ᠤᠯᠠᠭᠠᠨᠬᠠᠳᠠ ᠬᠤᠲᠠ ᠶᠢᠨ ᠬᠤᠩᠱᠠᠨ ᠲᠣᠭᠤᠷᠢᠭ᠄ ᠨᠤᠷᠠᠬᠤ ᠠᠶᠤᠯᠲᠠᠢ ᠭᠡᠷ ᠪᠠᠶᠢᠰᠢᠩ ᠢ ᠵᠠᠰᠠᠬᠤ ᠠᠵᠢᠯ ᠢ ᠪᠤᠳᠠᠳᠠᠶᠢᠵᠢᠭᠤᠯᠵᠦ ᠤᠷᠤᠨ ᠰᠠᠭᠤᠴᠠ ᠶᠢᠨ ᠨᠦᠬᠦᠴᠡᠯ ᠢ ᠢᠯᠡᠳᠳᠡ ᠲᠡᠭᠡᠭᠰᠢᠯᠡᠭᠦᠯᠪᠡ
ᠨᠡᠶᠢᠲᠡᠯᠡᠭᠰᠡᠨ ᠴᠠᠭ᠄
2024/7/30
    2023 ᠣᠨ ᠤ 2 ᠳ᠋ᠤᠭᠠᠷ ᠰᠠᠷ᠎ᠠ ᠶᠢᠨ 23 ᠤ ᠡᠳᠦᠷ ᠠᠴᠠ ᠡᠬᠢᠯᠡᠨ ᠲᠥᠷᠥᠯ ᠵᠦᠢᠯ ᠤᠨ ᠪᠠᠷᠢᠯᠭ᠎ᠠ ᠲᠠᠭᠤᠰᠳᠠᠯ᠎ᠠ᠂ 17 ᠰᠠᠷ᠎ᠠ ᠶᠢᠨ ᠬᠤᠭᠤᠴᠠᠭ᠎ᠠ ᠶᠢ ᠬᠡᠷᠡᠭᠰᠡᠵᠦ 355 ᠰᠠᠭᠤᠭᠠᠯᠢ ᠠᠷᠠᠳ ᠤᠨ ᠰᠢᠨ᠎ᠡ ᠤᠷᠤᠨ ᠰᠠᠭᠤᠴᠠ ᠳᠤ ᠨᠡᠭᠦᠬᠦ ᠶᠢ ᠪᠡᠶᠡᠯᠡᠭᠦᠯᠪᠡ᠃    ᠬᠤᠩᠱᠠᠨ ᠲᠣᠭᠤᠷᠢᠭ ᠤᠨ ᠴᠠᠩ ᠴᠢᠩ ᠵᠡᠭᠡᠯᠢ ᠶᠢᠨ 17᠂ 18᠂ 19 ᠨᠤᠮᠧᠷᠳᠦ ᠠᠰᠠᠷ ᠨᠢ 20 ᠳ᠋ᠤᠭᠠᠷ ᠵᠠᠭᠤᠨ ᠤ ᠲᠠᠯᠠᠭᠠᠳ ᠤᠨ ᠳᠤ ᠪᠠᠶᠢᠭᠤᠯᠤᠭᠳᠠᠵᠤ ᠂ ᠨᠡᠶᠢᠳᠡ 195 ᠰᠠᠭᠤᠭᠠᠯᠢ ᠠᠷᠠᠳ ᠤᠨ ᠡᠷᠦᠬᠡ᠂ 20 ᠬᠤᠳᠠᠯᠳᠤᠭᠠᠨ ᠤ ᠡᠷᠦᠬᠡ ᠪᠠᠶᠢᠨ᠎ᠠ᠂ ᠤᠨ ᠵᠢᠯ ᠤᠳᠠᠭᠠᠰᠢᠷᠠᠭᠰᠠᠨ ᠠᠴᠠ 3 ᠰᠠᠭᠤᠷᠢ ᠠᠰᠠᠷ ᠨᠢ D ᠲᠡᠰ ᠤᠨ ᠨᠤᠷᠠᠬᠤ ᠠᠶᠦᠯᠳᠠᠢ ᠠᠰᠠᠷ ᠢᠶᠠᠷ ᠲᠤᠭᠳᠠᠭᠠᠭᠳᠠᠪᠠ᠃    ᠬᠤᠩᠱᠠᠨ ᠲᠣᠭᠤᠷᠢᠭ ᠤᠨ ᠨᠠᠮ ᠤᠨ ᠬᠤᠷᠢᠶ᠎ᠠ᠂ ᠲᠣᠭᠤᠷᠢᠭ ᠤᠨ ᠵᠠᠰᠠᠭ ᠤᠨ ᠣᠷᠳᠣᠨ ᠠᠴᠠ ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠢᠮᠠᠭᠲᠠ ᠪᠠᠷᠢᠮᠲᠠᠯᠠᠵᠤ᠂ ᠨᠤᠷᠠᠬᠤ ᠠᠶᠤᠯᠲᠠᠢ ᠭᠡᠷ ᠪᠠᠶᠢᠰᠢᠩ ᠢ ᠵᠠᠰᠠᠬᠤ ᠶᠢ ᠬᠤᠳᠠ ᠶᠢᠨ ᠰᠢᠨᠡᠴᠢᠯᠡᠯᠲᠡ ᠶᠢᠨ ᠭᠤᠣᠯ ᠠᠵᠢᠯ ᠪᠣᠯᠭᠠᠵᠤ᠂ ᠴᠠᠩ ᠴᠢᠩ ᠵᠡᠭᠡᠯᠢ ᠶᠢᠨ ᠭᠡᠷ ᠬᠥᠷᠥᠩᠭᠡ ᠶᠢᠨ D ᠳᠡᠰ ᠤᠨ ᠨᠤᠷᠠᠬᠤ ᠠᠶᠤᠯᠲᠠᠢ ᠠᠰᠠᠷ ᠢᠶᠠᠷ ᠲᠤᠷᠰᠢᠯᠲᠠ ᠶᠢᠨ ᠴᠡᠭ ᠪᠣᠯᠭᠠᠵᠤ᠂ ᠥᠪᠡᠷᠲᠡᠭᠡᠨ ᠵᠠᠰᠠᠬᠤ ᠣᠷᠣᠨ ᠤ ᠬᠡᠪᠴᠢᠶᠡᠨ ᠳᠤ ᠨᠤᠷᠠᠬᠤ ᠠᠶᠤᠯᠲᠠᠢ ᠭᠡᠷ ᠪᠠᠶᠢᠰᠢᠩ ᠤᠨ ᠤᠤᠯ ᠲᠠᠯᠠᠪᠠᠢ ᠤᠤᠯ ᠲᠦᠷᠰᠦ ᠪᠠᠶᠢᠳᠠᠯ ᠢ ᠰᠡᠷᠭᠦᠭᠡᠬᠦ ᠠᠵᠢᠯ ᠢ ᠤᠷᠢᠳᠠᠪᠠᠷ ᠬᠡᠷᠡᠭᠵᠢᠭᠦᠯᠵᠦ᠂ ᠤᠯᠠᠨ ᠲᠠᠯ᠎ᠠ ᠪᠠᠷ ᠰᠠᠨᠠᠯ ᠨᠡᠪᠳᠡᠷᠡᠯᠴᠡᠵᠦ᠂ ᠤᠯᠠᠨ ᠲᠠᠯ᠎ᠠ ᠪᠠᠷ ᠬᠠᠷᠢᠯᠴᠠᠬᠤ ᠪᠠᠷ ᠳᠠᠮᠵᠢᠭᠤᠯᠵᠤ᠂ ︽ᠰᠠᠭᠤᠭᠠᠯᠢ ᠠᠷᠠᠳ ᠠᠴᠠ ᠬᠡᠰᠡᠭ ᠪᠡᠯᠡ ᠮᠦᠩᠭᠦ ᠭᠠᠷᠭᠠᠵᠤ᠂ ᠵᠠᠰᠠᠭ ᠤᠨ ᠣᠷᠳᠣᠨ ᠠᠴᠠ ᠨᠦᠬᠦᠪᠦᠷᠢᠯᠡᠬᠦ᠂ ᠳᠡᠭᠡᠳᠦ ᠱᠠᠲᠤᠨ ᠠᠴᠠ ᠬᠠᠪᠰᠤᠷᠬᠤ︾ ᠨᠤᠷᠠᠬᠤ ᠠᠶᠤᠯᠲᠠᠢ ᠭᠡᠷ ᠪᠠᠶᠢᠰᠢᠩ ᠢ ᠥᠭᠡᠷᠡᠴᠢᠯᠡᠨ ᠪᠠᠶᠢᠭᠤᠯᠬᠤ ᠪᠡᠯᠡ ᠣᠷᠣᠭᠤᠯᠤᠯᠲᠠ ᠶᠢᠨ ᠵᠠᠭᠪᠤᠷ ᠢ ᠰᠦᠪᠡᠭᠴᠢᠯᠡᠨ ᠬᠡᠷᠡᠭᠵᠢᠭᠦᠯᠪᠡ᠃    — ᠠᠵᠢᠯᠯᠠᠬᠤ ᠠᠩᠭᠢ ᠶᠢᠨ ᠠᠵᠢᠯᠳᠠᠳ ᠠᠴᠠ ᠡᠷᠦᠬᠡ ᠲᠠᠷᠠᠭᠠᠯᠠᠨ ᠣᠯᠠᠨ ᠲᠦᠮᠡᠨ ᠤ ᠰᠠᠨᠠᠯ ᠢ ᠬᠤᠷᠢᠶᠠᠬᠤ︔    — ᠨᠤᠷᠠᠬᠤ ᠠᠶᠤᠯᠲᠠᠢ ᠠᠰᠠᠷ ᠢ ᠰᠢᠨᠡᠳᠭᠡᠬᠦ ᠬᠡᠯᠡᠯᠴᠡᠭᠡᠷ ᠲᠤ ᠲᠥᠪᠯᠡᠷᠡᠭᠦᠯᠦᠨ ᠭᠠᠷ ᠤᠨ ᠦᠰᠦᠭ ᠵᠢᠷᠤᠬᠤ︔    — ᠨᠤᠷᠠᠬᠤ ᠠᠶᠤᠯᠲᠠᠢ ᠠᠰᠠᠷ ᠢ ᠨᠤᠷᠠᠭᠠᠬᠤ ᠳᠠᠭᠠᠭᠠᠴᠢᠯᠠᠯᠲᠠ ᠵᠠᠷᠯᠠᠵᠦ᠂ ᠳᠠᠭᠠᠭᠠᠴᠢᠯᠠᠯᠲᠠ ᠬᠦᠯᠢᠶᠡᠬᠦ ᠠᠵᠢᠯ ᠡᠷᠬᠢᠯᠡᠬᠦ︔    — ᠨᠤᠷᠠᠬᠤ ᠠᠶᠤᠯᠲᠠᠢ ᠠᠰᠠᠷ ᠢ ᠥᠭᠡᠷᠡᠴᠢᠯᠡᠨ ᠪᠠᠶᠢᠭᠤᠯᠬᠤ ᠲᠥᠰᠦᠯ ᠤᠨ ᠵᠢᠷᠤᠭ ᠲᠥᠯᠥᠪᠯᠡᠭᠡ ᠶᠢ ᠪᠡᠶᠡᠯᠡᠭᠦᠯᠬᠦ︔    — 3 ᠰᠠᠭᠤᠷᠢ ᠨᠤᠷᠠᠬᠤ ᠠᠶᠤᠯᠲᠠᠢ ᠠᠰᠠᠷ ᠤᠨ 195 ᠡᠷᠦᠬᠡ ᠰᠠᠭᠤᠭᠠᠯᠢ ᠠᠷᠠᠳ ᠢ ᠲᠤᠬᠢᠳᠠᠢ ᠲᠣᠬᠢᠷᠠᠭᠤᠯᠵᠠᠢ᠃    3.5 ᠳᠦᠮᠠᠨ ᠮᠢᠨᠦ᠋ᠲ ᠣᠲᠠᠰᠤ ᠨᠠᠪᠲᠠᠷᠠᠭᠦ᠂ 1365 ᠣᠲᠠᠭ᠎ᠠ ᠡᠷᠦᠬᠡ ᠶᠢ ᠰᠤᠷᠪᠤᠯᠵᠢᠯᠠᠵᠤ᠂ 45 ᠡᠳᠦᠷ ᠤᠨ ᠴᠢᠷᠮᠠᠶᠢᠯᠭ᠎ᠠ᠂ 11 ᠣᠲᠠᠭᠠᠨ ᠤ ᠳᠣᠰᠬᠠᠢ ᠰᠠᠲᠣᠪᠲᠤ ᠬᠤᠷᠠᠯ ᠤᠨ ᠰᠤᠳᠤᠯᠭᠠᠨ᠂ 8 ᠠᠵᠢᠯ ᠤᠨ ᠠᠩᠭᠢ ᠶᠢᠨ 7 ᠡᠭᠡᠯᠵᠢ ᠶᠢᠨ ᠠᠷᠠᠣᠠ ᠤᠨ ᠰᠠᠨᠠᠭ᠎ᠠ ᠶᠢ ᠪᠠᠶᠢᠴᠠᠭᠠᠬᠤ ᠪᠠᠷ ᠲᠠᠮᠵᠢᠨ 355 ᠰᠠᠭᠤᠭᠠᠯᠢ ᠠᠷᠠᠳ ᠤᠨ ᠨᠤᠷᠠᠬᠤ ᠠᠶᠤᠯᠲᠠᠢ ᠠᠰᠠᠷ ᠢ ᠦᠭᠡᠷᠡᠴᠢᠯᠡᠬᠦ ᠬᠦᠰᠡᠯ ᠠᠯᠬᠤᠮ ᠠᠯᠬᠤᠮ ᠢᠶᠠᠷ ᠪᠡᠶᠡᠯᠡᠭᠳᠡᠪᠡ᠃    ᠨᠤᠷᠠᠬᠤ ᠠᠶᠤᠯᠲᠠᠶ ᠠᠰᠠᠷ ᠢ ᠰᠢᠨᠡᠴᠢᠯᠡᠬᠦ ᠨᠢ ᠬᠤᠲᠠ ᠶᠢᠨ ᠰᠢᠨᠡᠴᠢᠯᠡᠯᠲᠡ ᠪᠣᠯᠤᠨ ᠬᠤᠲᠠ ᠶᠢᠨ ᠵᠠᠰᠠᠯᠲᠠ ᠶᠢᠨ ᠬᠠᠮᠵᠢᠯᠴᠠᠨ ᠬᠥᠭᠵᠢᠬᠦ ᠶᠢ ᠣᠷᠭᠠᠨᠢᠭ ᠢᠶᠠᠷ ᠤᠶᠠᠯᠳᠤᠭᠤᠯᠤᠭᠰᠠᠨ ᠶᠠᠪᠤᠳᠠᠯ ᠪᠣᠯᠬᠤ ᠪᠥᠭᠡᠳ ᠪᠠᠰᠠ ᠴᠤ ᠬᠤᠩᠱᠠᠨ ᠲᠣᠭᠤᠷᠢᠭ ᠤᠨ ᠠᠷᠠᠳ ᠤᠨ ᠠᠮᠢᠳᠤᠷᠠᠯ ᠤᠨ ᠪᠠᠲᠤᠯᠠᠭ᠎ᠠ ᠶᠢ ᠰᠡᠳᠬᠢᠯ ᠳᠡᠯᠪᠢᠨ ᠬᠦᠴᠦ ᠣᠷᠣᠭᠤᠯᠤᠨ ᠰᠠᠶᠢᠲᠤᠷ ᠬᠢᠭᠰᠡᠨ ᠠᠮᠢᠳᠤᠯᠢᠭ ᠦᠢᠯᠡᠳᠦᠯᠭᠡ ᠪᠣᠯᠤᠨ᠎ᠠ᠂ ᠨᠠᠩ ᠴᠤ ᠠᠷᠠᠳ ᠤᠨ ᠠᠮᠢᠳᠤᠷᠠᠯ ᠤᠨ ᠲᠤᠳᠠᠭᠳᠠᠯ ᠢ ᠱᠠᠯᠠᠪᠳᠠᠨ ᠨᠥᠬᠦᠪᠥᠷᠢᠯᠡᠵᠦ᠂ ᠠᠷᠠᠳ ᠤᠨ ᠠᠮᠢᠳᠤᠷᠠᠯ ᠤᠨ ᠠᠵᠠ ᠵᠢᠷᠭᠠᠯ ᠢ ᠦᠷᠭᠦᠯᠵᠢᠯᠡᠨ ᠨᠡᠮᠡᠭᠳᠡᠭᠦᠯᠬᠦ ᠬᠦᠴᠦᠲᠡᠶ ᠠᠷᠭ᠎ᠠ ᠬᠡᠮᠵᠢᠶ᠎ᠡ ᠪᠣᠯᠤᠨ᠎ᠠ᠃    ᠣᠶᠢᠷ᠎ᠠ ᠶᠢᠨ ᠵᠢᠯ ᠠᠴᠠ ᠨᠠᠭᠠᠰᠢ᠂ ᠬᠤᠩᠱᠠᠨ ᠲᠣᠭᠤᠷᠢᠭ ︽ᠰᠢᠨ᠎ᠡ ᠲᠠᠷᠤᠭ᠎ᠠ ᠡᠷᠬᠡᠪᠰᠢ ᠬᠠᠭᠤᠴᠢᠨ ᠲᠠᠩᠰᠠ ᠶᠢ ᠬᠠᠮᠢᠶᠠᠷᠬᠤ︾ ᠶᠢ ᠪᠠᠷᠢᠮᠲᠠᠯᠠᠵᠤ᠂ ᠳᠡᠭᠡᠳᠦ ᠳᠣᠤᠷᠠᠳᠤ ᠱᠠᠲᠤ ᠪᠠᠷ ᠢᠶᠠᠨ ᠬᠤᠯᠪᠣᠭᠠᠯᠠᠨ ᠬᠥᠳᠡᠯᠦᠯᠴᠡᠵᠦ᠂ ᠬᠥᠨᠳᠡᠯᠡᠨ ᠢᠶᠠᠷ ᠬᠠᠮᠵᠢᠯᠴᠠᠨ᠂ ᠪᠥᠬᠦ ᠬᠦᠴᠦᠨ ᠢᠶᠠᠷ ᠢᠶᠠᠨ ᠥᠷᠭᠡᠨ ᠣᠯᠠᠨ ᠰᠠᠭᠤᠭᠠᠯᠢ ᠠᠷᠠᠳ ᠢ ︽ᠲᠠᠭᠠᠯᠠᠮᠵᠢᠲᠠᠶ ᠤᠷᠤᠨ ᠰᠠᠭᠤᠴᠠ ᠳᠤ ᠰᠠᠭᠤᠬᠤ︾ ᠠᠵᠢᠯ ᠢ ᠪᠡᠶᠡᠯᠡᠭᠦᠯᠪᠡ᠃    — ᠪᠤᠴᠠᠵᠤ ᠨᠡᠭᠦᠬᠦ ᠳᠤ ᠬᠦᠴᠢᠷᠲᠡᠶ ᠠᠰᠠᠭᠤᠳᠠᠯ ᠢ ᠰᠢᠢᠳᠪᠦᠷᠢᠯᠡᠪᠡ᠃ ᠭᠦᠩ ᠨᠦᠩ ᠼᠦᠨ ᠵᠡᠷᠭᠡ ᠳᠥᠭᠦᠮ ᠪᠦᠳᠦᠴᠡᠳᠦ ᠣᠷᠣᠨ ᠰᠠᠭᠤᠴᠠ ᠶᠢ ᠥᠭᠡᠷᠡᠴᠢᠯᠡᠨ ᠪᠠᠶᠢᠭᠤᠯᠵᠤ ᠪᠤᠴᠠᠭᠠᠨ ᠨᠡᠭᠦᠯᠭᠡᠬᠦ ᠠᠵᠢᠯ ᠤᠨ ᠰᠡᠬᠦᠯ ᠬᠤᠷᠢᠶᠠᠬᠤ ᠶᠢ ᠪᠡᠶᠡᠯᠡᠭᠦᠯᠵᠦ᠂ ᠨᠡᠭᠡᠭᠡᠨ ᠬᠥᠭᠵᠢᠭᠦᠯᠬᠦ ᠠᠵᠤ ᠠᠬᠤᠶᠢᠯᠠᠯ ᠢ ᠬᠠᠪᠰᠤᠷᠤᠨ ᠥᠪᠥᠷ ᠮᠣᠩᠭᠤᠯ ᠤᠨ ᠬᠤᠳᠠᠯᠳᠤᠭᠠᠨ ᠤ ᠪᠠᠩᠬᠢ ᠵᠡᠷᠭᠡ ᠪᠠᠩᠬᠢ ᠶᠢᠨ ᠢᠳᠡᠭᠡᠮᠵᠢ ᠶᠢᠨ ᠰᠠᠯᠠᠭ᠎ᠠ ᠮᠥᠴᠢᠷ ᠲᠠᠢ ᠬᠠᠮᠳᠤᠷᠤᠯᠴᠠᠨ᠂ ᠭᠦᠩ ᠨᠦᠩ ᠼᠦᠨ ᠵᠡᠷᠭᠡ ᠳᠥᠭᠦᠮ ᠪᠦᠳᠦᠴᠡᠳᠦ ᠣᠷᠣᠨ ᠰᠠᠭᠤᠴᠠ ᠶᠢ ᠥᠭᠡᠷᠡᠴᠢᠯᠡᠨ ᠪᠠᠶᠢᠭᠤᠯᠵᠤ ᠪᠤᠴᠠᠭᠠᠨ ᠨᠡᠭᠦᠯᠭᠡᠬᠦ ᠲᠥᠷᠥᠯ ᠵᠦᠢᠯ ᠳᠤ ᠵᠢᠭᠡᠯᠡᠯᠭᠡ ᠤᠯᠭᠤᠪᠠ᠃    — ᠣᠷᠣᠵᠤ ᠰᠠᠭᠤᠬᠤ ᠳᠤ ᠬᠦᠴᠢᠷᠳᠡᠢ ᠠᠰᠠᠭᠤᠳᠠᠯ ᠢ ᠰᠢᠢᠳᠪᠦᠷᠢᠯᠡᠪᠡ᠃ ᠪᠡᠯᠡ ᠮᠥᠩᠭᠦ ᠶᠢᠨ ᠠᠰᠠᠭᠤᠳᠠᠯ ᠠᠴᠠ ᠪᠣᠯᠵᠤ ᠵᠣᠭᠰᠣᠩᠭᠢᠷᠠᠭᠰᠠᠨ ᠲᠥᠷᠥᠯ ᠵᠦᠢᠯ ᠳᠤ ᠴᠢᠭᠯᠡᠭᠦᠯᠦᠨ᠂ ᠲᠤᠰᠬᠠᠶ ᠵᠦᠢᠯ ᠤᠨ ᠵᠢᠭᠡᠯᠡᠯᠭᠡ ᠶᠢᠨ ᠲᠥᠷᠥᠯ ᠵᠦᠢᠯ ᠢ 6 ᠶᠢ ᠭᠤᠶᠤᠴᠢᠯᠠᠨ ᠮᠡᠳᠡᠭᠦᠯᠵᠦ᠂ 2.5 ᠳ᠋ᠦᠩᠰᠢᠭᠤᠷ ᠲᠥᠭᠦᠷᠢᠭ ᠤᠨ ᠪᠡᠯᠡ ᠮᠥᠩᠭᠦ ᠶᠢ ᠪᠤᠳᠠᠳᠠᠶᠢᠵᠢᠭᠤᠯᠪᠠ᠃    —ᠣᠷᠣᠰᠢᠨ ᠰᠠᠭᠤᠬᠤ ᠳᠤ ᠲᠤᠬᠢᠷᠠᠮᠵᠢ ᠦᠭᠡᠢ ᠠᠰᠠᠭᠤᠳᠠᠯ ᠢ ᠰᠢᠢᠳᠪᠦᠷᠢᠯᠡᠪᠡ᠃ ᠣᠯᠠᠨ ᠲᠦᠮᠡᠨ ᠤ ᠬᠠᠮᠤᠭ ᠤᠨ ᠠᠩᠬᠠᠷᠴᠤ ᠪᠠᠶᠢᠭ᠎ᠠ ᠰᠠᠭᠤᠭᠠᠯᠢ ᠠᠷᠠᠳ ᠤᠨ ᠲᠣᠭᠤᠷᠢᠭ ᠤᠨ ᠪᠡᠯᠡᠳᠬᠡᠮᠵᠢ ᠡᠪᠳᠡᠷᠡᠵᠦ ᠰᠦᠢᠳᠦᠭᠰᠡᠨ᠂ ᠨᠤᠷᠠᠬᠤ ᠠᠶᠤᠯᠲᠠᠶ ᠠᠰᠠᠷ ᠤᠨ ᠰᠢᠨᠡᠴᠢᠯᠡᠯᠳᠡ᠂ ᠡᠪᠦᠯ ᠤᠨ ᠤᠯᠠᠷᠢᠯ ᠤᠨ ᠳᠤᠯᠠᠭᠠᠯᠠᠭ᠎ᠠ ᠵᠡᠷᠭᠡ ᠠᠷᠠᠳ ᠤᠨ ᠠᠮᠢᠳᠤᠷᠠᠯ ᠤᠨ ᠠᠰᠠᠭᠤᠳᠠᠯ ᠳᠤ ᠴᠢᠭᠯᠡᠭᠦᠯᠦᠨ᠂ ᠬᠠᠭᠤᠴᠢᠨ ᠰᠠᠭᠤᠭᠠᠯᠢ ᠠᠷᠠᠳ ᠤᠨ ᠲᠣᠭᠤᠷᠢᠭ ᠢ ᠥᠭᠡᠷᠡᠴᠢᠯᠡᠬᠦ᠂ D ᠲᠠᠰ ᠤᠨ ᠨᠤᠷᠠᠬᠤ ᠠᠶᠤᠯᠲᠠᠶ ᠠᠰᠠᠷ ᠢ ᠵᠠᠰᠠᠬᠤ᠂ ᠲᠤᠯᠠᠭᠠᠯᠭ᠎ᠠ ᠶᠢᠨ ᠢᠨᠵᠧᠨᠧᠷᠢᠩ ᠤᠨ ᠲᠥᠷᠥᠯ ᠵᠦᠢᠯ ᠢ ᠰᠢᠰᠲ᠋ᠧᠮ ᠲᠠᠢ ᠠᠬᠢᠭᠤᠯᠪᠠ᠃ ᠣᠲᠣ ᠪᠣᠯᠲᠠᠯ᠎ᠠ᠂ 218 ᠲᠦᠮᠡᠨ ᠲᠡᠭᠰᠢ ᠳᠥᠷᠪᠡᠯᠵᠢᠨ ᠮᠧᠲᠷ ᠬᠠᠭᠤᠴᠢᠨ ᠰᠠᠭᠤᠭᠠᠯᠢ ᠠᠷᠠᠳ ᠤᠨ ᠲᠣᠭᠤᠷᠢᠭ ᠢ ᠥᠭᠡᠷᠡᠴᠢᠯᠡᠨ ᠪᠠᠶᠢᠭᠤᠯᠬᠤ ᠢᠨᠵᠧᠨᠧᠷᠢᠩ ᠪᠠ 4.63 ᠳ᠋ᠦᠩᠰᠢᠭᠤᠷ ᠲᠥᠭᠦᠷᠢᠭ ᠤᠨ 34 ᠲᠤᠯᠠᠭᠠᠯᠭ᠎ᠠ ᠶᠢᠨ ᠢᠨᠵᠧᠨᠧᠷᠢᠩ ᠤᠨ ᠲᠥᠷᠥᠯ ᠵᠦᠢᠯ ᠢ ᠴᠥᠮ ᠠᠵᠢᠯ ᠡᠬᠢᠯᠡᠭᠦᠯᠵᠦ᠂ ᠴᠠᠩ ᠴᠢᠩ ᠵᠡᠭᠡᠯᠢ ᠶᠢᠨ 3 ᠰᠠᠭᠤᠷᠢ ᠨᠤᠷᠠᠬᠤ ᠠᠶᠤᠯᠲᠠᠶ ᠠᠰᠠᠷ ᠤᠨ 2 ᠰᠠᠭᠤᠷᠢ ᠶᠢᠨ ᠪᠠᠷᠢᠯᠭ᠎ᠠ ᠳᠠᠭᠤᠰᠬᠠᠵᠤ᠂ ᠵᠢᠯ ᠤᠨ ᠳᠣᠲᠣᠷ᠎ᠠ ᠪᠦᠬᠦᠨ ᠢ ᠪᠥᠲᠥᠭᠡᠨ ᠪᠠᠶᠢᠭᠤᠯᠵᠤ ᠲᠠᠭᠤᠰᠬᠠᠨ᠎ᠠ᠃    — ᠦᠨᠡᠮᠯᠡᠯ ᠭᠦᠢᠴᠡᠳᠭᠡᠬᠦ ᠬᠦᠴᠢᠷᠳᠡᠢ ᠠᠰᠠᠭᠤᠳᠠᠯ ᠢ ᠰᠢᠢᠳᠪᠦᠷᠢᠯᠡᠪᠠ᠃ ᠭᠠᠶᠢᠯᠢ ᠶᠢᠨ ᠬᠠᠤᠯᠢ ᠶᠢᠨ ᠲᠠᠶᠢᠯᠤᠮᠵᠢ ᠶᠢᠨ ᠠᠵᠢᠯᠯᠠᠭ᠎ᠠ ᠶᠢ ᠥᠷᠨᠢᠭᠦᠯᠬᠦ᠂ ᠱᠠᠲᠤ ᠬᠤᠪᠢᠶᠠᠨ ᠰᠢᠯᠭᠠᠨ ᠠᠪᠬᠤ᠂ ᠵᠠᠰᠠᠭ ᠤᠨ ᠣᠷᠳᠣᠨ ᠪᠠ ᠰᠢᠭᠦᠬᠦ ᠬᠤᠷᠢᠶ᠎ᠠ ᠬᠤᠯᠪᠣᠭᠠᠯᠠᠨ ᠬᠥᠳᠡᠯᠦᠯᠴᠡᠬᠦ ᠪᠠᠷ ᠳᠠᠮᠵᠢᠭᠤᠯᠤᠨ᠂ ᠣᠯᠠᠨ ᠲᠦᠮᠡᠨ ᠤ ᠪᠤᠴᠠᠵᠤ ᠨᠡᠭᠦᠬᠦ ᠬᠡᠷ ᠪᠠᠶᠢᠰᠢᠩ ᠤᠨ ᠭᠠᠶᠢᠯᠢ ᠰᠦᠢᠳᠬᠡᠯ ᠢ ᠬᠤᠷᠢᠶᠠᠬᠤ᠂ ᠲᠥᠷᠥᠯ ᠵᠦᠢᠯ ᠢ ᠰᠢᠯᠭᠠᠨ ᠠᠪᠬᠤ᠂ ᠬᠠᠤᠯᠢ ᠴᠠᠭᠠᠵᠠ ᠳᠤ ᠬᠤᠯᠪᠣᠭᠳᠠᠭᠰᠠᠨ ᠵᠠᠷᠭᠤ ᠵᠡᠷᠭᠡ ᠠᠰᠠᠭᠤᠳᠠᠯ ᠳᠤ ᠵᠥᠪ ᠢᠶᠠᠷ ᠬᠠᠷᠢᠭᠤᠯᠲᠠ ᠥᠭᠴᠦ᠂ ᠨᠡᠶᠢᠲᠡ 30 ᠰᠠᠭᠤᠭᠠᠯᠢ ᠠᠷᠠᠳ ᠤᠨ ᠲᠣᠭᠤᠷᠢᠭ᠂ 3.4 ᠲᠦᠮᠡᠨ ᠡᠷᠦᠬᠡ ᠶᠢᠨ ᠦᠨᠡᠮᠯᠡᠯ ᠭᠦᠢᠴᠡᠳᠬᠡᠬᠦ ᠳᠤ ᠬᠦᠴᠢᠷᠲᠡᠶ ᠪᠠᠶᠢᠬᠤ ᠠᠰᠠᠭᠤᠳᠠᠯ ᠢ ᠰᠢᠢᠳᠪᠦᠷᠢᠯᠡᠪᠡ︔    — ᠭᠠᠯ ᠤᠨᠳᠠᠷᠠᠭᠠᠬᠤ ᠦᠯᠡᠳᠡᠭᠳᠡᠯ ᠠᠰᠠᠭᠤᠳᠠᠯ ᠢ ᠰᠢᠢᠳᠪᠦᠷᠢᠯᠡᠪᠡ᠃ ᠠᠵᠢᠯ ᠤᠨ ᠡᠭᠦᠷᠭᠡ ᠬᠠᠷᠢᠭᠤᠴᠠᠯᠭ᠎ᠠ ᠪᠠᠨ ᠲᠠᠰᠤᠷᠠᠯᠲᠠ ᠦᠭᠡᠢ ᠪᠣᠳᠠᠲᠠᠶᠢᠵᠢᠭᠤᠯᠵᠤ ᠂ ᠠᠵᠢᠯ ᠤᠨ ᠴᠠᠭ ᠤᠨ ᠬᠢᠵᠠᠭᠠᠷ ᠢ ᠲᠣᠳᠣᠷᠬᠠᠶᠢᠯᠠᠨ᠂ ᠲᠡᠤᠬᠡᠨ ᠠᠴᠠ ᠦᠯᠡᠳᠡᠭᠳᠡᠵᠦ ᠢᠷᠡᠭᠰᠡᠨ ᠭᠠᠯ ᠤᠨᠲᠠᠷᠠᠭᠠᠬᠤ ᠠᠰᠠᠭᠤᠳᠠᠯ ᠢ 275 ᠰᠢᠢᠳᠪᠦᠷᠢᠯᠡᠵᠦ᠂ ᠬᠤᠶᠠᠷ ᠵᠢᠯ ᠳᠠᠷᠠᠭᠠᠯᠠᠨ ᠬᠡᠷᠡᠭ ᠰᠢᠢᠳᠪᠦᠷᠢᠯᠡᠭᠰᠡᠨ ᠶᠡᠷᠦᠩᠬᠡᠢ ᠬᠡᠮᠵᠢᠶ᠎ᠡ  ᠨᠢ ᠪᠦᠬᠦ ᠬᠤᠲᠠ ᠳᠤ ᠲᠡᠷᠢᠭᠦᠯᠡᠪᠡ᠃    ︽ᠪᠢᠳᠡ ᠤᠯᠠᠨ ᠲᠦᠮᠡᠨ ᠤ ᠲᠦᠯᠦᠭᠡ ᠴᠥᠬᠦᠷᠡᠰᠢ ᠦᠭᠡᠢ ᠴᠢᠷᠮᠠᠶᠢᠵᠦ᠂ ᠤᠯᠠᠨ ᠲᠦᠮᠡᠨ ᠤ ᠪᠠᠴᠢᠮᠳᠠᠵᠤ ᠵᠤᠪᠠᠵᠦ ᠪᠠᠶᠢᠭ᠎ᠠ ᠠᠰᠠᠭᠤᠳᠠᠯ  ᠢ ᠰᠢᠢᠳᠪᠦᠷᠢᠯᠡᠵᠦ᠂ ᠬᠦᠴᠦ ᠪᠠᠨ ᠲᠥᠪᠯᠡᠷᠡᠭᠦᠯᠦᠨ ᠬᠤᠶᠠᠷ ᠶᠡᠭᠡ ᠶᠠᠪᠤᠳᠠᠯ ᠢ ᠰᠠᠶᠢᠲᠤᠷ ᠬᠢᠵᠦ᠂ ᠪᠦᠬᠦ ᠬᠦᠴᠦᠨ ᠢᠶᠠᠷ ᠢᠶᠠᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤ ᠬᠤᠩᠱᠠᠨ ᠤ ᠬᠤᠪᠢ ᠨᠡᠮᠡᠷᠢ ᠪᠠᠨ ᠦᠵᠡᠭᠦᠯᠦᠨ᠎ᠡ︾ ᠭᠡᠵᠤ ᠬᠤᠩᠱᠠᠨ ᠲᠣᠭᠤᠷᠢᠭ ᠤᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶᠠᠨ ᠤ ᠳᠠᠷᠤᠭ᠎ᠠ ᠯᠢᠦ ᠶᠢᠨ ᠪᠥᠸᠧ ᠬᠡᠯᠡᠪᠡ᠃ 
ᠢᠷᠡᠯᠲᠡ᠄ ᠦᠪᠦᠷ ᠮᠤᠩᠭᠤᠯ ᠤᠨ ᠡᠳᠦᠷ ᠤᠨ ᠰᠤᠨᠢᠨ
Baidu
map