ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠪᠠ ᠬᠥᠳᠡᠭᠡ ᠲᠣᠰᠬᠤᠨ ᠤ ᠣᠷᠣᠰᠢᠨ ᠰᠠᠭᠤᠬᠤ ᠣᠷᠴᠢᠨ ᠲᠣᠭᠤᠷᠢᠨ ᠢ | ᠰᠠᠶᠢᠵᠢᠷᠠᠭᠤᠯᠬᠤ ᠲᠤᠬᠠᠶ ᠶᠡᠷᠦᠩᠬᠡᠶ ᠱᠦᠵᠢ ᠰᠢ ᠶᠢᠨ ᠫᠢᠩ ᠤᠨ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠪᠥᠬᠦ ᠲᠠᠯ᠎ᠠ ᠪᠠᠷ | ᠲᠤᠭᠤᠰᠢᠯᠠᠭᠤᠯᠵᠤ᠂ ᠨᠠᠮ ᠤᠨ ᠬᠤᠷᠢᠳᠤᠭᠠᠷ ᠶᠡᠭᠡ ᠬᠤᠷᠠᠯ ᠪᠠ ᠬᠤᠷᠢᠳᠤᠭᠠᠷ ᠬᠤᠭᠤᠴᠠᠭᠠᠨ ᠤ ᠭᠤᠷᠪᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠨᠠᠷᠢᠨ | ᠬᠢᠨᠠᠮᠠᠭᠠᠶ ᠨᠠᠶᠢᠳᠠᠪᠤᠷᠢᠵᠢᠭᠤᠯᠵᠤ᠂ ᠮᠠᠯᠵᠢᠬᠤ ᠲᠠᠷᠢᠶᠠᠯᠠᠬᠤ ᠣᠷᠣᠨ ᠤ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠰᠠᠶᠢᠵᠢᠷᠠᠭᠤᠯᠬᠤ ᠲᠠᠪᠤᠨ ᠵᠢᠯ ᠤᠨ | ᠠᠵᠢᠯᠯᠠᠭ᠎ᠠ ᠶᠢ ᠦᠷᠭᠦᠯᠵᠢᠯᠡᠨ ᠠᠬᠢᠭᠤᠯᠬᠤ ᠶᠢᠨ ᠲᠥᠯᠥᠭᠡ᠂ 7 ᠳ᠋ᠤᠭᠠᠷ ᠰᠠᠷ᠎ᠠ ᠶᠢᠨ 31 ᠤ ᠡᠳᠦᠷ᠂ ᠪᠥᠬᠦ ᠣᠷᠣᠨ ᠤ ᠮᠠᠯᠵᠢᠬᠤ ᠲᠠᠷᠢᠶᠠᠯᠠᠬᠤ ᠣᠷᠣᠨ ᠤ | ᠠᠮᠢᠳᠤᠷᠠᠯ ᠤᠨ ᠬᠤᠭ ᠨᠣᠪᠰᠢ᠂ ᠪᠠᠶᠢᠭᠤᠯᠤᠮᠵᠢᠳᠤ ᠪᠠᠯᠭᠠᠰᠤᠨ ᠤ ᠠᠮᠢᠳᠤᠷᠠᠯ ᠤᠨ ᠪᠣᠬᠢᠷ ᠤᠰᠤ ᠶᠢ ᠵᠠᠰᠠᠬᠤ ᠠᠬᠤᠢ ᠲᠠᠯᠠᠪᠠᠶ ᠶᠢᠨ ᠬᠤᠷᠠᠯ ᠢ ᠬᠢᠩᠭᠠᠨ ᠠᠶᠢᠮᠠᠭ ᠤᠨ | ᠵᠠᠯᠠᠶᠢᠳ ᠬᠤᠰᠢᠭᠤᠨ ᠳᠤ ᠬᠤᠷᠠᠯᠳᠤᠭᠤᠯᠪᠠ᠃ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ | ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠲᠢᠩᠬᠢᠮ ᠤᠨ ᠳᠡᠳ᠋ ᠳᠠᠷᠤᠭ᠎ᠠ ᠨᠢᠶᠧ ᠬᠠᠢ ᠵᠢᠶᠦ᠋ᠨ ᠬᠤᠷᠠᠯ ᠳᠤ ᠣᠷᠣᠯᠴᠠᠵᠤ ᠶᠠᠷᠢᠶ᠎ᠠ | ᠲᠠᠯᠪᠢᠪᠠ᠃ ᠬᠢᠩᠭᠠᠨ ᠠᠶᠢᠮᠠᠭ ᠤᠨ ᠨᠠᠮ ᠤᠨ ᠬᠤᠷᠢᠶᠠᠨ ᠤ ᠭᠡᠰᠢᠭᠦᠨ᠂ ᠠᠶᠢᠮᠠᠭ ᠤᠨ ᠳᠡᠳ᠋ ᠳᠠᠷᠤᠭ᠎ᠠ ᠬᠤᠸᠠᠩ ᠲᠤᠤ ᠬᠤᠷᠠᠯ ᠳᠤ ᠣᠷᠣᠯᠴᠠᠵᠤ ᠪᠠᠶᠠᠷ ᠤᠨ ᠦᠭᠡ | ᠬᠡᠯᠡᠵᠡᠶ᠃ | | | | | ᠬᠤᠷᠠᠯ ᠠᠴᠠ᠂ ᠪᠥᠬᠦ ᠣᠷᠣᠨ ᠤ ᠲᠣᠰᠬᠤᠨ ᠪᠠᠯᠭᠠᠰᠤᠨ ᠤ ᠪᠥᠲᠥᠭᠡᠨ ᠪᠠᠶᠢᠭᠤᠯᠤᠯᠲᠠ ᠶᠢᠨ ᠠᠵᠢᠯ ᠤᠨ ᠠᠬᠢᠴᠠ ᠶᠢᠨ ᠪᠠᠶᠢᠳᠠᠯ ᠢ ᠮᠡᠳᠡᠭᠳᠡᠵᠦ᠂ ᠬᠢᠩᠭᠠᠨ | ᠠᠶᠢᠮᠠᠭ᠂ ᠬᠥᠯᠥᠨ ᠪᠤᠶᠢᠷ ᠬᠤᠲᠠ᠂ ᠤᠯᠠᠭᠠᠨᠬᠠᠳᠠ ᠬᠤᠲᠠ᠂ ᠣᠷᠳᠣᠰ ᠬᠤᠲᠠ ᠲᠣᠰ ᠪᠦᠷᠢ ᠰᠠᠨᠠᠯ ᠢᠶᠠᠨ ᠰᠣᠯᠢᠯᠴᠠᠬᠤ ᠶᠠᠷᠢᠶ᠎ᠠ ᠲᠠᠯᠪᠢᠪᠠ᠃ ᠬᠤᠷᠠᠯ ᠳᠤ | ᠣᠷᠣᠯᠴᠠᠭᠰᠠᠳ ᠬᠢᠩᠭᠠᠨ ᠠᠶᠢᠮᠠᠭ ᠤᠨ ᠵᠠᠯᠠᠶᠢᠳ ᠬᠤᠰᠢᠭᠤᠨ ᠤ ᠢᠨᠳᠡᠷ ᠪᠠᠯᠭᠠᠰᠤ ᠶᠢᠨ ᠬᠤᠭ ᠨᠣᠪᠰᠢ ᠶᠢ ᠰᠢᠭᠰᠢᠨ ᠬᠤᠪᠢᠶᠠᠷᠢᠯᠠᠬᠤ ᠦᠢᠯᠡᠳᠪᠦᠷᠢ᠂ ᠡᠤ ᠳ᠋ᠤᠤ | ᠾᠧ ᠽᠢ ᠬᠤᠭ ᠨᠣᠪᠰᠢ ᠶᠢ ᠲᠥᠷᠥᠯ ᠬᠤᠪᠢᠶᠠᠨ ᠬᠤᠷᠢᠶᠠᠨ ᠲᠡᠭᠡᠭᠡᠪᠦᠷᠢᠯᠡᠬᠦ ᠰᠢᠰᠲ᠋ᠧᠮᠵᠢ᠂ ᠬᠤᠯᠪᠤᠭ᠎ᠠ ᠪᠠᠯᠭᠠᠰᠤᠨ ᠤ ᠬᠤᠲᠠ ᠬᠥᠳᠡᠭᠡ ᠶᠢᠨ ᠪᠥᠲᠥᠭᠡᠨ | ᠪᠠᠶᠢᠭᠤᠯᠤᠯᠲᠠ ᠶᠢᠨ ᠲᠥᠷᠥᠯ ᠵᠦᠢᠯ ᠤᠨ ᠠᠮᠢᠳᠤᠷᠠᠯ ᠤᠨ ᠪᠣᠬᠢᠷ ᠤᠰᠤ ᠶᠢ ᠰᠢᠢᠳᠪᠦᠷᠢᠯᠡᠬᠦ ᠪᠡᠯᠡᠳᠬᠡᠮᠵᠢ ᠵᠢᠴᠢ ᠬᠤᠯᠪᠣᠭ᠎ᠠ ᠪᠠᠯᠭᠠᠰᠤᠨ ᠤ ᠲᠠᠷᠬᠠᠮᠠᠯ ᠬᠡᠯᠪᠡᠷᠢ ᠶᠢᠨ | ᠪᠣᠬᠢᠷ ᠤᠰᠤ ᠶᠢ ᠰᠢᠢᠳᠪᠦᠷᠢᠯᠡᠬᠦ ᠢᠨᠵᠧᠨᠧᠷᠢᠩ ᠵᠡᠷᠭᠡ ᠶᠢ ᠲᠤᠬᠠᠶ ᠶᠢᠨ ᠭᠠᠵᠠᠷ ᠲᠤᠨᠢ ᠲᠣᠭᠤᠷᠢᠨ ᠦᠵᠡᠵᠦ᠂ ᠲᠤᠬᠠᠶ ᠶᠢᠨ ᠭᠠᠵᠠᠷ ᠤᠨ ᠮᠠᠯᠵᠢᠬᠤ ᠲᠠᠷᠢᠶᠠᠯᠠᠬᠤ | ᠣᠷᠣᠨ ᠤ ᠠᠮᠢᠳᠤᠷᠠᠯ ᠤᠨ ᠬᠤᠭ ᠨᠣᠪᠰᠢ᠂ ᠪᠠᠶᠢᠭᠤᠯᠤᠮᠵᠢᠳᠤ ᠪᠠᠯᠭᠠᠰᠤᠨ ᠤ ᠠᠮᠢᠳᠤᠷᠠᠯ ᠤᠨ ᠪᠣᠬᠢᠷ ᠤᠰᠤ ᠶᠢ ᠵᠠᠰᠠᠬᠤ ᠠᠵᠢᠯ ᠤᠨ ᠦᠷ᠎ᠡ ᠪᠦᠲᠦᠮᠵᠢ ᠶᠢ ᠨᠠᠷᠢᠨ | ᠣᠶᠢᠯᠠᠭᠠᠪᠠ᠃ | ᠬᠤᠷᠠᠯ ᠠᠴᠠ᠂ ᠤᠯᠤᠰ ᠲᠦᠷᠦ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠠᠵᠢᠯ ᠤᠨ ᠬᠠᠷᠢᠭᠤᠴᠠᠯᠭᠠᠲᠤ ᠰᠡᠳᠬᠢᠯᠭᠡ᠂ ᠲᠤᠯᠭᠠᠮ᠎ᠠ ᠰᠡᠳᠬᠢᠯᠭᠡ ᠪᠠᠨ | ᠦᠨᠡᠨᠬᠦ ᠴᠢᠩᠭᠠᠳᠬᠠᠵᠤ᠂ ᠬᠠᠷᠠᠯᠲᠠ ᠪᠠᠨ ᠲᠣᠭᠲᠠᠭᠠᠵᠤ᠂ ᠠᠵᠢᠯ ᠤᠨ ᠠᠷᠭ᠎ᠠ ᠬᠡᠮᠵᠢᠶ᠎ᠡ ᠪᠠᠨ ᠪᠣᠳᠠᠲᠠᠢ ᠨᠠᠷᠢᠯᠢᠭ ᠲᠥᠯᠥᠪᠵᠢᠭᠦᠯᠵᠦ᠂ ᠡᠯ᠎ᠡ ᠵᠦᠢᠯ ᠤᠨ ᠠᠵᠢᠯ ᠢᠶᠠᠨ | ᠪᠦᠬᠦ ᠬᠦᠴᠦᠨ ᠢᠶᠠᠷ ᠢᠶᠠᠨ ᠰᠠᠶᠢᠲᠤᠷ ᠬᠢᠬᠦ ᠬᠡᠷᠡᠭᠲᠡᠢ᠃ ︽135︾ ᠶᠢᠨ ᠠᠵᠢᠯᠯᠠᠭ᠎ᠠ ᠶᠢᠨ ᠮᠠᠯᠵᠢᠬᠤ ᠲᠠᠷᠢᠶᠠᠯᠠᠬᠤ ᠣᠷᠣᠨ ᠤ ᠠᠮᠢᠳᠤᠷᠠᠯ ᠤᠨ ᠬᠤᠭ ᠨᠣᠪᠰᠢ ᠶᠢ | ᠲᠥᠪᠯᠡᠷᠡᠭᠦᠯᠦᠨ ᠵᠠᠰᠠᠬᠤ᠂ ᠪᠠᠶᠢᠭᠤᠯᠤᠮᠵᠢᠳᠤ ᠪᠠᠯᠭᠠᠰᠤᠨ ᠤ ᠠᠮᠢᠳᠤᠷᠠᠯ ᠤᠨ ᠪᠣᠬᠢᠷ ᠤᠰᠤᠨ ᠤ ᠪᠡᠯᠡᠳᠬᠡᠮᠵᠢ ᠶᠢᠨ ᠪᠥᠲᠥᠭᠡᠨ ᠪᠠᠶᠢᠭᠤᠯᠤᠯᠲᠠ ᠵᠡᠷᠭᠡ ᠠᠵᠢᠯ ᠳᠤ | ᠠᠩᠬᠠᠷᠤᠯ ᠢᠶᠠᠨ ᠲᠥᠪᠯᠡᠷᠡᠭᠦᠯᠵᠦ᠂ ︽ᠮᠢᠩᠭᠠᠨ ᠲᠦᠮᠡᠨ ᠢᠨᠵᠧᠨᠧᠷᠢᠩ︾ ᠤᠨ ᠲᠤᠷᠰᠢᠯᠭ᠎ᠠ ᠶᠢ ᠰᠤᠷᠤᠯᠴᠠᠨ ᠬᠡᠷᠡᠭᠯᠡᠵᠦ᠂ ︽ᠮᠣᠩᠭᠤᠯ ᠮᠣᠷᠢᠨ ᠤ ᠵᠣᠷᠢᠭ ᠰᠠᠨᠠᠭ᠎ᠠ︾ | ᠪᠠ ︽ ᠭᠤᠷᠪᠠᠨ ᠤᠮᠠᠷᠠᠲᠤ ᠶᠢᠨ ᠵᠣᠷᠢᠭ ᠰᠠᠨᠠᠭ᠎ᠠ︾ ᠶᠢ ᠶᠡᠬᠡᠪᠡᠷ ᠪᠠᠳᠠᠷᠠᠭᠤᠯᠤᠨ᠂ ᠮᠠᠯᠵᠢᠬᠤ ᠲᠠᠷᠢᠶᠠᠯᠠᠬᠤ ᠣᠷᠣᠨ ᠤ ᠬᠥᠮᠦᠰ ᠤᠨ ᠣᠷᠣᠰᠢᠨ ᠰᠠᠭᠤᠬᠤ ᠣᠷᠴᠢᠨ | ᠲᠣᠭᠤᠷᠢᠨ ᠢ ᠴᠡᠭᠴᠡᠯᠡᠨ ᠵᠠᠰᠠᠭᠰᠠᠨ ᠦᠷ᠎ᠡ ᠪᠦᠲᠦᠭᠡᠯ ᠢ ᠳᠠᠬᠢᠨ ᠪᠦᠳᠦᠭᠡᠬᠦ ᠶᠢ ᠲᠠᠰᠤᠷᠠᠯᠲᠠ ᠥᠬᠡᠶ ᠠᠬᠢᠭᠤᠯᠵᠤ᠂ ᠲᠠᠬᠢᠨᠳᠠ ᠳᠡᠭᠡᠭᠰᠢᠯᠡᠭᠦᠯᠦᠨ᠂ ᠣᠷᠣᠰᠢᠨ | ᠰᠠᠭᠤᠬᠤ ᠳᠤ ᠲᠣᠬᠢᠷᠠᠮᠵᠢᠲᠠᠶ ᠠᠵᠢᠯ ᠦᠢᠯᠡᠰ ᠡᠷᠭᠢᠯᠡᠬᠦ ᠳᠤ ᠲᠣᠬᠢᠷᠠᠮᠵᠢᠲᠠᠶ ᠪᠠ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠢ ᠪᠥᠲᠥᠭᠡᠨ ᠪᠠᠶᠢᠭᠤᠯᠬᠤ ᠳᠤ | ᠬᠤᠪᠢ ᠨᠡᠮᠡᠷᠢ ᠦᠵᠡᠭᠦᠯᠬᠦ ᠬᠡᠷᠡᠭᠲᠡᠶ ᠭᠡᠵᠤ ᠴᠢᠬᠤᠯᠠᠴᠢᠯᠠᠪᠠ᠃ | | | | | ᠬᠤᠷᠠᠯ ᠠᠴᠠ᠂ ᠤᠯᠤᠰ ᠪᠣᠯᠤᠨ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠦᠬᠦᠢ ᠠᠵᠢᠯ ᠤᠨ ᠱᠠᠭᠠᠷᠳᠠᠯᠭ᠎ᠠ ᠶᠢ ᠪᠦᠬᠦ ᠲᠠᠯ᠎ᠠ ᠪᠠᠷ ᠪᠠᠷᠢᠮᠵᠢᠶᠠᠯᠠᠨ | ᠬᠠᠷᠭᠤᠭᠤᠯᠵᠤ᠂ ᠴᠠᠭ ᠬᠤᠭᠤᠴᠠᠭ᠎ᠠ ᠶᠢᠨ ᠵᠠᠩᠭᠢᠯᠠᠭ᠎ᠠ ᠶᠢᠨ ᠴᠡᠭ ᠢᠶᠠᠨ ᠴᠢᠩᠭ᠎ᠠ ᠠᠩᠬᠠᠷᠴᠤ᠂ ᠠᠵᠢᠯ ᠤᠨ ᠬᠤᠭᠤᠴᠠᠭ᠎ᠠ ᠪᠠᠨ ᠲᠣᠩᠭᠤᠷᠠᠭᠤᠯᠤᠨ ᠪᠠᠶᠢᠷᠢᠯᠠᠭᠤᠯᠵᠤ᠂ | ᠴᠠᠭ ᠢ ᠠᠮᠵᠢᠵᠤ᠂ ᠠᠬᠢᠴᠠ ᠶᠢ ᠠᠳᠬᠤᠵᠤ᠂ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ᠡᠯ᠎ᠡ ᠵᠦᠢᠯ ᠤᠨ ᠡᠭᠦᠷᠭᠡ ᠬᠠᠷᠠᠯᠲᠠ ᠪᠠᠨ ᠲᠣᠭᠲᠠᠭᠰᠠᠨ | ᠬᠤᠭᠤᠴᠠᠭᠠᠨ ᠳᠠᠭᠠᠨ ᠪᠡᠶᠡᠯᠡᠭᠦᠯᠬᠦ ᠶᠢ ᠪᠠᠲᠤᠯᠠᠬᠤ ᠬᠡᠷᠡᠭᠲᠡᠢ᠃ ᠵᠠᠰᠠᠬᠤ ᠵᠠᠭᠪᠤᠷ ᠢ ᠵᠦᠶ ᠵᠣᠬᠢᠰᠲᠠᠶ ᠰᠣᠩᠭᠤᠵᠤ᠂ ᠲᠤᠬᠠᠶ ᠶᠢᠨ ᠭᠠᠵᠠᠷ ᠣᠷᠣᠨ ᠤ ᠪᠠᠶᠢᠳᠠᠯ ᠳᠤᠨᠢ | ᠲᠣᠬᠢᠷᠠᠭᠤᠯᠤᠨ᠂ ᠲᠥᠷᠥᠯ ᠬᠤᠪᠢᠶᠠᠨ ᠠᠷᠭ᠎ᠠ ᠪᠣᠳᠣᠯᠭ᠎ᠠ ᠬᠡᠷᠡᠭᠵᠢᠭᠦᠯᠵᠦ᠂ ᠲᠤᠭ᠎ᠠ ᠬᠡᠮᠵᠢᠶ᠎ᠡ ᠨᠢ ᠶᠠᠰᠤ ᠴᠢᠨᠠᠷ ᠢ ᠳᠠᠭᠠᠬᠤ᠂ ᠠᠬᠢᠴᠠ ᠨᠢ ᠪᠣᠳᠠᠲᠤ ᠦᠷ᠎ᠡ | ᠪᠦᠲᠦᠮᠵᠢ ᠶᠢ ᠳᠠᠭᠠᠬᠤ ᠵᠠᠷᠴᠢᠮ ᠢ ᠪᠠᠷᠢᠮᠲᠠᠯᠠᠨ ᠬᠤᠭ ᠨᠣᠪᠰᠢ ᠪᠣᠬᠢᠷ ᠤᠰᠤ ᠶᠢ ᠵᠠᠰᠠᠬᠤ ᠵᠠᠭᠪᠤᠷ ᠢ ᠲᠣᠭᠲᠠᠭᠠᠬᠤ ᠬᠡᠷᠡᠭᠲᠡᠶ᠃ ᠰᠢᠨᠵᠢᠯᠡᠬᠦ ᠤᠬᠠᠭᠠᠨᠴᠢ ᠵᠦᠶ | ᠵᠣᠬᠢᠰᠲᠠᠶ ᠡᠵᠡᠩᠨᠡᠯᠲᠡ ᠬᠠᠮᠢᠶᠠᠷᠤᠯᠲᠠ ᠶᠢᠨ ᠲᠣᠭᠲᠠᠴᠠ ᠶᠢ ᠪᠠᠶᠢᠭᠤᠯᠵᠤ᠂ ᠡᠳᠦᠷ ᠲᠤᠲᠤᠮ ᠤᠨ ᠠᠷᠠᠴᠢᠯᠠᠯᠳᠠ ᠬᠠᠮᠢᠶᠠᠷᠤᠯᠲᠠ ᠶᠢ ᠴᠢᠩᠭᠠᠳᠬᠠᠨ᠂ ᠵᠠᠰᠠᠭ ᠤᠨ | ᠣᠷᠳᠣᠨ ᠢᠶᠠᠷ ᠭᠤᠤᠯᠯᠠᠭᠤᠯᠬᠤ᠂ ᠨᠡᠶᠢᠭᠡᠮ ᠢᠶᠠᠷ ᠢᠶᠠᠨ ᠣᠷᠣᠯᠴᠠᠬᠤ᠂ ᠵᠠᠬ᠎ᠠ ᠳᠡᠯᠭᠡᠭᠦᠷ ᠢᠶᠠᠷ ᠠᠵᠢᠯᠯᠠᠭᠤᠯᠬᠤ ᠡᠵᠡᠩᠨᠡᠯᠲᠡ ᠶᠢᠨ ᠲᠣᠭᠲᠠᠴᠠ ᠶᠢ ᠢᠳᠡᠪᠬᠢᠲᠡᠶ ᠪᠠᠷ | ᠬᠠᠶᠢᠨ ᠰᠦᠪᠡᠭᠴᠢᠯᠡᠵᠦ᠂ ᠨᠡᠶᠢᠭᠡᠮ ᠤᠨ ᠬᠥᠷᠥᠩᠭᠡ ᠶᠢᠨ ᠣᠷᠣᠯᠴᠠᠬᠤ ᠶᠢ ᠬᠥᠲᠥᠯᠦᠨ ᠵᠢᠯᠣᠭᠤᠳᠴᠤ᠂ ᠪᠡᠯᠡᠳᠬᠡᠮᠵᠢ ᠶᠢᠨ ᠲᠣᠭᠲᠠᠭᠤᠨ ᠢᠶᠠᠷ ᠪᠠᠷᠢᠮᠵᠢᠶ᠎ᠠ ᠳᠤ | ᠬᠦᠷᠴᠦ ᠦᠷᠭᠦᠯᠵᠢᠯᠡᠨ ᠠᠵᠢᠯᠯᠠᠬᠤ ᠶᠢ ᠦᠨᠡᠨᠬᠦ ᠪᠠᠲᠤᠯᠠᠬᠤ ᠬᠡᠷᠡᠭᠲᠡᠶ᠃ ᠮᠠᠯᠵᠢᠬᠤ ᠲᠠᠷᠢᠶᠠᠯᠠᠬᠤ ᠣᠷᠣᠨ ᠤ ᠬᠤᠭ ᠨᠣᠪᠰᠢ ᠶᠢ ᠲᠥᠷᠥᠯ ᠬᠤᠪᠢᠶᠠᠬᠤ ᠪᠠ ᠡᠬᠢ | ᠪᠠᠶᠠᠯᠢᠭᠵᠢᠭᠤᠯᠤᠨ ᠠᠰᠢᠭᠯᠠᠬᠤ ᠲᠤᠷᠰᠢᠯᠲᠠ ᠶᠢᠨ ᠴᠡᠭ ᠤᠨ ᠦᠷ᠎ᠡ ᠪᠦᠲᠦᠭᠡᠯ ᠢ ᠦᠷᠭᠦᠯᠵᠢᠯᠡᠨ ᠪᠠᠬᠢᠵᠢᠭᠦᠯᠵᠦ᠂ ᠨᠥᠬᠦᠴᠡᠯ ᠲᠠᠢ ᠭᠠᠵᠠᠷ ᠣᠷᠣᠨ ᠤ ᠬᠤᠭ | ᠨᠣᠪᠰᠢ ᠶᠢ ᠲᠥᠷᠥᠯ ᠬᠤᠪᠢᠶᠠᠨ ᠬᠠᠶᠠᠬᠤ᠂ ᠲᠥᠷᠥᠯ ᠬᠤᠪᠢᠶᠠᠨ ᠴᠤᠭᠯᠠᠭᠤᠯᠬᠤ᠂ ᠲᠥᠷᠥᠯ ᠬᠤᠪᠢᠶᠠᠨ ᠲᠡᠭᠡᠭᠡᠪᠦᠷᠢᠯᠡᠬᠦ ᠪᠠ ᠲᠥᠷᠥᠯ ᠬᠤᠪᠢᠶᠠᠨ ᠰᠢᠢᠳᠪᠦᠷᠢᠯᠡᠬᠦ | ᠰᠢᠰᠲ᠋ᠧᠮ ᠢ ᠠᠯᠬᠤᠮ ᠠᠯᠬᠤᠮ ᠢᠶᠠᠷ ᠪᠠᠶᠢᠭᠤᠯᠬᠤ ᠶᠢ ᠵᠣᠷᠢᠭᠵᠢᠭᠤᠯᠬᠤ ᠬᠡᠷᠡᠭᠲᠡᠶ ᠭᠡᠵᠤ ᠱᠠᠭᠠᠷᠳᠠᠪᠠ᠃ | ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ᠂ ᠠᠮᠢ ᠠᠬᠤᠶ ᠣᠷᠴᠢᠨ ᠲᠣᠭᠤᠷᠢᠨ ᠤ ᠲᠢᠩᠬᠢᠮ᠂ ᠲᠠᠷᠢᠶᠠᠯᠠᠩ ᠮᠠᠯ ᠠᠵᠤ ᠠᠬᠤᠶ ᠶᠢᠨ | ᠲᠢᠩᠬᠢᠮ ᠤᠨ ᠬᠤᠯᠪᠣᠭᠳᠠᠯ ᠪᠥᠬᠦᠶ ᠬᠠᠷᠢᠭᠤᠴᠠᠯᠭᠠᠲᠠᠨ ᠨᠥᠬᠦᠳ᠂ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ | ᠪᠠᠶᠢᠭᠤᠯᠤᠯᠲᠠ ᠶᠢᠨ ᠲᠢᠩᠬᠢᠮ ᠤᠨ ᠲᠣᠰᠬᠤᠨ ᠪᠠᠯᠭᠠᠰᠤ ᠶᠢᠨ ᠪᠥᠲᠥᠭᠡᠨ ᠪᠠᠶᠢᠭᠤᠯᠤᠯᠲᠠ ᠶᠢᠨ ᠭᠠᠵᠠᠷ᠂ ᠥᠪᠡᠷᠲᠡᠭᠡᠨ ᠵᠠᠰᠠᠬᠤ ᠣᠷᠣᠨ ᠤ ᠬᠤᠲᠠ ᠬᠥᠳᠡᠭᠡ ᠶᠢᠨ | ᠣᠷᠣᠰᠢᠨ ᠰᠠᠭᠤᠬᠤ ᠣᠷᠴᠢᠨ ᠲᠣᠭᠤᠷᠢᠨ ᠤ ᠬᠥᠭᠵᠢᠯᠲᠡ ᠶᠢ ᠠᠬᠢᠭᠤᠯᠬᠤ ᠲᠥᠪ ᠤᠨ ᠬᠠᠷᠢᠭᠤᠴᠠᠯᠭᠠᠲᠠᠨ ᠨᠥᠬᠦᠳ᠂ ᠡᠯ᠎ᠡ ᠠᠶᠢᠮᠠᠭ ᠬᠤᠲᠠ ᠶᠢᠨ ᠣᠷᠣᠨ | ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ ᠵᠢᠴᠢ ᠬᠥᠬᠡᠬᠤᠲᠠ᠂ ᠪᠤᠭᠤᠲᠤ ᠬᠤᠲᠠ ᠶᠢᠨ ᠬᠤᠲᠠ ᠶᠢᠨ ᠬᠠᠮᠢᠶᠠᠷᠤᠯᠲᠠ ᠶᠢᠨ | ᠲᠣᠪᠴᠢᠶ᠎ᠠ᠂ ᠮᠠᠨᠵᠤᠤᠷ ᠬᠤᠲᠠ᠂ ᠡᠷᠢᠶᠡᠨ ᠬᠤᠲᠠ ᠶᠢᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ᠂ ᠬᠤᠲᠠ ᠶᠢᠨ | ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠲᠣᠪᠴᠢᠶ᠎ᠠ ᠶᠢᠨ ᠬᠠᠮᠢᠶ᠎ᠠ ᠪᠥᠬᠦᠶ ᠬᠠᠷᠢᠭᠤᠴᠠᠯᠭᠠᠲᠠᠨ ᠨᠥᠬᠦᠳ ᠬᠤᠷᠠᠯ ᠳᠤ ᠣᠷᠣᠯᠴᠠᠵᠠᠶ᠃ | |