ᠪᠠᠷᠢᠯᠭ᠎ᠠ ᠶᠢᠨ ᠠᠵᠢᠯ ᠤᠨ ᠬᠢᠷᠢ ᠬᠡᠮ ᠢ ᠬᠦᠬᠡ ᠬᠦᠬᠡᠭᠴᠢᠨ ᠲᠡᠰ ᠤᠨ ᠪᠣᠯᠭᠠᠨ ᠬᠤᠪᠢᠷᠠᠭᠤᠯᠬᠤ ᠬᠠᠮᠢᠶ᠎ᠠ ᠪᠦᠬᠦᠢ ᠲᠤᠭᠳᠠᠭᠠᠯ ᠪᠠ ᠬᠡᠷᠡᠭᠵᠢᠬᠦᠯᠬᠦ ᠴᠠᠭ
ᠨᠡᠶᠢᠲᠡᠯᠡᠭᠰᠡᠨ ᠴᠠᠭ᠄
2024/8/18
    ᠵᠠᠬᠢᠳᠠᠯ ᠰᠤᠷᠪᠤᠯᠵᠢᠯᠠᠭᠴᠢ ᠶᠢᠨ ᠨᠡᠷ᠎ᠡ᠄ ᠳ᠋ᠢᠩ ᠣᠪᠣᠭᠲᠤ    ᠵᠠᠬᠢᠳᠠᠯ ᠢᠷᠡᠭᠦᠯᠦᠭᠰᠡᠨ ᠴᠠᠭ᠄ 2024-08-08 21:20:46    ᠵᠠᠬᠢᠳᠠᠯ ᠤᠨ ᠭᠤᠣᠯ ᠰᠡᠳᠦᠪ᠄ ᠪᠠᠷᠢᠯᠭ᠎ᠠ ᠶᠢᠨ ᠠᠵᠢᠯ ᠤᠨ ᠬᠢᠷᠢ ᠬᠡᠮ ᠢ ᠬᠦᠬᠡ ᠬᠦᠬᠡᠭᠴᠢᠨ ᠲᠡᠰ ᠤᠨ ᠪᠣᠯᠭᠠᠨ ᠬᠤᠪᠢᠷᠠᠭᠤᠯᠬᠤ ᠬᠠᠮᠢᠶ᠎ᠠ ᠪᠦᠬᠦᠢ ᠲᠤᠭᠳᠠᠭᠠᠯ ᠪᠠ ᠬᠡᠷᠡᠭᠵᠢᠬᠦᠯᠬᠦ ᠴᠠᠭ    ᠵᠠᠬᠢᠳᠠᠯ ᠤᠨ ᠠᠭᠤᠯᠭ᠎ᠠ᠄ ᠮᠠᠨ ᠤ ᠺᠣᠮᠫᠠᠨᠢ ᠶᠢᠨ ᠣᠲᠣ ᠪᠠᠷᠢᠯᠭ᠎ᠠ ᠶᠢᠨ ᠭᠤᠷᠪᠠᠳᠤᠭᠠᠷ ᠳᠡᠰ ᠤᠨ ᠬᠢᠷᠢ ᠬᠡᠮ 3 ᠪᠠᠶᠢᠨ᠎ᠠ ᠂ ᠣᠲᠣ ᠨᠢᠭᠡᠨᠲᠡ ᠪᠤᠰᠤᠳ ᠺᠣᠮᠫᠠᠨᠢ ᠭᠤᠷᠪᠠᠳᠤᠭᠠᠷ ᠳᠡᠰ ᠤᠨ ᠬᠢᠷᠢ ᠬᠡᠮ ᠢᠶᠠᠨ ᠬᠥᠬᠡᠭᠴᠢᠨ ᠲᠠᠰ ᠤᠨ ᠬᠢᠷᠢ ᠬᠡᠮ ᠪᠣᠯᠭᠠᠨ ᠰᠣᠯᠢᠵᠠᠢ᠂ ᠡᠭᠦᠨ ᠤ ᠲᠤᠬᠠᠢ ᠠᠰᠠᠭᠤᠨ ᠯᠠᠪᠯᠠᠬᠤ ᠶᠢ ᠬᠦᠰᠡᠵᠦ ᠪᠠᠶᠢᠨ᠎ᠠ᠂ ᠪᠠᠷᠢᠯᠭ᠎ᠠ ᠶᠢᠨ ᠠᠵᠢᠯ ᠤᠨ ᠬᠢᠷᠢ ᠬᠡᠮ ᠢ ᠨᠢᠭᠡᠳᠦᠭᠡᠷ᠂ ᠬᠤᠶᠠᠳᠤᠭᠠᠷ᠂ ᠭᠤᠷᠪᠠᠳᠤᠭᠠᠷ ᠳᠡᠰ ᠤᠨ ᠬᠢᠷᠢ ᠬᠡᠮ ᠠᠴᠠ ᠬᠥᠬᠡ᠂ ᠬᠥᠬᠡᠭᠴᠢᠨ ᠲᠠᠰ ᠤᠨ ᠪᠣᠯᠭᠠᠨ ᠬᠤᠪᠢᠷᠠᠭᠤᠯᠬᠤ ᠬᠠᠮᠢᠶ᠎ᠠ ᠪᠥᠬᠦᠶ ᠲᠣᠭᠲᠠᠭᠠᠯ ᠪᠠ ᠭᠦᠢᠴᠡᠳᠭᠡᠬᠦ ᠴᠠᠭ ᠨᠢ ᠶᠠᠭᠤ ᠪᠣᠢ︖ ᠭᠤᠤᠯᠳᠠᠭᠤ ᠪᠠᠶᠢᠭᠤᠯᠤᠭᠴᠢ ᠪᠠ ᠮᠡᠷᠭᠡᠵᠢᠯ ᠤᠨ ᠬᠠᠷᠢᠭᠤᠴᠠᠯᠭᠠᠲᠠᠨ ᠵᠡᠷᠭᠡ ᠠᠵᠢᠯᠲᠠᠨ ᠤ ᠲᠤᠭ᠎ᠠ ᠬᠡᠮᠵᠢᠶ᠎ᠡ ᠶᠢᠨ ᠲᠤᠬᠠᠶ ᠨᠠᠷᠢᠨ ᠲᠣᠭᠲᠠᠭᠠᠯ ᠶᠠᠭᠤ ᠪᠣᠢ︖        ᠬᠠᠷᠢᠭᠤᠯᠤᠭᠰᠠᠨ ᠴᠠᠭ᠄ 2024-08-09 10:23:41    ᠬᠠᠷᠢᠭᠤᠯᠲᠠ ᠶᠢᠨ ᠠᠭᠤᠯᠭ᠎ᠠ᠄ ᠰᠠᠶᠢᠨ ᠤᠤ᠂ ᠲᠠᠨ ᠤ ᠲᠤᠰᠭᠠᠭᠰᠠᠨ ᠠᠰᠠᠭᠤᠳᠠᠯ ᠢ ᠨᠢᠭᠡᠨᠲᠡ ᠣᠯᠵᠤ ᠠᠪᠤᠭᠠᠳ ᠣᠶᠢᠯᠭᠠᠭᠰᠠᠨ᠂ ᠣᠳᠣ ᠳᠣᠣᠷᠠᠬᠢ ᠮᠡᠲᠦ ᠬᠠᠷᠢᠭᠤᠯᠲᠠ ᠥᠭᠭᠦᠶ᠎ᠡ᠄ ᠪᠠᠷᠢᠯᠭ᠎ᠠ ᠶᠢᠨ ᠦᠢᠯᠡᠰ ᠤᠨ ᠠᠵᠤ ᠠᠬᠤᠶᠢᠯᠠᠯ ᠤᠨ ᠬᠢᠷᠢ ᠬᠡᠮ ᠤᠨ ᠦᠨᠡᠮᠯᠡᠯ ᠢ ᠰᠣᠯᠢᠵᠤ ᠠᠪᠬᠤ ᠨᠢ ᠮᠠᠨ ᠤ ᠲᠢᠩᠬᠢᠮ ᠤᠨ ᠨᠡᠶᠢᠲᠡᠯᠡᠭᠰᠡᠨ ︽ᠪᠦᠲᠦᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠠᠵᠤ ᠠᠬᠤᠶᠢᠯᠠᠯ ᠤᠨ ᠬᠢᠷᠢ ᠬᠡᠮ ᠤᠨ ᠦᠨᠡᠮᠯᠡᠯ ᠢ ᠰᠣᠯᠢᠵᠤ ᠠᠪᠬᠤ ᠠᠵᠢᠯ ᠢ ᠰᠠᠶᠢᠲᠤᠷ ᠬᠢᠬᠦ ᠲᠤᠬᠠᠶ ᠮᠡᠳᠡᠭᠳᠡᠯ︾ ᠤᠨ ᠱᠠᠭᠠᠷᠳᠠᠯᠭ᠎ᠠ ᠶᠣᠰᠣᠭᠠᠷ ᠶᠠᠪᠤᠭᠳᠠᠵᠤ᠂ ᠬᠦᠴᠦᠨ ᠲᠠᠢ ᠬᠤᠭᠤᠴᠠᠭᠠᠨ ᠳᠠᠬᠢ ᠪᠠᠷᠢᠯᠭ᠎ᠠ ᠶᠢᠨ ᠠᠵᠢᠯ ᠢ ᠶᠡᠷᠦᠩᠬᠡᠶᠢᠯᠡᠨ ᠳᠠᠭᠠᠭᠠᠴᠢᠯᠠᠬᠤ᠂ ᠲᠤᠰᠬᠠᠶ ᠠᠵᠢᠯ ᠤᠨ ᠳᠠᠭᠠᠭᠠᠴᠢᠯᠠᠯᠲᠠ ᠶᠢᠨ ᠭᠤᠷᠪᠠᠳᠤᠭᠠᠷ ᠳᠡᠰ ᠤᠨ ᠬᠢᠷᠢ ᠬᠡᠮ ᠳᠤ ᠠᠳᠠᠯᠢ ᠲᠤᠰᠬᠠᠶ ᠮᠡᠷᠭᠡᠵᠢᠯ ᠤᠨ ᠬᠤᠶᠠᠳᠤᠭᠠᠷ ᠳᠡᠰ ᠤᠨ ᠬᠢᠷᠢ ᠬᠡᠮ ᠤᠨ ᠦᠨᠡᠮᠯᠡᠯ ᠢ ᠰᠣᠯᠢᠵᠤ ᠪᠣᠯᠣᠨ᠎ᠠ᠃ ᠣᠳᠣᠬᠠᠨ ᠳᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠶᠠᠮᠤᠨ ᠰᠢᠨ᠎ᠡ ᠬᠢᠷᠢ ᠬᠡᠮ ᠤᠨ ᠪᠠᠷᠢᠮᠵᠢᠶ᠎ᠠ ᠶᠢ ᠨᠡᠶᠢᠲᠡᠯᠡᠭᠰᠡᠨ ᠥᠬᠡᠶ ᠪᠠᠶᠢᠵᠤ᠂ ᠪᠠᠷᠢᠯᠭ᠎ᠠ ᠶᠢᠨ ᠦᠢᠯᠡᠰ ᠤᠨ ᠠᠵᠤ ᠠᠬᠤᠶᠢᠯᠠᠯ ᠮᠥᠨ ᠬᠦ ᠨᠢᠭᠡᠳᠦᠭᠡᠷ᠂ ᠬᠤᠶᠠᠳᠤᠭᠠᠷ ᠳᠡᠰ ᠤᠨ ᠶᠣᠰᠣᠭᠠᠷ ᠲᠠᠰ ᠬᠤᠪᠢᠶᠠᠵᠤ᠂ ᠬᠥᠬᠡ ᠬᠥᠬᠡᠭᠴᠢᠨ ᠲᠠᠰ ᠢ ᠬᠡᠷᠡᠭᠵᠢᠭᠦᠯᠦᠭᠰᠡᠨ ᠥᠬᠡᠶ ᠪᠠᠶᠢᠨ᠎ᠠ᠃ ᠮᠠᠨ ᠤ ᠲᠢᠩᠬᠢᠮ ᠦᠢᠯᠡᠴᠢᠯᠡᠭᠡᠨ ᠤ ᠶᠠᠰᠤ ᠴᠢᠨᠠᠷ  ᠢᠶᠠᠨ ᠦᠷᠭᠦᠯᠵᠢᠯᠡᠨ ᠰᠠᠶᠢᠵᠢᠷᠠᠭᠤᠯᠤᠨ᠎ᠠ᠂ ᠲᠠᠨ ᠤ ᠬᠠᠷᠢᠯᠴᠠᠨ ᠰᠣᠯᠢᠯᠴᠠᠭ᠎ᠠ ᠬᠢᠬᠦ ᠪᠤᠯᠤᠩ ᠢ ᠠᠩᠬᠠᠷᠴᠤ ᠳᠡᠮᠵᠢᠭᠰᠡᠨ ᠳᠤ ᠲᠠᠯᠠᠷᠬᠠᠵᠤ ᠪᠠᠶᠢᠨ᠎ᠠ᠃    ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠢᠩᠬᠢᠮ ᠤᠨ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠯ ᠤᠨ ᠭᠠᠵᠠᠷ    2024 ᠣᠨ ᠤ 8 ᠳ᠋ᠤᠭᠠᠷ ᠰᠠᠷ᠎ᠠ ᠶᠢᠨ 9 ᠤ ᠡᠳᠦᠷ 
ᠢᠷᠡᠯᠲᠡ᠄ ᠲᠢᠩᠬᠢᠮ ᠤᠨ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠯ ᠤᠨ ᠭᠠᠵᠠᠷ
Baidu
map