ᠠᠵᠤ ᠠᠬᠤᠶᠢᠯᠠᠯ ᠤᠨ ᠬᠥᠳᠡᠯᠦᠩᠭᠦᠢ ᠪᠠᠷ ᠭᠤᠷᠪᠠᠨ ᠲᠥᠷᠥᠯ ᠤᠨ ᠬᠥᠮᠦᠰ ᠢ ᠬᠢᠨᠠᠨ ᠪᠠᠶᠢᠴᠠᠭᠠᠬᠤ ᠲᠤᠬᠠᠢ
ᠨᠡᠶᠢᠲᠡᠯᠡᠭᠰᠡᠨ ᠴᠠᠭ᠄
2024/7/28
    ᠵᠠᠬᠢᠳᠠᠯ ᠰᠤᠷᠪᠤᠯᠵᠢᠯᠠᠭᠴᠢ ᠶᠢᠨ ᠨᠡᠷ᠎ᠡ᠄ ᠯᠢᠶᠠᠩ ᠣᠪᠣᠭᠲᠤ    ᠵᠠᠬᠢᠳᠠᠯ ᠢᠷᠡᠭᠦᠯᠦᠭᠰᠡᠨ ᠴᠠᠭ᠄ 2024-07-19 04:07:55    ᠵᠠᠬᠢᠳᠠᠯ ᠤᠨ ᠭᠤᠣᠯ ᠰᠡᠳᠦᠪ᠄ ᠠᠵᠤ ᠠᠬᠤᠶᠢᠯᠠᠯ ᠤᠨ ᠬᠥᠳᠡᠯᠦᠩᠭᠦᠢ ᠪᠠᠷ ᠭᠤᠷᠪᠠᠨ ᠲᠥᠷᠥᠯ ᠤᠨ ᠬᠥᠮᠦᠰ ᠢ ᠬᠢᠨᠠᠨ ᠪᠠᠶᠢᠴᠠᠭᠠᠬᠤ ᠲᠤᠬᠠᠢ    ᠵᠠᠬᠢᠳᠠᠯ ᠤᠨ ᠠᠭᠤᠯᠭ᠎ᠠ᠄ ᠰᠢᠨ᠎ᠡ ᠠᠵᠤ ᠠᠬᠤᠶᠢᠯᠠᠯ ᠠᠶᠤᠯ ᠦᠭᠡᠢ ᠦᠢᠯᠡᠳᠪᠦᠷᠢᠯᠡᠯ ᠤᠨ ᠵᠥᠪᠰᠢᠶᠡᠷᠡᠯ ᠤᠨ ᠦᠨᠡᠮᠯᠡᠯ ᠭᠤᠶᠤᠴᠢᠯᠠᠬᠤ ᠶᠠᠪᠤᠴᠠ ᠳᠤ᠂ ᠠᠵᠢᠯᠲᠠᠨ ᠠᠵᠢᠯᠴᠢᠨ ᠳᠤ ᠨᠡᠶᠢᠭᠡᠮ ᠤᠨ ᠪᠠᠲᠤᠯᠠᠭ᠎ᠠ ᠲᠤᠰᠢᠶᠠᠨ ᠥᠭᠬᠦ ᠦᠭᠡᠢ ᠦᠭᠡᠢ᠂ ᠲᠦᠷ ᠴᠠᠭ ᠨᠢᠭᠡ ᠰᠠᠷ᠎ᠠ ᠶᠢᠨ ᠬᠢ ᠶᠢ ᠲᠤᠰᠢᠶᠠᠭᠰᠠᠭᠠᠷ ᠬᠢᠨᠠᠨ ᠬᠠᠷᠭᠤᠭᠤᠯᠬᠤ ᠶᠢ ᠥᠩᠭᠡᠷᠡᠭᠡᠴᠢᠬᠡᠨ᠎ᠡ᠂ ᠮᠠᠨ ᠤ ᠠᠷᠤ ᠲᠠᠪᠴᠠᠩ ᠳᠤ ᠬᠡᠷᠬᠢᠨ ᠬᠢᠨᠠᠨ ᠬᠠᠷᠭᠤᠭᠤᠯᠬᠤ  ᠢ ᠮᠡᠳᠡᠬᠦ ᠦᠭᠡᠢ︖ ᠨᠢᠳᠤᠨᠤᠨ ᠠᠵᠤ ᠠᠬᠤᠶᠢᠯᠠᠯ ᠤᠨ ᠬᠥᠳᠡᠯᠦᠩᠭᠦᠶ ᠪᠠᠷ‌ᠭᠤᠷᠪᠠᠨ ᠲᠥᠷᠥᠯ ᠤᠨ ᠬᠥᠮᠦᠰ ᠢ ᠨᠢᠭᠡ ᠯᠡ ᠤᠳᠠᠭ᠎ᠠ ᠬᠢᠨᠠᠨ ᠪᠠᠶᠢᠴᠠᠭᠠᠵᠤ᠂ ᠲᠠᠷᠠᠭᠠᠴᠢ  ᠪᠠᠷ ᠨᠢ ᠴᠢᠮᠡᠭᠡ ᠦᠭᠡᠢ ᠪᠣᠯᠴᠢᠬᠠᠵᠠᠢ᠃ ᠵᠠᠰᠠᠭ ᠤᠨ ᠣᠷᠳᠣᠨ ᠠᠮᠤᠷ ᠲᠦᠪᠰᠢᠨ ᠢ ᠴᠢᠬᠤᠯᠠᠴᠢᠯᠠᠨ ᠦᠵᠡᠬᠦ ᠦᠭᠡᠢ᠂ ᠠᠮᠢ ᠨᠠᠰᠤ ᠪᠠᠷ ᠲᠣᠭᠯᠠᠭᠠᠮ ᠪᠣᠯᠭᠠᠵᠤ ᠪᠠᠶᠢᠬᠤ ᠰᠢᠭ᠋ ᠰᠠᠨᠠᠭᠳᠠᠨ᠎ᠠ᠃    ᠬᠠᠷᠢᠭᠤᠯᠤᠭᠰᠠᠨ ᠴᠠᠭ᠄ 2024-07-25 11:29:16    ᠬᠠᠷᠢᠭᠤᠯᠲᠠ ᠶᠢᠨ ᠠᠭᠤᠯᠭ᠎ᠠ᠄ ᠰᠠᠶᠢᠨ ᠤᠤ᠂ ᠲᠠᠨ ᠤ ᠲᠤᠰᠭᠠᠭᠰᠠᠨ ᠬᠤᠶᠠᠳᠤᠭᠠᠷ ᠳᠡᠰ ᠤᠨ ᠪᠠᠶᠢᠭᠤᠯᠤᠭᠴᠢ ᠶᠢᠨ ᠳᠠᠩᠰᠠᠯᠠᠬᠤ ᠲᠤᠬᠠᠢ ᠠᠰᠠᠭᠤᠳᠠᠯ ᠢ ᠨᠢᠭᠡᠨᠲᠡ ᠣᠯᠵᠤ ᠠᠪᠤᠭᠠᠳ ᠣᠶᠢᠯᠭᠠᠭᠰᠠᠨ᠂ ᠣᠳᠣ ᠳᠣᠣᠷᠠᠬᠢ ᠮᠡᠲᠦ ᠬᠠᠷᠢᠭᠤᠯᠲᠠ ᠥᠭᠭᠦᠶ᠎ᠡ᠄ ︽ᠪᠠᠷᠢᠯᠭ᠎ᠠ ᠶᠢᠨ ᠠᠵᠢᠯ ᠤᠨ ᠠᠵᠤ ᠠᠬᠤᠶᠢᠯᠠᠯ ᠤᠨ ᠠᠶᠤᠯ ᠦᠭᠡᠢ ᠦᠢᠯᠡᠳᠪᠦᠷᠢᠯᠡᠯ ᠤᠨ ᠵᠥᠪᠰᠢᠶᠡᠷᠡᠯ ᠤᠨ ᠦᠨᠡᠮᠯᠡᠯ ᠤᠨ ᠬᠠᠮᠢᠶᠠᠷᠤᠯᠲᠠ ᠶᠢᠨ ᠲᠣᠭᠲᠠᠭᠠᠯ︾ ᠶᠣᠰᠣᠭᠠᠷ᠂ ᠠᠵᠤ ᠠᠬᠤᠶᠢᠯᠠᠯ ᠨᠢ ᠳᠥᠷᠪᠡᠳᠦᠭᠡᠷ ᠵᠦᠢᠯ ᠤᠨ ᠱᠠᠭᠠᠷᠳᠠᠯᠭ᠎ᠠ ᠶᠢ ᠬᠠᠩᠭᠠᠪᠠᠯ ᠠᠶᠤᠯ ᠦᠭᠡᠢ ᠦᠢᠯᠡᠳᠪᠦᠷᠢᠯᠡᠯ ᠤᠨ ᠵᠥᠪᠰᠢᠶᠡᠷᠡᠯ ᠤᠨ ᠦᠨᠡᠮᠯᠡᠯ ᠢ ᠭᠤᠶᠤᠴᠢᠯᠠᠵᠤ ᠪᠣᠯᠤᠨ᠎ᠠ᠃ ᠬᠡᠷᠪᠡ ᠭᠤᠶᠤᠴᠢᠯᠠᠯ ᠪᠠᠲᠤᠯᠠᠭᠳᠠᠭᠰᠠᠨ ᠤ ᠳᠠᠷᠠᠭ᠎ᠠ ᠠᠵᠤ ᠠᠬᠤᠶᠢᠯᠠᠯ ᠨᠢ ᠬᠤᠯᠪᠣᠭᠳᠠᠯ ᠪᠦᠬᠦᠢ ᠬᠥᠮᠦᠰ ᠲᠤ ᠳᠠᠭᠠᠳᠬᠠᠯ ᠲᠤᠰᠢᠶᠠᠬᠤ ᠦᠭᠡᠢ ᠪᠣᠯ ᠲᠠ ᠪᠠᠶᠢᠳᠠᠯ ᠢᠶᠠᠨ ᠴᠠᠭ ᠲᠤᠬᠠᠢ ᠳᠤᠨᠢ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠰᠠᠯᠠᠭ᠎ᠠ ᠮᠥᠴᠢᠷ ᠲᠤ ᠬᠠᠷᠢᠭᠤ ᠲᠤᠰᠬᠠᠵᠤ ᠪᠣᠯᠣᠨ᠎ᠠ᠂ ᠡᠭᠦᠨ ᠤ ᠬᠠᠮᠲᠤ᠂ ᠲᠠ ᠠᠵᠤ ᠠᠬᠤᠶᠢᠯᠠᠯ ᠤᠨ ᠨᠡᠷᠡᠶᠢᠳᠦᠯ ᠢ ᠦᠯᠡᠳᠡᠭᠡᠵᠦ ᠪᠢᠳᠡᠨ ᠤ ᠬᠢᠨᠠᠨ ᠬᠠᠷᠭᠤᠭᠤᠯᠬᠤ ᠳᠤ ᠳᠥᠭᠦᠮ ᠦᠵᠡᠭᠦᠯᠬᠦ ᠪᠥᠭᠡᠳ ᠭᠤᠣᠯᠳᠠᠯᠭ᠎ᠠ ᠲᠠᠢ ᠠᠩᠬᠠᠷᠴᠤ ᠪᠣᠯᠣᠨ᠎ᠠ ᠃ ᠮᠠᠨ ᠤ ᠲᠢᠩᠬᠢᠮ ᠦᠢᠯᠡᠴᠢᠯᠡᠭᠡᠨ ᠤ ᠶᠠᠰᠤ ᠴᠢᠨᠠᠷ  ᠢᠶᠠᠨ ᠦᠷᠭᠦᠯᠵᠢᠯᠡᠨ ᠰᠠᠶᠢᠵᠢᠷᠠᠭᠤᠯᠤᠨ᠎ᠠ᠂ ᠲᠠᠨ ᠤ ᠬᠠᠷᠢᠯᠴᠠᠨ ᠰᠣᠯᠢᠯᠴᠠᠭ᠎ᠠ ᠬᠢᠬᠦ ᠪᠤᠯᠤᠩ ᠢ ᠠᠩᠬᠠᠷᠴᠤ ᠳᠡᠮᠵᠢᠭᠰᠡᠨ ᠳᠤ ᠲᠠᠯᠠᠷᠬᠠᠵᠤ ᠪᠠᠶᠢᠨ᠎ᠠ᠃     ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠢᠩᠬᠢᠮ ᠤᠨ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠯ ᠤᠨ ᠭᠠᠵᠠᠷ    2024 ᠣᠨ ᠤ 7 ᠳ᠋ᠤᠭᠠᠷ ᠰᠠᠷ᠎ᠠ ᠶᠢᠨ 25  ᠤ ᠡᠳᠦᠷ  
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠢᠩᠬᠢᠮ
Baidu
map