵᠢᠯᠡᠭᠦᠯᠬᠦ ᠭᠤᠶᠤᠴᠢᠯᠠᠯ ᠢᠶᠠᠨ ᠲᠤᠰᠢᠶᠠᠵᠤ ᠪᠣᠯᠣᠨ᠎ᠠ᠃    ᠠᠩᠬᠠᠷ᠄ ᠭᠤᠶᠤᠴᠢᠯᠠᠯ ᠤᠨ ᠬᠦᠰᠦᠨᠦᠭᠲᠦ ᠳᠤ ᠲᠣᠰ ᠤᠳᠠᠭᠠᠨ ᠤ ᠦᠷᠭᠦᠯᠵᠢᠯᠡᠭᠦᠯᠬᠦ ᠬᠢᠷᠢ ᠬᠡᠮ ᠤᠨ ᠲᠥᠷᠥᠯ ᠢᠯᠭᠠᠯ ᠢ ᠡᠷᠬᠡᠪᠰᠢ ᠲᠣᠳᠣᠷᠬᠠᠶ ᠲᠡᠮᠳᠡᠭᠯᠡᠬᠦ ᠬᠡᠷᠡᠭᠲᠡᠶ᠃    Q4᠄ ᠪᠥᠲᠥᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠠᠵᠤ ᠠᠬᠤᠶᠢᠯᠠᠯ ᠤᠨ ᠬᠢᠷᠢ ᠬᠡᠮ ᠤᠨ ᠲᠦᠷ ᠴᠠᠭ ᠤᠨ ᠭᠡᠷᠡᠴᠢ ᠦᠨᠡᠮᠯᠡᠯ ︵1 ᠵᠢᠯ︶ ᠢ ᠦᠷᠭᠦᠯᠵᠢᠯᠡᠭᠦᠯᠬᠦ ᠳᠤ ᠦᠷᠭᠦᠯᠵᠢᠯᠡᠭᠦᠯᠬᠦ ᠭᠤᠶᠤᠴᠢᠯᠠᠯ ᠢᠶᠠᠨ ᠬᠡᠷᠬᠢᠨ ᠲᠤᠰᠢᠶᠠᠬᠤ ᠪᠣᠶ︖    ᠬᠠᠷᠢᠭᠤᠯᠲᠠ᠄ ᠪᠦᠲᠦᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠠᠵᠤ ᠠᠬᠤᠶᠢᠯᠠᠯ ᠤᠨ ᠬᠢᠷᠢ ᠬᠡᠮ ᠤᠨ ᠲᠦᠷ ᠴᠠᠭ ᠤᠨ ᠭᠡᠷᠡᠴᠢ ᠦᠨᠡᠮᠯᠡᠯ ︵ᠬᠦᠴᠦᠨ ᠲᠠᠢ ᠬᠤᠭᠤᠴᠠᠭ᠎ᠠ ᠨᠢ 1 ᠵᠢᠯ︶ ᠢ ᠦᠷᠭᠦᠯᠵᠢᠯᠡᠭᠦᠯᠬᠦ ᠭᠤᠶᠤᠴᠢᠯᠠᠯ ᠳᠤ᠂ ᠲᠤᠷᠰᠢᠯᠲᠠ ᠶᠢᠨ ᠴᠡᠭ ᠲᠤ ᠨᠠᠶᠢᠳᠠᠯᠭ᠎ᠠ ᠪᠠᠷ ᠭᠦᠢᠴᠡᠳᠭᠡᠬᠦ ᠠᠷᠭ᠎ᠠ ᠮᠠᠶ᠋ᠢᠭ ᠢ ᠬᠡᠷᠡᠭᠯᠡᠨ᠎ᠡ᠂ ᠬᠥᠬᠡᠬᠤᠲᠠ ︵ᠬᠤᠷᠢᠨᠭᠡᠷ ᠰᠢᠨ᠎ᠡ ᠲᠣᠭᠤᠷᠢᠭ ᠢ ᠪᠠᠭᠲᠠᠭᠠᠨ᠎ᠠ︶᠂ ᠪᠤᠭᠤᠲᠤ ᠬᠤᠲᠠ᠂ ᠣᠷᠳᠣᠰ ᠬᠤᠲᠠ᠂ ᠤᠯᠠᠭᠠᠨᠴᠠᠪ ᠬᠤᠲᠠ᠂ ᠲᠦᠩᠯᠢᠶᠣᠤ ᠬᠤᠲᠠ ᠪᠠ ᠤᠯᠠᠭᠠᠨᠬᠠᠳᠠ ᠬᠤᠲᠠ ᠵᠡᠷᠭᠡ 6 ᠬᠤᠲᠠ ᠶᠢᠨ ᠪᠠᠷᠢᠯᠭ᠎ᠠ ᠶᠢᠨ ᠦᠢᠯᠡᠰ ᠤᠨ ᠠᠵᠤ ᠠᠬᠤᠶᠢᠯᠠᠯ ᠤᠨ ᠬᠢᠷᠢ ᠬᠡᠮ ᠢ ᠬᠢᠨᠠᠨ ᠵᠥᠪᠰᠢᠶᠡᠷᠡᠬᠦ ᠰᠠᠯᠠᠭ᠎ᠠ ᠮᠥᠴᠢᠷ ᠠᠴᠠ ᠭᠥᠯᠢᠶᠡᠨ ᠠᠪᠴᠤ ᠰᠢᠢᠳᠪᠦᠷᠢᠯᠡᠬᠦ ᠪᠠ ᠬᠢᠨᠠᠨ ᠪᠠᠶᠢᠴᠠᠭᠠᠨ᠎ᠠ᠂ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠢᠩᠬᠢᠮ ᠬᠢᠨᠠᠨ ᠪᠠᠶᠢᠴᠠᠭᠠᠭᠰᠠᠨ ᠰᠠᠨᠠᠯ ᠢ ᠣᠯᠣᠭᠰᠠᠨ ᠤ ᠳᠠᠷᠠᠭ᠎ᠠ ᠠᠯᠪᠠᠨ ᠵᠠᠷ ᠨᠡᠶᠢᠳᠡᠯᠡᠵᠦ ᠬᠢᠷᠢ ᠬᠡᠮ ᠤᠨ ᠭᠡᠷᠡᠴᠢ ᠦᠨᠡᠮᠯᠡᠯ ᠤᠯᠭᠤᠨ᠎ᠠ᠂ ᠠᠵᠤ ᠠᠬᠤᠶᠢᠯᠠᠯ ᠨᠢ ᠪᠠᠶᠢᠭ᠎ᠠ ᠠᠶᠢᠮᠠᠭ ᠬᠤᠲᠠ ᠶᠢᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠰᠦᠯᠵᠢᠶ᠎ᠡ ᠳᠤ ᠭᠠᠷᠴᠤ ᠦᠷᠭᠦᠯᠵᠢᠯᠡᠭᠦᠯᠬᠦ ᠭᠤᠶᠤᠴᠢᠯᠠᠯ ᠢᠶᠠᠷ ᠲᠤᠰᠢᠶᠠᠨ᠎ᠠ᠃ ᠪᠤᠰᠤᠳ ᠠᠶᠢᠮᠠᠭ ᠬᠤᠲᠠ ᠶᠢ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠢᠩᠬᠢᠮ ᠠᠴᠠ ᠰᠢᠭᠤᠳ ᠬᠦᠯᠢᠶᠡᠨ ᠠᠪᠴᠤ ᠬᠢᠨᠠᠨ ᠪᠠᠶᠢᠴᠠᠭᠠᠨ᠎ᠠ᠂ ᠠᠵᠤ ᠠᠬᠤᠶᠢᠯᠠᠯ ᠨᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠰᠦᠯᠵᠢᠶ᠎ᠡ ᠳᠤ ᠣᠷᠣᠵᠤ ᠦᠷᠭᠦᠯᠵᠢᠯᠡᠭᠦᠯᠬᠦ ᠭᠤᠶᠤᠴᠢᠯᠠᠯ ᠢᠶᠠᠨ ᠲᠤᠰᠢᠶᠠᠨ᠎ᠠ᠃ 
ᠢᠷᠡᠯᠲᠡ᠄ ᠲᠢᠩᠬᠢᠮ ᠤᠨ ᠵᠠᠰᠠᠭ ᠵᠠᠬᠢᠷᠭᠠᠨ ᠤ ᠬᠢᠨᠠᠨ ᠵᠦᠪᠰᠢᠶᠡᠷᠡᠯ ᠤᠨ ᠭᠠᠵᠠᠷ
Baidu
map