ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠢᠩᠬᠢᠮ ᠠᠴᠠ ᠲᠤᠮᠦ ᠬᠡᠯᠪᠡᠷᠢ ᠶᠢᠨ ᠪᠣᠯᠣᠳ ᠪᠦᠲᠦᠴᠡ ᠶᠢᠨ ᠨᠡᠶᠢᠳᠡ ᠶᠢᠨ ᠪᠠᠷᠢᠯᠭ᠎ᠠ ᠶᠢᠨ ᠵᠢᠷᠤᠭ ᠲᠥᠯᠥᠪᠯᠡᠭᠡ ᠳᠤ ᠬᠠᠷᠢᠭᠤ ᠰᠤᠷᠪᠤᠯᠵᠢᠯᠠᠬᠤ ᠨᠡᠶᠢᠲᠡ ᠶᠢᠨ ᠠᠰᠠᠷᠠᠮᠵᠢ ᠶᠢᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/8/2
       ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠬᠤᠯᠪᠣᠭᠳᠠᠯ ᠪᠦᠬᠦᠢ ᠪᠠᠶᠢᠷᠢᠯᠠᠭᠤᠯᠤᠯᠲᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠲᠤᠮᠦ ᠬᠡᠯᠪᠡᠷᠢ ᠶᠢᠨ ᠪᠣᠯᠣᠳ ᠪᠦᠲᠦᠴᠡ ᠶᠢᠨ ᠣᠯᠠᠨ ᠨᠡᠶᠢᠲᠡ ᠶᠢᠨ ᠪᠠᠷᠢᠯᠭ᠎ᠠ ︵ᠳᠣᠷᠣᠭᠰᠢ ︽ ᠲᠤᠮᠦ ᠬᠡᠯᠪᠡᠷᠢ ᠶᠢᠨ ᠪᠣᠯᠣᠳ ᠪᠦᠲᠦᠴᠡ ᠶᠢᠨ ᠪᠠᠷᠢᠯᠭ᠎ᠠ︾ ᠭᠡᠵᠦ ᠲᠣᠪᠴᠢᠯᠠᠨ᠎ᠠ︶ ᠶᠢᠨ ᠠᠮᠤᠷ ᠲᠦᠪᠰᠢᠨ ᠤ ᠲᠦᠭᠰᠢᠭᠦᠷᠢ ᠶᠢᠨ ᠳᠠᠯᠳᠠ ᠭᠡᠮ ᠢ ᠪᠦᠲᠦᠮᠵᠢᠲᠡᠶ ᠰᠡᠷᠭᠡᠶᠢᠯᠡᠨ ᠠᠷᠢᠯᠭᠠᠬᠤ ᠶᠢᠨ ᠲᠤᠰᠠᠳᠠ᠂ ︽ ᠲᠤᠮᠦ ᠬᠡᠯᠪᠡᠷᠢ ᠶᠢᠨ ᠪᠣᠯᠣᠳ ᠪᠦᠲᠦᠴᠡ ᠶᠢᠨ ᠣᠯᠠᠨ ᠨᠡᠶᠢᠲᠡ ᠶᠢᠨ ᠪᠠᠷᠢᠯᠭ᠎ᠠ ᠶᠢᠨ ᠵᠢᠷᠤᠭ ᠲᠦᠯᠦᠪᠯᠡᠯᠭᠡ ᠳᠤ ᠬᠠᠷᠢᠭᠤ ᠰᠤᠷᠪᠤᠯᠵᠢᠯᠠᠬᠤ ᠨᠡᠶᠢᠲᠡ ᠶᠢᠨ ᠠᠰᠠᠷᠠᠮᠵᠢ ᠶᠢᠨ ᠠᠵᠢᠯᠯᠠᠭ᠎ᠠ ᠥᠷᠨᠢᠭᠦᠯᠬᠦ ᠲᠤᠬᠠᠶ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠶᠠᠮᠤᠨ ᠤ ᠠᠯᠪᠠᠨ ᠲᠢᠩᠬᠢᠮ ᠤᠨ ᠮᠡᠳᠡᠭᠳᠡᠯ︾ ᠤᠨ ᠱᠠᠭᠠᠷᠳᠠᠯᠭ᠎ᠠ ᠶᠣᠰᠣᠭᠠᠷ᠂ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠢᠩᠬᠢᠮ ᠨᠢᠭᠡᠳᠦᠯᠲᠡᠶ ᠲᠥᠯᠥᠪᠯᠡᠨ ᠵᠣᠬᠢᠴᠠᠭᠤᠯᠵᠤ᠂ ᠲᠤᠰ ᠭᠠᠵᠠᠷ ᠣᠷᠣᠨ ᠤ ᠳᠠᠩᠰᠠᠯᠠᠭᠤᠯᠤᠭᠰᠠᠨ ᠬᠥᠬᠡ ᠲᠠᠰ ᠤᠨ ᠵᠢᠷᠤᠭᠯᠠᠨ ᠲᠥᠯᠥᠪᠯᠡᠬᠦ ᠨᠢᠭᠡᠴᠢ ᠶᠢ ᠵᠢᠯᠣᠭᠤᠳᠤᠨ ᠬᠠᠷᠢᠭᠤ ᠰᠤᠷᠪᠤᠯᠵᠢᠯᠠᠬᠤ ᠠᠵᠢᠯ ᠥᠷᠨᠢᠭᠦᠯᠬᠦ ᠶᠢᠨ ᠬᠠᠮᠲᠤ᠂ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ ᠲᠤᠰ ᠭᠠᠵᠠᠷ ᠣᠷᠣᠨ ᠤ ᠳᠠᠩᠰᠠᠯᠠᠭᠤᠯᠤᠭᠰᠠᠨ ᠬᠥᠬᠡᠭᠴᠢᠨ ᠲᠠᠰ ᠤᠨ ᠵᠢᠷᠤᠭᠯᠠᠨ ᠲᠥᠯᠥᠪᠯᠡᠬᠦ ᠨᠢᠭᠡᠴᠢ ᠳᠤ ᠵᠡᠷᠭᠡ ᠪᠠᠷ ᠠᠵᠢᠯ ᠥᠷᠨᠢᠭᠦᠯᠬᠦ ᠶᠢ ᠲᠡᠮᠵᠢᠪᠡ᠃      1. ᠠᠵᠢᠯᠯᠠᠭ᠎ᠠ ᠶᠢᠨ ᠠᠬᠤᠶ ᠪᠠᠶᠢᠳᠠᠯ       ᠲᠤᠮᠦ ᠬᠡᠯᠪᠡᠷᠢ ᠶᠢᠨ ᠪᠣᠯᠣᠳ ᠪᠦᠲᠦᠴᠡ ᠶᠢ ᠪᠡᠶ᠎ᠡ ᠶᠢᠨ ᠲᠠᠮᠢᠷ ᠤᠨ ᠣᠷᠳᠣᠨ᠂ ᠶᠣᠰᠣᠯᠠᠯ ᠤᠨ ᠲᠢᠩᠬᠢᠮ ᠂ ᠲᠡᠭᠡᠭᠡᠪᠦᠷᠢ ᠶᠢᠨ ᠲᠠᠯᠠᠪᠠᠶ ᠪᠤᠶᠤ ᠥᠷᠲᠡᠭᠡ᠂ ᠡᠮᠨᠡᠯᠭᠡ ᠶᠢᠨ ᠬᠤᠷᠢᠶᠠᠨ ᠤ ᠡᠭᠦᠳᠡᠨ ᠲᠢᠩᠬᠢᠮ᠂ ᠦᠵᠡᠭᠦᠯᠦᠯᠭᠡ ᠶᠢᠨ ᠣᠷᠳᠣᠨ ᠵᠡᠷᠭᠡ ᠬᠥᠮᠦᠰ ᠨᠢᠭᠲᠠᠷᠬᠠᠰᠠᠨ ᠬᠡᠯᠪᠡᠷᠢ ᠶᠢᠨ ᠣᠯᠠᠨ ᠨᠡᠶᠢᠲᠡ ᠶᠢᠨ ᠪᠠᠷᠢᠯᠭ᠎ᠠ ᠳᠤ ᠶᠡᠭᠡ ᠪᠠᠷ ᠬᠡᠷᠡᠭᠯᠡᠵᠦ ᠪᠠᠶᠢᠳᠠᠭ ᠪᠤᠯᠬᠤᠷ ᠪᠦᠲᠦᠴᠡ ᠶᠢᠨ ᠠᠶᠦᠯᠭᠦᠢ ᠴᠢᠨᠠᠷ ᠨᠢ ᠲᠦᠢᠯ ᠤᠨ ᠴᠢᠬᠤᠯᠠ ᠶᠤᠮ᠃ ᠣᠶᠢᠷ᠎ᠠ ᠳᠤ᠂ ᠪᠥᠬᠦ ᠤᠯᠤᠰ ᠲᠤ ᠲᠤᠮᠦ ᠬᠡᠯᠪᠡᠷᠢ ᠶᠢᠨ ᠪᠣᠯᠣᠳ ᠪᠦᠲᠦᠴᠡ ᠶᠢᠨ ᠪᠠᠷᠢᠯᠭ᠎ᠠ ᠶᠢᠨ ᠨᠤᠷᠠᠵᠤ ᠡᠪᠳᠡᠷᠡᠭᠰᠡᠨ ᠠᠳᠡᠯ ᠣᠯᠠᠨ ᠤᠳᠠᠭ᠎ᠠ ᠭᠠᠷᠴᠤ᠂ ᠬᠥᠮᠦᠨ ᠬᠠᠷ᠎ᠠ ᠠᠳᠡᠵᠦ ᠰᠢᠷᠬᠠᠲᠤᠭᠰᠠᠨ ᠪᠠ ᠡᠳ᠋ ᠬᠥᠷᠥᠩᠭᠡ ᠬᠤᠬᠢᠷᠠᠭᠰᠠᠨ ᠰᠤᠷᠭᠠᠮᠵᠢ ᠨᠢ ᠭᠦᠨ ᠭᠦᠨᠵᠡᠭᠡᠶ᠃      2. ᠶᠡᠷᠦᠩᠬᠡᠶ ᠱᠠᠭᠠᠷᠳᠠᠯᠭ᠎ᠠ      ᠶᠡᠷᠦᠩᠬᠡᠢ ᠱᠦᠵᠢ ᠰᠢ ᠶᠢᠨ ᠫᠢᠩ ᠤᠨ ᠠᠶᠤᠯᠭᠦᠢ ᠦᠢᠯᠡᠳᠪᠦᠷᠢᠯᠡᠯ ᠤᠨ ᠲᠤᠬᠠᠢ ᠴᠢᠬᠤᠯᠠ ᠥᠭᠦᠯᠡᠯᠲᠡ ᠪᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠤᠯᠠᠭᠠᠨ ᠱᠤᠭᠤᠮ ᠤᠨ ᠤᠬᠠᠮᠰᠠᠷ᠂ ᠬᠤᠷᠢᠭ᠎ᠠ ᠱᠤᠭᠤᠮ ᠤᠨ ᠰᠡᠳᠬᠢᠬᠦᠢ ᠶᠢ ᠪᠠᠷᠢᠮᠲᠠᠯᠠᠵᠤ᠂ ᠣᠳᠣᠬᠠᠨ ᠤ ᠲᠤᠮᠦ ᠬᠡᠯᠪᠡᠷᠢ ᠶᠢᠨ ᠪᠣᠯᠣᠳ ᠪᠦᠲᠦᠴᠡ ᠶᠢᠨ ᠪᠠᠷᠢᠯᠭ᠎ᠠ ᠶᠢᠨ ᠠᠮᠤᠷ ᠲᠦᠪᠰᠢᠨ ᠤ ᠪᠠᠶᠢᠳᠠᠯ ᠤᠨ ᠬᠦᠨᠳᠦ ᠨᠣᠴᠢᠲᠠᠢ ᠴᠢᠨᠠᠷ᠂ ᠪᠤᠳᠤᠯᠢᠶᠠᠨᠲᠤ ᠴᠢᠨᠠᠷ ᠢ ᠰᠡᠷᠭᠡᠭ ᠢᠶᠠᠷ ᠲᠠᠨᠢᠵᠤ᠂ ᠵᠢᠷᠤᠭ ᠲᠥᠯᠥᠪᠯᠡᠭᠡ ᠳᠤ ᠬᠠᠷᠢᠭᠤ ᠰᠤᠷᠪᠤᠯᠵᠢᠯᠠᠬᠤ ᠡᠯ᠎ᠡ ᠵᠦᠢᠯ ᠤᠨ ᠠᠵᠢᠯ ᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠠᠷᠠᠳ ᠤᠯᠠᠨ ᠤ ᠠᠮᠢ ᠨᠠᠰᠤ ᠡᠳ᠋ ᠬᠦᠷᠦᠩᠭᠡ ᠶᠢᠨ ᠠᠮᠤᠷ ᠲᠦᠪᠰᠢᠨ ᠢ ᠦᠨᠡᠨ ᠬᠦ ᠪᠠᠲᠤᠯᠠᠬᠤ ᠬᠡᠷᠡᠭᠲᠡᠢ᠃      ᠵᠢᠷᠤᠭ ᠲᠥᠯᠥᠪᠯᠡᠭᠡ ᠶᠢᠨ ᠨᠢᠭᠡᠴᠢ ᠠᠴᠠ ᠨᠡᠶᠢᠭᠡᠮ ᠤᠨ ᠬᠠᠷᠢᠭᠤᠴᠠᠯᠭ᠎ᠠ ᠪᠠᠨ ᠢᠳᠡᠪᠬᠢᠲᠡᠢ ᠭᠦᠢᠴᠡᠳᠬᠡᠵᠦ᠂ ᠬᠠᠷᠢᠭᠤᠴᠠᠯᠭ᠎ᠠ ᠡᠭᠦᠷᠭᠡᠯᠡᠬᠦ ᠤᠬᠠᠮᠰᠠᠷ ᠢᠶᠠᠨ ᠴᠢᠩᠭᠠᠳᠬᠠᠵᠤ᠂ ᠨᠡᠶᠢᠲᠡ ᠶᠢᠨ ᠠᠰᠠᠷᠠᠮᠵᠢ ᠶᠢᠨ ᠦᠢᠯᠡᠴᠢᠯᠡᠭᠡ ᠶᠢ ᠰᠠᠨᠠᠭᠠᠴᠢᠯᠠᠭ᠎ᠠ  ᠠᠴᠠ ᠪᠠᠨ ᠥᠷᠨᠢᠭᠦᠯᠬᠦ ᠬᠡᠷᠡᠭᠲᠡᠢ᠃ ︽ᠭᠤᠤᠯᠳᠠᠯᠭ᠎ᠠ ᠶᠢ ᠳᠣᠪᠤᠶᠢᠯᠭᠠᠬᠤ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ᠂ ᠤᠷᠢᠳᠴᠢᠯᠠᠨ ᠰᠡᠷᠭᠡᠶᠢᠯᠡᠬᠦ ᠪᠠᠷ ᠭᠤᠤᠯ ᠪᠣᠯᠭᠠᠬᠤ︾ ᠵᠠᠷᠴᠢᠮ ᠶᠣᠰᠣᠭᠠᠷ᠂ ᠲᠣᠰ ᠨᠢᠭᠡᠴᠢ ᠶᠢᠨ ᠢᠶᠠᠨ ᠵᠢᠷᠤᠵᠤ ᠲᠥᠯᠥᠪᠯᠡᠭᠰᠡᠨ ᠲᠤᠮᠦ ᠬᠡᠯᠪᠡᠷᠢ ᠶᠢᠨ ᠪᠣᠯᠣᠳ ᠪᠦᠲᠦᠴᠡ ᠶᠢᠨ ᠪᠠᠷᠢᠯᠭ᠎ᠠ ᠶᠢᠨ ᠵᠢᠷᠤᠭ ᠲᠥᠯᠥᠪᠯᠡᠭᠡ ᠶᠢ ᠳᠠᠬᠢᠨ ᠬᠢᠨᠠᠬᠤ᠂ ᠴᠢᠳᠠᠮᠵᠢ ᠶᠢ ᠳᠠᠬᠢᠨ ᠬᠢᠨᠠᠬᠤ᠂ ᠪᠦᠬᠦᠯᠢ ᠴᠣᠭᠴᠠ ᠶᠢᠨ ᠬᠡᠷᠡᠭᠯᠡᠯᠳᠡ ᠶᠢᠨ ᠪᠠᠶᠢᠳᠠᠯ ᠢ ᠳᠠᠬᠢᠨ ᠬᠢᠨᠠᠬᠤ ᠵᠡᠷᠭᠡ ᠶᠢ ᠥᠷᠨᠢᠭᠦᠯᠵᠦ᠂ ᠲᠤᠮᠦ ᠬᠡᠯᠪᠡᠷᠢ ᠶᠢᠨ ᠪᠣᠯᠣᠳ ᠪᠦᠲᠦᠴᠡ ᠶᠢᠨ ᠪᠠᠷᠢᠯᠭ᠎ᠠ ᠶᠢᠨ ᠥᠮᠴᠢᠯᠡᠬᠦ ᠡᠷᠬᠡᠲᠦ ᠬᠥᠮᠦᠨ ᠳᠤ ᠨᠡᠶᠢᠲᠡ ᠶᠢᠨ ᠠᠰᠠᠷᠠᠮᠵᠢ ᠶᠢᠨ ᠠᠮᠤᠷ ᠲᠦᠪᠰᠢᠨ ᠤ ᠰᠠᠨᠠᠭᠤᠯᠤᠮᠵᠢ ᠥᠭᠭᠦᠨ᠎ᠡ᠃       ᠥᠮᠴᠢᠯᠡᠬᠦ ᠡᠷᠬᠡᠲᠦ ᠬᠥᠮᠦᠨ ᠪᠣᠯ ᠪᠠᠷᠢᠯᠭ᠎ᠠ ᠶᠢᠨ ᠠᠮᠤᠷ ᠲᠦᠪᠰᠢᠨ ᠤ ᠬᠠᠷᠢᠭᠤᠴᠠᠯᠭ᠎ᠠ ᠶᠢᠨ ᠭᠤᠣᠯ ᠴᠣᠭᠴᠠ ᠮᠦᠨ᠂ ᠵᠢᠷᠤᠭ ᠲᠥᠯᠥᠪᠯᠡᠭᠡ ᠳᠤ ᠬᠠᠷᠢᠭᠤ ᠰᠤᠷᠪᠤᠯᠵᠢᠯᠠᠬᠤ ᠪᠣᠯ ᠥᠪᠡᠷ ᠤᠨ ᠪᠡᠶ᠎ᠡ ᠶᠢ ᠴᠢᠨᠢ ᠬᠠᠪᠰᠤᠷᠤᠨ ᠠᠮᠤᠷ ᠲᠦᠪᠰᠢᠨ ᠤ ᠠᠳᠡᠯ ᠤᠨ ᠲᠦᠭᠰᠢᠭᠦᠷᠢ ᠶᠢ ᠪᠠᠭᠠᠰᠬᠠᠬᠤ ᠨᠢᠭᠡ ᠵᠦᠢᠯ ᠤᠨ ᠪᠦᠲᠦᠮᠵᠢᠲᠡᠢ ᠠᠷᠭ᠎ᠠ ᠪᠠᠷᠢᠯ ᠪᠣᠯᠬᠤ ᠶᠢ ᠭᠦᠢᠴᠡᠳ ᠲᠠᠨᠢᠭᠤᠯᠵᠤ᠂ ᠵᠢᠷᠤᠭ ᠲᠥᠯᠥᠪᠯᠡᠭᠡ ᠶᠢᠨ ᠨᠢᠭᠡᠴᠢ ᠲᠠᠢ ᠰᠠᠶᠢᠲᠤᠷ ᠬᠠᠷᠢᠯᠴᠠᠨ ᠬᠥᠳᠡᠯᠦᠯᠴᠡᠵᠦ᠂ ᠨᠢᠭᠲᠠ ᠬᠠᠮᠵᠢᠯᠴᠠᠵᠤ᠂ ᠣᠷᠣᠭᠤᠯᠤᠯᠲᠠ ᠶᠢ ᠪᠠᠲᠤᠯᠠᠬᠤ ᠡᠷᠴᠢᠮ ᠢᠶᠠᠨ ᠢᠳᠡᠪᠬᠢᠲᠡᠢ ᠴᠢᠩᠭᠠᠷᠠᠭᠤᠯᠵᠤ᠂ ᠠᠶᠤᠯ ᠲᠦᠭᠰᠢᠭᠦᠷᠢ ᠶᠢᠨ ᠭᠡᠮ ᠰᠣᠭᠤᠭ ᠢ ᠴᠠᠭ ᠲᠤᠬᠠᠢ ᠳᠤᠨᠢ ᠠᠷᠢᠯᠭᠠᠵᠤ᠂ ᠨᠤᠷᠠᠬᠤ ᠠᠳᠡᠯ ᠭᠠᠷᠬᠤ ᠶᠢ ᠴᠢᠩᠭ᠎ᠠ ᠰᠡᠷᠭᠡᠶᠢᠯᠡᠬᠦ ᠬᠡᠷᠡᠭᠲᠡᠢ᠃      3. ᠬᠠᠷᠢᠭᠤ ᠰᠤᠷᠪᠤᠯᠵᠢᠯᠠᠬᠤ ᠲᠥᠷᠥᠯ ᠵᠦᠢᠯ ᠤᠨ ᠬᠡᠪᠴᠢᠶ᠎ᠡ      ᠨᠢᠭᠡᠨᠲᠡ ᠪᠠᠷᠢᠯᠭ᠎ᠠ ᠳᠠᠭᠤᠰᠴᠤ ᠠᠰᠢᠭᠯᠠᠯᠲᠠ ᠳᠤ ᠣᠷᠣᠭᠤᠯᠤᠭᠰᠠᠨ᠂ ᠭᠡᠷ ᠤᠨ ᠪᠦᠲᠦᠴᠡ ᠬᠡᠯᠪᠡᠷᠢ ᠨᠢ ᠪᠣᠯᠣᠳ ᠪᠦᠲᠦᠴᠡ᠂ ᠳᠠᠩ ᠪᠣᠯᠣᠳ ᠪᠦᠲᠦᠴᠡ  ᠨᠢ 24 ᠮᠧᠲᠷ ᠠᠴᠠ ᠶᠡᠭᠡ ᠪᠤᠶᠤ ᠡᠯᠭᠦᠮᠡᠯ ᠤᠷᠲᠤ ᠶᠢᠨ ᠬᠡᠮᠵᠢᠶ᠎ᠡ ᠨᠢ 8 ᠮᠧᠲᠷ ᠠᠴᠠ ᠶᠡᠭᠡ ᠡᠯ᠎ᠡ ᠲᠥᠷᠥᠯ ᠤᠨ ᠲᠤᠮᠦ ᠬᠡᠯᠪᠡᠷᠢ ᠶᠢᠨ ᠪᠣᠯᠣᠳ ᠪᠦᠲᠦᠴᠡ ᠶᠢᠨ ᠪᠠᠷᠢᠯᠭ᠎ᠠ ᠶᠢ ᠭᠤᠤᠯᠳᠠᠯᠭ᠎ᠠ ᠲᠠᠢ ᠬᠠᠷᠢᠭᠤ ᠰᠤᠷᠪᠤᠯᠵᠢᠯᠠᠨ᠎ᠠ᠃      ᠪᠠᠶᠢᠭᠤᠯᠤᠭᠰᠠᠨ ᠴᠠᠭ ᠨᠢ ᠤᠷᠲᠤ᠂ ᠪᠠᠶᠢᠭᠤᠯᠤᠭᠰᠠᠨ ᠪᠠᠷᠢᠮᠵᠢᠶ᠎ᠠ ᠨᠢ ᠳᠣᠤᠷ᠎ᠠ᠂ ᠬᠡᠷᠡᠭᠯᠡᠭᠰᠡᠨ ᠣᠷᠴᠢᠨ ᠲᠣᠭᠤᠷᠢᠨ ᠨᠢ ᠮᠠᠭᠤ ᠵᠡᠷᠭᠡ ᠲᠤᠮᠦ ᠬᠡᠯᠪᠡᠷᠢ ᠶᠢᠨ ᠪᠣᠯᠣᠳ ᠪᠦᠲᠦᠴᠡ ᠶᠢᠨ ᠪᠠᠷᠢᠯᠭ᠎ᠠ ᠶᠢ ᠭᠤᠤᠯᠳᠠᠯᠭ᠎ᠠ ᠲᠠᠢ ᠰᠤᠷᠪᠤᠯᠵᠢᠯᠠᠨ᠎ᠠ᠃      ᠤᠯᠤᠰ ᠤᠨ ᠲᠠᠰ ᠤᠨ ᠲᠣᠮᠣ ᠬᠡᠯᠪᠡᠷᠢ ᠶᠢᠨ ᠪᠡᠶ᠎ᠡ ᠶᠢᠨ ᠲᠠᠮᠢᠷ ᠤᠨ ᠣᠷᠳᠣᠨ ᠪᠠ ᠲᠣᠮᠣ ᠬᠡᠯᠪᠡᠷᠢ ᠶᠢᠨ ᠮᠦᠽᠧᠶ᠂ ᠨᠢᠰᠬᠡᠯ ᠤᠨ ᠪᠠᠭᠤᠳᠠᠯ ᠤᠨ ᠠᠭᠠᠷ ᠤᠨ ᠠᠶᠠᠯᠠᠯ ᠤᠨ ᠠᠰᠠᠷ᠂ ᠳᠡᠭᠡᠳᠦ ᠬᠤᠷᠳᠤᠴᠠᠲᠤ ᠲᠡᠮᠦᠷ ᠵᠠᠮ ᠤᠨ ᠲᠡᠷᠭᠡ ᠬᠦᠯᠢᠶᠡᠬᠦ ᠠᠰᠠᠷ ᠵᠡᠷᠭᠡ ᠪᠦᠲᠦᠭᠡᠨ ᠪᠠᠶᠢᠭᠤᠯᠤᠯᠲᠠ ᠶᠢᠨ ᠪᠠᠷᠢᠮᠵᠢᠶ᠎ᠠ ᠨᠢ ᠥᠨᠳᠥᠷ᠂ ᠬᠠᠮᠢᠶᠠᠷᠤᠯᠲᠠ ᠨᠢ ᠴᠢᠩᠭ᠎ᠠ᠂ ᠠᠷᠠᠴᠢᠯᠠᠨ ᠬᠠᠮᠠᠭᠠᠯᠠᠬᠤ ᠨᠢ ᠵᠢᠷᠤᠮᠵᠢᠭᠰᠠᠨ ᠣᠯᠠᠨ ᠨᠡᠶᠢᠲᠡ ᠶᠢᠨ ᠪᠠᠷᠢᠯᠭ᠎ᠠ ᠶᠢ ᠬᠠᠷᠢᠭᠤ ᠰᠤᠷᠪᠤᠯᠵᠢᠯᠠᠬᠤ ᠬᠡᠪᠴᠢᠶᠡᠨ ᠳᠤ ᠣᠷᠣᠭᠤᠯᠬᠤ ᠦᠭᠡᠶ ᠪᠠᠶᠢᠵᠤ ᠪᠣᠯᠤᠨ᠎ᠠ᠃      4. ᠬᠠᠷᠢᠭᠤ ᠰᠣᠷᠪᠤᠯᠵᠢᠯᠠᠬᠤ ᠮᠠᠷᠭᠡᠵᠢᠯ ᠤᠨ ᠴᠢᠬᠤᠯᠠ ᠡᠯᠧᠮᠧᠨ᠋ᠲ           ︵1︶ ᠪᠠᠷᠢᠯᠭ᠎ᠠ ᠶᠢᠨ ᠬᠡᠷᠡᠭᠯᠡᠬᠦ ᠴᠢᠳᠠᠮᠵᠢ᠂ ᠬᠡᠷᠡᠭᠯᠡᠬᠦ ᠣᠷᠴᠢᠨ ᠲᠣᠭᠤᠷᠢᠨ᠂ ᠬᠡᠷᠡᠭᠯᠡᠬᠦ ᠳᠠᠭᠠᠭᠠᠴᠠ ᠨᠢ ᠤᠤᠯ ᠤᠨ ᠵᠢᠷᠤᠭ ᠲᠥᠯᠥᠪᠯᠡᠭᠡ ᠲᠠᠢ ᠨᠡᠶᠢᠴᠡᠬᠦ ᠡᠰᠡᠬᠦ︔      ︵2︶ ᠪᠣᠯᠣᠳ ᠪᠦᠲᠦᠴᠡ ᠶᠢᠨ ᠪᠦᠬᠦᠯᠢ ᠴᠣᠭᠴᠠ ᠶᠢᠨ ᠰᠢᠰᠲ᠋ᠧᠮ ᠂ ᠪᠣᠯᠣᠳ ᠪᠦᠲᠦᠴᠡ ᠶᠢᠨ ᠵᠠᠩᠭᠢᠯᠠᠭ᠎ᠠ ᠶᠢᠨ ᠴᠡᠭ ᠨᠢ ᠤᠭ ᠲᠥᠯᠥᠪᠯᠡᠭᠡ ᠲᠠᠢ ᠨᠡᠶᠢᠴᠡᠬᠦ ᠡᠰᠡᠬᠦ︔      ︵3︶ ᠭᠡᠷ ᠤᠨ ᠭᠠᠳᠠᠷᠭᠤ ᠨᠢ ᠤᠯᠠᠨ ᠤᠳᠠᠭ᠎ᠠ ᠤᠰᠤ ᠰᠡᠷᠭᠡᠶᠢᠯᠡᠬᠦ ᠪᠠᠷᠢᠯᠭ᠎ᠠ ᠬᠡᠷᠡᠭᠵᠢᠭᠦᠯᠦᠭᠰᠡᠨ ᠠᠴᠠ ᠪᠤᠯᠤᠭᠠᠳ ᠳᠠᠭᠠᠭᠠᠴᠠ  ᠨᠢ ᠨᠡᠮᠡᠭᠳᠡᠭᠰᠡᠨ ᠡᠰᠡᠬᠦ︔      ︵4︶ ᠪᠠᠶᠢᠰᠢᠩ ᠤᠨ ᠣᠷᠣᠢ ᠲᠡᠭᠡᠷ᠎ᠡ ᠲᠣᠭᠲᠠᠭᠠᠯ ᠠᠴᠠ ᠵᠥᠷᠢᠴᠡᠨ ᠡᠳ᠋ ᠪᠤᠳᠠᠰ ᠤᠪᠤᠭᠠᠯᠠᠭᠰᠠᠨ ᠡᠰᠡᠬᠦ︔      ︵5︶ ᠪᠣᠯᠣᠳ ᠪᠦᠲᠦᠴᠡᠲᠦ ᠲᠣᠨᠣᠭᠯᠠᠭᠠᠰᠣ ᠵᠢᠴᠢ ᠳᠠᠭᠠᠯᠲᠠ ᠪᠦᠳᠦᠴᠡ ᠨᠢ ᠪᠦᠷᠢᠨ ᠪᠦᠲᠦᠨ ᠪᠠᠶᠢᠬᠤ ᠡᠰᠡᠬᠦ᠂ ᠢᠯᠡᠷᠬᠡᠢ ᠵᠢᠪᠡᠷᠡᠵᠦ ᠢᠳᠡᠭᠳᠡᠬᠦ᠂ ᠳᠦᠷᠰᠦ ᠬᠤᠪᠢᠷᠠᠬᠤ᠂ ᠠᠩ ᠴᠠᠪ ᠭᠠᠷᠬᠤ᠂ ᠲᠠᠭᠠᠴᠠ ᠰᠣᠯᠠᠷᠠᠬᠤ ᠵᠡᠷᠭᠡ ᠪᠠᠶᠢᠳᠠᠯ ᠣᠷᠣᠰᠢᠵᠤ ᠪᠠᠶᠢᠬᠤ ᠡᠰᠡᠬᠦ ᠵᠡᠷᠭᠡ᠃      5. ᠬᠠᠷᠢᠭᠤ ᠰᠤᠷᠪᠤᠯᠵᠢᠯᠠᠬᠤ ᠰᠢᠨᠵᠢ ᠴᠢᠨᠠᠷ      ᠲᠣᠰ ᠤᠳᠠᠭᠠᠨ ᠤ ᠵᠢᠷᠤᠭ ᠲᠥᠯᠥᠪᠯᠡᠭᠡ ᠳᠤ ᠬᠠᠷᠢᠭᠤ ᠰᠤᠷᠪᠤᠯᠵᠢᠯᠠᠭ᠎ᠠ ᠬᠢᠬᠦ ᠨᠢ ᠠᠮᠤᠷ ᠲᠦᠪᠰᠢᠨ ᠤ ᠪᠠᠶᠢᠴᠠᠭᠠᠯᠲᠠ ᠳᠤ ᠬᠠᠷᠢᠶᠠᠯᠠᠭᠳᠠᠬᠤ ᠦᠭᠡᠢ᠂ ᠲᠤᠮᠦ ᠬᠡᠯᠪᠡᠷᠢ ᠶᠢᠨ ᠪᠣᠯᠣᠳ ᠪᠦᠲᠦᠴᠡ ᠶᠢᠨ ᠪᠠᠷᠢᠯᠭ᠎ᠠ ᠳᠤ ᠪᠦᠬᠦᠯᠢ ᠴᠣᠭᠴᠠ ᠶᠢᠨ ᠠᠮᠤᠷ ᠲᠦᠪᠰᠢᠨ ᠤ ᠬᠢᠨᠠᠨ ᠲᠣᠭᠲᠠᠭᠠᠯ ᠬᠢᠬᠦ ᠦᠭᠡᠢ᠂ ᠬᠠᠷᠢᠭᠤ ᠰᠤᠷᠪᠤᠯᠵᠢᠯᠠᠭᠰᠠᠨ ᠳ᠋ᠦᠩᠨᠡᠯᠲᠡ ᠶᠢ ᠬᠡᠷᠡᠭ ᠤᠨ ᠳᠠᠷᠠᠭ᠎ᠠ ᠵᠢᠷᠤᠭ ᠲᠦᠯᠦᠪᠯᠡᠯᠭᠡ ᠶᠢᠨ ᠨᠢᠭᠡᠴᠢ᠂ ᠥᠮᠴᠢᠯᠡᠭᠴᠢ ᠠᠴᠠ ᠬᠠᠷᠢᠭᠤᠴᠠᠯᠭ᠎ᠠ ᠨᠡᠬᠡᠮᠵᠢᠯᠡᠬᠦ ᠦᠨᠳᠦᠰᠦ ᠪᠠᠷᠢᠮᠲᠠ ᠪᠤᠯᠭᠠᠬᠤ ᠦᠭᠡᠢ  
ᠢᠷᠡᠯᠲᠡ᠄ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠢᠩᠬᠢᠮ
Baidu
map