ᠪᠥᠬᠦ ᠣᠷᠣᠨ ᠤ ᠦᠶᠡᠷ ᠤᠨ ᠬᠤᠭᠤᠴᠠᠭᠠᠨ ᠤ ᠬᠤᠲᠠ ᠶᠢᠨ ᠤᠰᠤ ᠭᠠᠳᠠᠭᠰᠢᠯᠠᠭᠤᠯᠬᠤ᠂ ᠤᠰᠤᠲᠤᠯ ᠢ ᠰᠡᠷᠭᠡᠶᠢᠯᠡᠬᠦ ᠠᠵᠢᠯ ᠤᠨ ᠪᠠᠶᠢᠷᠢᠯᠠᠭᠤᠯᠤᠯᠲᠠ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/8/1
    7 ᠳ᠋ᠤᠭᠠᠷ ᠰᠠᠷ᠎ᠠ ᠶᠢᠨ 29 ᠤ ᠡᠳᠦᠷ᠂ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠢᠩᠬᠢᠮ ᠠᠴᠠ ᠪᠥᠬᠦ ᠣᠷᠣᠨ ᠤ ᠦᠶᠡᠷ ᠤᠨ ᠬᠤᠭᠤᠴᠠᠭᠠᠨ ᠤ ᠬᠤᠲᠠ ᠶᠢᠨ ᠤᠰᠤ ᠭᠠᠳᠠᠭᠰᠢᠯᠠᠭᠤᠯᠬᠤ ᠂ ᠤᠰᠤᠲᠤᠯ ᠢ ᠰᠡᠷᠭᠡᠶᠢᠯᠡᠬᠦ ᠠᠵᠢᠯ ᠢ ᠳᠠᠬᠢᠨ ᠪᠠᠶᠢᠷᠢᠯᠠᠭᠤᠯᠬᠤ ᠬᠤᠷᠠᠯ ᠬᠤᠷᠠᠯᠳᠤᠭᠤᠯᠪᠠ᠃ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠲᠢᠩᠬᠢᠮ ᠤᠨ ᠳᠡᠳ᠋ ᠳᠠᠷᠤᠭ᠎ᠠ ᠢᠦᠶ ᠰᠢᠨ ᠹᠠᠩ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ᠃    ᠬᠤᠷᠠᠯ ᠠᠴᠠ᠂ ᠣᠳᠣᠬᠠᠨ ᠳᠤ ᠶᠠᠭ ︽ᠳᠣᠯᠣᠭᠠᠨ ᠰᠠᠷ᠎ᠠ ᠶᠢᠨ ᠰᠡᠭᠦᠯᠴᠢ᠂ ᠨᠠᠢᠮᠠᠨ ᠰᠠᠷ᠎ᠠ ᠶᠢᠨ ᠡᠬᠢᠨ︾ ᠤ ᠦᠶᠡᠷ ᠢ ᠰᠡᠷᠭᠡᠶᠢᠯᠡᠬᠦ ᠵᠠᠩᠭᠢᠯᠠᠭ᠎ᠠ ᠶᠢᠨ ᠬᠤᠭᠤᠴᠠᠭ᠎ᠠ ᠪᠤᠯᠤᠨ᠎ᠠ᠂ ᠰᠢᠷᠦᠭᠦᠨ ᠪᠣᠷᠣᠭᠠᠨ ᠤᠯᠠᠨ ᠪᠦᠭᠡᠳ ᠪᠤᠷᠤᠭᠠᠯᠠᠬᠤ ᠬᠤᠭᠤᠴᠠᠭ᠎ᠠ ᠤᠷᠲᠤ᠂ ᠲᠤᠶᠢᠯᠰᠢᠷᠠᠯ ᠤᠨ ᠴᠢᠨᠠᠷ ᠢᠶᠠᠷ ᠴᠢᠩᠭ᠎ᠠ᠂ ᠡᠨᠡ ᠨᠢ ᠳᠣᠲᠣᠭᠠᠳᠤ ᠤᠰᠤᠲᠤᠯ ᠤᠨ ᠭᠠᠮᠰᠢᠭ ᠢ ᠠᠮᠠᠷᠬᠠᠨ ᠡᠭᠦᠰᠭᠡᠨ᠎ᠡ᠃ ᠡᠯ᠎ᠡ ᠭᠠᠵᠠᠷ ᠤᠨ ᠬᠢᠨ ᠶᠡᠷᠦᠩᠬᠡᠶ ᠱᠦᠵᠢ ᠰᠢ ᠶᠢᠨ ᠫᠢᠩ ᠤᠨ ᠦᠶᠡᠷ ᠢ ᠰᠡᠷᠭᠡᠶᠢᠯᠡᠵᠦ ᠭᠠᠮᠰᠢᠭ ᠠᠴᠠ ᠠᠪᠤᠷᠠᠬᠤ ᠠᠵᠢᠯ ᠤᠨ ᠲᠤᠬᠠᠶ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠡᠷᠡᠰ ᠲᠤᠭᠤᠰᠢᠯᠠᠭᠤᠯᠵᠤ᠂ ᠤᠯᠤᠰ ᠤᠨ ᠦᠶᠡᠷ ᠢ ᠰᠡᠷᠭᠡᠶᠢᠯᠡᠵᠦ ᠭᠠᠩ ᠬᠠᠭᠰᠠᠷᠠᠭᠠᠨ ᠲᠠᠢ ᠲᠡᠮᠡᠴᠡᠬᠦ ᠶᠡᠷᠦᠩᠬᠡᠶ ᠵᠢᠯᠣᠭᠤᠳᠬᠤ ᠭᠠᠵᠠᠷ ᠤᠨ ᠬᠤᠷᠠᠯ ᠤᠨ ᠪᠠᠶᠢᠷᠢᠯᠠᠭᠤᠯᠤᠯᠲᠠ ᠶᠣᠰᠣᠭᠠᠷ᠂ ᠠᠶᠤᠯ ᠲᠦᠭᠰᠢᠭᠦᠷᠢ ᠶᠢᠨ ᠤᠬᠠᠮᠰᠠᠷ ᠢᠶᠠᠨ ᠳᠡᠭᠡᠭᠰᠢᠯᠡᠭᠦᠯᠵᠦ᠂ ᠲᠠᠶᠢᠪᠤᠰᠢᠷᠠᠬᠤ ᠦᠵᠡᠯ ᠰᠠᠨᠠᠭ᠎ᠠ ᠪᠣᠯᠤᠨ ᠭᠤᠷᠢᠳᠠᠬᠤ ᠪᠣᠳᠣᠯ ᠢ ᠡᠷᠡᠰ ᠲᠡᠪᠴᠢᠵᠦ᠂ ︽ᠴᠠᠭ ᠢᠮᠠᠭᠲᠠ ᠰᠡᠳᠬᠢᠯ ᠠᠮᠤᠷ ᠦᠭᠡᠢ ᠪᠠᠶᠢᠬᠤ︾ ᠬᠠᠷᠢᠭᠤᠴᠠᠯᠭᠠᠲᠤ ᠰᠡᠳᠬᠢᠯᠭᠡ ᠶᠢ ᠦᠨᠡᠨ ᠬᠦ ︽ᠶᠠᠪᠤᠳᠠᠯ ᠪᠣᠯᠭᠠᠨ ᠳᠤ ᠳᠣᠲᠣᠷ᠎ᠠ ᠪᠠᠨ ᠲᠤᠭ᠎ᠠ ᠲᠠᠢ ᠪᠠᠶᠢᠬᠤ︾ ᠠᠵᠢᠯᠯᠠᠭᠠᠨ ᠤ ᠬᠥᠳᠡᠯᠭᠡᠬᠦ ᠬᠦᠴᠦᠨ ᠪᠣᠯᠭᠠᠨ ᠬᠤᠪᠢᠷᠠᠭᠤᠯᠵᠤ᠂ ᠠᠵᠢᠯ ᠤᠨ ᠨᠠᠶᠢᠳᠠᠪᠤᠷᠢᠵᠢᠭᠤᠯᠤᠯᠲᠠ ᠶᠢ ᠴᠢᠩᠭ᠎ᠠ ᠠᠳᠬᠤᠵᠤ᠂ ᠦᠶᠡᠷ ᠤᠨ ᠬᠤᠭᠤᠴᠠᠭ᠎ᠠ ᠶᠢ ᠠᠮᠤᠷ ᠲᠦᠪᠰᠢᠨ ᠢᠶᠠᠷ ᠥᠩᠭᠡᠷᠡᠭᠦᠯᠬᠦ ᠶᠢ ᠦᠨᠡᠨ ᠬᠦ ᠪᠠᠲᠤᠯᠠᠬᠤ ᠬᠡᠷᠡᠭᠲᠡᠶ ᠭᠡᠵᠦ ᠵᠢᠭᠠᠵᠤ ᠭᠠᠷᠭᠠᠪᠠ᠃    ᠬᠤᠷᠠᠯ ᠠᠴᠠ᠂ ᠡᠯ᠎ᠡ ᠭᠠᠵᠠᠷ ᠤᠨ ᠬᠢᠨ ᠬᠤᠲᠠ ᠶᠢᠨ ᠤᠰᠤᠲᠤᠯ ᠤᠨ ᠳᠠᠯᠳᠠ ᠬᠡᠮ ᠢ ᠳᠠᠬᠢᠨ ᠵᠢᠭᠰᠠᠭᠠᠨ ᠪᠠᠶᠢᠴᠠᠭᠠᠵᠤ᠂ ᠳᠠᠬᠢᠨ ᠴᠡᠭᠴᠡᠯᠡᠨ ᠵᠠᠰᠠᠬᠤ ᠶᠢ ᠭᠦᠨᠵᠡᠭᠡᠶ ᠥᠷᠨᠢᠭᠦᠯᠵᠦ᠂ ᠳᠠᠯᠳᠠ ᠬᠡᠮ ᠤᠨ ᠴᠡᠭ ᠢ ᠴᠡᠭᠴᠡᠯᠡᠨ ᠵᠠᠰᠠᠬᠤ ᠡᠬᠡ ᠲᠠᠩᠰᠠ ᠶᠢ ᠪᠠᠶᠢᠭᠤᠯᠵᠤ᠂ ᠪᠡᠯᠡᠳᠬᠡᠮᠵᠢ ᠲᠥᠬᠦᠭᠡᠷᠦᠮᠵᠢ ᠶᠢ ᠪᠥᠬᠦ ᠲᠠᠯ᠎ᠠ ᠪᠠᠷ ᠪᠠᠶᠢᠴᠠᠭᠠᠨ ᠵᠠᠰᠠᠵᠤ ᠠᠷᠠᠴᠢᠯᠠᠨ ᠬᠠᠮᠠᠭᠠᠯᠠᠵᠤ᠂ ᠪᠠᠭᠤᠷᠠᠶ ᠭᠤᠭᠴᠤᠭ᠎ᠠ ᠶᠢᠨ ᠠᠮᠤᠷ ᠲᠦᠪᠰᠢᠨ ᠤ ᠰᠡᠷᠭᠡᠶᠢᠯᠡᠯᠲᠡ ᠶᠢ ᠦᠨᠡᠨᠬᠦ ᠰᠠᠶᠢᠲᠤᠷ ᠬᠢᠬᠦ ᠬᠡᠷᠡᠭᠲᠡᠶ᠃ ᠰᠠᠯᠠᠭ᠎ᠠ ᠮᠥᠴᠢᠷ ᠤᠨ ᠬᠠᠮᠵᠢᠯᠴᠠᠨ ᠬᠠᠮᠲᠤᠷᠠᠯᠴᠠᠬᠤ ᠶᠢ ᠴᠢᠩᠭᠠᠳᠬᠠᠵᠤ᠂ ᠪᠡᠯᠡᠳᠬᠡᠯ ᠲᠥᠰᠦᠯ ᠳᠤ ᠵᠠᠰᠠᠪᠤᠷᠢ ᠣᠷᠣᠭᠤᠯᠬᠤ ᠪᠠ ᠪᠠᠴᠢᠮ ᠪᠠᠶᠢᠳᠠᠯ ᠢ ᠠᠷᠭᠠᠴᠠᠭᠠᠬᠤ ᠰᠣᠷᠢᠯᠲᠠ ᠶᠢᠨ ᠠᠵᠢᠯ ᠢ ᠰᠠᠶᠢᠲᠤᠷ ᠬᠢᠵᠦ᠂ ᠦᠶᠡᠷ ᠤᠨ ᠬᠤᠭᠤᠴᠠᠭᠠᠨ ᠳᠤ ᠵᠢᠵᠢᠭᠦᠷᠯᠡᠨ ᠰᠠᠬᠢᠬᠤ ᠲᠦᠷᠢᠮ ᠢ ᠴᠢᠩᠭ᠎ᠠ ᠬᠡᠷᠡᠭᠵᠢᠭᠦᠯᠬᠦ ᠬᠡᠷᠡᠭᠲᠡᠶ᠃ ᠤᠰᠤ ᠭᠠᠳᠠᠭᠰᠢᠯᠠᠭᠤᠯᠬᠤ ᠂ ᠤᠰᠤᠲᠤᠯ ᠢ ᠰᠡᠷᠭᠡᠶᠢᠯᠡᠬᠦ ᠢᠨᠵᠧᠨᠧᠷᠢᠩ ᠤᠨ ᠰᠢᠰᠲ᠋ᠧᠮ ᠤᠨ ᠪᠦᠳᠦᠭᠡᠨ ᠪᠠᠶᠢᠭᠤᠯᠤᠯᠲᠠ ᠶᠢ ᠦᠷᠭᠦᠯᠵᠢᠯᠡᠨ ᠲᠡᠭᠦᠯᠳᠡᠷᠵᠢᠭᠦᠯᠵᠦ᠂ ᠤᠰᠤᠲᠤᠯ ᠢ ᠰᠡᠷᠭᠡᠶᠢᠯᠡᠬᠦ ᠴᠡᠭ ᠢ ᠠᠷᠢᠯᠭᠠᠬᠤ ᠡᠭᠦᠷᠭᠡ ᠳᠤ ᠠᠩᠬᠠᠷᠤᠯ ᠢᠶᠠᠨ ᠲᠥᠪᠯᠡᠷᠡᠭᠦᠯᠵᠦ᠂ ᠲᠦᠷᠦᠯ ᠵᠦᠢᠯ ᠤᠨ ᠬᠠᠮᠢᠶᠠᠷᠤᠯᠲᠠ ᠶᠢ ᠴᠢᠩᠳᠠᠯᠠᠵᠤ᠂ ᠲᠦᠷᠦᠯ ᠵᠦᠢᠯ ᠢ ᠴᠠᠭ ᠲᠤᠬᠠᠢ ᠳᠤᠨᠢ ᠳᠠᠭᠤᠰᠬᠠᠬᠤ ᠶᠢ ᠪᠠᠲᠤᠯᠠᠬᠤ ᠬᠡᠷᠡᠭᠲᠡᠢ ᠭᠡᠵᠤ ᠴᠢᠬᠤᠯᠠᠴᠢᠯᠠᠪᠠ᠃    ᠬᠤᠷᠠᠯ ᠢ ᠸᠢᠳᠢᠤ᠋ ᠬᠡᠯᠪᠡᠷᠢ ᠪᠠᠷ ᠬᠤᠷᠠᠯᠳᠤᠭᠤᠯᠵᠤ᠂ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠢᠩᠬᠢᠮ ᠤᠨ ᠬᠤᠲᠠ ᠶᠢᠨ ᠪᠥᠲᠥᠭᠡᠨ ᠪᠠᠶᠢᠭᠤᠯᠤᠯᠲᠠ ᠶᠢᠨ ᠭᠠᠵᠠᠷ ᠤᠨ ᠬᠠᠷᠢᠭᠤᠴᠠᠯᠭᠠᠲᠠᠨ ᠨᠥᠬᠦᠳ ᠬᠤᠷᠠᠯ ᠤᠨ ᠭᠤᠤᠯ ᠲᠠᠯᠠᠪᠠᠶ ᠳᠤ ᠬᠤᠷᠠᠯ ᠳᠤ ᠣᠷᠣᠯᠴᠠᠵᠤ᠂ ᠡᠯ᠎ᠡ ᠠᠶᠢᠮᠠᠭ ᠬᠤᠲᠠ ᠶᠢᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ ᠶᠢᠨ ᠬᠤᠪᠢᠳᠠᠨ ᠬᠠᠮᠢᠶᠠᠷᠴᠤ ᠪᠠᠶᠢᠭ᠎ᠠ ᠬᠠᠷᠢᠭᠤᠴᠠᠯᠭᠠᠲᠠᠨ ᠨᠥᠬᠦᠳ ᠠᠶᠢᠮᠠᠭ ᠬᠤᠲᠠ ᠶᠢᠨ ᠬᠤᠷᠠᠯ ᠤᠨ ᠬᠤᠪᠢᠶᠠᠷᠢ ᠲᠠᠯᠠᠪᠠᠶ ᠳᠤ ᠬᠤᠷᠠᠯ ᠳᠤ ᠣᠷᠣᠯᠴᠠᠵᠠᠶ᠃ 
ᠢᠷᠡᠯᠲᠡ᠄ ᠲᠢᠩᠬᠢᠮ ᠤᠨ ᠬᠤᠲᠠ ᠶᠢᠨ ᠪᠥᠲᠥᠭᠡᠨ ᠪᠠᠶᠢᠭᠤᠯᠤᠯᠲᠠ ᠶᠢᠨ ᠭᠠᠵᠠᠷ
Baidu
map