8 ᠳ᠋ᠤᠭᠠᠷ ᠰᠠᠷ᠎ᠠ ᠶᠢᠨ 20 ᠤ ᠡᠳᠦᠷ᠂ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ | ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ︵ᠥᠷᠭᠡᠳᠬᠡᠭᠰᠡᠨ︶ ᠤᠨ ᠬᠤᠷᠠᠯ ᠬᠤᠷᠠᠯᠳᠤᠭᠤᠯᠵᠤ᠂ ᠶᠡᠷᠦᠩᠬᠡᠶ ᠱᠦᠵᠢ ᠰᠢ ᠶᠢᠨ ᠫᠢᠩ ᠤᠨ ᠣᠶᠢᠷ᠎ᠠ ᠶᠢᠨ | ᠬᠤᠭᠤᠴᠠᠭᠠᠨ ᠤ ᠴᠢᠬᠤᠯᠠ ᠶᠠᠷᠢᠶ᠎ᠠ᠂ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠵᠢᠴᠢ ᠲᠥᠪ᠂ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠥᠬᠦᠶ ᠬᠤᠷᠠᠯ ᠪᠠ | ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠠᠵᠢᠯ ᠢ ᠰᠤᠳᠤᠯᠪᠠ᠃ ᠲᠢᠩᠬᠢᠮ ᠤᠨ | ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠢᠩᠬᠢᠮ ᠤᠨ ᠳᠠᠷᠤᠭ᠎ᠠ ᠭᠦᠸᠧ ᠢᠦᠶ ᠹᠧᠩ ᠬᠤᠷᠠᠯ ᠢ ᠡᠷᠭᠢᠯᠡᠪᠡ᠃ | | | | | | ᠬᠤᠷᠠᠯ ᠠᠴᠠ᠂ ᠶᠡᠷᠦᠩᠬᠡᠶ ᠱᠦᠵᠢ ᠰᠢ ᠶᠢᠨ ᠫᠢᠩ ᠤᠨ ᠰᠣᠶᠣᠯ ᠪᠠ ᠪᠠᠶᠢᠭᠠᠯᠢ ᠶᠢᠨ ᠥᠪ ᠢ ᠬᠠᠮᠠᠭᠠᠯᠠᠵᠤ ᠤᠯᠠᠮᠵᠢᠯᠠᠨ ᠠᠰᠢᠭᠯᠠᠬᠤ ᠠᠵᠢᠯ ᠢ ᠴᠢᠩᠭᠠᠳᠬᠠᠬᠤ | ᠲᠤᠬᠠᠶ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠲᠤᠭᠤᠰᠢᠯᠠᠭᠤᠯᠵᠦ᠂ ᠬᠠᠮᠠᠭᠠᠯᠠᠯᠳᠠ ᠪᠠ ᠬᠦᠭᠵᠢᠭᠦᠯᠦᠯᠳᠡ᠂ ᠬᠠᠮᠠᠭᠠᠯᠠᠯᠳᠠ ᠪᠠ | ᠠᠰᠢᠭᠯᠠᠯᠳᠠ ᠶᠢᠨ ᠬᠤᠭᠤᠷᠣᠨᠳᠣᠬᠢ ᠬᠠᠷᠢᠴᠠᠭ᠎ᠠ ᠶᠢ ᠵᠥᠪ ᠢᠶᠠᠷ ᠰᠢᠢᠳᠪᠦᠷᠢᠯᠡᠵᠦ᠂ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠵᠣᠷᠢᠭ ᠰᠠᠨᠠᠭ᠎ᠠ ᠪᠠᠷ ᠬᠤᠳᠠ | ᠬᠥᠳᠡᠭᠡ ᠶᠢᠨ ᠲᠡᠦᠬᠡ ᠰᠣᠶᠣᠯ ᠤᠨ ᠥᠪ ᠤᠨ ᠪᠦᠬᠦᠯᠢ ᠴᠤᠭᠴᠠᠳᠤ ᠴᠢᠨᠠᠷᠲᠠᠢ ᠬᠠᠮᠠᠭᠠᠯᠠᠯᠲᠠ᠂ ᠰᠢᠰᠲ᠋ᠧᠮᠲᠦ ᠴᠢᠨᠠᠷᠲᠠᠢ ᠤᠯᠠᠮᠵᠢᠯᠠᠯᠲᠠ᠂ ᠰᠢᠨ᠎ᠡ ᠶᠢ ᠡᠭᠦᠳᠬᠦ | ᠴᠢᠨᠠᠷᠲᠠᠢ ᠬᠥᠭᠵᠢᠯᠲᠡ ᠶᠢ ᠠᠬᠢᠭᠤᠯᠬᠤ ᠬᠡᠷᠡᠭᠲᠡᠢ᠃ ᠣᠷᠣᠨ ᠪᠦᠰᠡ ᠶᠢ ᠨᠡᠶᠢᠳᠡᠮ ᠪᠦᠷᠬᠦᠭᠦᠯᠬᠦ᠂ ᠬᠦᠴᠦᠨ ᠵᠦᠢᠯ ᠢ ᠪᠦᠬᠦᠨ ᠢ ᠬᠠᠮᠤᠷᠬᠤ ᠶᠢ ᠪᠠᠷᠢᠮᠲᠠᠯᠠᠵᠤ᠂ | ᠲᠡᠦᠬᠡ ᠰᠣᠶᠣᠯ ᠤᠨ ᠡᠬᠢ ᠪᠠᠶᠠᠯᠢᠭ ᠤᠨ ᠨᠡᠶᠢᠳᠡᠮ ᠪᠠᠶᠢᠴᠠᠭᠠᠯᠲᠠ ᠬᠢᠨᠠᠨ ᠲᠣᠭᠲᠠᠭᠠᠯᠲᠠ ᠶᠢᠨ ᠠᠵᠢᠯ ᠢ ᠦᠷᠭᠦᠯᠵᠢᠯᠡᠨ ᠭᠦᠨᠵᠡᠭᠡᠶ ᠥᠷᠨᠢᠭᠦᠯᠵᠦ᠂ ᠮᠠᠨ ᠤ ᠣᠷᠣᠨ ᠤ | ᠴᠢᠬᠤᠯᠠ ᠬᠠᠮᠠᠭᠠᠯᠠᠯᠲᠠ ᠶᠢᠨ ᠦᠨ᠎ᠡ ᠥᠷᠲᠡᠭ ᠲᠠᠢ ᠲᠡᠦᠬᠡ ᠰᠣᠶᠣᠯ ᠤᠨ ᠨᠠᠷᠠᠲᠤ ᠬᠤᠲᠠ᠂ ᠨᠠᠷᠠᠲᠤ ᠪᠠᠯᠭᠠᠰᠤ᠂ ᠨᠠᠷᠠᠲᠤ ᠲᠣᠰᠬᠤᠨ᠂ ᠤᠯᠠᠮᠵᠢᠯᠠᠯᠲᠤ ᠲᠣᠰᠬᠤᠨ᠂ | ᠲᠡᠦᠬᠡ ᠰᠣᠶᠣᠯ ᠤᠨ ᠵᠡᠭᠡᠯᠢ ᠲᠣᠭᠤᠷᠢᠭ᠂ ᠲᠡᠤᠬᠡ ᠶᠢᠨ ᠪᠠᠷᠢᠯᠭ᠎ᠠ ᠵᠡᠷᠭᠡ ᠶᠢ ᠬᠠᠮᠠᠭᠠᠯᠠᠯᠲᠠ ᠶᠢᠨ ᠨᠡᠷᠡᠰ ᠤᠨ ᠵᠢᠭᠰᠠᠭᠠᠯᠲᠠ ᠳᠤ ᠣᠷᠣᠭᠤᠯᠵᠤ᠂ ᠪᠠᠲᠤᠯᠠᠬᠤ | ᠶᠣᠰᠣᠲᠠᠶ ᠶᠢ ᠨᠢ ᠪᠦᠬᠦᠨ ᠢ ᠪᠠᠲᠤᠯᠠᠬᠤ ᠶᠢ ᠪᠡᠶᠡᠯᠡᠭᠦᠯᠬᠦ ᠬᠡᠷᠡᠭᠲᠡᠶ᠃ ᠥᠪ ᠬᠥᠷᠥᠩᠭᠡ ᠶᠢ ᠬᠠᠮᠠᠭᠠᠯᠠᠬᠤ ᠪᠠ ᠠᠷᠠᠳ ᠤᠨ ᠠᠮᠢᠳᠤᠷᠠᠯ ᠢ ᠰᠠᠶᠢᠵᠢᠷᠠᠭᠤᠯᠬᠤ ᠶᠢ | ᠵᠡᠷᠭᠡ ᠪᠠᠷ ᠠᠳᠬᠤᠬᠤ ᠶᠢ ᠪᠠᠷᠢᠮᠲᠠᠯᠠᠵᠤ᠂ ᠬᠥᠮᠦᠨ ᠢᠶᠠᠷ ᠰᠡᠷᠭᠡᠶᠢᠯᠡᠬᠦ᠂ ᠪᠣᠳᠠᠰ ᠢᠶᠠᠷ ᠰᠡᠷᠭᠡᠶᠢᠯᠡᠬᠦ᠂ ᠮᠡᠷᠭᠡᠵᠢᠯ ᠢᠶᠠᠷ ᠰᠡᠷᠭᠡᠶᠢᠯᠡᠬᠦ ᠵᠡᠷᠭᠡ ᠠᠷᠭ᠎ᠠ ᠪᠠᠷᠢᠯ ᠢ | ᠶᠡᠷᠦᠩᠬᠡᠶᠢᠯᠡᠨ ᠬᠡᠷᠡᠭᠯᠡᠵᠦ᠂ ᠰᠠᠭᠤᠷᠢ ᠲᠥᠬᠦᠭᠡᠷᠦᠮᠵᠢ ᠪᠠ ᠤᠯᠠᠨ ᠨᠡᠶᠢᠲᠡ ᠶᠢᠨ ᠦᠢᠯᠡᠴᠢᠯᠡᠭᠡᠨ ᠤ ᠲᠥᠬᠦᠭᠡᠷᠦᠮᠵᠢ ᠶᠢᠨ ᠲᠤᠳᠠᠭᠳᠠᠯ ᠢ ᠨᠥᠬᠦᠪᠥᠷᠢᠯᠡᠵᠦ᠂ ᠭᠠᠮᠰᠢᠭ ᠢ | ᠰᠡᠷᠭᠡᠶᠢᠯᠡᠵᠦ ᠭᠠᠮᠰᠢᠭ ᠢ ᠪᠠᠭᠠᠰᠬᠠᠬᠤ ᠴᠢᠳᠠᠪᠤᠷᠢ ᠪᠠᠨ ᠳᠡᠭᠡᠭᠰᠢᠯᠡᠭᠦᠯᠬᠦ ᠬᠡᠷᠡᠭᠲᠡᠢ᠃ ᠬᠤᠳᠠ ᠬᠥᠳᠡᠭᠡ ᠶᠢᠨ ᠲᠡᠦᠬᠡ ᠰᠣᠶᠣᠯ ᠤᠨ ᠥᠪ ᠤᠨ ᠪᠦᠬᠦ ᠠᠮᠢ ᠨᠠᠰᠤᠨ ᠤ | ᠦᠶᠡᠯᠡᠯ ᠤᠨ ᠬᠤᠭᠤᠴᠠᠭᠠᠨ ᠤ ᠬᠠᠮᠢᠶᠠᠷᠤᠯᠲᠠ ᠶᠢᠨ ᠤᠷᠳᠤ ᠬᠤᠭᠤᠴᠠᠭᠠᠨ ᠤ ᠪᠦᠲᠦᠮᠵᠢᠲᠡᠢ ᠲᠣᠭᠲᠠᠴᠠ ᠶᠢ ᠪᠠᠶᠢᠭᠤᠯᠵᠤ᠂ ᠲᠦᠷᠢᠮ ᠤᠨ ᠰᠢᠰᠲ᠋ᠧᠮ ᠢ | ᠪᠦᠷᠢᠨᠰᠢᠬᠦᠯᠤᠨ᠂ ᠬᠥᠳᠡᠯᠦᠩᠭᠦᠢ ᠬᠢᠨᠠᠯᠲᠠ ᠬᠠᠮᠢᠶᠠᠷᠤᠯᠲᠠ᠂ ᠲᠣᠭᠤᠷᠢᠨ ᠪᠠᠶᠢᠴᠠᠭᠠᠵᠤ ᠬᠠᠤᠯᠢ ᠬᠡᠷᠡᠭᠵᠢᠭᠦᠯᠬᠦ ᠶᠢ ᠴᠢᠩᠭᠠᠳᠬᠠᠵᠤ᠂ ᠲᠡᠦᠬᠡ ᠰᠣᠶᠣᠯ ᠤᠨ ᠥᠪ ᠤᠨ | ᠬᠠᠮᠠᠭᠠᠯᠠᠯᠲᠠ ᠶᠢᠨ ᠬᠤᠷᠢᠭ᠎ᠠ ᠱᠤᠭᠤᠮ ᠢ ᠪᠠᠲᠤ ᠰᠠᠬᠢᠬᠤ ᠬᠡᠷᠡᠭᠲᠡᠢ ᠭᠡᠵᠤ ᠱᠠᠭᠠᠷᠳᠠᠪᠠ᠃ | | | | | | ᠬᠤᠷᠠᠯ ᠠᠴᠠ᠂ ᠰᠢ ᠶᠢᠨ ᠫᠢᠩ ᠤᠨ ᠠᠮᠢ ᠠᠬᠤᠢ ᠶᠢᠨ ᠪᠣᠯᠪᠠᠰᠤᠨ ᠤ ᠦᠵᠡᠯ ᠰᠠᠨᠠᠭ᠎ᠠ ᠪᠣᠯᠤᠨ ᠬᠤᠪᠸᠢ ᠶᠢᠨ ᠱᠢ ᠶᠠᠨ ᠳ᠋ᠠᠨ ᠵᠢᠶᠠᠩ ᠺᠸᠤ ᠴᠥᠭᠦᠷᠥᠮ ᠤᠨ | ᠣᠷᠣᠨ ᠤ ᠣᠷᠴᠢᠨ ᠲᠣᠭᠤᠷᠢᠨ ᠤ ᠬᠠᠮᠠᠭᠠᠯᠠᠯᠲᠠ ᠶᠢᠨ ᠰᠠᠶᠢᠨ ᠳᠤᠷ᠎ᠠ ᠶᠢᠨ ᠦᠢᠯᠡᠴᠢᠯᠡᠭᠴᠢᠳ ᠲᠤ ᠥᠭᠭᠦᠭᠰᠡᠨ ᠬᠠᠷᠢᠭᠤ ᠵᠠᠬᠢᠳᠠᠯ ᠤᠨ ᠵᠣᠷᠢᠭ ᠰᠠᠨᠠᠭ᠎ᠠ ᠶᠢ | ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ᠂ ᠲᠦᠷᠦ ᠶᠢᠨ ᠶᠠᠪᠤᠳᠠᠯ ᠤᠨ ᠬᠤᠷᠢᠶᠠᠨ ᠤ ︽ᠠᠵᠤ | ᠠᠬᠤᠢ ᠨᠡᠶᠢᠭᠡᠮ ᠤᠨ ᠬᠥᠭᠵᠢᠯᠲᠡ ᠶᠢᠨ ᠪᠦᠬᠦ ᠲᠠᠯ᠎ᠠ ᠪᠠᠷ ᠪᠣᠬᠢᠷᠲᠤᠯ ᠦᠭᠡᠢ ᠬᠡᠯᠪᠡᠷᠢ ᠬᠤᠪᠢᠷᠠᠭᠤᠯᠬᠤ ᠶᠢ ᠲᠦᠷᠭᠡᠳᠬᠡᠬᠦ ᠲᠤᠬᠠᠢ ᠰᠠᠨᠠᠯ︾ ᠪᠣᠯᠤᠨ ᠥᠪᠡᠷᠲᠡᠭᠡᠨ | ᠵᠠᠰᠠᠬᠤ ᠣᠷᠣᠨ ᠤ ᠨᠠᠮ ᠤᠨ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ︽ᠦᠵᠡᠰᠬᠦᠯᠡᠩᠲᠦ ᠰᠠᠶᠢᠬᠠᠨ ᠥᠪᠥᠷ | ᠮᠣᠩᠭᠤᠯ ᠤᠨ ᠪᠦᠳᠦᠭᠡᠨ ᠪᠠᠶᠢᠭᠤᠯᠤᠯᠲᠠ ᠶᠢ ᠪᠦᠬᠦ ᠲᠠᠯ᠎ᠠ ᠪᠠᠷ ᠠᠬᠢᠭᠤᠯᠬᠤ ᠲᠤᠬᠠᠢ ᠬᠡᠷᠡᠭᠵᠢᠭᠦᠯᠬᠦ ᠰᠠᠨᠠᠯ︾ ᠤᠨ ᠲᠤᠬᠢᠷᠠᠭᠤᠯᠤᠯᠳᠠ ᠪᠠᠶᠢᠷᠢᠯᠠᠭᠤᠯᠤᠯᠲᠠ ᠶᠢ ᠪᠦᠬᠦ | ᠲᠠᠯ᠎ᠠ ᠪᠠᠷ ᠨᠠᠶᠢᠳᠠᠪᠤᠷᠢᠵᠢᠭᠤᠯᠵᠤ᠂ ᠠᠮᠢ ᠠᠬᠤᠢ ᠶᠢ ᠲᠡᠷᠢᠭᠦᠨ ᠳᠤ ᠲᠠᠯᠪᠢᠬᠤ᠂ ᠠᠷᠪᠢᠲᠠᠢ ᠡᠷᠴᠢᠮᠯᠢᠭ᠂ ᠪᠣᠬᠢᠷᠲᠤᠯ ᠦᠭᠡᠢ ᠨᠡᠭᠦᠷᠡᠰᠦᠲᠥ᠋ᠷᠥᠭᠴᠢ ᠪᠠᠭ᠎ᠠ | ᠭᠠᠳᠠᠭᠰᠢᠯᠠᠭᠤᠯᠬᠤ ᠴᠢᠨᠠᠷ ᠰᠠᠶᠢᠲᠠᠢ ᠬᠥᠭᠵᠢᠯᠲᠡ ᠶᠢᠨ ᠵᠠᠮ ᠢᠶᠠᠷ ᠡᠷᠡᠰ ᠭᠤᠶᠢᠪᠢᠰᠢ ᠦᠭᠡᠢ ᠵᠠᠮᠨᠠᠵᠤ᠂ ᠨᠡᠭᠦᠷᠡᠰᠦᠳᠦᠭᠴᠢ ᠶᠢ ᠤᠷᠬᠢᠯ ᠳᠤ ᠬᠦᠷᠭᠡᠬᠦ | ᠨᠡᠭᠦᠷᠡᠰᠦᠳᠦᠷᠦᠭᠴᠢ ᠶᠢ ᠰᠠᠭᠠᠷᠮᠠᠭᠵᠢᠭᠤᠯᠬᠤ ᠠᠵᠢᠯ ᠢᠶᠠᠷ ᠤᠳᠤᠷᠢᠳᠦᠮᠵᠢ ᠪᠤᠯᠭᠠᠵᠦ᠂ ᠨᠡᠭᠦᠷᠡᠰᠦᠲᠥ᠋ᠷᠥᠭᠴᠢ ᠶᠢᠨ ᠭᠠᠳᠠᠭᠰᠢᠯᠠᠭᠤᠯᠤᠯᠲᠠ ᠶᠢ ᠪᠠᠭᠠᠰᠬᠠᠬᠤ᠂ | ᠪᠣᠬᠢᠷᠲᠤᠯ ᠢ ᠪᠠᠭᠠᠰᠬᠠᠬᠤ᠂ ᠨᠣᠭᠤᠭᠠᠷᠠᠭᠤᠯᠤᠯᠲᠠ ᠶᠢ ᠥᠷᠭᠡᠳᠬᠡᠬᠦ᠂ ᠨᠡᠮᠡᠭᠳᠡᠯ ᠢ ᠠᠬᠢᠭᠤᠯᠵᠤ᠂ ᠦᠵᠡᠰᠬᠦᠯᠡᠩᠲᠦ ᠰᠠᠶᠢᠬᠠᠨ ᠥᠪᠥᠷ ᠮᠣᠩᠭᠤᠯ ᠤᠨ ᠪᠦᠳᠦᠭᠡᠨ | ᠪᠠᠶᠢᠭᠤᠯᠤᠯᠲᠠ ᠳᠤ ᠣᠷᠣᠨ ᠰᠠᠭᠤᠴᠠ ᠪᠠ ᠬᠤᠳᠠ ᠬᠦᠳᠡᠭᠡ ᠶᠢᠨ ᠪᠦᠳᠦᠭᠡᠨ ᠪᠠᠶᠢᠭᠤᠯᠤᠯᠲᠠ ᠶᠢᠨ ᠬᠦᠴᠦᠨ ᠴᠢᠳᠠᠯ ᠢᠶᠠᠨ ᠡᠷᠭᠦᠨ᠎ᠡ᠃ ᠪᠣᠬᠢᠷᠲᠤᠯ ᠦᠭᠡᠢ ᠡᠨᠧᠷᠭᠢ | ᠠᠷᠪᠢᠯᠠᠬᠤ ᠪᠠᠷᠢᠯᠭ᠎ᠠ᠂ ᠪᠣᠬᠢᠷᠲᠤᠯ ᠦᠭᠡᠢ ᠣᠷᠣᠰᠢᠨ ᠰᠠᠭᠤᠬᠤ ᠳᠤ ᠲᠣᠬᠢᠷᠠᠮᠵᠢᠲᠠᠢ ᠨᠡᠶᠢᠭᠡᠮ ᠲᠣᠭᠤᠷᠢᠭ᠂ ᠪᠣᠬᠢᠷᠲᠤᠯ ᠦᠭᠡᠢ ᠨᠡᠭᠦᠷᠡᠰᠦᠲᠥ᠋ᠷᠥᠭᠴᠢ ᠪᠠᠭ᠎ᠠ | ᠭᠠᠳᠠᠭᠰᠢᠯᠠᠭᠤᠯᠬᠤ ᠬᠤᠳᠠ ᠬᠥᠳᠡᠭᠡ ᠵᠡᠷᠭᠡ ᠬᠦᠷᠢᠶᠡᠨ ᠤ ᠬᠡᠯᠪᠡᠷᠢ ᠬᠤᠪᠢᠷᠠᠭᠤᠯᠤᠨ ᠬᠥᠭᠵᠢᠭᠦᠯᠬᠦ ᠶᠢ ᠶᠡᠭᠡ ᠪᠠᠷ ᠠᠬᠢᠭᠤᠯᠵᠤ᠂ ᠨᠢᠭᠡᠨᠲᠡ ᠪᠠᠶᠢᠭ᠎ᠠ ᠪᠠᠷᠢᠯᠭ᠎ᠠ ᠶᠢᠨ | ᠡᠨᠧᠷᠭᠢ ᠠᠷᠪᠢᠯᠠᠬᠤ ᠥᠭᠡᠷᠡᠴᠢᠯᠡᠯᠲᠡ ᠪᠣᠯᠤᠨ ᠬᠤᠳᠠ ᠶᠢᠨ ᠶᠠᠪᠤᠳᠠᠯ ᠤᠨ ᠰᠠᠭᠤᠷᠢ ᠲᠥᠬᠦᠭᠡᠷᠦᠮᠵᠢ ᠶᠢᠨ ᠰᠢᠨᠡᠴᠢᠯᠡᠯᠲᠡ ᠶᠢ ᠴᠢᠩᠭᠠᠳᠬᠠᠵᠤ᠂ ᠬᠤᠳᠠ ᠬᠥᠳᠡᠭᠡ ᠶᠢᠨ | ᠪᠣᠬᠢᠷᠲᠤᠯ ᠦᠭᠡᠢ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠬᠥᠭᠵᠢᠯᠲᠡ ᠶᠢᠨ ᠬᠢᠷᠢ ᠲᠦᠪᠰᠢᠨ ᠢ ᠲᠡᠭᠡᠭᠰᠢᠯᠡᠭᠦᠯᠦᠨ᠎ᠡ᠃ ᠪᠣᠬᠢᠷᠲᠤᠯ ᠦᠭᠡᠢ ᠪᠠᠭ᠎ᠠ | ᠨᠡᠭᠦᠷᠡᠰᠦᠲᠥ᠋ᠷᠥᠭᠴᠢᠳᠤ ᠰᠢᠨᠵᠢᠯᠡᠭᠡ ᠮᠡᠷᠭᠡᠵᠢᠯ ᠤᠨ ᠰᠢᠨ᠎ᠡ ᠶᠢ ᠡᠭᠦᠳᠬᠦ ᠶᠢ ᠠᠬᠢᠭᠤᠯᠵᠤ᠂ ︽ᠵᠠᠰᠠᠭ ᠠᠵᠤ ᠠᠬᠤᠶᠢᠯᠠᠯ ᠰᠤᠷᠭᠠᠨ ᠬᠦᠮᠦᠵᠢᠯ ᠰᠤᠳᠤᠯᠭᠠᠨ︾ ᠤ | ᠭᠦᠨᠵᠡᠭᠡᠢ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠵᠦ᠂ ᠰᠢᠨᠵᠢᠯᠡᠭᠡ ᠮᠡᠷᠭᠡᠵᠢᠯ ᠤᠨ ᠰᠢᠨ᠎ᠡ ᠶᠢ ᠡᠭᠦᠳᠬᠦ ᠦᠷ᠎ᠡ ᠪᠦᠲᠦᠭᠡᠯ ᠢ ᠣᠷᠣᠨ ᠰᠠᠭᠤᠴᠠ ᠪᠠ ᠬᠤᠳᠠ | ᠬᠦᠳᠡᠭᠡ ᠶᠢᠨ ᠪᠦᠳᠦᠭᠡᠨ ᠪᠠᠶᠢᠭᠤᠯᠤᠯᠲᠠ ᠶᠢᠨ ᠬᠦᠷᠢᠶᠡᠨ ᠳᠤ ᠤᠨᠳᠤᠤᠰᠢᠭᠤᠯᠤᠨ ᠬᠡᠷᠡᠭᠯᠡᠬᠦ ᠶᠢ ᠳᠡᠭᠡᠭᠰᠢᠯᠡᠭᠦᠯᠵᠦ᠂ ᠪᠠᠷᠢᠯᠭ᠎ᠠ ᠶᠢᠨ ᠠᠵᠤ ᠦᠢᠯᠡᠳᠪᠦᠷᠢᠵᠢᠯᠲᠡ᠂ | ᠲᠤᠭᠠᠴᠢᠯᠠᠯᠳᠠ ᠪᠠ ᠪᠣᠬᠢᠷᠲᠤᠯ ᠦᠭᠡᠢ ᠠᠭᠤᠰᠤᠯᠴᠠᠨ ᠬᠥᠭᠵᠢᠬᠦ ᠶᠢ ᠲᠦᠷᠭᠡᠳᠭᠡᠨ ᠠᠬᠢᠭᠤᠯᠤᠨ᠎ᠠ᠃ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ | ᠬᠤᠲᠠ ᠪᠠᠯᠭᠠᠰᠤ ᠶᠢᠨ ᠨᠣᠭᠤᠭᠠᠷᠠᠭᠤᠯᠤᠯᠲᠠ ᠶᠢᠨ ᠲᠦᠷᠢᠮ︾ ᠢ ᠰᠠᠶᠢᠲᠤᠷ ᠨᠠᠶᠢᠳᠠᠪᠤᠷᠢᠵᠢᠭᠤᠯᠵᠤ᠂ ᠪᠥᠬᠦ ᠣᠷᠣᠨ ᠤ ᠣᠷᠣᠨ ᠰᠠᠭᠤᠴᠠ ᠶᠢᠨ ᠪᠥᠲᠥᠭᠡᠨ | ᠪᠠᠶᠢᠭᠤᠯᠤᠯᠲᠠ ᠪᠠ ᠠᠮᠢ ᠠᠬᠤᠶ ᠣᠷᠴᠢᠨ ᠲᠣᠭᠤᠷᠢᠨ ᠤ ᠬᠦᠷᠢᠶᠡᠨ ᠳᠠᠬᠢ ᠬᠠᠤᠯᠢ ᠠᠴᠠ ᠵᠥᠷᠢᠴᠡᠭᠰᠡᠨ ᠠᠰᠠᠭᠤᠳᠠᠯ ᠢ ᠲᠥᠪᠯᠡᠷᠡᠭᠦᠯᠦᠨ ᠴᠡᠭᠴᠡᠯᠡᠨ ᠵᠠᠰᠠᠬᠤ | ᠲᠤᠰᠬᠠᠶ ᠠᠵᠢᠯᠯᠠᠭ᠎ᠠ ᠶᠢ ᠪᠥᠬᠦ ᠬᠦᠴᠦᠨ ᠢᠶᠠᠷ ᠢᠶᠠᠨ ᠠᠬᠢᠭᠤᠯᠵᠤ᠂ ᠬᠠᠲᠤᠨ ᠭᠤᠤᠯ ᠤᠨ ᠰᠠᠪᠠ ᠭᠠᠵᠠᠷ ᠤᠨ ︽ᠭᠤᠷᠪᠠᠨ ᠨᠠᠭᠤᠷ︾ ᠤᠨ ᠤᠰᠤᠨ ᠤ ᠠᠮᠢ | ᠠᠬᠤᠶ ᠶᠢ ᠵᠠᠰᠠᠬᠤ᠂ ᠪᠣᠬᠢᠷ ᠦᠮᠡᠬᠡᠶ ᠤᠰᠤᠨ ᠴᠣᠭᠴᠠ ᠶᠢ ᠵᠠᠰᠠᠬᠤ᠂ ᠪᠠᠶᠢᠭᠤᠯᠤᠯᠳᠦ ᠪᠠᠯᠭᠠᠰᠤᠨ ᠤ ᠠᠮᠢᠳᠤᠷᠠᠯ ᠤᠨ ᠪᠣᠬᠢᠷ ᠤᠰᠤ ᠶᠢ ᠵᠠᠰᠠᠬᠤ᠂ ᠮᠠᠯᠵᠢᠬᠤ | ᠲᠠᠷᠢᠶᠠᠯᠠᠬᠤ ᠣᠷᠣᠨ ᠤ ᠠᠮᠢᠳᠤᠷᠠᠯ ᠤᠨ ᠬᠤᠭ ᠨᠣᠪᠰᠢ ᠶᠢ ᠵᠠᠰᠠᠬᠤ ᠵᠡᠷᠭᠡ ᠠᠵᠢᠯ ᠢ ᠯᠠᠪᠳᠠᠭᠤᠨ ᠪᠠᠲᠤᠲᠠᠶ ᠠᠬᠢᠭᠤᠯᠵᠤ᠂ ᠪᠠᠷᠢᠯᠭ᠎ᠠ ᠶᠢᠨ ᠬᠠᠶᠠᠭᠳᠠᠮᠠᠯ ᠪᠣᠳᠠᠰ ᠢ | ᠡᠬᠢ ᠡᠭᠦᠰᠦᠯ ᠠᠴᠠ ᠨᠢ ᠠᠰᠢᠭᠯᠠᠬᠤ ᠪᠠ ᠲᠥᠪᠯᠡᠷᠡᠭᠦᠯᠦᠨ ᠰᠢᠢᠳᠪᠦᠷᠢᠯᠡᠬᠦ ᠶᠢ ᠰᠠᠶᠢᠲᠤᠷ ᠠᠳᠬᠤᠵᠤ᠂ ᠬᠤᠲᠠ ᠬᠥᠳᠡᠭᠡ ᠶᠢᠨ ᠬᠦᠮᠦᠰ ᠤᠨ ᠣᠷᠣᠰᠢᠨ ᠰᠠᠭᠤᠬᠤ | ᠣᠷᠴᠢᠨ ᠲᠣᠭᠤᠷᠢᠨ ᠤ ᠶᠠᠰᠤ ᠴᠢᠨᠠᠷ ᠢ ᠲᠡᠭᠡᠭᠰᠢᠯᠡᠭᠦᠯᠦᠨ᠎ᠡ᠃ ᠪᠣᠬᠢᠷᠲᠤᠯ ᠥᠬᠡᠶ ᠳᠤᠤᠷ᠎ᠠ ᠨᠡᠭᠦᠷᠡᠰᠦᠲᠥ᠋ᠷᠥᠭᠴᠢᠲᠦ ᠲᠥᠷᠥ ᠶᠢᠨ ᠪᠣᠳᠣᠯᠭ᠎ᠠ ᠶᠢᠨ ᠰᠢᠰᠲ᠋ᠧᠮ ᠢ | ᠲᠡᠭᠦᠯᠳᠡᠷᠵᠢᠭᠦᠯᠵᠦ᠂ ᠤᠯᠤᠰ ᠪᠠ ᠦᠪᠡᠷᠳᠡᠭᠡᠨ ᠵᠠᠰᠠᠬᠤ ᠤᠷᠤᠨ ᠤ ︽ᠰᠠᠨᠠᠯ︾ ᠲᠠᠢ ᠪᠦᠬᠦ ᠲᠠᠯ᠎ᠠ ᠪᠠᠷ ᠬᠠᠷᠭᠤᠭᠤᠯᠤᠨ᠂ ᠣᠷᠣᠨ ᠰᠠᠭᠤᠴᠠ ᠶᠢᠨ ᠪᠥᠲᠥᠭᠡᠨ | ᠪᠠᠶᠢᠭᠤᠯᠤᠯᠲᠠ ᠶᠢᠨ ᠬᠦᠷᠢᠶᠡᠨ ᠳᠠᠬᠢ ᠪᠣᠬᠢᠷᠲᠤᠯ ᠥᠬᠡᠶ ᠬᠥᠭᠵᠢᠯᠲᠡ ᠶᠢᠨ ᠲᠦᠷᠢᠮ ᠲᠣᠭᠲᠠᠭᠠᠯ ᠪᠠ ᠪᠠᠷᠢᠮᠵᠢᠶ᠎ᠠ ᠶᠢᠨ ᠰᠢᠰᠲ᠋ᠧᠮ ᠢ ᠤᠯᠠᠮ ᠨᠢᠭᠡ ᠠᠯᠬᠤᠮ | ᠪᠦᠷᠢᠨᠰᠢᠭᠦᠯᠦᠨ ᠲᠡᠭᠦᠯᠳᠡᠷᠵᠢᠭᠦᠯᠵᠦ᠂ ᠣᠷᠳᠣ ᠬᠤᠭᠤᠴᠠᠭᠠᠨ ᠤ ᠪᠦᠲᠦᠮᠵᠢᠲᠡᠶ ᠪᠠᠶᠢᠩᠭᠤ ᠶᠢᠨ ᠵᠠᠰᠠᠯᠲᠠ ᠶᠢᠨ ᠠᠵᠢᠯ ᠤᠨ ᠲᠣᠭᠲᠠᠴᠠ ᠶᠢ ᠰᠦᠪᠡᠭᠴᠢᠯᠡᠨ | ᠪᠠᠶᠢᠭᠤᠯᠵᠤ᠂ ᠲᠥᠷᠥ ᠶᠢᠨ ᠪᠣᠳᠣᠯᠭ᠎ᠠ ᠪᠠᠷ ᠬᠥᠲᠥᠯᠦᠨ ᠵᠢᠯᠣᠭᠤᠳᠬᠤ᠂ ᠪᠠᠯᠠ ᠮᠥᠩᠭᠦ ᠶᠢᠨ ᠣᠷᠣᠭᠤᠯᠤᠯᠲᠠ᠂ ᠲᠦᠯᠦᠪᠵᠢᠭᠦᠯᠦᠯᠭᠡ ᠵᠢᠷᠤᠵᠤ ᠲᠥᠯᠥᠪᠯᠡᠬᠦ ᠵᠡᠷᠭᠡ | ᠵᠠᠩᠭᠢᠯᠠᠭ᠎ᠠ ᠶᠢᠨ ᠭᠤᠭᠴᠤᠭ᠎ᠠ ᠶᠢ ᠪᠣᠳᠠᠲᠠᠶ ᠠᠳᠬᠤᠵᠤ᠂ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠪᠣᠬᠢᠷᠲᠤᠯ ᠥᠬᠡᠶ ᠳᠤᠤᠷ᠎ᠠ | ᠨᠡᠭᠦᠷᠡᠰᠦᠲᠥ᠋ᠷᠥᠭᠴᠢᠲᠦ ᠬᠥᠭᠵᠢᠯᠲᠡ ᠶᠢᠨ ᠶᠠᠰᠤ ᠴᠢᠨᠠᠷ ᠢ ᠲᠡᠭᠡᠭᠰᠢᠯᠡᠭᠦᠯᠦᠨ᠎ᠡ ᠬᠡᠷᠡᠭᠲᠡᠶ ᠭᠡᠵᠤ ᠴᠢᠬᠤᠯᠠᠴᠢᠯᠠᠪᠠ᠃ | ᠬᠤᠷᠠᠯ ᠠᠴᠠ᠂ ᠶᠡᠷᠦᠩᠬᠡᠶ ᠱᠦᠵᠢ ᠰᠢ ᠶᠢᠨ ᠫᠢᠩ ᠤᠨ ᠬᠡᠯᠪᠡᠷᠢᠴᠢ ᠦᠵᠡᠯ ᠨᠣᠶᠠᠨᠴᠢ ᠰᠤᠷᠲᠠᠯ ᠢ ᠴᠢᠩᠭ᠎ᠠ ᠴᠡᠭᠡᠷᠯᠡᠬᠦ ᠲᠤᠬᠠᠶ ᠴᠢᠬᠤᠯᠠ ᠥᠭᠦᠯᠡᠯᠲᠡ ᠶᠢ | ᠭᠦᠨᠵᠡᠭᠡᠶ ᠰᠤᠷᠤᠯᠴᠠᠨ ᠲᠤᠭᠤᠰᠢᠯᠠᠭᠤᠯᠵᠤ᠂ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠵᠢᠴᠢ ︽ᠬᠡᠯᠪᠡᠷᠢᠴᠢ ᠦᠵᠡᠯ ᠢ ᠴᠡᠭᠴᠡᠯᠡᠨ ᠵᠠᠰᠠᠵᠤ ᠦᠨᠳᠦᠰᠦᠨ | ᠱᠠᠲᠤᠨ ᠤ ᠳᠠᠷᠤᠭᠠᠰᠤ ᠶᠢ ᠬᠥᠩᠭᠡᠷᠡᠭᠦᠯᠬᠦ ᠲᠤᠬᠠᠶ ᠲᠣᠭᠲᠠᠭᠠᠯ ᠤᠳ︾ ᠢ ᠴᠢᠩᠭ᠎ᠠ ᠨᠠᠶᠢᠳᠠᠪᠤᠷᠢᠵᠢᠭᠤᠯᠵᠤ᠂ ᠡᠯ᠎ᠡ ᠵᠦᠢᠯ ᠤᠨ ᠠᠵᠢᠯ ᠤᠨ ᠮᠥᠨ ᠴᠢᠨᠠᠷ ᠤᠨ ᠵᠢᠮ᠎ᠡ | ᠶᠣᠰᠣ ᠶᠢ ᠣᠨᠣᠪᠴᠢᠲᠠᠶ ᠡᠵᠡᠮᠳᠡᠵᠦ᠂ ᠲᠥᠪ ᠤᠨ ᠲᠣᠭᠲᠠᠭᠠᠯ ᠲᠠᠢ ᠪᠠᠷᠢᠮᠵᠢᠶᠠᠯᠠᠨ ᠬᠠᠷᠭᠤᠭᠤᠯᠵᠤ᠂ ᠲᠢᠩᠬᠢᠮ ᠤᠨ ᠰᠢᠰᠲ᠋ᠧᠮ ᠤᠨ ᠬᠡᠯᠪᠡᠷᠢᠴᠢ ᠦᠵᠡᠯ ᠢ ᠴᠡᠭᠴᠡᠯᠡᠨ | ᠵᠠᠰᠠᠵᠤ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠬᠦ ᠠᠷᠭ᠎ᠠ ᠬᠡᠮᠵᠢᠶ᠎ᠡ ᠶᠢ ᠲᠡᠭᠦᠯᠳᠡᠷᠵᠢᠭᠦᠯᠵᠦ᠂ ᠶᠠᠪᠤᠴᠠ ᠶᠢ ᠤᠯᠠᠮ ᠨᠢᠭᠡ ᠠᠯᠬᠤᠮ ᠳᠥᠭᠦᠮᠴᠢᠯᠡᠵᠦ᠂ | ᠭᠤᠭᠴᠤᠭ᠎ᠠ ᠶᠢ ᠪᠠᠭᠠᠰᠬᠠᠵᠤ᠂ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ᠳᠠᠷᠤᠭᠠᠰᠤ ᠶᠢ ᠬᠥᠩᠭᠡᠷᠡᠭᠦᠯᠬᠦ ᠠᠵᠢᠯ ᠢ ᠪᠣᠳᠠᠲᠠᠶ ᠳᠤ ᠨᠠᠶᠢᠳᠠᠪᠤᠷᠢᠵᠢᠭᠤᠯᠬᠤ ᠶᠢ ᠦᠨᠡᠨ | ᠬᠦ ᠪᠠᠲᠤᠯᠠᠬᠤ ᠬᠡᠷᠡᠭᠲᠡᠶ᠃ ᠪᠢᠴᠢᠭ ᠮᠠᠲ᠋ᠧᠷᠢᠶᠠᠯ ᠢ ᠴᠣᠮᠬᠠᠳᠬᠠᠬᠤ ᠬᠤᠷᠠᠯ ᠢ ᠪᠠᠭᠠᠰᠬᠠᠵᠤ᠂ ᠪᠠᠶᠢᠴᠠᠭᠠᠵᠤ ᠬᠢᠨᠠᠨ ᠰᠢᠯᠭᠠᠬᠤ᠂ ᠺᠠᠳ᠋ᠷ ᠢ ᠵᠢᠭᠡᠯᠡᠨ ᠰᠢᠯᠵᠢᠭᠦᠯᠬᠦ᠂ | ᠦᠨᠳᠦᠰᠦᠨ ᠱᠠᠲᠤᠨ ᠤ ᠡᠷᠬᠡ ᠬᠠᠷᠢᠭᠤᠴᠠᠯᠭ᠎ᠠ᠂ ᠵᠢᠱᠢᠶ᠎ᠡ ᠦᠵᠡᠭᠦᠯᠦᠨ ᠡᠭᠦᠳᠦᠨ ᠪᠠᠶᠢᠭᠤᠯᠬᠤ᠂ ᠪᠠᠷᠢᠮᠵᠢᠶ᠎ᠠ ᠳᠤ ᠬᠦᠷᠦᠭᠦᠯᠦᠨ ᠬᠢᠨᠠᠨ ᠲᠣᠭᠲᠠᠭᠠᠬᠤ ᠵᠡᠷᠭᠡ ︽ | ᠬᠠᠲᠠᠭᠤ ᠬᠥᠰᠢᠭᠦᠷᠭᠡ︾ ᠶᠢ ᠴᠢᠩᠭ᠎ᠠ ᠨᠠᠶᠢᠳᠠᠪᠤᠷᠢᠵᠢᠭᠤᠯᠵᠤ᠂ ᠲᠥᠯᠥᠪᠯᠡᠭᠡ ᠶᠢᠨ ᠬᠠᠮᠢᠶᠠᠷᠤᠯᠲᠠ ᠶᠢ ᠴᠢᠩᠭᠠᠳᠬᠠᠨ᠂ ︽ ᠨᠡᠶᠢᠯᠡᠭᠦᠯᠵᠦ ᠪᠤᠯᠬᠤ ᠶᠢ ᠪᠦᠬᠦᠨ ᠢ | ᠨᠡᠶᠢᠯᠡᠭᠦᠯᠬᠦ︾ ᠵᠠᠷᠴᠢᠮ ᠶᠣᠰᠣᠭᠠᠷ᠂ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠂ ᠡᠲᠡᠭᠡᠳ ᠨᠢ ᠣᠶᠢᠷᠠᠯᠴᠠᠭ᠎ᠠ᠂ ᠬᠡᠪᠴᠢᠶ᠎ᠡ ᠨᠢ ᠣᠶᠢᠷᠠᠯᠴᠠᠭ᠎ᠠ᠂ ᠴᠠᠭ ᠨᠢ | ᠣᠶᠢᠷᠠᠯᠴᠠᠭ᠎ᠠ ᠰᠢᠮᠳᠠᠭᠤᠯᠤᠨ ᠪᠠᠶᠢᠴᠠᠭᠠᠵᠤ ᠪᠠᠶᠢᠴᠠᠭᠠᠨ ᠰᠤᠳᠤᠯᠬᠤ ᠵᠦᠢᠯᠡᠰ ᠢ ᠡᠮᠬᠢᠯᠡᠨ ᠨᠡᠶᠢᠯᠡᠭᠦᠯᠵᠦ᠂ ᠪᠠᠶᠢᠴᠠᠭᠠᠨ ᠰᠤᠳᠤᠯᠤᠯᠳᠠ ᠶᠢᠨ ᠣᠯᠠᠨ ᠲᠠᠯ᠎ᠠ ᠶᠢᠨ | ᠲᠠᠪᠬᠤᠷᠳᠠᠬᠤ ᠂ ᠲᠦᠪᠯᠡᠷᠡᠵᠦ ᠠᠷᠪᠢᠳᠠᠬᠤ ᠠᠴᠠ ᠰᠡᠷᠭᠡᠶᠢᠯᠡᠨ᠂ ᠠᠵᠢᠯ ᠤᠨ ᠪᠣᠳᠠᠲᠤ ᠦᠷ᠎ᠡ ᠪᠦᠲᠦᠮᠵᠢ ᠶᠢ ᠪᠥᠬᠦ ᠬᠦᠴᠦᠨ ᠢᠶᠠᠷ ᠢᠶᠠᠨ ᠲᠡᠭᠡᠭᠰᠢᠯᠡᠭᠦᠯᠵᠦ᠂ | ᠦᠨᠳᠦᠰᠦᠨ ᠱᠠᠲᠤᠨ ᠤ ᠳᠠᠷᠤᠭᠠᠰᠤ ᠶᠢ ᠦᠨᠡᠨ ᠬᠦ ᠬᠥᠩᠭᠡᠷᠡᠭᠦᠯᠬᠦ ᠬᠡᠷᠡᠭᠲᠡᠶ ᠭᠡᠵᠤ ᠴᠢᠬᠤᠯᠠᠴᠢᠯᠠᠪᠠ᠃ | ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃ | |