ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠢᠩᠬᠢᠮ ᠪᠠᠷᠢᠯᠭ᠎ᠠ ᠪᠠ ᠬᠤᠲᠠ ᠶᠢᠨ ᠶᠠᠪᠤᠳᠠᠯ ᠤᠨ ᠰᠠᠭᠤᠷᠢ ᠲᠥᠬᠦᠭᠡᠷᠦᠮᠵᠢ ᠶᠢᠨ ᠰᠢᠨᠡᠴᠢᠯᠡᠯᠳᠡ ᠶᠢᠨ ᠠᠵᠢᠯ ᠢ ᠳᠣᠭᠢᠷᠠᠭᠤᠯᠤᠨ ᠠᠬᠢᠭᠤᠯᠬᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/8/1
    7 ᠳ᠋ᠤᠭᠠᠷ ᠰᠠᠷ᠎ᠠ ᠶᠢᠨ 30 ᠤ ᠡᠳᠦᠷ ᠤᠨ ᠦᠳᠡ ᠶᠢᠨ ᠡᠮᠦᠨ᠎ᠡ᠂ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠢᠩᠬᠢᠮ ᠠᠴᠠ ᠪᠠᠷᠢᠯᠭ᠎ᠠ ᠪᠠ ᠬᠤᠲᠠ ᠶᠢᠨ ᠶᠠᠪᠤᠳᠠᠯ ᠤᠨ ᠰᠠᠭᠤᠷᠢ ᠲᠥᠬᠦᠭᠡᠷᠦᠮᠵᠢ ᠶᠢᠨ ᠰᠢᠨᠡᠴᠢᠯᠡᠯᠳᠡ ᠶᠢᠨ ᠠᠵᠢᠯ ᠢ ᠳᠣᠭᠢᠷᠠᠭᠤᠯᠤᠨ ᠠᠬᠢᠭᠤᠯᠬᠤ ᠬᠤᠷᠠᠯ ᠬᠤᠷᠠᠯᠳᠤᠭᠤᠯᠵᠤ᠂ ᠣᠶᠢᠷ᠎ᠠ ᠶᠢᠨ ᠬᠤᠭᠤᠴᠠᠭᠠᠨ ᠤ ᠠᠵᠢᠯ ᠤᠨ ᠠᠬᠢᠴᠠ ᠶᠢᠨ ᠪᠠᠶᠢᠳᠠᠯ ᠤᠨ ᠬᠠᠷᠢᠭᠤ ᠮᠡᠳᠡᠭᠦᠯᠦᠯᠳᠡ ᠶᠢ ᠰᠣᠨᠣᠰᠴᠤ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠶᠠᠮᠤᠨ ᠵᠢᠴᠢ ᠥᠪᠡᠷᠲᠡᠭᠡᠨ ᠵᠠᠰᠠᠬᠤ ᠣᠷᠣᠨ ᠤ ᠬᠠᠮᠢᠶ᠎ᠠ ᠪᠥᠬᠦᠶ ᠠᠵᠢᠯ ᠤᠨ ᠲᠣᠬᠢᠷᠠᠭᠤᠯᠤᠯᠲᠠ ᠲᠠᠢ ᠤᠶᠠᠯᠳᠤᠭᠤᠯᠤᠨ᠂ ᠲᠠᠷᠠᠭᠠᠴᠢ ᠶᠢᠨ ᠠᠯᠬᠤᠮ ᠤᠨ ᠡᠯ᠎ᠡ ᠵᠦᠢᠯ ᠤᠨ ᠭᠤᠤᠯᠳᠠᠯᠭ᠎ᠠ ᠲᠠᠢ ᠠᠵᠢᠯ ᠢ ᠪᠠᠶᠢᠷᠢᠯᠠᠭᠤᠯᠪᠠ᠃ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠲᠢᠩᠬᠢᠮ ᠤᠨ ᠳᠡᠳ᠋ ᠳᠠᠷᠤᠭ᠎ᠠ ᠢᠦᠶ ᠰᠢᠨ ᠹᠠᠩ ᠬᠤᠷᠠᠯ ᠡᠷᠭᠢᠯᠡᠭᠰᠡᠨ ᠪᠥᠭᠡᠳ ᠶᠠᠷᠢᠶ᠎ᠠ ᠲᠠᠯᠪᠢᠵᠠᠶ᠃    ᠬᠤᠷᠠᠯ ᠠᠴᠠ᠂ ᠪᠠᠷᠢᠯᠭ᠎ᠠ ᠪᠣᠯᠤᠨ ᠬᠤᠳᠠ ᠶᠢᠨ ᠶᠠᠪᠤᠳᠠᠯ ᠤᠨ ᠰᠠᠭᠤᠷᠢ ᠲᠥᠬᠦᠭᠡᠷᠦᠮᠵᠢ ᠶᠢᠨ ᠰᠢᠨᠡᠴᠢᠯᠡᠯᠳᠡ ᠶᠢᠨ ᠠᠵᠢᠯ ᠤᠨ ᠪᠡᠯᠡ ᠣᠷᠣᠭᠤᠯᠤᠯᠲᠠ ᠶᠢᠨ ᠲᠠᠯᠳᠠ ᠬᠦᠴᠦᠨ ᠶᠡᠭᠡ᠂ ᠳᠠᠶᠢᠴᠢᠯᠠᠬᠤ ᠴᠢᠳᠠᠪᠤᠷᠢ ᠴᠢᠩᠭ᠎ᠠ᠂ ᠳᠣᠲᠣᠭᠠᠳᠤ ᠬᠡᠷᠡᠭᠴᠡᠭᠡ ᠶᠢ ᠥᠷᠭᠡᠳᠬᠡᠬᠦ᠂ ᠠᠷᠠᠳ ᠤᠨ ᠠᠮᠢᠳᠤᠷᠠᠯ ᠳᠤ ᠠᠰᠢᠭ ᠬᠦᠷᠲᠡᠭᠡᠬᠦ᠂ ᠨᠡᠮᠡᠭᠳᠡᠯ ᠢ ᠲᠣᠭᠲᠠᠪᠤᠷᠢᠵᠢᠭᠤᠯᠬᠤ ᠶᠢᠨ ᠴᠢᠬᠤᠯᠠ ᠬᠦᠴᠦᠯᠡᠬᠦ ᠴᠡᠭ ᠪᠣᠯᠤᠨ᠎ᠠ᠃ ᠦᠵᠡᠯ ᠰᠠᠨᠠᠭ᠎ᠠ ᠪᠠᠨ ᠨᠠᠮ ᠤᠨ ᠲᠥᠪ ᠬᠤᠷᠢᠶ᠎ᠠ᠂ ᠲᠦᠷᠦ ᠶᠢᠨ ᠶᠠᠪᠤᠳᠠᠯ ᠤᠨ ᠬᠤᠷᠢᠶᠠᠨ ᠤ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠳᠡᠭᠡᠷ᠎ᠡ ᠦᠨᠡᠨ ᠬᠦ ᠨᠢᠭᠡᠳᠬᠡᠵᠦ᠂ ᠳᠡᠭᠡᠳᠦ ᠬᠡᠮᠵᠢᠶᠡᠨ ᠤ ᠤᠯᠤᠰ ᠲᠦᠷᠦ ᠶᠢᠨ ᠬᠠᠷᠢᠭᠤᠴᠠᠯᠭᠠᠲᠤ ᠰᠡᠳᠬᠢᠯᠭᠡ ᠪᠠ ᠡᠭᠦᠷᠭᠡᠲᠦ ᠰᠡᠳᠬᠢᠯᠭᠡ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠠᠵᠢᠯ ᠢ ᠰᠠᠶᠢᠲᠤᠷ ᠠᠳᠬᠤᠬᠤ ᠬᠡᠷᠡᠭᠲᠡᠢ᠃ ᠲᠦᠷᠦ ᠶᠢᠨ ᠪᠤᠳᠤᠯᠭ᠎ᠠ ᠶᠢᠨ ᠬᠠᠨᠳᠤᠰᠢ ᠶᠢ ᠭᠦᠨᠵᠡᠭᠡᠢ ᠡᠵᠡᠮᠳᠡᠵᠦ᠂ ᠬᠤᠯᠪᠣᠭᠳᠠᠯ ᠪᠦᠬᠦᠢ ᠶᠠᠮᠤᠨ ᠵᠥᠪᠯᠡᠯ ᠯᠦᠭᠡ ᠶᠢᠨ ᠨᠡᠪᠳᠡᠷᠡᠯᠴᠡᠭᠡ ᠵᠣᠯᠭᠠᠯᠴᠠᠭ᠎ᠠ ᠪᠠᠨ ᠴᠢᠩᠭᠠᠳᠬᠠᠵᠤ᠂ ᠠᠵᠠ ᠲᠣᠬᠢᠶᠠᠯ ᠢ ᠠᠮᠵᠢᠵᠤ᠂ ᠨᠡᠩ ᠤᠯᠠᠨ ᠲᠦᠷᠦᠯ ᠵᠦᠢᠯ ᠢ ᠳᠡᠮᠵᠢᠬᠦ ᠬᠡᠪᠴᠢᠶᠡᠨ ᠳᠤ ᠣᠷᠣᠭᠤᠯᠬᠤ ᠪᠠᠷ ᠴᠢᠷᠮᠠᠶᠢᠬᠤ ᠬᠡᠷᠡᠭᠲᠡᠢ ᠭᠡᠵᠤ ᠴᠢᠬᠤᠯᠠᠴᠢᠯᠠᠪᠠ᠃    ᠬᠤᠷᠠᠯ ᠠᠴᠠ᠂ ᠠᠵᠢᠯ ᠤᠨ ᠠᠬᠢᠴᠠ ᠶᠢ ᠲᠦᠷᠭᠡᠳᠭᠡᠵᠤ᠂ ᠰᠠᠯᠠᠭ᠎ᠠ ᠮᠥᠴᠢᠷ ᠤᠨ ᠬᠤᠭᠤᠷᠣᠨᠳᠣᠬᠢ ᠬᠠᠮᠵᠢᠯᠴᠠᠭ᠎ᠠ ᠶᠢᠨ ᠲᠣᠭᠲᠠᠴᠠ ᠶᠢ ᠲᠡᠭᠦᠯᠳᠡᠷᠵᠢᠭᠦᠯᠵᠦ᠂ ᠲᠥᠷᠥ ᠶᠢᠨ ᠪᠣᠳᠣᠯᠭ᠎ᠠ ᠶᠢᠨ ᠲᠠᠶᠢᠯᠤᠮᠵᠢ ᠶᠢ ᠴᠢᠩᠭᠠᠳᠬᠠᠨ᠂ ᠠᠶᠢᠮᠠᠭ ᠬᠤᠲᠠ ᠶᠢᠨ ᠲᠥᠷᠥᠯ ᠵᠦᠢᠯ ᠤᠨ ᠨᠥᠭᠡᠴᠡᠯᠡᠯᠲᠡ ᠶᠢᠨ ᠵᠢᠯᠣᠭᠤᠳᠣᠯᠭ᠎ᠠ ᠶᠢ ᠰᠠᠶᠢᠲᠤᠷ ᠬᠢᠬᠦ ᠬᠡᠷᠡᠭᠲᠡᠶ᠃ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠪᠠ ᠰᠢᠢᠳᠪᠦᠷᠢᠯᠡᠬᠦ ᠰᠡᠳᠬᠢᠬᠦᠶ ᠶᠢ ᠪᠠᠷᠢᠮᠲᠠᠯᠠᠵᠤ᠂ ᠪᠤᠰᠤᠳ ᠮᠤᠵᠢ ᠬᠤᠲᠠ ᠶᠢᠨ ᠰᠢᠯᠢᠳᠡᠭ ᠠᠷᠭ᠎ᠠ ᠪᠠᠷᠢᠯ ᠢ ᠰᠢᠨᠵᠢᠯᠡᠨ ᠪᠠᠶᠢᠴᠠᠭᠠᠵᠤ᠂ ᠪᠠᠷᠢᠮᠵᠢᠶ᠎ᠠ ᠲᠠᠢ ᠬᠠᠷᠭᠤᠭᠤᠯᠤᠨ ᠬᠦᠰᠦᠨᠦᠭᠲᠦ ᠲᠠᠢ ᠬᠠᠷᠢᠴᠠᠭᠤᠯᠤᠨ ᠮᠠᠨ ᠤ ᠤᠷᠤᠨ ᠤ ᠲᠥᠬᠦᠭᠡᠷᠦᠮᠵᠢ ᠶᠢᠨ ᠰᠢᠨᠡᠴᠢᠯᠡᠯᠳᠡ ᠶᠢᠨ ᠠᠵᠢᠯ ᠢ ᠭᠦᠨᠵᠡᠭᠡᠶ ᠠᠬᠢᠭᠤᠯᠬᠤ ᠰᠡᠳᠬᠢᠴᠡ ᠪᠠ ᠠᠷᠭ᠎ᠠ ᠪᠠᠷᠢᠯ ᠢ ᠰᠦᠪᠡᠭᠴᠢᠯᠡᠬᠦ ᠬᠡᠷᠡᠭᠲᠡᠶ ᠭᠡᠵᠤ ᠱᠠᠭᠠᠷᠳᠠᠪᠠ᠃    ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠢᠩᠬᠢᠮ ᠤᠨ ᠬᠤᠯᠪᠣᠭᠳᠠᠯ ᠪᠥᠬᠦᠶ ᠭᠠᠵᠠᠷ ᠲᠠᠰᠤᠭ ᠤᠨ ᠬᠠᠷᠢᠭᠤᠴᠠᠯᠭᠠᠲᠠᠨ ᠨᠥᠬᠦᠳ ᠬᠤᠷᠠᠯ ᠳᠤ ᠣᠷᠣᠯᠴᠠᠵᠠᠶ᠃ 
ᠢᠷᠡᠯᠲᠡ᠄ ᠲᠢᠩᠬᠢᠮ ᠤᠨ ᠲᠦᠯᠦᠪᠯᠡᠯᠭᠡᠳᠦ ᠡᠳ᠋ ᠤᠨ ᠶᠠᠪᠤᠳᠠᠯ ᠤᠨ ᠭᠠᠵᠠᠷ
Baidu
map