ᠠᠶᠤᠯ ᠦᠭᠡᠢ ᠦᠢᠯᠡᠳᠪᠦᠷᠢᠯᠡᠯ ᠤᠨ ᠵᠥᠪᠰᠢᠶᠡᠷᠡᠯ ᠤᠨ ᠦᠨᠡᠮᠯᠡᠯ
ᠨᠡᠶᠢᠲᠡᠯᠡᠭᠰᠡᠨ ᠴᠠᠭ᠄
2024/7/24
    ᠵᠠᠬᠢᠳᠠᠯ ᠰᠤᠷᠪᠤᠯᠵᠢᠯᠠᠭᠴᠢ ᠶᠢᠨ ᠨᠡᠷ᠎ᠡ᠄ ᠵᠠᠩ ᠣᠪᠣᠭᠲᠤ    ᠵᠠᠬᠢᠳᠠᠯ ᠢᠷᠡᠭᠦᠯᠦᠭᠰᠡᠨ ᠴᠠᠭ᠄ 2024-07-15 22:39:59    ᠵᠠᠬᠢᠳᠠᠯ ᠤᠨ ᠭᠤᠣᠯ ᠰᠡᠳᠦᠪ᠄ ᠠᠶᠤᠯ ᠦᠭᠡᠢ ᠦᠢᠯᠡᠳᠪᠦᠷᠢᠯᠡᠯ ᠤᠨ ᠵᠥᠪᠰᠢᠶᠡᠷᠡᠯ ᠤᠨ ᠦᠨᠡᠮᠯᠡᠯ    ᠵᠠᠬᠢᠳᠠᠯ ᠤᠨ ᠠᠭᠤᠯᠭ᠎ᠠ᠄ ᠪᠢ ᠬᠦᠳᠡᠯᠮᠦᠷᠢ ᠶᠢᠨ ᠠᠶᠤᠯ ᠦᠭᠡᠢ ᠦᠢᠯᠡᠳᠪᠦᠷᠢᠯᠡᠯ ᠤᠨ ᠵᠥᠪᠰᠢᠶᠡᠷᠡᠯ ᠤᠨ ᠦᠨᠡᠮᠯᠡᠯ ᠤ ᠲᠤᠬᠠᠢ ᠯᠠᠪᠯᠠᠬᠤ ᠰᠠᠨᠠᠭ᠎ᠠ ᠲᠠᠢ᠂ ᠤᠨᠴᠠ ᠲᠦᠷᠦᠯ ᠤᠨ ᠠᠵᠢᠯᠴᠢᠨ ᠢ ᠬᠡᠷᠬᠢᠨ ᠠᠵᠤ ᠠᠬᠤᠶᠢᠯᠠᠯ ᠳᠤ ᠣᠷᠣᠭᠤᠯᠬᠤ ᠪᠣᠢ︖ ᠪᠢ ᠭᠤᠶᠤᠴᠢᠯᠠᠯ ᠭᠠᠷᠭᠠᠬᠤ ᠭᠠᠵᠠᠷ ᠢ ᠨᠢ ᠡᠷᠢᠵᠦ ᠤᠯᠤᠭᠰᠠᠨ ᠦᠭᠡᠢ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠰᠦᠯᠵᠢᠶᠡᠨ ᠳᠡᠭᠡᠷᠡᠬᠢ ᠤᠷᠤᠨ ᠰᠠᠭᠤᠴᠠ ᠪᠠ ᠪᠦᠳᠦᠭᠡᠨ ᠪᠠᠶᠢᠭᠤᠯᠤᠯᠳᠠ ᠶᠢᠨ ᠲᠢᠩᠬᠢᠮ ᠤᠨ ᠤᠳᠠᠰᠤ ᠨᠢ ᠨᠢᠭᠡ ᠨᠢ ᠴᠦ ᠨᠡᠪᠳᠡᠷᠡᠵᠦ ᠲᠡᠶᠢᠯᠬᠦ ᠦᠭᠡᠢ᠂ ᠠᠰᠠᠭᠤᠨ ᠯᠠᠪᠯᠠᠬᠤ ᠭᠠᠵᠠᠷ ᠦᠭᠡᠢ ᠪᠠᠶᠢᠨ᠎ᠠ     ᠬᠠᠷᠢᠭᠤᠯᠤᠭᠰᠠᠨ ᠴᠠᠭ᠄ 2024-07-22 11:16:09    ᠬᠠᠷᠢᠭᠤᠯᠲᠠ ᠶᠢᠨ ᠠᠭᠤᠯᠭ᠎ᠠ᠄ ᠰᠠᠶᠢᠨ ᠤᠤ᠂ ᠲᠠᠨ ᠤ ᠲᠤᠰᠭᠠᠭᠰᠠᠨ ᠠᠶᠤᠯ ᠦᠭᠡᠢ ᠦᠢᠯᠡᠳᠪᠦᠷᠢᠯᠡᠯ ᠤᠨ ᠵᠥᠪᠰᠢᠶᠡᠷᠡᠯ ᠤᠨ ᠦᠨᠡᠮᠯᠡᠯ ᠤᠨ ᠮᠡᠳᠡᠭᠦᠯᠦᠯᠲᠡ ᠶᠢᠨ ᠲᠤᠬᠠᠢ ᠠᠰᠠᠭᠤᠳᠠᠯ ᠢ ᠨᠢᠭᠡᠨᠲᠡ ᠣᠯᠵᠤ ᠠᠪᠤᠭᠠᠳ ᠣᠶᠢᠯᠭᠠᠭᠰᠠᠨ᠂ ᠣᠳᠣ ᠳᠣᠣᠷᠠᠬᠢ ᠮᠡᠲᠦ ᠬᠠᠷᠢᠭᠤᠯᠲᠠ ᠥᠭᠭᠦᠶ᠎ᠡ᠄ 1. ᠣᠨᠴᠠᠭᠠᠢ ᠠᠵᠢᠯᠲᠠᠨ ᠲᠤᠬᠠᠶ ᠶᠢᠨ ᠭᠠᠵᠠᠷ ᠤᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠨ ᠱᠠᠭᠠᠷᠳᠠᠯᠭ᠎ᠠ ᠶᠣᠰᠣᠭᠠᠷ᠂ ᠰᠢᠰᠲ᠋ᠧᠮ ᠳᠣᠲᠣᠷ᠎ᠠ ᠭᠡᠷᠡᠴᠢ ᠦᠨᠡᠮᠯᠡᠯ ᠢᠶᠠᠨ ᠳᠠᠮᠵᠢᠭᠤᠯᠪᠠᠯ ᠪᠣᠯᠴᠢᠬᠠᠨ᠎ᠠ᠂ ᠭᠡᠪᠡᠴᠦ ᠰᠢᠰᠲ᠋ᠧᠮ ᠤᠨ ᠳᠣᠲᠣᠷ᠎ᠠ ᠣᠷᠣᠭᠤᠯᠬᠤ ᠴᠢᠬᠤᠯᠠ ᠦᠭᠡᠢ᠃ 2. ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠭᠠᠵᠠᠷ ᠤᠨ ᠠᠰᠠᠭᠤᠨ ᠯᠠᠪᠯᠠᠬᠤ ᠤᠲᠠᠰᠤ ᠄ 0471-6944058᠂0471-6944062᠂ ᠠᠰᠠᠭᠤᠨ ᠯᠠᠪᠯᠠᠬᠤ ᠬᠡᠮᠵᠢᠶ᠎ᠡ ᠨᠡᠯᠢᠶᠡᠳ ᠶᠡᠭᠡ ᠪᠣᠯᠬᠤᠷ ᠬᠦᠯᠢᠴᠡᠩᠭᠦᠢ ᠪᠠᠷ ᠬᠦᠯᠢᠶᠡᠭᠡᠷᠡᠢ᠃ ᠮᠠᠨ ᠤ ᠲᠢᠩᠬᠢᠮ ᠦᠢᠯᠡᠴᠢᠯᠡᠭᠡᠨ ᠤ ᠶᠠᠰᠤ ᠴᠢᠨᠠᠷ  ᠢᠶᠠᠨ ᠦᠷᠭᠦᠯᠵᠢᠯᠡᠨ ᠰᠠᠶᠢᠵᠢᠷᠠᠭᠤᠯᠤᠨ᠎ᠠ᠂ ᠲᠠᠨ ᠤ ᠬᠠᠷᠢᠯᠴᠠᠨ ᠰᠣᠯᠢᠯᠴᠠᠭ᠎ᠠ ᠬᠢᠬᠦ ᠪᠤᠯᠤᠩ ᠢ ᠠᠩᠬᠠᠷᠴᠤ ᠳᠡᠮᠵᠢᠭᠰᠡᠨ ᠳᠤ ᠲᠠᠯᠠᠷᠬᠠᠵᠤ ᠪᠠᠶᠢᠨ᠎ᠠ᠃     ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠢᠩᠬᠢᠮ ᠤᠨ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠯ ᠤᠨ ᠭᠠᠵᠠᠷ    2024 ᠣᠨ ᠤ 7 ᠳ᠋ᠤᠭᠠᠷ ᠰᠠᠷ᠎ᠠ ᠶᠢᠨ 22 ᠤ ᠡᠳᠦᠷ 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠢᠩᠬᠢᠮ
Baidu
map