ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ︵ᠥᠷᠭᠡᠳᠬᠡᠭᠰᠡᠨ︶ ᠤᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/8/21
    8 ᠳ᠋ᠤᠭᠠᠷ ᠰᠠᠷ᠎ᠠ ᠶᠢᠨ 20 ᠤ ᠡᠳᠦᠷ᠂ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ︵ᠥᠷᠭᠡᠳᠬᠡᠭᠰᠡᠨ︶ ᠤᠨ ᠬᠤᠷᠠᠯ ᠬᠤᠷᠠᠯᠳᠤᠭᠤᠯᠵᠤ᠂ ᠶᠡᠷᠦᠩᠬᠡᠶ ᠱᠦᠵᠢ ᠰᠢ ᠶᠢᠨ ᠫᠢᠩ ᠤᠨ ᠣᠶᠢᠷ᠎ᠠ ᠶᠢᠨ ᠬᠤᠭᠤᠴᠠᠭᠠᠨ ᠤ ᠴᠢᠬᠤᠯᠠ ᠶᠠᠷᠢᠶ᠎ᠠ᠂ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠵᠢᠴᠢ ᠲᠥᠪ᠂ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠥᠬᠦᠶ ᠬᠤᠷᠠᠯ ᠪᠠ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠠᠵᠢᠯ ᠢ ᠰᠤᠳᠤᠯᠪᠠ᠃ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠢᠩᠬᠢᠮ ᠤᠨ ᠳᠠᠷᠤᠭ᠎ᠠ ᠭᠦᠸᠧ ᠢᠦᠶ ᠹᠧᠩ ᠬᠤᠷᠠᠯ ᠢ ᠡᠷᠭᠢᠯᠡᠪᠡ᠃
W020240821330971905571.jpg
    ᠬᠤᠷᠠᠯ ᠠᠴᠠ᠂ ᠶᠡᠷᠦᠩᠬᠡᠶ ᠱᠦᠵᠢ ᠰᠢ ᠶᠢᠨ ᠫᠢᠩ ᠤᠨ ᠰᠣᠶᠣᠯ ᠪᠠ ᠪᠠᠶᠢᠭᠠᠯᠢ ᠶᠢᠨ ᠥᠪ ᠢ ᠬᠠᠮᠠᠭᠠᠯᠠᠵᠤ ᠤᠯᠠᠮᠵᠢᠯᠠᠨ ᠠᠰᠢᠭᠯᠠᠬᠤ ᠠᠵᠢᠯ ᠢ ᠴᠢᠩᠭᠠᠳᠬᠠᠬᠤ ᠲᠤᠬᠠᠶ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠲᠤᠭᠤᠰᠢᠯᠠᠭᠤᠯᠵᠦ᠂ ᠬᠠᠮᠠᠭᠠᠯᠠᠯᠳᠠ ᠪᠠ ᠬᠦᠭᠵᠢᠭᠦᠯᠦᠯᠳᠡ᠂ ᠬᠠᠮᠠᠭᠠᠯᠠᠯᠳᠠ ᠪᠠ ᠠᠰᠢᠭᠯᠠᠯᠳᠠ ᠶᠢᠨ ᠬᠤᠭᠤᠷᠣᠨᠳᠣᠬᠢ ᠬᠠᠷᠢᠴᠠᠭ᠎ᠠ ᠶᠢ ᠵᠥᠪ ᠢᠶᠠᠷ ᠰᠢᠢᠳᠪᠦᠷᠢᠯᠡᠵᠦ᠂ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠵᠣᠷᠢᠭ ᠰᠠᠨᠠᠭ᠎ᠠ ᠪᠠᠷ ᠬᠤᠳᠠ ᠬᠥᠳᠡᠭᠡ ᠶᠢᠨ ᠲᠡᠦᠬᠡ ᠰᠣᠶᠣᠯ ᠤᠨ ᠥᠪ ᠤᠨ ᠪᠦᠬᠦᠯᠢ ᠴᠤᠭᠴᠠᠳᠤ ᠴᠢᠨᠠᠷᠲᠠᠢ ᠬᠠᠮᠠᠭᠠᠯᠠᠯᠲᠠ᠂ ᠰᠢᠰᠲ᠋ᠧᠮᠲᠦ ᠴᠢᠨᠠᠷᠲᠠᠢ ᠤᠯᠠᠮᠵᠢᠯᠠᠯᠲᠠ᠂ ᠰᠢᠨ᠎ᠡ ᠶᠢ ᠡᠭᠦᠳᠬᠦ ᠴᠢᠨᠠᠷᠲᠠᠢ ᠬᠥᠭᠵᠢᠯᠲᠡ ᠶᠢ ᠠᠬᠢᠭᠤᠯᠬᠤ ᠬᠡᠷᠡᠭᠲᠡᠢ᠃ ᠣᠷᠣᠨ ᠪᠦᠰᠡ ᠶᠢ ᠨᠡᠶᠢᠳᠡᠮ ᠪᠦᠷᠬᠦᠭᠦᠯᠬᠦ᠂ ᠬᠦᠴᠦᠨ ᠵᠦᠢᠯ ᠢ ᠪᠦᠬᠦᠨ ᠢ ᠬᠠᠮᠤᠷᠬᠤ ᠶᠢ ᠪᠠᠷᠢᠮᠲᠠᠯᠠᠵᠤ᠂ ᠲᠡᠦᠬᠡ ᠰᠣᠶᠣᠯ ᠤᠨ ᠡᠬᠢ ᠪᠠᠶᠠᠯᠢᠭ ᠤᠨ ᠨᠡᠶᠢᠳᠡᠮ ᠪᠠᠶᠢᠴᠠᠭᠠᠯᠲᠠ ᠬᠢᠨᠠᠨ ᠲᠣᠭᠲᠠᠭᠠᠯᠲᠠ ᠶᠢᠨ ᠠᠵᠢᠯ ᠢ ᠦᠷᠭᠦᠯᠵᠢᠯᠡᠨ ᠭᠦᠨᠵᠡᠭᠡᠶ ᠥᠷᠨᠢᠭᠦᠯᠵᠦ᠂ ᠮᠠᠨ ᠤ ᠣᠷᠣᠨ ᠤ ᠴᠢᠬᠤᠯᠠ ᠬᠠᠮᠠᠭᠠᠯᠠᠯᠲᠠ ᠶᠢᠨ ᠦᠨ᠎ᠡ ᠥᠷᠲᠡᠭ ᠲᠠᠢ ᠲᠡᠦᠬᠡ ᠰᠣᠶᠣᠯ ᠤᠨ ᠨᠠᠷᠠᠲᠤ ᠬᠤᠲᠠ᠂ ᠨᠠᠷᠠᠲᠤ ᠪᠠᠯᠭᠠᠰᠤ᠂ ᠨᠠᠷᠠᠲᠤ ᠲᠣᠰᠬᠤᠨ᠂ ᠤᠯᠠᠮᠵᠢᠯᠠᠯᠲᠤ ᠲᠣᠰᠬᠤᠨ᠂ ᠲᠡᠦᠬᠡ ᠰᠣᠶᠣᠯ ᠤᠨ ᠵᠡᠭᠡᠯᠢ ᠲᠣᠭᠤᠷᠢᠭ᠂ ᠲᠡᠤᠬᠡ ᠶᠢᠨ ᠪᠠᠷᠢᠯᠭ᠎ᠠ ᠵᠡᠷᠭᠡ ᠶᠢ ᠬᠠᠮᠠᠭᠠᠯᠠᠯᠲᠠ ᠶᠢᠨ ᠨᠡᠷᠡᠰ ᠤᠨ ᠵᠢᠭᠰᠠᠭᠠᠯᠲᠠ ᠳᠤ ᠣᠷᠣᠭᠤᠯᠵᠤ᠂ ᠪᠠᠲᠤᠯᠠᠬᠤ ᠶᠣᠰᠣᠲᠠᠶ ᠶᠢ ᠨᠢ ᠪᠦᠬᠦᠨ ᠢ ᠪᠠᠲᠤᠯᠠᠬᠤ ᠶᠢ ᠪᠡᠶᠡᠯᠡᠭᠦᠯᠬᠦ ᠬᠡᠷᠡᠭᠲᠡᠶ᠃ ᠥᠪ ᠬᠥᠷᠥᠩᠭᠡ ᠶᠢ ᠬᠠᠮᠠᠭᠠᠯᠠᠬᠤ ᠪᠠ ᠠᠷᠠᠳ ᠤᠨ ᠠᠮᠢᠳᠤᠷᠠᠯ ᠢ ᠰᠠᠶᠢᠵᠢᠷᠠᠭᠤᠯᠬᠤ ᠶᠢ ᠵᠡᠷᠭᠡ ᠪᠠᠷ ᠠᠳᠬᠤᠬᠤ ᠶᠢ ᠪᠠᠷᠢᠮᠲᠠᠯᠠᠵᠤ᠂ ᠬᠥᠮᠦᠨ ᠢᠶᠠᠷ ᠰᠡᠷᠭᠡᠶᠢᠯᠡᠬᠦ᠂ ᠪᠣᠳᠠᠰ ᠢᠶᠠᠷ ᠰᠡᠷᠭᠡᠶᠢᠯᠡᠬᠦ᠂ ᠮᠡᠷᠭᠡᠵᠢᠯ ᠢᠶᠠᠷ ᠰᠡᠷᠭᠡᠶᠢᠯᠡᠬᠦ ᠵᠡᠷᠭᠡ ᠠᠷᠭ᠎ᠠ ᠪᠠᠷᠢᠯ ᠢ ᠶᠡᠷᠦᠩᠬᠡᠶᠢᠯᠡᠨ ᠬᠡᠷᠡᠭᠯᠡᠵᠦ᠂ ᠰᠠᠭᠤᠷᠢ ᠲᠥᠬᠦᠭᠡᠷᠦᠮᠵᠢ ᠪᠠ ᠤᠯᠠᠨ ᠨᠡᠶᠢᠲᠡ ᠶᠢᠨ ᠦᠢᠯᠡᠴᠢᠯᠡᠭᠡᠨ ᠤ ᠲᠥᠬᠦᠭᠡᠷᠦᠮᠵᠢ ᠶᠢᠨ ᠲᠤᠳᠠᠭᠳᠠᠯ ᠢ ᠨᠥᠬᠦᠪᠥᠷᠢᠯᠡᠵᠦ᠂ ᠭᠠᠮᠰᠢᠭ ᠢ ᠰᠡᠷᠭᠡᠶᠢᠯᠡᠵᠦ ᠭᠠᠮᠰᠢᠭ ᠢ ᠪᠠᠭᠠᠰᠬᠠᠬᠤ ᠴᠢᠳᠠᠪᠤᠷᠢ ᠪᠠᠨ ᠳᠡᠭᠡᠭᠰᠢᠯᠡᠭᠦᠯᠬᠦ ᠬᠡᠷᠡᠭᠲᠡᠢ᠃ ᠬᠤᠳᠠ ᠬᠥᠳᠡᠭᠡ ᠶᠢᠨ ᠲᠡᠦᠬᠡ ᠰᠣᠶᠣᠯ ᠤᠨ ᠥᠪ ᠤᠨ ᠪᠦᠬᠦ ᠠᠮᠢ ᠨᠠᠰᠤᠨ ᠤ ᠦᠶᠡᠯᠡᠯ ᠤᠨ ᠬᠤᠭᠤᠴᠠᠭᠠᠨ ᠤ ᠬᠠᠮᠢᠶᠠᠷᠤᠯᠲᠠ ᠶᠢᠨ ᠤᠷᠳᠤ ᠬᠤᠭᠤᠴᠠᠭᠠᠨ ᠤ ᠪᠦᠲᠦᠮᠵᠢᠲᠡᠢ ᠲᠣᠭᠲᠠᠴᠠ ᠶᠢ ᠪᠠᠶᠢᠭᠤᠯᠵᠤ᠂ ᠲᠦᠷᠢᠮ ᠤᠨ ᠰᠢᠰᠲ᠋ᠧᠮ ᠢ ᠪᠦᠷᠢᠨᠰᠢᠬᠦᠯᠤᠨ᠂ ᠬᠥᠳᠡᠯᠦᠩᠭᠦᠢ ᠬᠢᠨᠠᠯᠲᠠ ᠬᠠᠮᠢᠶᠠᠷᠤᠯᠲᠠ᠂ ᠲᠣᠭᠤᠷᠢᠨ ᠪᠠᠶᠢᠴᠠᠭᠠᠵᠤ ᠬᠠᠤᠯᠢ ᠬᠡᠷᠡᠭᠵᠢᠭᠦᠯᠬᠦ ᠶᠢ ᠴᠢᠩᠭᠠᠳᠬᠠᠵᠤ᠂ ᠲᠡᠦᠬᠡ ᠰᠣᠶᠣᠯ ᠤᠨ ᠥᠪ ᠤᠨ ᠬᠠᠮᠠᠭᠠᠯᠠᠯᠲᠠ ᠶᠢᠨ ᠬᠤᠷᠢᠭ᠎ᠠ ᠱᠤᠭᠤᠮ ᠢ ᠪᠠᠲᠤ ᠰᠠᠬᠢᠬᠤ ᠬᠡᠷᠡᠭᠲᠡᠢ ᠭᠡᠵᠤ ᠱᠠᠭᠠᠷᠳᠠᠪᠠ᠃
W020240821330971976380.jpg
    ᠬᠤᠷᠠᠯ ᠠᠴᠠ᠂ ᠰᠢ ᠶᠢᠨ ᠫᠢᠩ ᠤᠨ ᠠᠮᠢ ᠠᠬᠤᠢ ᠶᠢᠨ ᠪᠣᠯᠪᠠᠰᠤᠨ ᠤ ᠦᠵᠡᠯ ᠰᠠᠨᠠᠭ᠎ᠠ ᠪᠣᠯᠤᠨ ᠬᠤᠪᠸᠢ ᠶᠢᠨ ᠱᠢ ᠶᠠᠨ ᠳ᠋ᠠᠨ ᠵᠢᠶᠠᠩ ᠺᠸᠤ ᠴᠥᠭᠦᠷᠥᠮ ᠤᠨ ᠣᠷᠣᠨ ᠤ ᠣᠷᠴᠢᠨ ᠲᠣᠭᠤᠷᠢᠨ ᠤ ᠬᠠᠮᠠᠭᠠᠯᠠᠯᠲᠠ ᠶᠢᠨ ᠰᠠᠶᠢᠨ ᠳᠤᠷ᠎ᠠ ᠶᠢᠨ ᠦᠢᠯᠡᠴᠢᠯᠡᠭᠴᠢᠳ ᠲᠤ ᠥᠭᠭᠦᠭᠰᠡᠨ ᠬᠠᠷᠢᠭᠤ ᠵᠠᠬᠢᠳᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ᠂ ᠲᠦᠷᠦ ᠶᠢᠨ ᠶᠠᠪᠤᠳᠠᠯ ᠤᠨ ᠬᠤᠷᠢᠶᠠᠨ ᠤ ︽ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠪᠦᠬᠦ ᠲᠠᠯ᠎ᠠ ᠪᠠᠷ ᠪᠣᠬᠢᠷᠲᠤᠯ ᠦᠭᠡᠢ ᠬᠡᠯᠪᠡᠷᠢ ᠬᠤᠪᠢᠷᠠᠭᠤᠯᠬᠤ ᠶᠢ ᠲᠦᠷᠭᠡᠳᠬᠡᠬᠦ ᠲᠤᠬᠠᠢ ᠰᠠᠨᠠᠯ︾ ᠪᠣᠯᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ︽ᠦᠵᠡᠰᠬᠦᠯᠡᠩᠲᠦ ᠰᠠᠶᠢᠬᠠᠨ ᠥᠪᠥᠷ ᠮᠣᠩᠭᠤᠯ ᠤᠨ ᠪᠦᠳᠦᠭᠡᠨ ᠪᠠᠶᠢᠭᠤᠯᠤᠯᠲᠠ ᠶᠢ ᠪᠦᠬᠦ ᠲᠠᠯ᠎ᠠ ᠪᠠᠷ ᠠᠬᠢᠭᠤᠯᠬᠤ ᠲᠤᠬᠠᠢ ᠬᠡᠷᠡᠭᠵᠢᠭᠦᠯᠬᠦ ᠰᠠᠨᠠᠯ︾ ᠤᠨ ᠲᠤᠬᠢᠷᠠᠭᠤᠯᠤᠯᠳᠠ ᠪᠠᠶᠢᠷᠢᠯᠠᠭᠤᠯᠤᠯᠲᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠠᠮᠢ ᠠᠬᠤᠢ ᠶᠢ ᠲᠡᠷᠢᠭᠦᠨ ᠳᠤ ᠲᠠᠯᠪᠢᠬᠤ᠂ ᠠᠷᠪᠢᠲᠠᠢ ᠡᠷᠴᠢᠮᠯᠢᠭ᠂ ᠪᠣᠬᠢᠷᠲᠤᠯ ᠦᠭᠡᠢ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠴᠢᠨᠠᠷ ᠰᠠᠶᠢᠲᠠᠢ ᠬᠥᠭᠵᠢᠯᠲᠡ ᠶᠢᠨ ᠵᠠᠮ ᠢᠶᠠᠷ ᠡᠷᠡᠰ ᠭᠤᠶᠢᠪᠢᠰᠢ ᠦᠭᠡᠢ ᠵᠠᠮᠨᠠᠵᠤ᠂ ᠨᠡᠭᠦᠷᠡᠰᠦᠳᠦᠭᠴᠢ ᠶᠢ ᠤᠷᠬᠢᠯ ᠳᠤ ᠬᠦᠷᠭᠡᠬᠦ ᠨᠡᠭᠦᠷᠡᠰᠦᠳᠦᠷᠦᠭᠴᠢ ᠶᠢ ᠰᠠᠭᠠᠷᠮᠠᠭᠵᠢᠭᠤᠯᠬᠤ ᠠᠵᠢᠯ ᠢᠶᠠᠷ ᠤᠳᠤᠷᠢᠳᠦᠮᠵᠢ ᠪᠤᠯᠭᠠᠵᠦ᠂ ᠨᠡᠭᠦᠷᠡᠰᠦᠲᠥ᠋ᠷᠥᠭᠴᠢ ᠶᠢᠨ ᠭᠠᠳᠠᠭᠰᠢᠯᠠᠭᠤᠯᠤᠯᠲᠠ ᠶᠢ ᠪᠠᠭᠠᠰᠬᠠᠬᠤ᠂ ᠪᠣᠬᠢᠷᠲᠤᠯ ᠢ ᠪᠠᠭᠠᠰᠬᠠᠬᠤ᠂ ᠨᠣᠭᠤᠭᠠᠷᠠᠭᠤᠯᠤᠯᠲᠠ ᠶᠢ ᠥᠷᠭᠡᠳᠬᠡᠬᠦ᠂ ᠨᠡᠮᠡᠭᠳᠡᠯ ᠢ ᠠᠬᠢᠭᠤᠯᠵᠤ᠂ ᠦᠵᠡᠰᠬᠦᠯᠡᠩᠲᠦ ᠰᠠᠶᠢᠬᠠᠨ ᠥᠪᠥᠷ ᠮᠣᠩᠭᠤᠯ ᠤᠨ ᠪᠦᠳᠦᠭᠡᠨ ᠪᠠᠶᠢᠭᠤᠯᠤᠯᠲᠠ ᠳᠤ ᠣᠷᠣᠨ ᠰᠠᠭᠤᠴᠠ ᠪᠠ ᠬᠤᠳᠠ ᠬᠦᠳᠡᠭᠡ ᠶᠢᠨ ᠪᠦᠳᠦᠭᠡᠨ ᠪᠠᠶᠢᠭᠤᠯᠤᠯᠲᠠ ᠶᠢᠨ ᠬᠦᠴᠦᠨ ᠴᠢᠳᠠᠯ ᠢᠶᠠᠨ ᠡᠷᠭᠦᠨ᠎ᠡ᠃ ᠪᠣᠬᠢᠷᠲᠤᠯ ᠦᠭᠡᠢ ᠡᠨᠧᠷᠭᠢ ᠠᠷᠪᠢᠯᠠᠬᠤ ᠪᠠᠷᠢᠯᠭ᠎ᠠ᠂ ᠪᠣᠬᠢᠷᠲᠤᠯ ᠦᠭᠡᠢ ᠣᠷᠣᠰᠢᠨ ᠰᠠᠭᠤᠬᠤ ᠳᠤ ᠲᠣᠬᠢᠷᠠᠮᠵᠢᠲᠠᠢ ᠨᠡᠶᠢᠭᠡᠮ ᠲᠣᠭᠤᠷᠢᠭ᠂ ᠪᠣᠬᠢᠷᠲᠤᠯ ᠦᠭᠡᠢ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠬᠤᠳᠠ ᠬᠥᠳᠡᠭᠡ ᠵᠡᠷᠭᠡ ᠬᠦᠷᠢᠶᠡᠨ ᠤ ᠬᠡᠯᠪᠡᠷᠢ ᠬᠤᠪᠢᠷᠠᠭᠤᠯᠤᠨ ᠬᠥᠭᠵᠢᠭᠦᠯᠬᠦ ᠶᠢ ᠶᠡᠭᠡ ᠪᠠᠷ ᠠᠬᠢᠭᠤᠯᠵᠤ᠂ ᠨᠢᠭᠡᠨᠲᠡ ᠪᠠᠶᠢᠭ᠎ᠠ ᠪᠠᠷᠢᠯᠭ᠎ᠠ ᠶᠢᠨ ᠡᠨᠧᠷᠭᠢ ᠠᠷᠪᠢᠯᠠᠬᠤ ᠥᠭᠡᠷᠡᠴᠢᠯᠡᠯᠲᠡ ᠪᠣᠯᠤᠨ ᠬᠤᠳᠠ ᠶᠢᠨ ᠶᠠᠪᠤᠳᠠᠯ ᠤᠨ ᠰᠠᠭᠤᠷᠢ ᠲᠥᠬᠦᠭᠡᠷᠦᠮᠵᠢ ᠶᠢᠨ ᠰᠢᠨᠡᠴᠢᠯᠡᠯᠲᠡ ᠶᠢ ᠴᠢᠩᠭᠠᠳᠬᠠᠵᠤ᠂ ᠬᠤᠳᠠ ᠬᠥᠳᠡᠭᠡ ᠶᠢᠨ ᠪᠣᠬᠢᠷᠲᠤᠯ ᠦᠭᠡᠢ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠬᠥᠭᠵᠢᠯᠲᠡ ᠶᠢᠨ ᠬᠢᠷᠢ ᠲᠦᠪᠰᠢᠨ ᠢ ᠲᠡᠭᠡᠭᠰᠢᠯᠡᠭᠦᠯᠦᠨ᠎ᠡ᠃ ᠪᠣᠬᠢᠷᠲᠤᠯ ᠦᠭᠡᠢ ᠪᠠᠭ᠎ᠠ ᠨᠡᠭᠦᠷᠡᠰᠦᠲᠥ᠋ᠷᠥᠭᠴᠢᠳᠤ ᠰᠢᠨᠵᠢᠯᠡᠭᠡ ᠮᠡᠷᠭᠡᠵᠢᠯ ᠤᠨ ᠰᠢᠨ᠎ᠡ ᠶᠢ ᠡᠭᠦᠳᠬᠦ ᠶᠢ ᠠᠬᠢᠭᠤᠯᠵᠤ᠂ ︽ᠵᠠᠰᠠᠭ ᠠᠵᠤ ᠠᠬᠤᠶᠢᠯᠠᠯ ᠰᠤᠷᠭᠠᠨ ᠬᠦᠮᠦᠵᠢᠯ ᠰᠤᠳᠤᠯᠭᠠᠨ︾ ᠤ ᠭᠦᠨᠵᠡᠭᠡᠢ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠵᠦ᠂ ᠰᠢᠨᠵᠢᠯᠡᠭᠡ ᠮᠡᠷᠭᠡᠵᠢᠯ ᠤᠨ ᠰᠢᠨ᠎ᠡ ᠶᠢ ᠡᠭᠦᠳᠬᠦ ᠦᠷ᠎ᠡ ᠪᠦᠲᠦᠭᠡᠯ ᠢ ᠣᠷᠣᠨ ᠰᠠᠭᠤᠴᠠ ᠪᠠ ᠬᠤᠳᠠ ᠬᠦᠳᠡᠭᠡ  ᠶᠢᠨ ᠪᠦᠳᠦᠭᠡᠨ ᠪᠠᠶᠢᠭᠤᠯᠤᠯᠲᠠ ᠶᠢᠨ ᠬᠦᠷᠢᠶᠡᠨ ᠳᠤ ᠤᠨᠳᠤᠤᠰᠢᠭᠤᠯᠤᠨ ᠬᠡᠷᠡᠭᠯᠡᠬᠦ ᠶᠢ ᠳᠡᠭᠡᠭᠰᠢᠯᠡᠭᠦᠯᠵᠦ᠂ ᠪᠠᠷᠢᠯᠭ᠎ᠠ ᠶᠢᠨ ᠠᠵᠤ ᠦᠢᠯᠡᠳᠪᠦᠷᠢᠵᠢᠯᠲᠡ᠂ ᠲᠤᠭᠠᠴᠢᠯᠠᠯᠳᠠ ᠪᠠ ᠪᠣᠬᠢᠷᠲᠤᠯ ᠦᠭᠡᠢ ᠠᠭᠤᠰᠤᠯᠴᠠᠨ ᠬᠥᠭᠵᠢᠬᠦ ᠶᠢ ᠲᠦᠷᠭᠡᠳᠭᠡᠨ ᠠᠬᠢᠭᠤᠯᠤᠨ᠎ᠠ᠃ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠤᠲᠠ ᠪᠠᠯᠭᠠᠰᠤ ᠶᠢᠨ ᠨᠣᠭᠤᠭᠠᠷᠠᠭᠤᠯᠤᠯᠲᠠ ᠶᠢᠨ ᠲᠦᠷᠢᠮ︾ ᠢ ᠰᠠᠶᠢᠲᠤᠷ ᠨᠠᠶᠢᠳᠠᠪᠤᠷᠢᠵᠢᠭᠤᠯᠵᠤ᠂ ᠪᠥᠬᠦ ᠣᠷᠣᠨ ᠤ ᠣᠷᠣᠨ ᠰᠠᠭᠤᠴᠠ ᠶᠢᠨ ᠪᠥᠲᠥᠭᠡᠨ ᠪᠠᠶᠢᠭᠤᠯᠤᠯᠲᠠ ᠪᠠ ᠠᠮᠢ ᠠᠬᠤᠶ ᠣᠷᠴᠢᠨ ᠲᠣᠭᠤᠷᠢᠨ ᠤ ᠬᠦᠷᠢᠶᠡᠨ ᠳᠠᠬᠢ ᠬᠠᠤᠯᠢ ᠠᠴᠠ ᠵᠥᠷᠢᠴᠡᠭᠰᠡᠨ ᠠᠰᠠᠭᠤᠳᠠᠯ ᠢ ᠲᠥᠪᠯᠡᠷᠡᠭᠦᠯᠦᠨ ᠴᠡᠭᠴᠡᠯᠡᠨ ᠵᠠᠰᠠᠬᠤ ᠲᠤᠰᠬᠠᠶ ᠠᠵᠢᠯᠯᠠᠭ᠎ᠠ ᠶᠢ ᠪᠥᠬᠦ ᠬᠦᠴᠦᠨ ᠢᠶᠠᠷ ᠢᠶᠠᠨ ᠠᠬᠢᠭᠤᠯᠵᠤ᠂ ᠬᠠᠲᠤᠨ ᠭᠤᠤᠯ ᠤᠨ ᠰᠠᠪᠠ ᠭᠠᠵᠠᠷ ᠤᠨ ︽ᠭᠤᠷᠪᠠᠨ ᠨᠠᠭᠤᠷ︾ ᠤᠨ ᠤᠰᠤᠨ ᠤ ᠠᠮᠢ ᠠᠬᠤᠶ ᠶᠢ ᠵᠠᠰᠠᠬᠤ᠂ ᠪᠣᠬᠢᠷ ᠦᠮᠡᠬᠡᠶ ᠤᠰᠤᠨ ᠴᠣᠭᠴᠠ ᠶᠢ ᠵᠠᠰᠠᠬᠤ᠂ ᠪᠠᠶᠢᠭᠤᠯᠤᠯᠳᠦ ᠪᠠᠯᠭᠠᠰᠤᠨ ᠤ ᠠᠮᠢᠳᠤᠷᠠᠯ ᠤᠨ ᠪᠣᠬᠢᠷ ᠤᠰᠤ ᠶᠢ ᠵᠠᠰᠠᠬᠤ᠂ ᠮᠠᠯᠵᠢᠬᠤ ᠲᠠᠷᠢᠶᠠᠯᠠᠬᠤ ᠣᠷᠣᠨ ᠤ ᠠᠮᠢᠳᠤᠷᠠᠯ ᠤᠨ ᠬᠤᠭ ᠨᠣᠪᠰᠢ ᠶᠢ ᠵᠠᠰᠠᠬᠤ ᠵᠡᠷᠭᠡ ᠠᠵᠢᠯ ᠢ ᠯᠠᠪᠳᠠᠭᠤᠨ ᠪᠠᠲᠤᠲᠠᠶ ᠠᠬᠢᠭᠤᠯᠵᠤ᠂ ᠪᠠᠷᠢᠯᠭ᠎ᠠ ᠶᠢᠨ ᠬᠠᠶᠠᠭᠳᠠᠮᠠᠯ ᠪᠣᠳᠠᠰ ᠢ ᠡᠬᠢ ᠡᠭᠦᠰᠦᠯ ᠠᠴᠠ ᠨᠢ ᠠᠰᠢᠭᠯᠠᠬᠤ ᠪᠠ ᠲᠥᠪᠯᠡᠷᠡᠭᠦᠯᠦᠨ ᠰᠢᠢᠳᠪᠦᠷᠢᠯᠡᠬᠦ ᠶᠢ ᠰᠠᠶᠢᠲᠤᠷ ᠠᠳᠬᠤᠵᠤ᠂ ᠬᠤᠲᠠ ᠬᠥᠳᠡᠭᠡ ᠶᠢᠨ ᠬᠦᠮᠦᠰ ᠤᠨ ᠣᠷᠣᠰᠢᠨ ᠰᠠᠭᠤᠬᠤ ᠣᠷᠴᠢᠨ ᠲᠣᠭᠤᠷᠢᠨ ᠤ ᠶᠠᠰᠤ ᠴᠢᠨᠠᠷ ᠢ ᠲᠡᠭᠡᠭᠰᠢᠯᠡᠭᠦᠯᠦᠨ᠎ᠡ᠃ ᠪᠣᠬᠢᠷᠲᠤᠯ ᠥᠬᠡᠶ ᠳᠤᠤᠷ᠎ᠠ ᠨᠡᠭᠦᠷᠡᠰᠦᠲᠥ᠋ᠷᠥᠭᠴᠢᠲᠦ ᠲᠥᠷᠥ ᠶᠢᠨ ᠪᠣᠳᠣᠯᠭ᠎ᠠ ᠶᠢᠨ ᠰᠢᠰᠲ᠋ᠧᠮ ᠢ ᠲᠡᠭᠦᠯᠳᠡᠷᠵᠢᠭᠦᠯᠵᠦ᠂ ᠤᠯᠤᠰ ᠪᠠ ᠦᠪᠡᠷᠳᠡᠭᠡᠨ ᠵᠠᠰᠠᠬᠤ ᠤᠷᠤᠨ ᠤ ︽ᠰᠠᠨᠠᠯ︾ ᠲᠠᠢ ᠪᠦᠬᠦ ᠲᠠᠯ᠎ᠠ ᠪᠠᠷ ᠬᠠᠷᠭᠤᠭᠤᠯᠤᠨ᠂ ᠣᠷᠣᠨ ᠰᠠᠭᠤᠴᠠ ᠶᠢᠨ ᠪᠥᠲᠥᠭᠡᠨ ᠪᠠᠶᠢᠭᠤᠯᠤᠯᠲᠠ ᠶᠢᠨ ᠬᠦᠷᠢᠶᠡᠨ ᠳᠠᠬᠢ ᠪᠣᠬᠢᠷᠲᠤᠯ ᠥᠬᠡᠶ ᠬᠥᠭᠵᠢᠯᠲᠡ ᠶᠢᠨ ᠲᠦᠷᠢᠮ ᠲᠣᠭᠲᠠᠭᠠᠯ ᠪᠠ ᠪᠠᠷᠢᠮᠵᠢᠶ᠎ᠠ ᠶᠢᠨ ᠰᠢᠰᠲ᠋ᠧᠮ ᠢ ᠤᠯᠠᠮ ᠨᠢᠭᠡ ᠠᠯᠬᠤᠮ ᠪᠦᠷᠢᠨᠰᠢᠭᠦᠯᠦᠨ ᠲᠡᠭᠦᠯᠳᠡᠷᠵᠢᠭᠦᠯᠵᠦ᠂ ᠣᠷᠳᠣ ᠬᠤᠭᠤᠴᠠᠭᠠᠨ ᠤ ᠪᠦᠲᠦᠮᠵᠢᠲᠡᠶ ᠪᠠᠶᠢᠩᠭᠤ ᠶᠢᠨ ᠵᠠᠰᠠᠯᠲᠠ ᠶᠢᠨ ᠠᠵᠢᠯ ᠤᠨ ᠲᠣᠭᠲᠠᠴᠠ ᠶᠢ ᠰᠦᠪᠡᠭᠴᠢᠯᠡᠨ ᠪᠠᠶᠢᠭᠤᠯᠵᠤ᠂ ᠲᠥᠷᠥ ᠶᠢᠨ ᠪᠣᠳᠣᠯᠭ᠎ᠠ ᠪᠠᠷ ᠬᠥᠲᠥᠯᠦᠨ ᠵᠢᠯᠣᠭᠤᠳᠬᠤ᠂ ᠪᠠᠯᠠ ᠮᠥᠩᠭᠦ ᠶᠢᠨ ᠣᠷᠣᠭᠤᠯᠤᠯᠲᠠ᠂ ᠲᠦᠯᠦᠪᠵᠢᠭᠦᠯᠦᠯᠭᠡ ᠵᠢᠷᠤᠵᠤ ᠲᠥᠯᠥᠪᠯᠡᠬᠦ ᠵᠡᠷᠭᠡ ᠵᠠᠩᠭᠢᠯᠠᠭ᠎ᠠ ᠶᠢᠨ ᠭᠤᠭᠴᠤᠭ᠎ᠠ ᠶᠢ ᠪᠣᠳᠠᠲᠠᠶ ᠠᠳᠬᠤᠵᠤ᠂ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠪᠣᠬᠢᠷᠲᠤᠯ ᠥᠬᠡᠶ ᠳᠤᠤᠷ᠎ᠠ ᠨᠡᠭᠦᠷᠡᠰᠦᠲᠥ᠋ᠷᠥᠭᠴᠢᠲᠦ ᠬᠥᠭᠵᠢᠯᠲᠡ ᠶᠢᠨ ᠶᠠᠰᠤ ᠴᠢᠨᠠᠷ ᠢ ᠲᠡᠭᠡᠭᠰᠢᠯᠡᠭᠦᠯᠦᠨ᠎ᠡ ᠬᠡᠷᠡᠭᠲᠡᠶ ᠭᠡᠵᠤ ᠴᠢᠬᠤᠯᠠᠴᠢᠯᠠᠪᠠ᠃    ᠬᠤᠷᠠᠯ ᠠᠴᠠ᠂ ᠶᠡᠷᠦᠩᠬᠡᠶ ᠱᠦᠵᠢ ᠰᠢ ᠶᠢᠨ ᠫᠢᠩ ᠤᠨ ᠬᠡᠯᠪᠡᠷᠢᠴᠢ ᠦᠵᠡᠯ ᠨᠣᠶᠠᠨᠴᠢ ᠰᠤᠷᠲᠠᠯ ᠢ ᠴᠢᠩᠭ᠎ᠠ ᠴᠡᠭᠡᠷᠯᠡᠬᠦ ᠲᠤᠬᠠᠶ ᠴᠢᠬᠤᠯᠠ ᠥᠭᠦᠯᠡᠯᠲᠡ ᠶᠢ ᠭᠦᠨᠵᠡᠭᠡᠶ ᠰᠤᠷᠤᠯᠴᠠᠨ ᠲᠤᠭᠤᠰᠢᠯᠠᠭᠤᠯᠵᠤ᠂ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠵᠢᠴᠢ ︽ᠬᠡᠯᠪᠡᠷᠢᠴᠢ ᠦᠵᠡᠯ ᠢ ᠴᠡᠭᠴᠡᠯᠡᠨ ᠵᠠᠰᠠᠵᠤ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠬᠦ ᠲᠤᠬᠠᠶ ᠲᠣᠭᠲᠠᠭᠠᠯ ᠤᠳ︾ ᠢ ᠴᠢᠩᠭ᠎ᠠ ᠨᠠᠶᠢᠳᠠᠪᠤᠷᠢᠵᠢᠭᠤᠯᠵᠤ᠂ ᠡᠯ᠎ᠡ ᠵᠦᠢᠯ ᠤᠨ ᠠᠵᠢᠯ ᠤᠨ ᠮᠥᠨ ᠴᠢᠨᠠᠷ ᠤᠨ ᠵᠢᠮ᠎ᠡ ᠶᠣᠰᠣ ᠶᠢ ᠣᠨᠣᠪᠴᠢᠲᠠᠶ ᠡᠵᠡᠮᠳᠡᠵᠦ᠂ ᠲᠥᠪ ᠤᠨ ᠲᠣᠭᠲᠠᠭᠠᠯ ᠲᠠᠢ ᠪᠠᠷᠢᠮᠵᠢᠶᠠᠯᠠᠨ ᠬᠠᠷᠭᠤᠭᠤᠯᠵᠤ᠂ ᠲᠢᠩᠬᠢᠮ ᠤᠨ ᠰᠢᠰᠲ᠋ᠧᠮ ᠤᠨ ᠬᠡᠯᠪᠡᠷᠢᠴᠢ ᠦᠵᠡᠯ ᠢ ᠴᠡᠭᠴᠡᠯᠡᠨ ᠵᠠᠰᠠᠵᠤ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠬᠦ ᠠᠷᠭ᠎ᠠ ᠬᠡᠮᠵᠢᠶ᠎ᠡ ᠶᠢ ᠲᠡᠭᠦᠯᠳᠡᠷᠵᠢᠭᠦᠯᠵᠦ᠂ ᠶᠠᠪᠤᠴᠠ ᠶᠢ ᠤᠯᠠᠮ ᠨᠢᠭᠡ ᠠᠯᠬᠤᠮ ᠳᠥᠭᠦᠮᠴᠢᠯᠡᠵᠦ᠂ ᠭᠤᠭᠴᠤᠭ᠎ᠠ ᠶᠢ ᠪᠠᠭᠠᠰᠬᠠᠵᠤ᠂ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ᠳᠠᠷᠤᠭᠠᠰᠤ ᠶᠢ ᠬᠥᠩᠭᠡᠷᠡᠭᠦᠯᠬᠦ ᠠᠵᠢᠯ ᠢ ᠪᠣᠳᠠᠲᠠᠶ ᠳᠤ ᠨᠠᠶᠢᠳᠠᠪᠤᠷᠢᠵᠢᠭᠤᠯᠬᠤ ᠶᠢ ᠦᠨᠡᠨ ᠬᠦ ᠪᠠᠲᠤᠯᠠᠬᠤ ᠬᠡᠷᠡᠭᠲᠡᠶ᠃ ᠪᠢᠴᠢᠭ ᠮᠠᠲ᠋ᠧᠷᠢᠶᠠᠯ ᠢ ᠴᠣᠮᠬᠠᠳᠬᠠᠬᠤ ᠬᠤᠷᠠᠯ ᠢ ᠪᠠᠭᠠᠰᠬᠠᠵᠤ᠂ ᠪᠠᠶᠢᠴᠠᠭᠠᠵᠤ ᠬᠢᠨᠠᠨ ᠰᠢᠯᠭᠠᠬᠤ᠂ ᠺᠠᠳ᠋ᠷ ᠢ ᠵᠢᠭᠡᠯᠡᠨ ᠰᠢᠯᠵᠢᠭᠦᠯᠬᠦ᠂ ᠦᠨᠳᠦᠰᠦᠨ ᠱᠠᠲᠤᠨ ᠤ ᠡᠷᠬᠡ ᠬᠠᠷᠢᠭᠤᠴᠠᠯᠭ᠎ᠠ᠂ ᠵᠢᠱᠢᠶ᠎ᠡ ᠦᠵᠡᠭᠦᠯᠦᠨ ᠡᠭᠦᠳᠦᠨ ᠪᠠᠶᠢᠭᠤᠯᠬᠤ᠂ ᠪᠠᠷᠢᠮᠵᠢᠶ᠎ᠠ ᠳᠤ ᠬᠦᠷᠦᠭᠦᠯᠦᠨ ᠬᠢᠨᠠᠨ ᠲᠣᠭᠲᠠᠭᠠᠬᠤ ᠵᠡᠷᠭᠡ ︽ᠬᠠᠲᠠᠭᠤ ᠬᠥᠰᠢᠭᠦᠷᠭᠡ︾ ᠶᠢ ᠴᠢᠩᠭ᠎ᠠ ᠨᠠᠶᠢᠳᠠᠪᠤᠷᠢᠵᠢᠭᠤᠯᠵᠤ᠂ ᠲᠥᠯᠥᠪᠯᠡᠭᠡ ᠶᠢᠨ ᠬᠠᠮᠢᠶᠠᠷᠤᠯᠲᠠ ᠶᠢ ᠴᠢᠩᠭᠠᠳᠬᠠᠨ᠂ ︽ ᠨᠡᠶᠢᠯᠡᠭᠦᠯᠵᠦ ᠪᠤᠯᠬᠤ ᠶᠢ ᠪᠦᠬᠦᠨ ᠢ ᠨᠡᠶᠢᠯᠡᠭᠦᠯᠬᠦ︾ ᠵᠠᠷᠴᠢᠮ ᠶᠣᠰᠣᠭᠠᠷ᠂ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠂ ᠡᠲᠡᠭᠡᠳ ᠨᠢ ᠣᠶᠢᠷᠠᠯᠴᠠᠭ᠎ᠠ᠂ ᠬᠡᠪᠴᠢᠶ᠎ᠡ ᠨᠢ ᠣᠶᠢᠷᠠᠯᠴᠠᠭ᠎ᠠ᠂ ᠴᠠᠭ ᠨᠢ ᠣᠶᠢᠷᠠᠯᠴᠠᠭ᠎ᠠ ᠰᠢᠮᠳᠠᠭᠤᠯᠤᠨ ᠪᠠᠶᠢᠴᠠᠭᠠᠵᠤ ᠪᠠᠶᠢᠴᠠᠭᠠᠨ ᠰᠤᠳᠤᠯᠬᠤ ᠵᠦᠢᠯᠡᠰ ᠢ ᠡᠮᠬᠢᠯᠡᠨ ᠨᠡᠶᠢᠯᠡᠭᠦᠯᠵᠦ᠂ ᠪᠠᠶᠢᠴᠠᠭᠠᠨ ᠰᠤᠳᠤᠯᠤᠯᠳᠠ ᠶᠢᠨ ᠣᠯᠠᠨ ᠲᠠᠯ᠎ᠠ ᠶᠢᠨ ᠲᠠᠪᠬᠤᠷᠳᠠᠬᠤ ᠂ ᠲᠦᠪᠯᠡᠷᠡᠵᠦ ᠠᠷᠪᠢᠳᠠᠬᠤ ᠠᠴᠠ ᠰᠡᠷᠭᠡᠶᠢᠯᠡᠨ᠂ ᠠᠵᠢᠯ ᠤᠨ ᠪᠣᠳᠠᠲᠤ ᠦᠷ᠎ᠡ ᠪᠦᠲᠦᠮᠵᠢ ᠶᠢ ᠪᠥᠬᠦ ᠬᠦᠴᠦᠨ ᠢᠶᠠᠷ ᠢᠶᠠᠨ ᠲᠡᠭᠡᠭᠰᠢᠯᠡᠭᠦᠯᠵᠦ᠂ ᠦᠨᠳᠦᠰᠦᠨ ᠱᠠᠲᠤᠨ ᠤ ᠳᠠᠷᠤᠭᠠᠰᠤ ᠶᠢ ᠦᠨᠡᠨ ᠬᠦ ᠬᠥᠩᠭᠡᠷᠡᠭᠦᠯᠬᠦ ᠬᠡᠷᠡᠭᠲᠡᠶ ᠭᠡᠵᠤ ᠴᠢᠬᠤᠯᠠᠴᠢᠯᠠᠪᠠ᠃    ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃ 
ᠢᠷᠡᠯᠲᠡ᠄ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠢᠩᠬᠢᠮ ᠤᠨ ᠠᠯᠪᠠᠨ ᠬᠡᠷ
Baidu
map