ᠢᠦᠶ ᠰᠢᠨ ᠹᠠᠩ ᠪᠤᠭᠤᠲᠤ ᠬᠤᠳᠠᠨ ᠳᠤ ᠲᠤᠯᠠᠭᠠᠯᠭ᠎ᠠ ᠶᠢᠨ ᠢᠨᠵᠧᠨᠧᠷᠢᠩ᠂ ᠤᠶᠤᠨᠲᠤ ᠢᠯᠴᠢ ᠬᠠᠩᠭᠠᠬᠤ ᠵᠡᠷᠭᠡ ᠠᠵᠢᠯ ᠳᠤ ᠪᠠᠶᠢᠴᠠᠭᠠᠨ ᠰᠤᠳᠤᠯᠤᠯᠳᠠ ᠬᠢᠪᠡ
ᠨᠡᠶᠢᠲᠡᠯᠡᠭᠰᠡᠨ ᠴᠠᠭ᠄
2024/7/30
    7 ᠳ᠋ᠤᠭᠠᠷ ᠰᠠᠷ᠎ᠠ ᠶᠢᠨ 25 ᠤ ᠡᠳᠦᠷ᠂ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠲᠢᠩᠬᠢᠮ ᠤᠨ ᠳᠡᠳ᠋ ᠳᠠᠷᠤᠭ᠎ᠠ ᠢᠦᠶ ᠰᠢᠨ ᠹᠠᠩ ᠪᠤᠭᠤᠲᠤ ᠬᠤᠲᠠ ᠳᠤ ᠬᠦᠷᠴᠦ ᠬᠤᠲᠠ ᠪᠠᠯᠭᠠᠰᠤᠨ ᠤ ᠢᠯᠴᠢ ᠬᠠᠩᠭᠠᠬᠤ ︽ ᠲᠤᠯᠠᠭᠠᠯᠭ᠎ᠠ ᠶᠢᠨ ᠢᠨᠵᠧᠨᠧᠷᠢᠩ︾ ᠢ ᠬᠡᠷᠡᠭᠵᠢᠭᠦᠯᠬᠦ᠂ ᠤᠶᠤᠨᠲᠤ ᠢᠯᠴᠢ ᠬᠠᠩᠭᠠᠬᠤ ᠵᠢᠴᠢ ᠬᠤᠲᠠ ᠶᠢᠨ ᠠᠮᠢ ᠨᠠᠰᠤᠨ ᠤ ᠱᠤᠭᠤᠮ ᠤᠨ ᠠᠮᠤᠷ ᠲᠦᠪᠰᠢᠨ ᠤ ᠢᠨᠵᠧᠨᠧᠷᠢᠩ ᠤᠨ ᠪᠥᠲᠥᠭᠡᠨ ᠪᠠᠶᠢᠭᠤᠯᠤᠯᠲᠠ ᠵᠡᠷᠭᠡ ᠠᠵᠢᠯ ᠳᠤ ᠪᠠᠶᠢᠴᠠᠭᠠᠨ ᠰᠤᠳᠤᠯᠤᠯᠳᠠ ᠬᠢᠪᠡ᠃
W020240729334047483491.png
    ᠢᠦᠢ ᠰᠢᠨ ᠹᠠᠩ ᠤᠷᠢᠳ ᠬᠤᠵᠢᠳ ᠪᠤᠭᠤᠲᠤ ᠬᠤᠳᠠ ᠶᠢᠨ ᠴᠢᠩᠱᠠᠨ ᠲᠣᠭᠤᠷᠢᠭ ᠤᠨ ᠹᠦ᠋ ᠶᠤᠸᠠᠨ ᠰᠠᠭᠤᠭᠠᠯᠢ ᠠᠷᠠᠳ ᠤᠨ ᠲᠣᠭᠤᠷᠢᠭ᠂ ᠪᠤᠭᠤᠲᠤ ᠶᠢᠨ ᠪᠠᠭᠰᠢ ᠶᠢᠨ ᠳᠡᠭᠡᠳᠦ ᠰᠤᠷᠭᠠᠭᠤᠯᠢ᠂ ᠰᠢᠭᠤᠶᠢᠲᠤ ᠲᠣᠭᠤᠷᠢᠭ ᠤᠨ ᠯᠦᠩ ᠹᠧᠩ ᠢᠳᠡᠭᠡᠨ ᠤ ᠰᠤᠳᠤᠯᠤᠨ ᠨᠡᠭᠡᠭᠡᠬᠦ ᠬᠢᠵᠠᠭᠠᠷᠲᠤ ᠺᠣᠮᠫᠠᠨᠢ᠂ ᠹᠦ᠋ ᠯᠢ ᠱᠠᠨ ᠰᠠᠭᠤᠭᠠᠯᠢ ᠠᠷᠠᠳ ᠤᠨ ᠲᠣᠭᠤᠷᠢᠭ᠂ ᠲᠧᠩ ᠠᠩ ᠰᠠᠭᠤᠭᠠᠯᠢ ᠠᠷᠠᠳ ᠤᠨ ᠲᠣᠭᠤᠷᠢᠭ᠂ ᠰᠢᠭᠤᠶᠢᠲᠤ ᠲᠣᠭᠤᠷᠢᠭ ᠤᠨ ᠨᠢᠭᠡᠳᠦᠭᠡᠷ ᠳᠤᠮᠳᠠᠳᠤ ᠰᠤᠷᠭᠠᠭᠤᠯᠢ᠂ ᠰᠢᠭᠤᠶᠢᠲᠤ ᠲᠣᠭᠤᠷᠢᠭ ᠤᠨ ᠵᠠᠰᠠᠭ ᠤᠨ ᠣᠷᠳᠣᠨ ᠵᠡᠷᠭᠡ ᠭᠠᠵᠠᠷ ᠲᠤ ᠬᠦᠷᠴᠦ᠂ ᠬᠠᠭᠤᠴᠢᠨ ᠰᠠᠭᠤᠭᠠᠯᠢ ᠠᠷᠠᠳ ᠤᠨ ᠲᠣᠭᠤᠷᠢᠭ ᠤᠨ ᠢᠯᠴᠢ ᠬᠠᠩᠭᠠᠬᠤ ᠬᠤᠭᠤᠯᠠᠢ ᠶᠢ ᠰᠢᠨᠡᠳᠬᠡᠨ ᠰᠠᠶᠢᠵᠢᠷᠠᠭᠤᠯᠤᠭᠰᠠᠨ ᠪᠠᠶᠢᠳᠠᠯ᠂ ᠢᠯᠴᠢ ᠬᠠᠩᠭᠠᠬᠤ ᠬᠤᠭᠤᠯᠠᠢ ᠲᠣᠣᠷ ᠤᠨ ᠪᠦᠳᠦᠭᠡᠨ ᠪᠠᠶᠢᠭᠤᠯᠤᠯᠲᠠ ᠶᠢᠨ ᠪᠠᠶᠢᠳᠠᠯ᠂ ᠤᠶᠤᠨᠲᠤ ᠢᠯᠴᠢ ᠬᠠᠩᠭᠠᠬᠤ ᠪᠠ ᠢᠯᠴᠢ ᠶᠢᠨ ᠬᠦᠴᠦᠨ ᠤ ᠦᠷᠳᠡᠭᠡ ᠶᠢᠨ ᠤᠶᠤᠨᠴᠢᠯᠠᠨ ᠲᠡᠰ ᠳᠡᠪᠰᠢᠭᠦᠯᠬᠦ ᠥᠭᠡᠷᠡᠴᠢᠯᠡᠯᠲᠡ ᠶᠢᠨ ᠲᠦᠷᠦᠯ ᠵᠦᠢᠯ ᠢ ᠬᠡᠷᠡᠭᠵᠢᠭᠦᠯᠦᠭᠰᠡᠨ ᠪᠠᠶᠢᠳᠠᠯ ᠢ ᠲᠤᠬᠠᠢ ᠶᠢᠨ ᠭᠠᠵᠠᠷ ᠲᠤᠨᠢ ᠪᠠᠶᠢᠴᠠᠭᠠᠨ ᠰᠤᠳᠤᠯᠪᠠ᠃
W020240729334047569313.png
    ᠢᠦᠶ ᠰᠢᠨ ᠹᠠᠩ ︽ᠲᠤᠯᠠᠭᠠᠯᠭ᠎ᠠ ᠶᠢᠨ ᠢᠨᠵᠧᠨᠧᠷᠢᠩ︾ ᠪᠣᠯ ᠠᠷᠠᠳ ᠤᠨ ᠠᠮᠢᠳᠤᠷᠠᠯ ᠤᠨ ᠨᠢᠭᠡᠨ ᠴᠢᠬᠤᠯᠠ ᠢᠨᠵᠧᠨᠧᠷᠢᠩ ᠮᠥᠨ᠂ ᠣᠯᠠᠨ ᠲᠦᠮᠡᠨ ᠤ ᠰᠡᠳᠬᠢᠯ ᠬᠠᠨᠤᠮᠵᠢᠲᠠᠶ ᠪᠠᠶᠢᠬᠤ ᠪᠣᠯ ᠠᠵᠢᠯ ᠤᠨ ᠦᠷ᠎ᠡ ᠪᠦᠲᠦᠭᠡᠯ ᠢ ᠰᠢᠯᠭᠠᠬᠤ ᠴᠣᠷ ᠤᠨ ᠭᠠᠭᠴᠠ ᠪᠠᠷᠢᠮᠵᠢᠶ᠎ᠠ ᠮᠥᠨ᠃ ᠢᠨᠵᠧᠨᠧᠷᠢᠩ ᠢ ᠬᠡᠷᠡᠭᠵᠢᠭᠦᠯᠬᠦ ᠶᠠᠪᠤᠴᠠ ᠳᠤ ᠣᠯᠠᠨ ᠲᠦᠮᠡᠨ ᠤ ᠬᠦᠰᠡᠯ ᠱᠠᠭᠠᠷᠳᠠᠯᠭ᠎ᠠ ᠪᠠ ᠰᠠᠨᠠᠯ ᠢ ᠥᠷᠭᠡᠨ ᠢᠶᠠᠷ ᠰᠣᠨᠣᠰᠴᠤ᠂ ᠣᠯᠠᠨ ᠲᠦᠮᠡᠨ ᠤ ᠰᠡᠳᠬᠢᠯ ᠬᠠᠨᠤᠮᠵᠢᠲᠠᠶ ᠪᠠᠶᠢᠬᠤ ᠶᠢ ᠦᠨᠡᠨᠬᠦ ᠪᠠᠲᠤᠯᠠᠬᠤ ᠬᠡᠷᠡᠭᠲᠡᠶ᠃ ᠪᠠᠷᠢᠯᠭ᠎ᠠ ᠶᠢᠨ ᠠᠬᠢᠴᠠ ᠪᠠᠨ ᠲᠦᠷᠭᠡᠳᠬᠡᠵᠦ᠂ ᠲᠦᠷᠦᠯ ᠵᠦᠢᠯ ᠤᠨ ᠶᠠᠰᠤ ᠴᠢᠨᠠᠷ ᠤᠨ ᠪᠣᠭᠤᠮᠲᠠ ᠪᠣᠯᠤᠨ ᠠᠮᠤᠷ ᠲᠦᠪᠰᠢᠨ ᠤ ᠪᠣᠭᠤᠮᠲᠠ ᠶᠢ ᠴᠢᠩᠭ᠎ᠠ ᠠᠳᠬᠤᠵᠤ᠂ 9 ᠳ᠋ᠤᠭᠡᠷ ᠰᠠᠷ᠎ᠠ ᠶᠢᠨ ᠳᠤᠮᠳᠠᠴᠢ ᠠᠴᠠ ᠡᠮᠦᠨ᠎ᠡ ᠪᠦᠬᠦᠨ ᠢ ᠳᠠᠭᠤᠰᠬᠠᠬᠤ ᠪᠠᠷ ᠴᠢᠷᠮᠠᠶᠢᠵᠤ᠂ ᠲᠥᠬᠦᠭᠡᠷᠦᠮᠵᠢ ᠶᠢ ᠲᠤᠬᠢᠷᠠᠭᠤᠯᠤᠨ ᠲᠤᠷᠰᠢᠬᠤ ᠠᠵᠢᠯ ᠳᠤ ᠭᠦᠢᠴᠡᠳ ᠴᠠᠭ ᠦᠯᠡᠳᠡᠭᠡᠵᠦ ᠦᠭᠬᠦ ᠬᠡᠷᠡᠭᠲᠡᠢ ᠭᠡᠵᠤ ᠴᠢᠬᠤᠯᠠᠴᠢᠯᠠᠪᠠ ᠃    ᠢᠦᠢ ᠰᠢᠨ ᠹᠠᠩ ︽ ᠲᠤᠯᠠᠭᠠᠯᠭ᠎ᠠ ᠶᠢᠨ ᠢᠨᠵᠧᠨᠧᠷᠢᠩ︾᠂ ᠤᠶᠤᠨᠲᠤ ᠢᠯᠴᠢ ᠬᠠᠩᠭᠠᠬᠤ ᠪᠠ ᠬᠤᠳᠠ ᠶᠢᠨ ᠠᠮᠢ ᠨᠠᠰᠤᠨ ᠤ ᠱᠤᠭᠤᠮ ᠤᠨ ᠠᠮᠤᠷ ᠲᠦᠪᠰᠢᠨ ᠤ ᠢᠨᠵᠧᠨᠧᠷᠢᠩ ᠤᠨ ᠪᠦᠳᠦᠭᠡᠨ ᠪᠠᠶᠢᠭᠤᠯᠤᠯᠲᠠ ᠶᠢ ᠨᠢᠭᠡᠳᠦᠯᠲᠡᠢ ᠲᠥᠯᠥᠪᠵᠢᠭᠦᠯᠦᠨ ᠬᠡᠷᠡᠭᠵᠢᠭᠦᠯᠵᠦ᠂ ᠤᠶᠤᠨᠲᠤ ᠢᠯᠴᠢ ᠬᠠᠩᠭᠠᠬᠤ ᠰᠢᠨ᠎ᠡ ᠮᠡᠷᠭᠡᠵᠢᠯ ᠢ ᠶᠡᠭᠡ ᠪᠠᠷ ᠳᠡᠯᠭᠡᠷᠡᠭᠦᠯᠦᠨ ᠬᠡᠷᠡᠭᠯᠡᠵᠦ᠂ ᠬᠡᠷᠡᠭ ᠤᠨ ᠳᠠᠷᠠᠭ᠎ᠠ ᠰᠠᠨᠠᠭᠠᠴᠢᠯᠠᠭ᠎ᠠ ᠦᠭᠡᠢ ᠪᠠᠷ ᠰᠢᠢᠳᠪᠦᠷᠢᠯᠡᠵᠦ ᠪᠠᠶᠢᠭᠰᠠᠨ ᠠᠴᠠ ᠬᠡᠷᠡᠭ ᠤᠨ ᠡᠮᠦᠨ᠎ᠡ ᠰᠠᠨᠠᠭᠠᠴᠢᠯᠠᠭ᠎ᠠ ᠠᠴᠠ ᠪᠠᠨ ᠬᠢᠨᠠᠨ ᠬᠠᠮᠢᠶᠠᠷᠬᠤ ᠲᠡᠰᠢ ᠬᠤᠪᠢᠷᠠᠭᠤᠯᠵᠤ᠂ ᠤᠷᠢᠳᠴᠢᠯᠠᠨ ᠮᠡᠳᠡᠷᠡᠵᠦ᠂ ᠤᠷᠢᠳᠴᠢᠯᠠᠨ ᠰᠡᠷᠡᠮᠵᠢᠯᠡᠭᠦᠯᠵᠦ᠂ ᠤᠷᠢᠳᠴᠢᠯᠠᠨ ᠰᠢᠢᠳᠪᠦᠷᠢᠯᠡᠵᠦ᠂ ︽ ᠲᠤᠯᠠᠭᠠᠨ ᠤ ᠬᠡᠮᠵᠢᠶ᠎ᠡ ᠲᠠᠭᠠᠯᠠᠮᠵᠢᠲᠠᠢ᠂ ᠤᠯᠠᠨ ᠲᠦᠮᠡᠨ ᠰᠡᠳᠬᠢᠯ ᠬᠠᠨᠤᠮᠵᠢᠲᠠᠢ ᠪᠠᠶᠢᠬᠤ︾ ᠢᠯᠴᠢ ᠬᠠᠩᠭᠠᠬᠤ ᠬᠠᠷᠠᠯᠲᠠ ᠶᠢ ᠦᠨᠡᠨ ᠬᠦ ᠪᠡᠶᠡᠯᠡᠭᠦᠯᠬᠦ ᠬᠡᠷᠡᠭᠲᠡᠢ ᠭᠡᠵᠦ ᠱᠠᠭᠠᠷᠳᠠᠪᠠ᠃    ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠢᠩᠬᠢᠮ ᠤᠨ ᠬᠤᠲᠠ ᠶᠢᠨ ᠬᠠᠮᠢᠶᠠᠷᠤᠯᠲᠠ ᠶᠢᠨ ᠭᠠᠵᠠᠷ ᠤᠨ ᠬᠠᠷᠢᠭᠤᠴᠠᠯᠭᠠᠲᠠᠨ᠂ ᠪᠤᠭᠤᠲᠤ ᠬᠤᠲᠠ ᠶᠢᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ ᠶᠢᠨ ᠬᠠᠮᠢᠶ᠎ᠠ ᠪᠦᠬᠦᠢ ᠬᠠᠷᠢᠭᠤᠴᠠᠯᠭᠠᠲᠠᠨ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃ 
ᠢᠷᠡᠯᠲᠡ᠄ ᠲᠢᠩᠬᠢᠮ ᠤᠨ ᠬᠤᠲᠠ ᠶᠢᠨ ᠬᠠᠮᠢᠶᠠᠷᠤᠯᠲᠠ ᠶᠢᠨ ᠭᠠᠵᠠᠷ
Baidu
map