ᠪᠦᠬᠦ ᠤᠯᠤᠰ ᠤᠨ ᠪᠦᠲᠦᠭᠡᠨ ᠪᠠᠶᠢᠭᠤᠯᠤᠯᠲᠠ ᠶᠢᠨ ᠢᠨᠵᠧᠨᠧᠷᠢᠩ ᠤᠨ ᠭᠠᠯ ᠤᠨᠲᠠᠷᠠᠭᠠᠬᠤ ᠬᠢᠨᠠᠨ ᠪᠠᠶᠢᠴᠠᠭᠠᠵᠤ ᠰᠢᠯᠭᠠᠨ ᠠᠪᠬᠤ ᠠᠵᠢᠯ ᠤᠨ ᠲᠡᠦᠬᠡᠨ ᠦᠯᠡᠳᠡᠭᠳᠡᠯ ᠠᠰᠠᠭᠤᠳᠠᠯ ᠢ ᠴᠡᠭᠴᠡᠯᠡᠨ ᠵᠠᠰᠠᠬᠤ ᠠᠬᠤᠢ ᠲᠠᠯᠠᠪᠠᠢ ᠶᠢᠨ ᠬᠤᠷᠠᠯ ᠬᠦᠬᠡᠬᠤᠳᠠ ᠳᠤ ᠬᠤᠷᠠᠯᠳᠤᠪᠠ
ᠨᠡᠶᠢᠲᠡᠯᠡᠭᠰᠡᠨ ᠴᠠᠭ᠄
2024/7/30
    7 ᠳ᠋ᠤᠭᠠᠷ ᠰᠠᠷ᠎ᠠ ᠶᠢᠨ 25 ᠤ ᠡᠳᠦᠷ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠶᠠᠮᠤᠨ ᠪᠥᠬᠦ ᠤᠯᠤᠰ ᠤᠨ ᠪᠥᠲᠥᠭᠡᠨ ᠪᠠᠶᠢᠭᠤᠯᠤᠯᠲᠠ ᠶᠢᠨ ᠢᠨᠵᠧᠨᠧᠷᠢᠩ ᠤᠨ ᠭᠠᠯ ᠤᠨᠲᠠᠷᠠᠭᠠᠬᠤ ᠵᠢᠷᠤᠭ ᠲᠥᠯᠥᠪᠯᠡᠭᠡ ᠶᠢ ᠬᠢᠨᠠᠨ ᠪᠠᠶᠢᠴᠠᠭᠠᠵᠤ ᠰᠢᠯᠭᠠᠨ ᠠᠪᠬᠤ ᠠᠵᠢᠯ ᠤᠨ ᠲᠡᠤᠬᠡᠨ ᠦᠯᠡᠳᠡᠭᠳᠡᠯ ᠠᠰᠠᠭᠤᠳᠠᠯ ᠢ ᠴᠡᠭᠴᠡᠯᠡᠨ ᠵᠠᠰᠠᠬᠤ ᠠᠬᠤᠢ ᠲᠠᠯᠠᠪᠤᠷ ᠤᠨ ᠬᠤᠷᠠᠯ ᠬᠥᠬᠡᠬᠤᠲᠠ ᠳᠤ ᠬᠤᠷᠠᠯᠳᠤᠪᠠ᠃ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠶᠠᠮᠤᠨ ᠤ ᠪᠠᠷᠢᠯᠭ᠎ᠠ ᠶᠢᠨ ᠡᠨᠧᠷᠭᠢ ᠠᠷᠪᠢᠯᠠᠬᠤ ᠪᠠ ᠰᠢᠨᠵᠢᠯᠡᠬᠦ ᠤᠬᠠᠭᠠᠨ ᠮᠡᠷᠭᠡᠵᠢᠯ ᠤᠨ ᠵᠤᠷᠭᠠᠨ ᠤ ᠳᠠᠷᠤᠭ᠎ᠠ ᠴᠧᠨ ᠱᠤᠤ ᠫᠧᠩ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ᠃ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠢᠩᠬᠢᠮ ᠤᠨ ᠳᠠᠷᠤᠭ᠎ᠠ ᠭᠦᠸᠧ ᠢᠦᠶ ᠹᠧᠩ᠂ ᠬᠥᠬᠡᠬᠤᠲᠠ ᠶᠢᠨ ᠬᠤᠲᠠ ᠶᠢᠨ ᠳᠡᠳ᠋ ᠳᠠᠷᠤᠭ᠎ᠠ ᠹᠦ᠋ ᠶᠢᠨ ᠽᠠᠢ ᠬᠤᠷᠠᠯ ᠳᠤ ᠣᠷᠣᠯᠴᠠᠭᠰᠠᠨ ᠪᠥᠭᠡᠳ ᠪᠠᠶᠠᠷ ᠤᠨ ᠦᠭᠡ ᠬᠡᠯᠡᠵᠡᠶ᠃
W020240729330005443901.jpg
    ᠬᠤᠷᠠᠯ ᠠᠴᠠ ᠂ ᠪᠥᠲᠥᠭᠡᠨ ᠪᠠᠶᠢᠭᠤᠯᠤᠯᠲᠠ ᠶᠢᠨ ᠢᠨᠵᠧᠨᠧᠷᠢᠩ ᠤᠨ ᠭᠠᠯ ᠤᠨᠲᠠᠷᠠᠭᠠᠬᠤ ᠵᠢᠷᠤᠭ ᠲᠥᠯᠥᠪᠯᠡᠭᠡ ᠶᠢ ᠬᠢᠨᠠᠨ ᠪᠠᠶᠢᠴᠠᠭᠠᠵᠤ ᠰᠢᠯᠭᠠᠨ ᠠᠪᠬᠤ ᠡᠭᠦᠷᠭᠡ ᠬᠠᠷᠢᠭᠤᠴᠠᠯᠭ᠎ᠠ ᠪᠣᠯ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ ᠠᠴᠠ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠰᠠᠯᠠᠭ᠎ᠠ ᠮᠥᠴᠢᠷ ᠲᠤ ᠣᠯᠭᠤᠭᠰᠠᠨ ᠴᠢᠬᠤᠯᠠ ᠡᠭᠦᠷᠭᠡ ᠬᠠᠷᠢᠭᠤᠴᠠᠯᠭ᠎ᠠ ᠮᠥᠨ᠂ ᠭᠠᠯ ᠤᠨᠲᠠᠷᠠᠭᠠᠬᠤ ᠠᠮᠤᠷ ᠲᠦᠪᠰᠢᠨ ᠪᠠ ᠠᠷᠠᠳ ᠣᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠲᠠᠢ ᠬᠤᠯᠪᠣᠭᠳᠠᠵᠤ ᠪᠠᠶᠢᠳᠠᠭ᠂ ᠡᠯ᠎ᠡ ᠱᠠᠲᠤᠨ ᠤ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠳ ᠠᠷᠠᠳ ᠣᠯᠠᠨ ᠤ ᠬᠠᠤᠯᠢ ᠶᠣᠰᠣᠨ ᠤ ᠡᠷᠬᠡ ᠠᠰᠢᠭ ᠢ ᠦᠨᠡᠨ ᠬᠦ ᠬᠠᠮᠠᠭᠠᠯᠠᠬᠤ ᠦᠨᠳᠦᠷᠴᠡ ᠠᠴᠠ ᠲᠡᠤᠬᠡ ᠶᠢᠨ ᠦᠯᠡᠳᠡᠭᠳᠡᠯ ᠠᠰᠠᠭᠤᠳᠠᠯ ᠳᠤ ᠵᠥᠪ ᠢᠶᠠᠷ ᠬᠠᠨᠳᠤᠵᠤ᠂ ᠵᠣᠷᠢᠭ ᠰᠢᠭᠤᠳᠤᠨ ᠲᠣᠬᠢᠲᠠᠶ ᠰᠢᠢᠳᠪᠦᠷᠢᠯᠡᠵᠦ᠂ ᠬᠢᠨᠠᠨ ᠪᠠᠶᠢᠴᠠᠭᠠᠵᠤ ᠰᠢᠯᠭᠠᠨ ᠠᠪᠬᠤ ᠠᠵᠢᠯ ᠢᠶᠠᠨ ᠦᠷᠭᠦᠯᠵᠢᠯᠡᠨ ᠴᠢᠩᠭᠠᠳᠬᠠᠵᠤ᠂ ᠬᠠᠤᠯᠢ ᠲᠣᠭᠲᠠᠭᠠᠯ ᠶᠣᠰᠣᠭᠠᠷ ᠡᠭᠦᠷᠭᠡ ᠬᠠᠷᠢᠭᠤᠴᠠᠯᠭ᠎ᠠ ᠪᠠᠨ ᠦᠨᠡᠨ ᠬᠦ ᠰᠠᠶᠢᠲᠤᠷ ᠭᠦᠢᠴᠡᠳᠭᠡᠬᠦ ᠬᠡᠷᠡᠭᠲᠡᠶ ᠭᠡᠵᠤ ᠵᠢᠭᠠᠨ ᠭᠠᠷᠭᠠᠪᠠ᠃
W020240729330005824829.jpg
    ᠬᠤᠷᠠᠯ ᠠᠴᠠ᠂ ᠨᠠᠮ ᠤᠨ ᠬᠤᠷᠢᠳᠤᠭᠠᠷ ᠶᠡᠭᠡ ᠬᠤᠷᠠᠯ᠂ ᠬᠤᠷᠢᠳᠤᠭᠠᠷ ᠬᠤᠭᠤᠴᠠᠭᠠᠨ ᠤ ᠭᠤᠷᠪᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠪᠣᠯᠣᠨ ᠶᠡᠷᠦᠩᠬᠡᠢ ᠱᠦᠵᠢ ᠰᠢ ᠶᠢᠨ ᠫᠢᠩ ᠤᠨ ᠠᠶᠤᠯᠭᠦᠢ ᠦᠢᠯᠡᠳᠪᠦᠷᠢᠯᠡᠯ ᠤᠨ ᠲᠤᠬᠠᠢ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠪᠦᠲᠦᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠭᠠᠯ ᠤᠨᠲᠠᠷᠠᠭᠠᠬᠤ ᠬᠢᠨᠠᠨ ᠪᠠᠶᠢᠴᠠᠭᠠᠵᠤ ᠰᠢᠯᠭᠠᠨ ᠠᠪᠬᠤ ᠠᠵᠢᠯ ᠤᠨ ᠴᠢᠬᠤᠯᠠ ᠴᠢᠨᠠᠷ ᠪᠣᠯᠣᠨ ᠲᠤᠯᠭᠠᠮ᠎ᠠ ᠴᠢᠨᠠᠷ ᠢ ᠭᠦᠨᠵᠡᠭᠡᠢ ᠣᠶᠢᠯᠠᠭᠠᠨ ᠡᠵᠡᠮᠰᠢᠵᠦ᠂ ᠭᠠᠯ ᠤᠨᠲᠠᠷᠠᠭᠠᠬᠤ ᠠᠮᠤᠷ ᠲᠦᠪᠰᠢᠨ ᠤ ᠲᠣᠣᠷ ᠢ ᠨᠢᠭᠲᠠ ᠪᠠᠬᠢᠵᠢᠭᠦᠯᠵᠦ᠂ ᠡᠬᠢ ᠡᠭᠦᠰᠦᠯ ᠠᠴᠠ ᠨᠢ ᠬᠠᠮᠢᠶᠠᠷᠬᠤ ᠶᠢ ᠴᠢᠩᠭᠠᠳᠬᠠᠵᠤ᠂ ᠠᠶᠤᠯᠭᠦᠢ ᠦᠢᠯᠡᠳᠪᠦᠷᠢᠯᠡᠯ ᠤᠨ ᠦᠨᠳᠦᠰᠦᠨ ᠠᠴᠠ ᠨᠢ ᠵᠠᠰᠠᠬᠤ ᠪᠣᠭᠤᠮᠲᠠ ᠰᠢᠪᠲᠤᠯᠬᠤ ᠭᠤᠷᠪᠠᠨ ᠵᠢᠯ ᠤᠨ ᠠᠵᠢᠯᠯᠠᠭ᠎ᠠ ᠶᠢᠨ ᠱᠠᠭᠠᠷᠳᠠᠯᠭ᠎ᠠ ᠶᠣᠰᠣᠭᠠᠷ᠂ ᠱᠠᠯᠠᠪᠳᠠᠨ ᠪᠠᠶᠢᠷᠢᠯᠠᠭᠤᠯᠵᠤ᠂ ᠡᠯ᠎ᠡ ᠵᠦᠢᠯ ᠤᠨ ᠠᠵᠢᠯ ᠢ ᠦᠨᠡᠨᠬᠦ ᠰᠠᠶᠢᠲᠤᠷ ᠬᠢᠬᠦ ᠬᠡᠷᠡᠭᠲᠡᠢ᠃ ᠭᠠᠯ ᠤᠨᠲᠠᠷᠠᠭᠠᠬᠤ ᠶᠢ ᠬᠢᠨᠠᠨ ᠪᠠᠶᠢᠴᠠᠭᠠᠵᠤ ᠰᠢᠯᠭᠠᠨ ᠠᠪᠬᠤ ᠠᠵᠢᠯ ᠤᠨ ᠭᠤᠤᠯᠳᠠᠯᠭ᠎ᠠ ᠶᠢ ᠪᠠᠲᠤ ᠡᠵᠡᠮᠳᠡᠵᠦ᠂ ᠤᠯᠤᠰ ᠤᠨ ᠢᠨᠵᠧᠨᠧᠷᠢᠩ ᠤᠨ ᠪᠥᠲᠥᠭᠡᠨ ᠪᠠᠶᠢᠭᠤᠯᠤᠯᠲᠠ ᠶᠢᠨ ᠭᠠᠯ ᠤᠨᠲᠠᠷᠠᠭᠠᠬᠤ ᠮᠡᠷᠭᠡᠵᠢᠯ ᠤᠨ ᠪᠠᠷᠢᠮᠵᠢᠶ᠎ᠠ ᠶᠢ ᠴᠢᠩᠭ᠎ᠠ ᠬᠡᠷᠡᠭᠵᠢᠭᠦᠯᠵᠦ᠂ ᠭᠠᠯ ᠤᠨᠲᠠᠷᠠᠭᠠᠬᠤ ᠬᠠᠤᠯᠢ ᠲᠣᠭᠲᠠᠭᠠᠯ ᠲᠥᠷᠥ ᠶᠢᠨ ᠪᠣᠳᠣᠯᠭ᠎ᠠ ᠶᠢᠨ ᠱᠠᠭᠠᠷᠳᠠᠯᠭ᠎ᠠ ᠶᠢ ᠨᠠᠶᠢᠳᠠᠪᠤᠷᠢᠵᠢᠭᠤᠯᠤᠭᠰᠠᠨ ᠰᠠᠭᠤᠷᠢᠨ ᠳᠡᠭᠡᠷ᠎ᠡ᠂ ᠲᠡᠷᠢᠭᠦᠨ ᠤ ᠲᠤᠷᠰᠢᠯᠭ᠎ᠠ ᠠᠷᠭ᠎ᠠ ᠬᠢᠳᠡᠯ ᠢ ᠨᠠᠷᠢᠨ ᠬᠢᠨᠠᠮᠠᠭᠠᠶ ᠰᠤᠷᠤᠯᠴᠠᠵᠤ᠂ ᠣᠯᠠᠨ ᠲᠦᠮᠡᠨ ᠤ ᠣᠶᠤᠨ ᠤᠬᠠᠭᠠᠨ᠂ ᠲᠤᠰᠬᠠᠶ ᠮᠡᠷᠭᠡᠵᠢᠯᠲᠡᠨ ᠤ ᠰᠠᠨᠠᠯ᠂ ᠦᠨᠳᠦᠰᠦᠨ ᠱᠠᠲᠤᠨ ᠤ ᠲᠤᠷᠰᠢᠯᠭ᠎ᠠ ᠶᠢ ᠭᠦᠢᠴᠡᠳ ᠰᠢᠩᠭᠡᠭᠡᠨ ᠠᠪᠴᠤ᠂ ᠪᠣᠳᠠᠲᠠᠶ ᠳᠤ ᠰᠠᠭᠤᠷᠢᠯᠠᠨ᠂ ᠲᠡᠤᠬᠡ ᠶᠢ ᠬᠦᠨᠳᠦᠳᠬᠡᠵᠦ᠂ ᠰᠡᠳᠬᠢᠮᠵᠢ ᠶᠢᠨ ᠰᠢᠨ᠎ᠡ ᠶᠢ ᠡᠭᠦᠳᠴᠦ᠂ ᠨᠡᠶᠢᠯᠡᠮᠡᠯ ᠬᠦᠴᠦᠨ ᠢ ᠪᠠᠳᠠᠷᠠᠭᠤᠯᠤᠨ᠂ ᠲᠡᠤᠬᠡᠨ ᠦᠯᠡᠳᠡᠭᠳᠡᠯ ᠠᠰᠠᠭᠤᠳᠠᠯ ᠢ ᠬᠢᠨᠠᠮᠠᠭᠠᠶ ᠰᠢᠢᠳᠪᠦᠷᠢᠯᠡᠵᠦ᠂ ᠬᠠᠤᠯᠢ ᠲᠣᠭᠲᠠᠭᠠᠯ ᠠᠴᠠ ᠵᠥᠷᠢᠴᠡᠭᠰᠡᠨ ᠲᠤᠰᠬᠠᠶ ᠵᠠᠰᠠᠯᠲᠠ ᠶᠢ ᠦᠨᠡᠨ ᠬᠦ ᠰᠠᠶᠢᠳᠦᠷ ᠰᠢᠢᠳᠪᠦᠷᠢᠯᠡᠨ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ᠠᠮᠤᠷ ᠲᠦᠪᠰᠢᠨ ᠤ ᠬᠤᠷᠢᠭ᠎ᠠ ᠱᠤᠭᠤᠮ ᠢ ᠪᠠᠲᠤ ᠰᠠᠬᠢᠬᠤ ᠬᠡᠷᠡᠭᠲᠡᠶ ᠭᠡᠵᠤ ᠱᠠᠭᠠᠷᠳᠠᠪᠠ᠃
W020240729330005992312.jpg
    ᠬᠤᠷᠠᠯ ᠳᠡᠭᠡᠷ᠎ᠡ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ᠂ ᠾᠧᠨᠠᠨ ᠮᠤᠵᠢ᠂ ᠭᠠᠨᠰᠦ ᠮᠤᠵᠢ᠂ ᠬᠥᠬᠡᠬᠤᠲᠠ᠂ ᠪᠤᠭᠤᠲᠤ ᠬᠤᠲᠠ᠂ ᠬᠥᠬᠡᠬᠤᠲᠠ ᠶᠢᠨ ᠰᠢᠨ᠎ᠡ ᠬᠤᠲᠠ ᠲᠣᠭᠤᠷᠢᠭ ᠲᠣᠰ ᠲᠣᠰ ᠭᠠᠯ ᠤᠨᠲᠠᠷᠠᠭᠠᠬᠤ ᠬᠢᠨᠠᠨ ᠪᠠᠶᠢᠴᠠᠭᠠᠵᠤ ᠰᠢᠯᠭᠠᠨ ᠠᠪᠬᠤ ᠠᠵᠢᠯ ᠤᠨ ᠲᠡᠤᠬᠡᠨ ᠦᠯᠡᠳᠡᠭᠳᠡᠯ ᠠᠰᠠᠭᠤᠳᠠᠯ ᠤᠨ ᠵᠠᠰᠠᠯᠳᠠ ᠶᠢᠨ ᠲᠤᠬᠠᠢ ᠠᠵᠢᠯ ᠤᠨ ᠲᠤᠷᠰᠢᠯᠭ᠎ᠠ ᠪᠠ ᠭᠠᠯ ᠤᠨᠲᠠᠷᠠᠭᠠᠬᠤ ᠬᠢᠨᠠᠨ ᠪᠠᠶᠢᠴᠠᠭᠠᠵᠤ ᠰᠢᠯᠭᠠᠨ ᠠᠪᠬᠤ ᠠᠵᠢᠯ ᠤᠨ ᠲᠤᠰᠬᠠᠶ ᠵᠠᠰᠠᠯᠲᠠ ᠶᠢᠨ ᠠᠬᠢᠴᠠ ᠶᠢᠨ ᠪᠠᠶᠢᠳᠠᠯ ᠢ ᠲᠠᠨᠢᠯᠴᠠᠭᠤᠯᠪᠠ᠃ ᠬᠤᠷᠠᠯ ᠳᠤ ᠣᠷᠣᠯᠴᠠᠭᠰᠠᠨ ᠲᠥᠯᠥᠭᠡᠯᠡᠭᠴᠢᠳ ᠬᠡᠰᠡᠭ ᠭᠠᠯ ᠤᠨᠲᠠᠷᠠᠭᠠᠬᠤ ᠬᠢᠨᠠᠨ ᠪᠠᠶᠢᠴᠠᠭᠠᠵᠤ ᠰᠢᠯᠭᠠᠨ ᠠᠪᠬᠤ ᠠᠵᠢᠯ ᠤᠨ ᠦᠯᠡᠳᠡᠭᠳᠡᠯ ᠢ ᠴᠡᠭᠴᠡᠯᠡᠨ ᠵᠠᠰᠠᠬᠤ ᠲᠥᠷᠥᠯ ᠵᠦᠢᠯ ᠵᠢᠴᠢ ᠯᠠᠶᠢᠰᠧᠷ ᠴᠡᠭ ᠤᠨ ᠡᠭᠦᠯᠡᠨ ᠭᠤᠷᠪᠠᠨ ᠬᠡᠮᠵᠢᠯᠳᠦ ᠮᠡᠳᠡᠭᠡ ᠵᠠᠩᠭᠢ ᠶᠢ ᠲᠦᠷᠭᠡᠨ ᠭᠠᠷᠭᠠᠨ ᠠᠪᠬᠤ ᠪᠠ ᠰᠢᠢᠳᠪᠦᠷᠢᠯᠡᠬᠦ ᠮᠡᠷᠭᠡᠵᠢᠯ ᠤᠨ ᠬᠡᠷᠡᠭᠯᠡᠯᠲᠡ ᠵᠢᠴᠢ ᠲᠥᠬᠦᠮ ᠰᠦᠷᠴᠢᠭᠦᠷ ᠤᠨ ᠲᠥᠬᠦᠭᠡᠷᠦᠮᠵᠢ ᠶᠢᠨ ᠲᠤᠷᠰᠢᠯᠲᠠ ᠶᠢᠨ ᠦᠵᠡᠭᠦᠯᠦᠯᠭᠡ ᠶᠢ ᠲᠤᠬᠠᠶ ᠶᠢᠨ ᠭᠠᠵᠠᠷ ᠲᠤᠨᠢ ᠲᠣᠭᠤᠷᠢᠨ ᠦᠵᠡᠪᠡ᠃
W020240729330006184610.jpg
    ᠡᠯ᠎ᠡ ᠮᠣᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠲᠠ ᠪᠣᠯᠤᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠯ᠎ᠡ ᠠᠶᠢᠮᠠᠭ ᠬᠤᠲᠠ ᠶᠢᠨ ᠪᠦᠲᠦᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠭᠠᠯ ᠤᠨᠲᠠᠷᠠᠭᠠᠬᠤ ᠵᠢᠷᠤᠭ ᠲᠥᠯᠥᠪᠯᠡᠭᠡ ᠶᠢ ᠬᠢᠨᠠᠨ ᠪᠠᠶᠢᠴᠠᠭᠠᠵᠤ ᠰᠢᠯᠭᠠᠨ ᠠᠪᠬᠤ ᠠᠵᠢᠯ ᠤᠨ ᠬᠠᠮᠢᠶ᠎ᠠ ᠪᠦᠬᠦᠢ ᠬᠠᠷᠢᠭᠤᠴᠠᠯᠭᠠᠲᠠᠨ ᠬᠤᠷᠠᠯ ᠳᠤ ᠤᠷᠤᠯᠴᠠᠪᠠ᠃ 
ᠢᠷᠡᠯᠲᠡ᠄ ᠲᠢᠩᠬᠢᠮ ᠤᠨ ᠪᠥᠲᠥᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠭᠠᠯ ᠤᠨᠲᠠᠷᠠᠭᠠᠬᠤ ᠬᠢᠨᠠᠯᠲᠠ ᠬᠠᠮᠢᠶᠠᠷᠤᠯᠲᠠ ᠶᠢᠨ ᠭᠠᠵᠠᠷ
Baidu
map