ᠤᠷᠤᠰᠢᠨ ᠰᠠᠭᠤᠬᠤ ᠤᠷᠴᠢᠨ ᠲᠤᠭᠤᠷᠢᠨ ᠤ ᠪᠦᠳᠦᠭᠡᠨ ᠪᠠᠶᠢᠭᠤᠯᠤᠯᠳᠠ ᠶᠢᠨ ᠦᠷ᠎ᠡ ᠪᠦᠳᠦᠮᠵᠢ — ᠠᠮᠢ ᠠᠬᠤᠶᠢᠴᠢ ᠤᠷᠤᠰᠢᠨ ᠰᠠᠭᠤᠬᠤ ᠳᠤ ᠲᠣᠬᠢᠷᠠᠮᠵᠢᠲᠠᠶ
ᠨᠡᠶᠢᠲᠡᠯᠡᠭᠰᠡᠨ ᠴᠠᠭ᠄
2024/8/16
    ᠪᠣᠬᠢᠷᠲᠤᠯ ᠥᠬᠡᠶ ᠬᠡᠷ ᠣᠷᠣᠨ ᠢ ᠬᠠᠮᠲᠤ ᠪᠠᠷ ᠪᠥᠲᠥᠭᠡᠨ ᠪᠠᠶᠢᠭᠤᠯᠬᠤ ᠲᠤᠬᠠᠢ ᠣᠷᠳᠣᠰ ᠬᠤᠲᠠ ᠶᠢᠨ ᠠᠮᠢ ᠠᠬᠤᠶᠢᠴᠢ ᠤᠷᠤᠰᠢᠨ ᠰᠠᠭᠤᠬᠤ ᠳᠤ ᠲᠣᠬᠢᠷᠠᠮᠵᠢᠲᠠᠶ ᠬᠥᠭᠵᠢᠯᠲᠡ ᠶᠢᠨ ᠵᠠᠮ    ᠤᠢᠢᠷ᠎ᠠ ᠶᠢᠨ ᠵᠢᠯ ᠠᠴᠠ ᠨᠠᠰᠢ᠂ ᠤᠷᠳᠤᠰ ᠬᠤᠳᠠ ᠰᠢ ᠶᠢᠨ ᠫᠢᠡᠭ ᠤᠨ ᠠᠮᠢ ᠠᠬᠤᠢ ᠶᠢᠨ ᠪᠤᠯᠪᠠᠰᠤᠨ ᠤ ᠦᠵᠠᠯ ᠰᠠᠨᠠᠭ᠎ᠠ ᠶᠢ ᠭᠦᠨᠵᠡᠭᠡᠢ ᠦᠢᠯᠡᠳᠦᠯᠭᠡᠵᠢᠭᠦᠯᠵᠤ ᠂ ᠨᠠᠮ ᠤᠨ ᠲᠦᠪ ᠬᠤᠷᠢᠶ᠎ᠠ᠂ ᠦᠪᠤᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠵᠢᠴᠢ ᠬᠤᠳᠠ ᠶᠢᠨ ᠨᠠᠮ ᠤᠨ ᠬᠤᠷᠢᠶ᠎ᠠ᠂ ᠬᠤᠳᠠ ᠶᠢᠨ ᠵᠠᠰᠠᠭ ᠤᠨ ᠤᠷᠳᠤᠨ ᠤ ᠠᠮᠢ ᠠᠬᠤᠢ ᠤᠷᠴᠢᠨ ᠲᠤᠭᠤᠷᠢᠨ ᠤ ᠬᠠᠮᠠᠭᠠᠯᠠᠯᠳᠠ ᠶᠢᠨ ᠠᠵᠢᠯ ᠤᠨ ᠲᠤᠬᠠᠢ ᠴᠢᠬᠤᠯᠠ ᠶᠡᠭᠡ ᠰᠢᠢᠳᠪᠤᠷᠢᠳᠤ ᠪᠤᠳᠤᠯᠭ᠎ᠠ ᠶᠢᠨ ᠪᠠᠶᠢᠷᠢᠯᠠᠭᠤᠯᠤᠯᠳᠠ ᠶᠢ ᠪᠦᠭᠦ ᠲᠠᠯ᠎ᠠ ᠪᠠᠷ ᠨᠠᠶᠢᠳᠠᠪᠤᠷᠢᠵᠢᠭᠤᠯᠤᠨ᠂ ᠠᠮᠢ ᠠᠬᠤᠢ ᠤᠷᠴᠢᠨ ᠲᠤᠭᠤᠷᠢᠨ ᠭᠤᠶᠤ ᠰᠠᠶᠢᠬᠠᠨ ᠂ ᠪᠠᠶᠢᠭᠠᠯᠢ   ᠶᠢᠨ ᠡᠬᠢ ᠪᠠᠶᠠᠯᠢᠭ ᠡᠯᠪᠡᠭ ᠲᠡᠯᠪᠡᠭ ᠂ ᠨᠡᠶᠢᠭᠡᠮ ᠠᠵᠤ ᠠᠬᠤᠢ ᠡᠶ᠎ᠡ ᠵᠤᠭᠢᠴᠠᠩᠭᠤᠢ ᠪᠠᠷ ᠭᠦᠭᠵᠢᠭᠰᠡᠨ ᠰᠠᠭᠤᠷᠢᠨ ᠲᠡᠭᠡᠷ᠎ᠠ᠂ ᠪᠤᠭᠢᠷᠳᠤᠯ ᠦᠭᠡᠢ ᠠᠮᠢ ᠠᠬᠤᠢ᠂ ᠬᠤᠳᠠ ᠶᠢᠨ ᠲᠦᠯᠦᠪᠵᠢᠭᠦᠯᠭᠡ ᠪᠠ ᠪᠦᠳᠦᠭᠡᠨ ᠪᠠᠶᠢᠭᠤᠯᠤᠯᠳᠠ᠂ ᠭᠦᠮᠦᠨ ᠠᠮᠠ ᠪᠠ ᠬᠤᠳᠠ ᠶᠢᠨ ᠭᠡᠪᠴᠢᠶ᠎ᠠ᠂ ᠠᠭᠠᠷ ᠤᠨ ᠲᠤᠩᠭᠠᠯᠭ ᠴᠢᠨᠡᠷ᠂ ᠤᠰᠤᠨ ᠤ ᠴᠡᠪᠡᠷ ᠴᠢᠨᠡᠷ ᠤᠨ ᠠᠮᠤᠷ ᠲᠦᠪᠰᠢᠨ ᠵᠡᠷᠭᠡ ᠤᠯᠠᠨ ᠲᠠᠯ᠎ᠠ ᠶᠢᠨ ᠲᠤᠭᠤᠷᠢᠨ ᠳᠤ ᠰᠠᠭᠤᠭᠠᠯᠢ ᠠᠷᠠᠳ ᠲᠤ ᠡᠷᠡᠭᠦᠯ ᠴᠢᠬᠢᠷᠠᠭ᠂ ᠲᠠᠭᠠᠯᠠᠮᠵᠢᠳᠠᠢ᠂ ᠲᠦᠭᠦᠮ ᠲᠦᠳᠡ ᠠᠮᠢᠳᠤᠷᠠᠯ ᠤᠨ ᠤᠷᠴᠢᠨ ᠲᠤᠭᠤᠷᠢᠨ ᠢ ᠬᠠᠨᠭ᠍ᠭᠠᠵᠤ᠂ ᠠᠯᠬᠤᠮ ᠠᠯᠬᠤᠮ ᠢᠶᠠᠷ ᠠᠮᠢ ᠠᠬᠤᠶᠢᠴᠢ ᠤᠷᠤᠰᠢᠨ ᠰᠠᠭᠤᠬᠤ ᠳᠤ ᠲᠠᠭᠠᠯᠠᠮᠵᠢᠳᠠᠢ ᠤᠷᠴᠢᠨ ᠲᠤᠭᠤᠷᠢᠨ ᠤ ᠦᠯᠢᠭᠡᠷ ᠲᠠᠭᠤᠷᠢᠶᠠᠯ ᠪᠤᠯᠵᠠᠢ᠃ ︽ᠰᠢᠪᠠᠷ ᠵᠠᠮ ᠂ ᠰᠢᠷᠤᠢ ᠬᠡᠷᠡᠮ᠂ ᠠᠷᠪᠠᠭᠠᠳ ᠰᠠᠭᠤᠷᠢ ᠬᠠᠶᠢᠯᠠᠰᠤᠨ ᠮᠣᠳᠣ ᠵᠠᠭᠤᠭᠠᠳ ᠲᠠᠰᠤᠯᠭ᠎ᠠ ᠡᠪᠳᠡᠷᠬᠡᠢ ᠭᠡᠷ︾ ᠲᠠᠢ ᠪᠠᠶᠢᠭᠰᠠᠨ ᠥᠨᠳᠦᠷᠯᠢᠭ ᠤᠨ ᠵᠢᠵᠢᠭ ᠬᠤᠲᠠ ᠣᠳᠣ ᠨᠢᠭᠡᠨᠲᠡ ᠬᠥᠬᠡᠮᠳᠦᠭ ᠠᠭᠤᠯᠠ ᠴᠡᠩᠭᠡᠭ ᠤᠰᠤ᠂ ᠥᠩᠭᠡ ᠦᠵᠡᠮᠵᠢ ᠪᠦᠷᠢᠳᠦᠭᠰᠡᠨ ᠠᠮᠢ ᠠᠬᠤᠶᠢᠴᠢ ᠳᠤᠯᠠᠭᠠᠨ ᠬᠤᠲᠠ ᠪᠤᠯᠵᠤ ᠬᠤᠪᠢᠷᠠᠨ᠎ᠠ ᠭᠡᠵᠦ ᠬᠡᠨ ᠪᠣᠳᠣᠵᠤ ᠣᠯᠬᠤ ᠪᠣᠢ᠃    1.ᠡᠯᠡᠰᠦᠨ ᠴᠦᠯ ᠤᠨ ᠪᠣᠭᠤᠮᠲᠠ ᠰᠢᠪᠲᠤᠯᠬᠤ ᠠᠵᠢᠯ ᠠᠩᠬᠠᠨ ᠤ ᠠᠮᠵᠢᠯᠲᠠ ᠤᠯᠪᠠ    ᠬᠠᠲᠤᠨ ᠭᠤᠣᠯ ᠤᠨ ︽ ᠶᠡᠭᠡ ᠲᠤᠬᠤᠢ ︾  ᠶᠢᠨ ᠡᠯᠡᠰᠦᠨ ᠴᠥᠯ ᠤᠨ ᠣᠷᠣᠨ ᠤ ᠪᠣᠭᠤᠮᠲᠠ ᠰᠢᠪᠲᠤᠯᠬᠤ ᠠᠵᠢᠯ ᠢ ᠡᠬᠢᠯᠡᠭᠦᠯᠦᠭᠰᠡᠨ ᠠᠴᠠ ᠨᠠᠰᠢ᠂ ᠣᠷᠳᠣᠰ ᠬᠤᠲᠠ ᠡᠯᠡᠰᠦ ᠶᠢ ᠰᠡᠷᠭᠡᠶᠢᠯᠡᠨ ᠡᠯᠡᠰᠦ ᠶᠢ ᠵᠠᠰᠠᠬᠤ ᠪᠠ ᠰᠠᠯᠬᠢᠨ ᠬᠦᠴᠦᠨ ᠤ ᠴᠠᠬᠢᠯᠭᠠᠨ ᠂ ᠭᠡᠷᠡᠯ ᠴᠡᠨᠡᠭ ᠤᠨ ᠨᠢᠭᠡ ᠴᠣᠭᠴᠠᠵᠢᠭᠰᠠᠨ ᠢᠨᠵᠧᠨᠧᠷᠢᠩ ᠢ ᠭᠦᠨᠵᠡᠭᠡᠶ ᠬᠡᠷᠡᠭᠵᠢᠭᠦᠯᠵᠦ᠂ ᠡᠬᠢ ᠪᠠᠶᠠᠯᠢᠭ ᠢ ᠲᠥᠪᠯᠡᠷᠡᠭᠦᠯᠦᠨ᠂ ᠬᠦᠪᠴᠢᠨ ᠡᠯᠡᠰᠦᠨ ᠤ ᠬᠤᠶᠢᠲᠤ ᠵᠠᠬ᠎ᠠ ᠶᠢᠨ ᠣᠶ ᠶᠢᠨ ᠪᠦᠰᠡ ᠵᠡᠷᠭᠡ ᠨᠢᠭᠡ ᠪᠦᠯᠦᠭ ᠪᠡᠯᠭᠡ ᠲᠡᠮᠳᠡᠭ ᠤᠨ ᠴᠢᠨᠠᠷᠲᠠᠶ ᠢᠨᠵᠧᠨᠧᠷᠢᠩ ᠢ ᠡᠬᠢᠯᠡᠨ ᠪᠠᠶᠢᠭᠤᠯᠵᠤ᠂ ᠣᠢ ᠰᠢᠭᠤᠶ ᠡᠪᠡᠰᠦ ᠪᠡᠯᠴᠢᠭᠡᠷ ᠤᠨ ᠠᠮᠢ ᠠᠬᠤᠢ ᠶᠢᠨ ᠪᠦᠲᠦᠭᠡᠨ ᠪᠠᠶᠢᠭᠤᠯᠤᠯᠲᠠ ᠶᠢᠨ 484 ᠲᠦᠮᠡᠨ ᠮᠦ᠂ ᠡᠯᠡᠰᠦᠷᠬᠡᠭᠵᠢᠭᠰᠡᠨ ᠭᠠᠵᠠᠷ ᠰᠢᠷᠣᠢ ᠶᠢᠨ ᠵᠠᠰᠠᠯᠲᠠ ᠶᠢ 195 ᠲᠦᠮᠡᠨ ᠮᠦ ᠪᠡᠶᠡᠯᠡᠭᠦᠯᠵᠦ᠂ ᠪᠣᠭᠤᠮᠲᠠ ᠰᠢᠪᠲᠤᠯᠬᠤ ᠠᠵᠢᠯ ᠤᠨ ᠭᠤᠤᠯᠳᠠᠯᠭ᠎ᠠ ᠪᠣᠯᠤᠭᠰᠠᠨ ᠤ ᠬᠤᠪᠢ ᠳᠤ᠂ ᠬᠦᠪᠴᠢᠨ ᠡᠯᠡᠰᠦᠨ ᠤ ᠵᠠᠰᠠᠯᠲᠠ ᠶᠢᠨ ᠨᠣᠷᠮ᠎ᠠ  ᠨᠢ 32% ᠲᠤ ᠬᠦᠷᠴᠦ᠂ ᠮᠤᠤᠠᠤᠰᠤ ᠡᠯᠡᠰᠦᠷᠬᠡᠭ ᠭᠠᠵᠠᠷ ᠤᠨ ᠵᠠᠰᠠᠯᠳᠠ ᠶᠢᠨ ᠨᠣᠷᠮ᠎ᠠ  ᠨᠢ 75% ᠳᠤ ᠬᠦᠷᠪᠡ᠃    2.ᠠᠭᠤᠷᠬᠠᠢ ᠶᠢᠨ ᠰᠠᠷᠭᠦᠠ ᠮᠠᠨᠲᠣᠯᠲᠠ ᠶᠢᠨ ᠠᠵᠢᠯ ᠤᠷᠤᠭᠰᠢᠳᠠᠢ ᠶᠠᠪᠤᠭᠳᠠᠪᠠ     ᠪᠦᠬᠦᠯᠢ ᠴᠣᠭᠴᠠ ᠠᠴᠠ ᠠᠪᠴᠤ ᠦᠵᠡᠪᠡᠯ᠂ ᠣᠷᠳᠣᠰ ᠬᠤᠲᠠ ᠳᠤ ᠨᠢᠭᠡᠨᠲᠡ ᠪᠣᠬᠢᠷᠲᠤᠯ ᠥᠬᠡᠶ ᠠᠭᠤᠷᠬᠠᠶ ᠶᠢ 173 ᠪᠠᠶᠢᠭᠤᠯᠵᠤ᠂ ᠪᠥᠬᠦ ᠣᠷᠣᠨ ᠤ ᠨᠢᠭᠡᠨᠲᠡ ᠪᠠᠶᠢᠭᠤᠯᠤᠭᠰᠠᠨ ᠪᠣᠬᠢᠷᠲᠤᠯ ᠥᠬᠡᠶ ᠠᠭᠤᠷᠬᠠᠶ ᠶᠢᠨ 32% ᠢ ᠡᠵᠡᠯᠡᠵᠦ᠂ ᠡᠭᠦᠨ ᠳᠤ 21 ᠠᠭᠤᠷᠬᠠᠶ ᠨᠢ ᠪᠥᠬᠦ ᠤᠯᠤᠰ ᠤᠨ ᠪᠣᠬᠢᠷᠲᠤᠯ ᠥᠬᠡᠶ ᠠᠭᠤᠷᠬᠠᠶ ᠶᠢᠨ ᠨᠡᠷᠡᠰ ᠲᠤ ᠠᠮᠵᠢᠯᠲᠠ ᠲᠠᠢ ᠪᠠᠷ ᠤᠷᠤᠵᠤ᠂ ᠪᠥᠬᠦ ᠣᠷᠣᠨ ᠤ ᠨᠢᠭᠡᠳᠦᠭᠡᠷ ᠲᠤ ᠵᠢᠭᠰᠠᠭᠠᠭᠳᠠᠪᠠ᠃ ᠡᠲᠡᠭᠡᠷ ᠪᠣᠬᠢᠷᠲᠤᠯ ᠥᠬᠡᠶ ᠠᠭᠤᠷᠬᠠᠶ ᠨᠢ ᠬᠥᠷᠥᠰᠥ ᠶᠢ ᠰᠡᠷᠭᠦᠭᠡᠨ ᠨᠣᠭᠤᠭᠠᠷᠠᠭᠤᠯᠬᠤ ᠶᠢ ᠪᠡᠶᠡᠯᠡᠭᠦᠯᠦᠭᠰᠡᠨ ᠢᠶᠠᠷ ᠪᠠᠷᠠᠬᠤ ᠥᠬᠡᠶ ᠪᠠᠰᠠ ᠡᠷᠬᠢᠨ ᠲᠣᠭᠤᠷᠢᠨ ᠤ ᠣᠷᠴᠢᠨ ᠲᠣᠭᠤᠷᠢᠨ  ᠲᠠᠢ ᠨᠢᠭᠳᠠ ᠵᠣᠬᠢᠴᠠᠯᠳᠤᠬᠤ ᠶᠢ ᠪᠡᠶᠡᠯᠡᠭᠦᠯᠵᠦ᠂ ᠬᠥᠬᠡᠮᠳᠦᠭ ᠠᠭᠤᠯᠠ ᠴᠡᠩᠬᠡᠭ ᠤᠰᠤ ᠲᠠᠢ ᠰᠠᠶᠢᠨ ᠰᠠᠶᠢᠬᠠᠨ ᠦᠵᠡᠮᠵᠢ ᠶᠢ ᠪᠣᠶ ᠪᠣᠯᠭᠠᠵᠤ᠂ ᠲᠠᠷᠢᠶᠠᠯᠠᠩ ᠮᠠᠯ ᠠᠵᠤ ᠠᠬᠤᠶ ᠶᠢᠨ ᠠᠵᠤ ᠦᠢᠯᠡᠰ ᠤᠨ ᠬᠥᠭᠵᠢᠯᠲᠡ ᠶᠢ ᠳᠠᠶᠢᠴᠢᠯᠠᠪᠠ᠃    3.ᠰᠢᠠᠵᠢᠯᠠᠭᠦ ᠣᠬᠠᠭᠠᠨᠴᠢ ᠪᠦᠭᠡᠳ ᠤᠷᠢᠳᠴᠢᠯᠠᠭᠰᠠᠨ ᠬᠤᠲᠠ ᠶᠢᠨ ᠳᠦᠯᠣᠪᠵᠢᠭᠦᠯᠭᠡ ᠬᠢᠪᠡ    ᠬᠤᠲᠠ ᠶᠢᠨ ᠲᠥᠯᠥᠪᠵᠢᠭᠦᠯᠭᠡ ᠶᠢᠨ ᠡᠬᠢᠨ ᠤ ᠦᠶ᠎ᠡ ᠳᠤ᠂ ᠬᠢᠶ᠎ᠡ ᠪᠠᠭᠰᠢ ᠰᠢᠨ᠎ᠡ ᠬᠤᠳᠠ ᠨᠢ ︽ᠴᠣᠷ ᠤᠨ ᠭᠠᠭᠴᠠ ᠴᠢᠨᠠᠷ︾᠂ ︽ᠦᠨᠳᠦᠰᠦᠲᠡᠨ ᠤ ᠴᠢᠨᠠᠷ ︾᠂ ︽ᠴᠠᠭ ᠦᠶᠡᠴᠢ ᠴᠢᠨᠠᠷ︾ ᠤᠨ ᠲᠥᠯᠥᠪᠵᠢᠭᠦᠯᠭᠡ ᠶᠢᠨ ᠣᠶᠢᠯᠠᠭᠠᠭᠳᠠᠬᠤᠨ ᠢᠶᠠᠷ ᠬᠤᠲᠠ ᠶᠢᠨ ᠪᠦᠲᠦᠴᠡ ᠶᠢᠨ ᠵᠢᠯᠤᠭᠤᠳᠤᠮᠵᠢ ᠪᠤᠯᠭᠠᠵᠤ᠂ ᠬᠤᠲᠠ ᠶᠢᠨ ᠤᠨᠴᠠ ᠬᠡᠯᠪᠡᠷᠢ ᠢ ᠪᠠᠶᠢᠭᠤᠯᠵᠦ᠂ ᠬᠤᠲᠠ ᠶᠢ ᠡᠬᠡ ᠪᠠᠶᠢᠭᠠᠯᠢ ᠲᠠᠢ ᠨᠢᠭᠳᠠ ᠠᠭᠤᠰᠬᠠᠪᠠ᠃ ︽ᠲᠠᠯ᠎ᠠ ᠨᠤᠲᠤᠭ ᠲᠤ ᠮᠦᠩᠬᠡ ᠶᠢᠨ ᠨᠡᠷᠡᠨ ᠮᠠᠨᠳᠤᠯ᠎ᠠ︾ ᠭᠡᠬᠦ ᠬᠤᠲᠠ ᠶᠢᠨ ᠵᠢᠷᠤᠭ ᠲᠥᠯᠥᠪᠯᠡᠭᠡ  ᠶᠢᠨ ᠣᠶᠢᠯᠠᠭᠠᠭᠳᠠᠬᠤᠨ ᠠᠴᠠ ᠵᠡᠭᠡᠯᠢ ᠭᠤᠳᠤᠮᠵᠢ ᠨᠢᠭᠡᠪᠦᠷᠢ ᠨᠡᠩ ᠴᠢᠨᠠᠭᠰᠢᠯᠠᠪᠠᠯ ᠳᠠᠩ ᠪᠡᠶᠡᠲᠦ ᠪᠠᠷᠢᠯᠭ᠎ᠠ ᠬᠦᠷᠲᠡᠯ᠎ᠡ᠂ ᠪᠠᠷᠢᠯᠭ᠎ᠠ ᠂ ᠱᠤᠭᠤᠮᠠᠯ᠂ ᠬᠤᠲᠠ ᠶᠢᠨ ᠵᠢᠵᠢᠭ ᠵᠦᠢᠯᠡᠰ ᠪᠠ ᠨᠣᠭᠤᠭᠠᠷᠠᠭᠤᠯᠤᠯᠲᠠ ᠶᠢᠨ ᠦᠵᠡᠮᠵᠢ ᠵᠡᠷᠭᠡ ᠠᠴᠢᠶᠠᠯᠠᠪᠤᠷᠢ ᠠᠴᠠ ᠲᠣᠰ ᠭᠠᠵᠠᠷ ᠣᠷᠣᠨ ᠤ ᠰᠣᠶᠣᠯ ᠢᠶᠠᠷ ᠭᠤᠤᠯ ᠪᠣᠯᠭᠠᠭᠰᠠᠨ ᠬᠤᠲᠠ ᠶᠢᠨ ᠰᠣᠶᠣᠯ ᠤᠨ ᠰᠤᠳᠠᠰᠤ ᠬᠦᠷᠲᠡᠯ᠎ᠡ᠂ ᠴᠥᠮ ᠡᠨᠡ ᠨᠢᠭᠡ ᠰᠢᠨ᠎ᠡ ᠬᠤᠲᠠ ᠶᠢᠨ ᠢᠮᠠᠭᠲᠠ ᠶᠢᠨ ᠤᠭ ᠰᠠᠨᠠᠭ᠎ᠠ ᠪᠠ ᠡᠭᠦᠷᠭᠡ ᠬᠠᠷᠢᠭᠤᠴᠠᠯᠭ᠎ᠠ ᠶᠢ ᠲᠤᠳᠤ ᠢᠯᠡᠷᠡᠭᠦᠯᠪᠡ᠃ ᠠᠷᠪᠠ ᠭᠠᠷᠤᠢ ᠵᠢᠯ ᠤᠨ ᠲᠤᠷᠰᠢ᠂ ᠬᠢᠶ᠎ᠡ ᠪᠠᠭᠰᠢ ᠬᠤᠳᠠ ᠨᠢ ᠤᠯᠤᠰ ᠤᠨ ᠳᠣᠲᠣᠭᠠᠳᠤ ᠭᠠᠳᠠᠭᠠᠳᠤ ᠶᠢᠨ ᠨᠡᠷᠡᠲᠦ ᠵᠢᠷᠤᠭ ᠲᠥᠯᠥᠪᠯᠡᠭᠡ ᠶᠢᠨ ᠪᠦᠯᠬᠦᠮ ᠢ ᠤᠷᠢᠵᠤ ᠡᠯ᠎ᠡ ᠲᠥᠷᠥᠯ ᠤᠨ ᠬᠤᠲᠠ ᠶᠢᠨ ᠲᠥᠯᠥᠪᠵᠢᠭᠦᠯᠭᠡ  ᠶᠢ 160 ᠭᠠᠷᠤᠢ ᠲᠦᠯᠦᠪᠵᠢᠭᠦᠯᠵᠦ᠂ ᠠᠮᠢ ᠠᠬᠤᠢ ᠣᠷᠴᠢᠨ ᠲᠣᠭᠤᠷᠢᠨ ᠢ ᠡᠪᠳᠡᠬᠦ ᠦᠭᠡᠢ ᠰᠠᠭᠤᠷᠢᠨ ᠳᠡᠭᠡᠷ᠎ᠡ ᠬᠤᠲᠠ ᠶᠢᠨ ᠣᠷᠣᠨ ᠪᠦᠰᠡ ᠶᠢ ᠥᠷᠭᠡᠳᠭᠡᠵᠦ᠂ ᠤᠷᠤᠰᠢᠨ ᠰᠠᠭᠤᠬᠤ ᠳᠤ ᠲᠣᠬᠢᠷᠠᠮᠵᠢᠲᠠᠢ ᠬᠤᠲᠠ ᠶᠢᠨ ᠣᠷᠴᠢᠨ ᠲᠣᠭᠤᠷᠢᠨ ᠢ ᠪᠣᠢ ᠪᠣᠯᠭᠠᠬᠤ ᠶᠢ ᠪᠠᠷᠢᠮᠳᠠᠯᠠᠵᠠᠢ᠂ ᠣᠳᠣ ᠪᠣᠯᠲᠠᠯ᠎ᠠ᠂ ᠬᠤᠲᠠ ᠶᠢᠨ ᠬᠠᠷᠢᠶ᠎ᠠ ᠲᠣᠭᠤᠷᠢᠭ ᠤᠨ ᠣᠷᠣᠨ ᠪᠦᠰᠡ ᠶᠢᠨ ᠨᠡᠭᠡᠭᠡᠯᠲᠡ ᠶᠢᠨ ᠬᠦᠴᠦᠯᠡᠴᠡ ᠨᠢ ᠵᠥᠪᠬᠡᠨ 4.1% ᠪᠠᠶᠢᠵᠦ᠂ ᠬᠥᠮᠦᠨ ᠠᠮᠠ ᠶᠢᠨ ᠨᠢᠭᠲᠠᠴᠠ ᠨᠢ 0.53 ᠲᠦᠮᠡᠨ ᠬᠥᠮᠦᠨ / ᠲᠡᠭᠰᠢ ᠳᠥᠷᠪᠡᠯᠵᠢᠨ ᠺᠢᠯᠣᠮᠧᠲᠷ ᠪᠠᠶᠢᠵᠦ᠂ ᠰᠢᠨ᠎ᠡ ᠪᠠᠷ ᠪᠠᠶᠢᠭᠤᠯᠤᠭᠰᠠᠨ ᠣᠷᠣᠨ ᠰᠠᠭᠤᠴᠠ ᠶᠢᠨ ᠪᠠᠷᠢᠯᠭ᠎ᠠ ᠶᠢᠨ ᠳᠡᠭᠡᠳᠦ ᠬᠡᠮᠵᠢᠶ᠎ᠡ ᠨᠢ 80 ᠮᠧᠲᠷ ᠠᠴᠠ ᠬᠡᠲᠦᠷᠡᠬᠦ ᠦᠭᠡᠢ᠂ ᠠᠭᠤᠯᠠᠷᠬᠠᠭ ᠭᠠᠵᠠᠷ ᠤᠨ ᠪᠠᠶᠢᠴᠠ᠂ ᠭᠤᠣᠯ ᠮᠦᠷᠡᠨ ᠤ ᠤᠷᠤᠰᠬᠠᠯ ᠤᠨ ᠬᠠᠨᠳᠤᠰᠢ ᠪᠠ ᠬᠤᠲᠠ ᠶᠢᠨ ᠵᠠᠭᠠᠭ ᠱᠤᠭᠤᠮ᠂ ᠪᠣᠷᠣ ᠲᠥᠯᠥᠪ ᠢ ᠭᠦᠢᠴᠡᠳ ᠬᠠᠮᠠᠭᠠᠯᠠᠨ ᠠᠰᠢᠭᠯᠠᠵᠤ᠂ ᠦᠨᠳᠦᠰᠦᠲᠡᠨ ᠤ ᠣᠨᠴᠠᠯᠢᠭ ᠪᠠ ᠭᠠᠵᠠᠷ ᠣᠷᠣᠨ ᠤ ᠣᠨᠴᠠᠯᠢᠭ ᠲᠠᠢ ᠰᠢᠨ᠎ᠡ ᠬᠤᠲᠠ ᠶᠢ ᠢᠯᠡᠷᠡᠭᠦᠯᠦᠨ ᠪᠠᠶᠢᠭᠤᠯᠪᠠ ᠃    4.ᠬᠤᠳᠠ ᠶᠢᠨ ᠨᠣᠭᠤᠭᠠᠷᠠᠭᠤᠯᠤᠯᠲᠠ ᠶᠢ ᠪᠦᠬᠦ ᠲᠠᠯ᠎ᠠ ᠪᠠᠷ ᠦᠷᠭᠦᠯᠵᠢᠯᠡᠭᠦᠯᠪᠡ    ᠤᠶᠢᠷ᠎ᠠ ᠶᠢᠨ ᠵᠢᠯ ᠠᠴᠠ ᠨᠠᠰᠢ᠂ ᠣᠷᠳᠣᠰ ᠬᠤᠲᠠ ᠠᠴᠠ ᠴᠡᠴᠡᠷᠯᠢᠭ ᠤᠨ ᠨᠣᠭᠤᠭᠠᠷᠠᠭᠤᠯᠤᠯᠲᠠ ᠶᠢᠨ ᠪᠦᠲᠦᠭᠡᠨ ᠪᠠᠶᠢᠭᠤᠯᠤᠯᠳᠠ ᠶᠢ ᠯᠠᠪᠳᠠᠭᠤᠨ ᠪᠠᠲᠤᠲᠠᠢ ᠠᠬᠢᠭᠤᠯᠵᠤ᠂ ︽ᠭᠤᠣᠯ ᠰᠡᠳᠦᠪᠴᠢᠯᠡᠬᠦ᠂ ᠠᠮᠢ ᠠᠬᠤᠢᠢᠵᠢᠭᠤᠯᠬᠤ᠂ ᠣᠨᠴᠠᠯᠢᠭᠵᠢᠭᠤᠯᠬᠤ︾ ᠵᠠᠷᠴᠢᠮ ᠢ ᠪᠠᠷᠢᠮᠲᠠᠯᠠᠵᠤ᠂ ᠪᠠᠶᠢᠭᠠᠯᠢ ᠶᠢᠨ ᠣᠷᠴᠢᠨ ᠲᠣᠭᠤᠷᠢᠨ᠂ ᠬᠥᠮᠦᠨ ᠰᠣᠶᠣᠯ ᠤᠨ ᠲᠡᠦᠬᠡ᠂ ᠦᠨᠳᠦᠰᠦᠲᠡᠨ ᠤ ᠣᠨᠴᠠᠯᠢᠭ ᠢ ᠣᠷᠭᠠᠨᠢᠭ ᠢᠶᠠᠷ ᠤᠶᠠᠯᠳᠤᠭᠤᠯᠵᠤ᠂ ᠡᠯ᠎ᠡ ᠲᠥᠷᠥᠯ ᠤᠨ ᠴᠡᠴᠡᠷᠯᠢᠭ ᠤᠨ ᠠᠭᠤᠳᠠᠮ ᠲᠠᠯᠠᠪᠠᠢ᠂ ᠴᠡᠴᠡᠷᠯᠢᠭ ᠤᠨ ᠨᠤᠭᠤᠭᠠᠷᠠᠭᠤᠯᠤᠯᠳᠠ  ᠶᠢᠨ ᠰᠢᠰᠲ᠋ᠧᠮ ᠢ ᠲᠠᠰᠤᠷᠠᠯᠲᠠ ᠦᠭᠡᠢ ᠲᠡᠭᠦᠯᠳᠡᠷᠵᠢᠭᠦᠯᠪᠡ᠃ ᠬᠦᠷᠡᠯ ᠤᠨ ᠰᠣᠶᠣᠯ᠂ ᠶᠤᠸᠠᠨ ᠤ ᠰᠣᠶᠣᠯ᠂ ᠲᠠᠯ᠎ᠠ ᠨᠤᠲᠤᠭ ᠤᠨ ᠰᠣᠶᠣᠯ᠂ ᠪᠣᠷᠣᠲᠣᠬᠤᠶ ᠶᠢᠨ ᠰᠣᠶᠣᠯ ᠵᠡᠷᠭᠡ ᠰᠣᠶᠣᠯ ᠤᠨ ᠡᠯᠧᠮᠧᠨ᠋ᠲ ᠢ ᠬᠤᠲᠠ ᠶᠢᠨ ᠪᠦᠲᠦᠭᠡᠨ ᠪᠠᠶᠢᠭᠤᠯᠤᠯᠲᠠ ᠳᠤ ᠣᠷᠭᠠᠨᠢᠭ ᠢᠶᠠᠷ ᠠᠭᠤᠰᠤᠯᠴᠠᠭᠤᠯᠵᠤ᠂ ᠬᠦᠷᠡᠯ ᠵᠡᠪᠰᠡᠭ ᠤᠨ ᠰᠣᠶᠣᠯ ᠤᠨ ᠠᠭᠤᠳᠠᠮ ᠲᠠᠯᠠᠪᠠᠶ᠂ ᠴᠢᠩᠭᠢᠰ ᠬᠠᠭᠠᠨ ᠠᠭᠤᠳᠠᠮ ᠲᠠᠯᠠᠪᠠᠶ᠂ ᠮᠣᠩᠭᠤᠯ ᠰᠢᠲᠠᠷ᠎ᠠ ᠠᠭᠤᠳᠠᠮ ᠲᠠᠯᠠᠪᠠᠶ᠂ ᠡᠵᠢ ᠴᠡᠴᠡᠷᠯᠢᠭ᠂ ᠮᠤᠩᠭᠤᠯ ᠬᠤᠷᠢᠮ ᠤᠨ ᠴᠡᠴᠡᠷᠯᠢᠭ ᠵᠡᠷᠭᠡ ᠨᠢᠭᠡ ᠪᠦᠯᠦᠭ ᠭᠤᠤᠯ ᠰᠡᠳᠦᠪ ᠨᠢ ᠲᠣᠪᠤᠶᠢᠮ᠎ᠠ᠂ ᠣᠨᠴᠠᠯᠢᠭ ᠨᠢ ᠢᠯᠡ ᠲᠣᠳᠣ ᠴᠡᠴᠡᠷᠯᠢᠭ ᠤᠨ ᠠᠭᠤᠳᠠᠮ ᠲᠠᠯᠠᠪᠠᠶ ᠶᠢ ᠲᠥᠯᠥᠪᠵᠢᠭᠦᠯᠦᠨ ᠪᠠᠶᠢᠭᠤᠯᠪᠠ᠃ ᠵᠡᠭᠡᠯᠢ ᠭᠤᠳᠤᠮᠵᠢ ᠶᠢᠨ ᠨᠤᠭᠤᠭᠠᠷᠠᠭᠤᠯᠤᠯᠳᠠ᠂ ᠨᠡᠶᠢᠭᠡᠮ ᠲᠣᠭᠤᠷᠢᠭ ᠤᠨ ᠵᠤᠭᠠᠴᠠᠯ ᠤᠨ ᠴᠡᠴᠡᠷᠯᠢᠭ ᠤᠨ ᠪᠦᠲᠦᠭᠡᠨ ᠪᠠᠶᠢᠭᠤᠯᠤᠯᠲᠠ ᠶᠢᠨ ᠡᠷᠴᠢᠮ ᠢ ᠴᠢᠩᠭᠠᠷᠠᠭᠤᠯᠵᠤ᠂ ︽ᠵᠢᠵᠢᠭ ᠭᠠᠵᠠᠷ ᠢ ᠨᠣᠭᠤᠭᠠᠷᠠᠭᠤᠯᠬᠤ︾᠂ ᠶᠡᠷᠦᠩᠬᠡᠶᠢᠯᠡᠭᠰᠡᠨ ᠴᠡᠴᠡᠷᠯᠢᠭ᠂ ᠨᠡᠶᠢᠭᠡᠮ ᠲᠣᠭᠤᠷᠢᠭ ᠤᠨ ᠴᠡᠴᠡᠷᠯᠢᠭ᠂ ᠲᠤᠰᠬᠠᠶ ᠲᠥᠷᠥᠯ ᠤᠨ ᠴᠡᠴᠡᠷᠯᠢᠭ᠂ ᠪᠦᠰᠡᠯᠢᠭ ᠴᠡᠴᠡᠷᠯᠢᠭ᠂ ᠵᠡᠭᠡᠯᠢ ᠲᠠᠭᠠᠤ ᠶᠢᠨ ᠴᠡᠴᠡᠷᠯᠢᠭ  ᠵᠡᠷᠭᠡ ᠶᠢᠨ ᠨᠤᠭᠤᠭᠠᠷᠠᠭᠤᠯᠤᠯᠳᠠ  ᠨᠢ ᠲᠡᠩᠴᠡᠭᠦᠷᠢᠲᠡᠶ ᠲᠠᠷᠬᠠᠵᠤ᠂ ᠴᠡᠴᠡᠷᠯᠢᠭ ᠤᠨ ᠨᠣᠭᠤᠭᠠᠷᠠᠭᠤᠯᠤᠯᠲᠠ  ᠶᠢᠨ ᠠᠵᠢᠯᠯᠠᠭᠠᠨ ᠤ ᠲᠠᠯᠠᠪᠤᠷ ᠤᠨ ᠦᠢᠯᠡᠴᠢᠯᠡᠭᠡᠨ ᠤ ᠷᠠᠳᠢᠦ᠋ᠰ ᠤᠨ ᠪᠦᠷᠬᠦᠴᠡ ᠶᠢᠨ ᠨᠣᠷᠮ᠎ᠠ ᠶᠢ 90% ᠠᠴᠠ ᠳᠡᠭᠡᠭᠰᠢ ᠳᠤ ᠬᠦᠷᠦᠭᠦᠯᠵᠦ᠂ 300 ᠮᠧᠲᠷ ᠲᠤ ᠨᠤᠭᠤᠭᠠᠷᠠᠭᠤᠯᠤᠯᠳᠠ ᠲᠠᠢ᠂ 500 ᠮᠧᠲᠷ ᠲᠤ ᠴᠡᠴᠡᠷᠯᠢᠭ ᠲᠠᠢ᠂ ᠠᠮᠢ ᠠᠬᠤᠶ ᠶᠢᠨ ᠠᠯᠤᠰ ᠤᠨ ᠦᠵᠡᠮᠵᠢ ᠶᠢ ᠦᠨᠡᠨ ᠬᠦ ᠪᠡᠶᠡᠯᠡᠭᠦᠯᠪᠡ᠃     5. ᠠᠮᠢ ᠠᠬᠤᠢ ᠤᠷᠴᠢᠨ ᠲᠤᠭᠤᠷᠢᠨ ᠤ ᠨᠦᠭᠦᠴᠡᠯ ᠶᠡᠭᠡᠪᠡᠷ ᠲᠡᠬᠡᠭᠰᠢᠯᠡᠪᠡ    ᠣᠷᠳᠣᠰ ᠬᠤᠲᠠ ᠠᠷᠢᠭᠤᠨ ᠴᠡᠪᠡᠷ ᠲᠡᠷᠡᠢ ᠲᠡᠭᠰᠢ ᠬᠤᠲᠠ ᠶᠢᠨ ᠠᠷᠠᠳ ᠤᠨ ᠣᠷᠴᠢᠨ ᠲᠣᠭᠤᠷᠢᠨ ᠪᠠ ᠬᠤᠲᠠ ᠶᠢᠨ ᠳᠦᠷᠢ ᠲᠥᠷᠬᠦ ᠶᠢ ᠪᠣᠶ ᠪᠣᠯᠭᠠᠬᠤ ᠶᠢ ᠢᠮᠠᠭᠲᠠ ᠪᠠᠷᠢᠮᠲᠠᠯᠠᠵᠤ᠂ ᠬᠤᠲᠠ ᠶᠢᠨ ᠨᠠᠷᠢᠯᠢᠬᠵᠢᠭᠤᠯᠤᠭᠰᠠᠨ ᠬᠠᠮᠢᠶᠠᠷᠤᠯᠲᠠ ᠶᠢᠨ ᠠᠷᠭ᠎ᠠ ᠬᠡᠮᠵᠢᠶ᠎ᠡ ᠶᠢ ᠭᠦᠨᠵᠡᠭᠡᠶ ᠠᠬᠢᠭᠤᠯᠵᠤ᠂ ᠠᠮᠢ ᠠᠬᠤᠶ ᠣᠷᠴᠢᠨ ᠲᠤᠭᠤᠷᠢᠨ ᠤ ᠨᠥᠬᠦᠴᠡᠯ ᠢ ᠶᠡᠭᠡ ᠪᠠᠷ ᠳᠡᠭᠡᠭᠰᠢᠯᠡᠭᠦᠯᠪᠡ᠃ ᠪᠥᠬᠦ ᠬᠤᠲᠠ ᠶᠢᠨ ᠠᠭᠠᠷ ᠤᠨ ᠶᠠᠰᠤ ᠴᠢᠨᠠᠷ ᠰᠢᠯᠢᠳᠡᠭ  ᠲᠤᠩᠭᠠᠯᠠᠭ ᠡᠳᠦᠷ ᠤᠨ ᠲᠤᠭ᠎ᠠ  ᠨᠢ 317 ᠡᠳᠦᠷ ᠲᠤ ᠬᠦᠷᠴᠦ ᠂ ᠰᠢᠯᠢᠳᠡᠭ ᠰᠠᠶᠢᠨ ᠨᠣᠷᠮ᠎ᠠ ᠶᠢ ᠲᠣᠭᠲᠠᠭᠤᠨ ᠢᠶᠠᠷ 90% ᠠᠴᠠ ᠳᠡᠭᠡᠭᠰᠢ ᠶᠢ ᠪᠠᠳᠤᠯᠠᠵᠤ ᠂ ᠤᠰᠤᠨ ᠤ ᠴᠢᠨᠠᠷ ᠤᠨ ᠰᠢᠯᠢᠳᠡᠭ ᠢ100%  ᠪᠠᠷ ᠪᠠᠳᠤᠯᠠᠵᠠᠢ ︔ ᠪᠣᠬᠢᠷᠲᠤᠭᠰᠠᠨ ᠲᠠᠷᠢᠶᠠᠨ ᠭᠠᠵᠠᠷ ᠢ ᠠᠮᠤᠷ ᠲᠦᠪᠰᠢᠨ ᠢᠶᠠᠷ ᠠᠰᠢᠭᠯᠠᠬᠤ ᠨᠣᠷᠮ᠎ᠠ ᠨᠢ 100% ᠳᠤ ᠬᠦᠷᠴᠦ᠂ ᠠᠵᠤ ᠦᠢᠯᠡᠳᠪᠦᠷᠢ ᠶᠢᠨ ᠪᠣᠬᠢᠷ ᠤᠰᠤ ᠶᠢ ᠪᠦᠬᠦᠨ ᠢ ᠴᠤᠭᠯᠠᠭᠤᠯᠵᠤ᠂ ᠪᠦᠬᠦᠨ ᠢ ᠰᠢᠢᠳᠪᠦᠷᠢᠯᠡᠬᠦ ᠶᠢ ᠪᠡᠶᠡᠯᠡᠭᠦᠯᠵᠦ᠂ ᠬᠤᠲᠠ ᠶᠢᠨ ᠬᠠᠷᠢᠶ᠎ᠠ ᠶᠢᠨ ᠣᠷᠴᠢᠨ ᠲᠣᠭᠤᠷᠢᠨ  ᠳᠠᠬᠢ ᠱᠤᠤᠭᠢᠶᠠᠨ ᠢ ᠪᠠᠭᠠᠰᠬᠠᠵᠤ ᠪᠠᠷᠢᠮᠵᠢᠶ᠎ᠠ ᠳᠤ ᠬᠦᠷᠭᠡᠭᠰᠡᠨ ᠨᠢ ᠪᠦᠬᠦ ᠣᠷᠣᠨ ᠤ ᠪᠦᠷᠬᠦᠴᠡ ᠶᠢᠨ ᠨᠣᠷᠮ᠎ᠠ ᠶᠢᠨ 100% ᠳᠤ ᠬᠦᠷᠴᠡᠢ︔ ᠡᠭᠦᠨ ᠤ ᠬᠠᠮᠲᠤ ᠠᠮᠢᠳᠤᠷᠠᠯ ᠤᠨ ᠬᠤᠭ ᠨᠣᠪᠰᠢ ᠶᠢ ᠲᠥᠷᠥᠯ ᠬᠤᠪᠢᠶᠠᠨ ᠰᠢᠢᠳᠪᠦᠷᠢᠯᠡᠬᠦ ᠪᠠ ᠡᠬᠢ ᠪᠠᠶᠠᠯᠢᠭᠵᠢᠭᠤᠯᠤᠨ ᠠᠰᠢᠭᠯᠠᠬᠤ ᠶᠢ ᠦᠷᠭᠦᠯᠵᠢᠯᠡᠨ ᠠᠬᠢᠭᠤᠯᠵᠤ᠂ ᠬᠥᠬᠡ ᠣᠭᠲᠠᠷᠭᠤᠶ᠂ ᠬᠥᠬᠡᠮᠳᠦᠭ ᠤᠰᠤ᠂ ᠴᠡᠪᠡᠷ ᠬᠥᠷᠥᠰᠥ ᠶᠢ ᠬᠠᠮᠠᠭᠠᠯᠠᠬᠤ ᠠᠵᠢᠯ ᠢ ᠭᠦᠨᠵᠡᠭᠡᠢ ᠰᠠᠶᠢᠲᠤᠷ ᠬᠢᠵᠦ᠂ ᠬᠠᠲᠠᠭᠤ ᠪᠡᠶᠡᠲᠦ ᠬᠠᠶᠠᠭᠳᠠᠮᠠᠯ ᠪᠣᠳᠠᠰ ᠤᠨ ᠪᠣᠬᠢᠷᠲᠤᠯ ᠢ ᠰᠡᠷᠭᠡᠶᠢᠯᠡᠨ ᠵᠠᠰᠠᠬᠤ ᠪᠣᠭᠤᠮᠲᠠ ᠰᠢᠪᠲᠤᠯᠬᠤ ᠠᠵᠢᠯ ᠢ ᠭᠦᠨᠵᠡᠭᠡᠢ ᠰᠠᠶᠢᠲᠤᠷ ᠬᠢᠬᠦ ᠳᠤ ᠪᠦᠷᠢᠨ ᠭᠦᠢᠴᠡᠳ ᠪᠡᠯᠡᠳᠬᠡᠯ ᠬᠢᠪᠡ᠃    6. ᠪᠣᠬᠢᠷᠲᠤᠯ ᠦᠭᠡᠶ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠠᠵᠢᠯ ᠢ ᠯᠠᠪᠳᠠᠭᠤᠨ ᠢᠶᠠᠷ ᠲᠦᠯᠬᠢᠨ ᠠᠬᠢᠭᠤᠯᠪᠠ        2024 ᠣᠨ ᠤ 7 ᠳ᠋ᠤᠭᠠᠷ ᠰᠠᠷ᠎ᠠ ᠳᠤ᠂ ᠤᠯᠤᠰ ᠤᠨ ᠪᠠᠷᠢᠯᠭ᠎ᠠ ᠶᠢᠨ ᠪᠣᠬᠢᠷᠲᠤᠯ ᠦᠭᠡᠢ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠮᠡᠷᠭᠡᠵᠢᠯ ᠤᠨ ᠰᠢᠨ᠎ᠡ ᠶᠢ ᠡᠭᠦᠳᠬᠦ ᠲᠥᠪ ᠤᠨ ᠤᠷᠳᠤᠰ ᠳᠠᠬᠢ ᠬᠤᠪᠢᠶᠠᠷᠢ ᠲᠥᠪ ᠠᠴᠠ ᠤᠷᠳᠤᠰ ᠬᠤᠳᠠ ᠳᠤ ᠵᠢᠩᠬᠢᠨᠢ ᠪᠠᠷ ᠫᠠᠶᠢᠰᠠ ᠡᠯᠭᠦᠵᠦ᠂ ᠤᠯᠤᠰ ᠤᠨ ᠪᠠᠷᠢᠯᠭ᠎ᠠ ᠶᠢᠨ ᠪᠣᠬᠢᠷᠲᠤᠯ ᠦᠭᠡᠢ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠮᠡᠷᠭᠡᠵᠢᠯ ᠤᠨ ᠰᠢᠨ᠎ᠡ ᠶᠢ ᠡᠭᠦᠳᠬᠦ ᠲᠥᠪ ᠤᠨ ᠪᠠᠶᠢᠭᠤᠯᠤᠭᠰᠠᠨ ᠠᠩᠬᠠᠳᠠᠭᠴᠢ ᠣᠷᠣᠨ ᠪᠦᠰᠡ ᠶᠢᠨ ᠬᠤᠪᠢᠶᠠᠷᠢ ᠲᠥᠪ ᠪᠤᠯᠵᠠᠢ᠃ ︽ᠪᠠᠷᠢᠯᠭ᠎ᠠ ᠶᠢᠨ ᠡᠨᠧᠷᠭᠢ ᠠᠷᠪᠢᠯᠠᠬᠤ ᠪᠠ ᠪᠣᠬᠢᠷᠲᠤᠯ ᠥᠬᠡᠶ ᠪᠠᠷᠢᠯᠭ᠎ᠠ ᠶᠢᠨ ᠬᠥᠭᠵᠢᠯᠲᠡ ᠶᠢ ᠴᠢᠩᠭᠠᠳᠬᠠᠨ ᠬᠡᠷᠡᠭᠵᠢᠭᠦᠯᠬᠦ ᠲᠥᠰᠦᠯ ᠢ ᠳᠠᠷᠤᠮᠠᠯᠯᠠᠨ ᠶᠠᠪᠤᠭᠤᠯᠬᠤ ᠲᠤᠬᠠᠶ ᠣᠷᠳᠣᠰ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠬᠡᠷ ᠤᠨ ᠮᠡᠳᠡᠭᠳᠡᠯ︾ ︵ᠣᠷᠳᠣᠰ ᠵᠠᠰᠠᠭ ᠠᠯᠪᠠᠨ ᠲᠠᠷᠬᠠᠭᠠᠭᠰᠠᠨ ﹇2023﹈ 19 ᠳ᠋ᠦ᠋ᠭᠡᠷ ᠲᠣᠭᠠᠲᠤ︶ ᠢ ᠳᠠᠷᠤᠮᠠᠯᠯᠠᠨ ᠲᠠᠷᠬᠠᠭᠠᠵᠤ᠂ ᠲᠥᠷᠥ ᠶᠢᠨ ᠪᠣᠳᠣᠯᠭ᠎ᠠ ᠶᠢᠨ ᠳᠡᠮᠵᠢᠯᠭᠡ᠂ ᠲᠥᠷᠥᠯ ᠵᠦᠢᠯ ᠤᠨ ᠬᠡᠷᠡᠭᠵᠢᠭᠦᠯᠦᠯᠲᠡ ᠪᠠ ᠣᠯᠠᠨ ᠤᠯᠤᠰ ᠤᠨ ᠬᠠᠮᠲᠤᠷᠠᠯᠴᠠᠭ᠎ᠠ ᠵᠡᠷᠭᠡ ᠣᠯᠠᠨ ᠲᠠᠯ᠎ᠠ ᠶᠢᠨ ᠴᠢᠷᠮᠠᠶᠢᠯᠭ᠎ᠠ ᠪᠠᠷ ᠳᠠᠮᠵᠢᠭᠤᠯᠤᠨ᠂ ᠬᠤᠲᠠ ᠶᠢᠨ ᠪᠥᠲᠥᠭᠡᠨ ᠪᠠᠶᠢᠭᠤᠯᠤᠯᠲᠠ ᠶᠢᠨ ᠬᠦᠷᠢᠶᠡᠨ ᠳᠠᠬᠢ ᠪᠣᠬᠢᠷᠲᠤᠯ ᠦᠭᠡᠢ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠬᠡᠯᠪᠡᠷᠢ ᠶᠢᠨ ᠬᠤᠪᠢᠷᠠᠭᠤᠯᠤᠯᠲᠠ ᠪᠠ ᠦᠷᠭᠦᠯᠵᠢᠯᠡᠬᠦ ᠬᠥᠭᠵᠢᠯᠲᠡ ᠶᠢ ᠠᠬᠢᠭᠤᠯᠪᠠ᠃ ᠣᠳᠣᠬᠠᠨ  ᠳᠤ ᠂ ᠣᠷᠳᠣᠰ ᠬᠤᠲᠠ ᠶᠢᠨ ᠰᠢᠨ᠎ᠡ ᠪᠠᠷ ᠪᠠᠶᠢᠭᠤᠯᠤᠭᠰᠠᠨ ᠪᠠᠷᠢᠯᠭ᠎ᠠ ᠳᠤ ᠪᠣᠬᠢᠷᠲᠤᠯ ᠥᠬᠡᠶ ᠪᠠᠷᠢᠯᠭ᠎ᠠ ᠶᠢᠨ ᠡᠵᠡᠯᠡᠬᠦ ᠬᠠᠷᠢᠴᠠᠯ ᠨᠢ 100% ᠳᠤ ᠬᠥᠷᠪᠡ᠂ ᠡᠨᠡ ᠬᠦ ᠬᠦᠢᠴᠡᠳᠬᠡᠯ ᠲᠤᠭ᠎ᠠ ᠨᠢ ᠣᠷᠳᠣᠰ ᠬᠤᠲᠠ ᠶᠢᠨ ᠪᠠᠷᠢᠯᠭ᠎ᠠ ᠶᠢᠨ ᠡᠨᠧᠷᠭᠢ ᠠᠷᠪᠢᠯᠠᠬᠤ ᠬᠦᠷᠢᠶ᠎ᠡ ᠶᠢ ᠴᠢᠬᠤᠯᠠᠴᠢᠯᠠᠵᠤ ᠪᠠᠶᠢᠬᠤ ᠶᠢ ᠬᠠᠷᠠᠭᠤᠯᠤᠭᠰᠠᠨ ᠢᠶᠠᠷ ᠪᠠᠷᠠᠬᠤ ᠥᠬᠡᠶ᠂ ᠮᠦᠨᠴᠦ ᠪᠠᠷᠢᠯᠭ᠎ᠠ ᠶᠢᠨ ᠶᠠᠰᠤ ᠴᠢᠨᠠᠷ ᠂ ᠤᠷᠤᠰᠢᠨ ᠰᠠᠭᠤᠬᠤ ᠣᠷᠴᠢᠨ ᠲᠣᠭᠤᠷᠢᠨ ᠤ ᠲᠠᠭᠠᠯᠠᠮᠵᠢᠲᠤ ᠴᠢᠨᠠᠷ᠂ ᠡᠷᠡᠭᠦᠯ ᠮᠡᠨᠳᠦ ᠶᠢᠨ ᠴᠢᠨᠠᠷ᠂ ᠴᠢᠳᠠᠮᠵᠢ ᠶᠢᠨ ᠴᠢᠨᠠᠷ ᠤᠨ ᠥᠨᠳᠥᠷ ᠪᠠᠷᠢᠮᠵᠢᠶᠠᠲᠤ ᠱᠠᠭᠠᠷᠳᠠᠯᠭ᠎ᠠ ᠶᠢ ᠨᠡᠩ ᠰᠠᠶᠢᠨ ᠢᠯᠡᠷᠡᠭᠦᠯᠪᠡ᠃    ᠠᠮᠢ ᠠᠬᠤᠶᠢᠴᠢ ᠣᠷᠣᠰᠢᠨ ᠰᠠᠭᠤᠬᠤ ᠳᠤ ᠲᠣᠬᠢᠷᠠᠮᠵᠢᠲᠠᠢ ᠪᠤᠯᠭᠠᠬᠤ ᠨᠢ ᠵᠥᠪᠬᠡᠨ ᠨᠢᠭᠡ ᠬᠠᠷᠠᠯᠲᠠ ᠪᠢᠰᠢ᠂ ᠨᠡᠩ ᠴᠤ ᠠᠮᠢ ᠠᠬᠤᠢ ᠶᠢ ᠲᠡᠷᠢᠭᠦᠨ ᠳᠤ ᠲᠠᠯᠪᠢᠬᠤ᠂ ᠪᠣᠬᠢᠷᠲᠤᠯ ᠦᠭᠡᠢ ᠬᠥᠭᠵᠢᠯᠲᠡ ᠶᠢᠨ ᠲᠤᠬᠠᠢ ᠴᠥᠬᠦᠷᠡᠰᠢ ᠦᠭᠡᠢ ᠬᠥᠭᠡᠭᠡᠴᠡᠯᠳᠦᠯ ᠪᠣᠯᠤᠨ᠎ᠠ᠃ ᠠᠮᠢᠵᠢᠷᠠᠯ ᠤᠨ ᠬᠦᠴᠦᠨ ᠢᠶᠠᠷ ᠪᠢᠯᠬᠠᠮ᠎ᠠ ᠨᠤᠲᠤᠭ ᠳᠡᠪᠢᠰᠬᠡᠷ ᠳᠡᠭᠡᠷ᠎ᠡ ᠤᠷᠳᠤᠰ ᠬᠤᠳᠠ ᠶᠠᠭ ᠰᠠᠶ᠋ᠢᠬᠠᠨ ᠠᠮᠢ ᠠᠬᠤᠶᠢᠴᠢ ᠤᠷᠤᠰᠢᠨ ᠰᠠᠭᠤᠬᠤ ᠳᠤ ᠳᠣᠬᠢᠷᠠᠮᠵᠢᠳᠠᠢ ᠪᠠᠷ ᠬᠠᠷᠠᠯᠲᠠ ᠪᠠᠨ ᠪᠣᠯᠭᠠᠵᠤ᠂ ᠨᠣᠮᠢᠨ ᠨᠣᠭᠤᠭᠠᠨ᠂ ᠬᠦᠬᠡ ᠤᠭᠳᠠᠷᠭᠤᠢ᠂ ᠠᠷᠢᠭᠤᠨ ᠴᠡᠪᠡᠷ ᠨᠤᠳᠤᠭ ᠢᠶᠠᠨ ᠰᠠᠬᠢᠨ ᠬᠠᠮᠠᠭᠠᠯᠠᠵᠤ᠂ ᠬᠥᠮᠦᠨ ᠪᠠ ᠪᠠᠶᠢᠭᠠᠯᠢ ᠶᠢᠨ ᠡᠶ᠎ᠡ ᠵᠣᠬᠢᠴᠠᠩᠭᠤᠢ  ᠪᠠᠷ ᠬᠠᠮᠲᠤ ᠣᠷᠣᠰᠢᠬᠤ ᠬᠥᠮᠦᠰ ᠤᠨ ᠣᠷᠣᠰᠢᠨ ᠰᠠᠭᠤᠬᠤ ᠣᠷᠴᠢᠨ ᠲᠣᠭᠤᠷᠢᠨ ᠤ ᠰᠢᠨ᠎ᠡ ᠵᠢᠷᠤᠭ ᠲᠥᠯᠥᠪᠯᠡᠭᠡ ᠶᠢ ᠵᠢᠷᠤᠭᠯᠠᠵᠤ᠂ ᠠᠷᠠᠳ ᠤᠯᠠᠨ ᠳᠤ ᠨᠡᠩ ᠤᠯᠠᠨ ᠦᠨᠡᠨ ᠪᠣᠳᠠᠲᠠᠢ ᠬᠦᠷᠲᠡᠮᠵᠢ ᠶᠢᠨ ᠲᠦᠷᠦᠭᠳᠡᠯ ᠪᠠ ᠵᠣᠯ ᠵᠢᠷᠭᠠᠯᠲᠤ ᠲᠦᠷᠦᠭᠳᠡᠯ ᠢ ᠤᠯᠭᠤᠨ᠎ᠠ᠃ ᠤᠷᠳᠤᠰ ᠬᠤᠲᠠ ᠶᠢᠨ ᠨᠣᠭᠤᠭᠠᠨ ᠥᠩᠭᠡ ᠶᠢᠨ ᠬᠤᠪᠢᠷᠠᠯᠲᠠ ᠶᠢ ᠪᠦᠭᠦᠳᠡᠭᠡᠷ ᠢᠶᠠᠨ ᠭᠡᠷᠡᠴᠢᠯᠡᠵᠦ᠂ ᠲᠡᠭᠦᠨ ᠤ ᠠᠮᠢ ᠠᠬᠤᠶᠢᠴᠢ ᠤᠷᠤᠰᠢᠨ ᠰᠠᠭᠤᠬᠤ ᠳᠤ ᠲᠣᠬᠢᠷᠠᠮᠵᠢᠲᠠᠶ ᠬᠦᠭᠵᠢᠯᠳᠡ ᠶᠢᠨ ᠵᠠᠮ ᠳᠤ ᠡᠷᠡᠰ ᠪᠠᠲᠤ ᠠᠯᠬᠤᠭ᠎ᠠ ᠪᠠ ᠬᠢᠵᠠᠭᠠᠯᠠᠰᠢ ᠥᠬᠡᠶ ᠠᠮᠵᠢᠯᠳᠠ ᠶᠢ ᠡᠭᠦᠳᠦᠨ ᠪᠦᠳᠦᠭᠡᠬᠦ ᠪᠤᠯᠤᠯᠴᠠᠭ᠎ᠠ ᠶᠢ ᠬᠠᠮᠲᠤ ᠪᠠᠷ ᠢᠳᠡᠭᠡᠵᠦ ᠪᠠᠶᠢᠨ᠎ᠠ︕ 
ᠢᠷᠡᠯᠲᠡ᠄ ᠣᠷᠳᠣᠰ ᠬᠤᠲᠠ ᠶᠢᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ
Baidu
map