ᠥᠪᠥᠷ ᠪᠠᠶᠢᠭᠤᠯᠤᠯᠲᠠ ᠴᠢᠨᠠᠷ ︵2021︶186 ᠳ᠋ᠤᠭᠠᠷ ᠲᠣᠭᠠᠲᠤ ᠶᠢ ᠯᠠᠪᠯᠠᠬᠤ
ᠨᠡᠶᠢᠲᠡᠯᠡᠭᠰᠡᠨ ᠴᠠᠭ᠄
2024/7/26
    ᠵᠠᠬᠢᠳᠠᠯ ᠰᠤᠷᠪᠤᠯᠵᠢᠯᠠᠭᠴᠢ ᠶᠢᠨ ᠨᠡᠷ᠎ᠡ᠄ ᠯᠢ ᠣᠪᠣᠭᠲᠤ    ᠵᠠᠬᠢᠳᠠᠯ ᠢᠷᠡᠭᠦᠯᠦᠭᠰᠡᠨ ᠴᠠᠭ᠄ 2024-07-18 02:34:26    ᠵᠠᠬᠢᠳᠠᠯ ᠤᠨ ᠭᠤᠣᠯ ᠰᠡᠳᠦᠪ᠄ ᠥᠪᠥᠷ ᠪᠠᠶᠢᠭᠤᠯᠤᠯᠲᠠ ᠴᠢᠨᠠᠷ ︵ 2021︶186 ᠳ᠋ᠤᠭᠠᠷ ᠲᠣᠭᠠᠲᠤ ᠶᠢ ᠯᠠᠪᠯᠠᠬᠤᠵᠠᠬᠢᠳᠠᠯ ᠤᠨ ᠠᠭᠤᠯᠭ᠎ᠠ᠄ ᠲᠣᠰᠣ ᠨᠡᠮᠡᠬᠦ ᠥᠷᠲᠡᠭᠡ ᠶᠢᠨ ᠪᠠᠷᠢᠯᠭ᠎ᠠ ᠶᠢᠨ ᠦᠨᠡᠮᠯᠡᠯ ᠣᠯᠭᠤᠭᠰᠠᠨ ᠲᠠᠯᠠᠪᠠᠢ 670 ᠲᠡᠭᠰᠢ ᠳᠥᠷᠪᠡᠯᠵᠢᠨ ᠮᠧᠲᠷ᠂ ᠡᠭᠦᠨ ᠳᠤ ᠥᠷᠲᠡᠭᠡᠨ ᠤ ᠭᠡᠷ 450 ᠲᠡᠭᠰᠢ ᠳᠥᠷᠪᠡᠯᠵᠢᠨ ᠮᠧᠲᠷ᠂ ᠪᠠᠷᠢᠯᠭ᠎ᠠ ᠶᠢᠨ ᠲᠣᠣᠷ ᠤᠨ ᠵᠢᠶᠠᠰᠠ ᠨᠢ 220 ᠲᠡᠭᠰᠢ ᠳᠥᠷᠪᠡᠯᠵᠢᠨ ᠮᠧᠲᠷ᠂ ᠥᠷᠲᠡᠭᠡᠨ ᠤ ᠭᠡᠷ ᠤᠨ ᠲᠠᠯᠠᠪᠠᠢ ᠨᠢ 500 ᠲᠡᠭᠰᠢ ᠳᠥᠷᠪᠡᠯᠵᠢᠨ ᠮᠧᠲᠷ ᠂ ᠪᠠᠷᠢᠯᠭ᠎ᠠ ᠶᠢᠨ ᠠᠵᠢᠯ ᠤᠨ ᠵᠥᠪᠰᠢᠶᠡᠷᠡᠯ ᠤᠨ ᠦᠨᠡᠮᠯᠡᠯ ᠭᠦᠢᠴᠡᠳᠬᠡᠬᠦ ᠴᠢᠬᠤᠯᠠᠲᠠᠶ ᠤᠤ︖     ᠬᠠᠷᠢᠭᠤᠯᠤᠭᠰᠠᠨ ᠴᠠᠭ᠄ 2024-07-23 11:54:27    ᠬᠠᠷᠢᠭᠤᠯᠲᠠ ᠶᠢᠨ ᠠᠭᠤᠯᠭ᠎ᠠ᠄ ᠰᠠᠶᠢᠨ ᠤᠤ᠂ ᠲᠠᠨ ᠤ ᠲᠤᠰᠭᠠᠭᠰᠠᠨ ᠥᠪᠥᠷ ᠪᠠᠶᠢᠭᠤᠯᠤᠯᠲᠠ ᠴᠢᠨᠠᠷ ︵ 2021︶186 ᠳ᠋ᠤᠭᠠᠷ ᠲᠣᠭᠠᠲᠤ ᠶᠢᠨ ᠲᠤᠬᠠᠢ ᠠᠰᠠᠭᠤᠳᠠᠯ ᠢ ᠨᠢᠭᠡᠨᠲᠡ ᠣᠯᠵᠤ ᠠᠪᠤᠭᠠᠳ ᠣᠶᠢᠯᠭᠠᠭᠰᠠᠨ᠂ ᠣᠳᠣ ᠳᠣᠣᠷᠠᠬᠢ ᠮᠡᠲᠦ ᠬᠠᠷᠢᠭᠤᠯᠲᠠ ᠥᠭᠭᠦᠶ᠎ᠡ᠄ ᠦᠰᠦᠭ ᠪᠢᠴᠢᠭ ᠤᠨ ᠳᠦᠷᠰᠦᠯᠡᠯᠲᠡ ᠶᠢ ᠦᠨᠳᠦᠰᠦᠯᠡᠨ ᠪᠠᠷᠢᠯᠭ᠎ᠠ ᠶᠢᠨ ᠠᠵᠢᠯ ᠤᠨ ᠵᠥᠪᠰᠢᠶᠡᠷᠡᠯ ᠤᠨ ᠦᠨᠡᠮᠯᠡᠯ ᠠᠪᠬᠤ ᠴᠢᠬᠤᠯᠠᠲᠠᠢ ᠡᠰᠡᠬᠦ ᠶᠢ ᠮᠠᠭᠠᠳᠯᠠᠨ ᠲᠣᠭᠲᠠᠭᠠᠬᠤ ᠶᠢᠨ ᠠᠷᠭ᠎ᠠ ᠦᠭᠡᠢ ᠂ ᠪᠠᠷᠢᠯᠭ᠎ᠠ ᠶᠢᠨ ᠪᠣᠳᠠᠲᠤ ᠪᠠᠶᠢᠳᠠᠯ ᠢ ᠦᠨᠳᠦᠰᠦᠯᠡᠨ ᠰᠤᠳᠤᠯᠤᠨ ᠮᠠᠭᠠᠳᠯᠠᠬᠤ ᠬᠡᠷᠡᠭᠲᠡᠢ᠂ ᠨᠢᠭᠡᠨᠲᠡ ᠯᠠᠪᠯᠠᠭᠰᠠᠨ ᠬᠥᠮᠥᠨ ᠳᠤ ᠤᠲᠠᠰᠤ ᠠᠪᠤᠭᠠᠳ ᠲᠥᠷᠥᠯ ᠵᠦᠢᠯ ᠤᠨ ᠪᠠᠶᠢᠭ᠎ᠠ ᠭᠠᠵᠠᠷ ᠤᠨ ᠪᠠᠷᠢᠯᠭ᠎ᠠ ᠶᠢᠨ ᠠᠵᠢᠯ ᠤᠨ ᠵᠥᠪᠰᠢᠶᠡᠷᠡᠯ ᠤᠨ ᠦᠨᠡᠮᠯᠡᠯ ᠣᠯᠭᠤᠬᠤ ᠪᠠᠶᠢᠭᠤᠯᠭ᠎ᠠ ᠠᠴᠠ ᠨᠠᠷᠢᠨ ᠯᠠᠪᠯᠠᠬᠤ ᠵᠥᠪᠯᠡᠯᠭᠡ ᠥᠭᠪᠡ᠃ ᠮᠠᠨ ᠤ ᠲᠢᠩᠬᠢᠮ ᠦᠢᠯᠡᠴᠢᠯᠡᠭᠡᠨ ᠤ ᠶᠠᠰᠤ ᠴᠢᠨᠠᠷ  ᠢᠶᠠᠨ ᠦᠷᠭᠦᠯᠵᠢᠯᠡᠨ ᠰᠠᠶᠢᠵᠢᠷᠠᠭᠤᠯᠤᠨ᠎ᠠ᠂ ᠲᠠᠨ ᠤ ᠬᠠᠷᠢᠯᠴᠠᠨ ᠰᠣᠯᠢᠯᠴᠠᠭ᠎ᠠ ᠬᠢᠬᠦ ᠪᠤᠯᠤᠩ ᠢ ᠠᠩᠬᠠᠷᠴᠤ ᠳᠡᠮᠵᠢᠭᠰᠡᠨ ᠳᠤ ᠲᠠᠯᠠᠷᠬᠠᠵᠤ ᠪᠠᠶᠢᠨ᠎ᠠ᠃     ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠢᠩᠬᠢᠮ ᠤᠨ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠯ ᠤᠨ ᠭᠠᠵᠠᠷ    2024ᠣᠨ ᠤ 7 ᠳ᠋ᠤᠭᠠᠷ ᠰᠠᠷ᠎ᠠ ᠶᠢᠨ 23 ᠤ ᠡᠳᠦᠷ 
ᠢᠷᠡᠯᠲᠡ᠄ ​ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠢᠩᠬᠢ᠊
Baidu
map