ᠪᠦᠬᠦ ᠣᠷᠣᠨ ᠤ ᠣᠷᠣᠨ ᠰᠠᠭᠤᠴᠠ ᠪᠠ ᠬᠤᠳᠠ ᠬᠥᠳᠡᠭᠡ ᠶᠢᠨ ᠪᠦᠳᠦᠭᠡᠨ ᠪᠠᠶᠢᠭᠤᠯᠤᠯᠲᠠ ᠶᠢᠨ ᠰᠢᠰᠲ᠋ᠧᠮ ᠤᠨ ᠨᠠᠮ ᠤᠨ ᠬᠤᠷᠢᠳᠤᠭᠠᠷ ᠬᠤᠭᠤᠴᠠᠭᠠᠨ ᠤ ᠭᠤᠷᠪᠠᠳᠤᠭᠠᠷ ᠪᠦᠬᠦᠳᠡ ᠬᠤᠷᠠᠯ ᠪᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠠᠷᠪᠠᠨ ᠨᠢᠭᠡᠳᠦᠭᠡᠷ ᠬᠤᠭᠤᠴᠠᠭᠠᠨ ᠤ ᠨᠠᠢᠮᠠᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠰᠤᠷᠤᠯᠴᠠᠨ ᠲᠤᠭᠤᠰᠢᠯᠠᠭᠤᠯᠬᠤ ᠲᠤᠰᠬᠠᠢ ᠰᠡᠳᠦᠪᠲᠦ ᠤᠬᠠᠭᠤᠯᠤᠨ ᠲᠠᠶᠢᠯᠪᠤᠷᠢᠯᠠᠬᠤ ᠮᠡᠳᠡᠭᠦᠯᠦᠯᠲᠡ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/8/21
    8 ᠳ᠋ᠤᠭᠠᠷ ᠰᠠᠷ᠎ᠠ ᠶᠢᠨ 16 ᠤ ᠡᠳᠦᠷ᠂ ᠪᠦᠬᠦ ᠣᠷᠣᠨ ᠤ ᠣᠷᠣᠨ ᠰᠠᠭᠤᠴᠠ ᠪᠠ ᠬᠤᠳᠠ ᠬᠥᠳᠡᠭᠡ ᠶᠢᠨ ᠪᠦᠳᠦᠭᠡᠨ ᠪᠠᠶᠢᠭᠤᠯᠤᠯᠲᠠ ᠶᠢᠨ ᠰᠢᠰᠲ᠋ᠧᠮ ᠤᠨ ᠨᠠᠮ ᠤᠨ ᠬᠤᠷᠢᠳᠤᠭᠠᠷ ᠬᠤᠭᠤᠴᠠᠭᠠᠨ ᠤ ᠭᠤᠷᠪᠠᠳᠤᠭᠠᠷ ᠪᠦᠬᠦᠳᠡ ᠬᠤᠷᠠᠯ ᠪᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠠᠷᠪᠠᠨ ᠨᠢᠭᠡᠳᠦᠭᠡᠷ ᠬᠤᠭᠤᠴᠠᠭᠠᠨ ᠤ ᠨᠠᠢᠮᠠᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠰᠤᠷᠤᠯᠴᠠᠨ ᠲᠤᠭᠤᠰᠢᠯᠠᠭᠤᠯᠬᠤ ᠲᠤᠰᠬᠠᠢ ᠰᠡᠳᠦᠪᠲᠦ ᠤᠬᠠᠭᠤᠯᠤᠨ ᠲᠠᠶᠢᠯᠪᠤᠷᠢᠯᠠᠬᠤ ᠮᠡᠳᠡᠭᠦᠯᠦᠯᠲᠡ ᠶᠢᠨ ᠬᠤᠷᠠᠯ ᠬᠤᠷᠠᠯᠳᠤᠭᠤᠯᠪᠠ᠃ ᠥᠪᠡᠷᠲᠡᠭᠡᠨ ᠵᠠᠰᠠᠬᠤ ᠣᠷᠣᠨ ᠤ ᠤᠬᠠᠭᠤᠯᠤᠨ ᠲᠠᠶᠢᠯᠪᠤᠷᠢᠯᠠᠬᠤ ᠪᠦᠯᠬᠦᠮ ᠤᠨ ᠪᠦᠷᠢᠯᠳᠦᠬᠦᠨ᠂ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠢᠩᠬᠢᠮ ᠤᠨ ᠳᠠᠷᠤᠭ᠎ᠠ ᠭᠦᠸᠧ ᠢᠦᠶ ᠹᠧᠩ ︽ᠥᠭᠡᠷᠡᠴᠢᠯᠡᠯᠲᠡ ᠶᠢᠨ ᠶᠡᠭᠡ ᠲᠤᠭ ᠢ ᠥᠨᠳᠥᠷ ᠮᠠᠨᠳᠤᠭᠤᠯᠵᠤ ᠴᠠᠭ ᠦᠶ᠎ᠡ ᠶᠢᠨ ᠰᠢᠨ᠎ᠡ ᠬᠠᠭᠤᠳᠠᠰᠤ ᠶᠢ ᠪᠢᠴᠢᠭᠯᠡᠵᠦ ᠨᠠᠮ ᠤᠨ ᠬᠤᠷᠢᠳᠤᠭᠠᠷ ᠬᠤᠭᠤᠴᠠᠭᠠᠨ ᠤ ᠭᠤᠷᠪᠠᠳᠤᠭᠠᠷ ᠪᠥᠬᠦᠳᠡ ᠬᠤᠷᠠᠯ ᠪᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠠᠷᠪᠠᠨ ᠨᠢᠭᠡᠳᠦᠭᠡᠷ ᠬᠤᠭᠤᠴᠠᠭᠠᠨ ᠤ ᠨᠠᠢᠮᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠪᠥᠬᠦ ᠲᠠᠯ᠎ᠠ ᠪᠠᠷ ᠰᠤᠷᠤᠯᠴᠠᠨ ᠲᠤᠭᠤᠰᠢᠯᠠᠭᠤᠯᠤᠶ᠎ᠠ︾ ᠭᠡᠬᠦ ᠭᠤᠤᠯ ᠰᠡᠳᠦᠪ ᠤᠨ ᠲᠣᠭᠤᠷᠢᠨ ᠳᠤ ᠲᠤᠰᠬᠠᠶ ᠰᠡᠳᠦᠪᠲᠦ ᠤᠬᠠᠭᠤᠯᠤᠨ ᠲᠠᠶᠢᠯᠪᠤᠷᠢᠯᠠᠬᠤ ᠮᠡᠳᠡᠭᠦᠯᠦᠯᠲᠡ ᠬᠢᠪᠠ᠃ 
W020240819331668384640.png
    ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠢᠩᠬᠢᠮ ᠤᠨ ᠲᠢᠩᠬᠢᠮ ᠳᠤ ᠪᠠᠶᠢᠭ᠎ᠠ ᠤᠳᠤᠷᠢᠳᠤᠯᠭ᠎ᠠ᠂ ᠲᠢᠩᠬᠢᠮ ᠤᠨ ᠰᠢᠰᠲ᠋ᠧᠮ ᠤᠨ ᠪᠥᠬᠦ ᠨᠠᠮ ᠤᠨ ᠭᠡᠰᠢᠭᠦᠨ᠂ ᠳᠡᠳ᠋ ᠰᠠᠯᠠᠭᠠᠨ ᠲᠠᠰ ᠠᠴᠠ ᠳᠡᠭᠡᠭᠰᠢᠬᠢ ᠺᠠᠳ᠋ᠷ ᠬᠤᠷᠠᠯ ᠳᠤ ᠣᠷᠣᠯᠴᠠᠵᠠᠶ᠃ ᠡᠯ᠎ᠡ ᠠᠶᠢᠮᠠᠭ ᠬᠤᠲᠠ ᠶᠢᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ ᠵᠢᠴᠢ ᠬᠥᠬᠡᠬᠤᠲᠠ᠂ ᠪᠤᠭᠤᠲᠤ ᠬᠤᠲᠠ ᠶᠢᠨ ᠬᠤᠲᠠ ᠶᠢᠨ ᠬᠠᠮᠢᠶᠠᠷᠤᠯᠲᠠ ᠶᠢᠨ ᠲᠣᠪᠴᠢᠶ᠎ᠠ᠂ ᠮᠠᠨᠵᠤᠤᠷ ᠬᠤᠲᠠ᠂ ᠡᠷᠢᠶᠡᠨ ᠬᠤᠲᠠ ᠶᠢᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ᠂ ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠲᠣᠪᠴᠢᠶ᠎ᠠ ᠶᠢᠨ ᠤᠳᠤᠷᠢᠳᠬᠤ ᠪᠠᠭ ᠤᠨ ᠪᠦᠷᠢᠯᠳᠦᠬᠦᠨ᠂ ᠰᠠᠯᠠᠭ᠎ᠠ ᠲᠠᠰᠤᠭ ᠤᠨ ᠬᠠᠷᠢᠭᠤᠴᠠᠯᠭᠠᠲᠠᠨ ᠨᠥᠬᠦᠳ ᠸᠢᠳᠢᠤ᠋ ᠪᠠᠷ ᠬᠤᠷᠠᠯ ᠳᠤ ᠣᠷᠣᠯᠴᠠᠪᠠ᠃
W020240819331668449656.png
    ᠭᠦᠸᠧ ᠢᠦᠶ ᠹᠧᠩ᠂ ᠮᠡᠳᠡᠭᠦᠯᠦᠯᠲᠡ ᠶᠢᠨ ᠬᠤᠷᠠᠯ ᠳᠡᠭᠡᠷ᠎ᠡ᠂ ᠨᠠᠮ ᠤᠨ ᠬᠤᠷᠢᠳᠤᠭᠠᠷ ᠬᠤᠭᠤᠴᠠᠭᠠᠨ ᠤ ᠭᠤᠷᠪᠠᠳᠤᠭᠠᠷ ᠪᠥᠬᠦᠳᠡ ᠬᠤᠷᠠᠯ ᠤᠨ ᠴᠢᠬᠤᠯᠠ ᠠᠴᠢ ᠬᠤᠯᠪᠣᠭᠳᠠᠯ ᠢ ᠭᠦᠨᠵᠡᠭᠡᠶ ᠲᠠᠨᠢᠵᠤ᠂ ᠶᠡᠷᠦᠩᠬᠡᠶ ᠱᠦᠵᠢ ᠰᠢ ᠶᠢᠨ ᠫᠢᠩ ᠤᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠣᠶᠢᠯᠠᠭᠠᠵᠤ᠂ ︽ᠲᠣᠭᠲᠠᠭᠠᠯ︾ ᠳᠤ ᠳᠤᠷᠠᠳᠤᠭᠰᠠᠨ ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠥᠬᠦ ᠲᠠᠯ᠎ᠠ ᠪᠠᠷ ᠭᠦᠨᠵᠡᠭᠡᠶᠢᠷᠡᠭᠦᠯᠬᠦ ᠴᠢᠬᠤᠯᠠ ᠶᠡᠭᠡ ᠠᠷᠭ᠎ᠠ ᠬᠡᠮᠵᠢᠶ᠎ᠡ ᠶᠢ ᠪᠥᠬᠦ ᠲᠠᠯ᠎ᠠ ᠪᠠᠷ ᠣᠨᠣᠪᠴᠢᠲᠠᠶ ᠣᠶᠢᠯᠠᠭᠠᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠠᠷᠪᠠᠨ ᠨᠢᠭᠡᠳᠦᠭᠡᠷ ᠬᠤᠭᠤᠴᠠᠭᠠᠨ ᠤ ᠨᠠᠢᠮᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠤᠨ ᠨᠠᠶᠢᠳᠠᠪᠤᠷᠢᠵᠢᠭᠤᠯᠬᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠭᠰᠠᠨ ᠥᠪᠥᠷ ᠮᠣᠩᠭᠤᠯ ᠤᠨ ᠰᠢᠨ᠎ᠡ ᠬᠠᠭᠤᠳᠠᠰᠤ ᠶᠢ ᠪᠢᠴᠢᠭᠯᠡᠬᠦ ᠵᠡᠷᠭᠡ ᠳᠥᠷᠪᠡᠨ ᠲᠠᠯ᠎ᠠ ᠪᠠᠷ ᠰᠢᠰᠲ᠋ᠧᠮ ᠲᠠᠢ ᠲᠣᠳᠣᠷᠬᠠᠶᠢᠯᠠᠨ ᠥᠭᠦᠯᠡᠵᠦ ᠭᠦᠨᠵᠡᠭᠡᠶ ᠲᠠᠶᠢᠯᠪᠤᠷᠢᠯᠠᠪᠠ᠃    ᠬᠤᠷᠠᠯ ᠠᠴᠠ᠂ ᠪᠦᠬᠦ ᠣᠷᠣᠨ ᠤ ᠡᠯ᠎ᠡ ᠱᠠᠲᠤᠨ ᠤ ᠣᠷᠣᠨ ᠰᠠᠭᠤᠴᠠ  ᠶᠢᠨ ᠪᠦᠲᠦᠭᠡᠨ ᠪᠠᠶᠢᠭᠤᠯᠤᠯᠲᠠ ᠶᠢᠨ ᠰᠢᠰᠲ᠋ᠧᠮ ᠤᠨ ᠨᠠᠮ ᠤᠨ ᠭᠡᠰᠢᠭᠦᠨ ᠺᠠᠳ᠋ᠷ ᠲᠤᠰ ᠤᠳᠠᠭ᠎ᠠ ᠶᠢᠨ ᠤᠬᠠᠭᠤᠯᠤᠨ ᠲᠠᠶᠢᠯᠪᠤᠷᠢᠯᠠᠯᠲᠠ ᠪᠠᠷ ᠠᠵᠠ ᠲᠣᠬᠢᠶᠠᠯ ᠪᠣᠯᠭᠠᠵᠤ᠂ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠶᠢ ᠣᠳᠣᠬᠠᠨ ᠤ ᠪᠠ ᠬᠤᠶᠢᠰᠢᠳᠠ ᠶᠢᠨ ᠨᠢᠭᠡ ᠬᠤᠭᠤᠴᠠᠭᠠᠨ ᠤ ᠴᠢᠬᠤᠯᠠ ᠶᠡᠭᠡ ᠤᠯᠤᠰ ᠲᠦᠷᠦ ᠶᠢᠨ ᠡᠭᠦᠷᠭᠡ ᠪᠣᠯᠭᠠᠵᠤ᠂ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠬᠦᠳᠡ ᠬᠤᠷᠠᠯ ᠤᠨ ᠵᠣᠷᠢᠭ ᠰᠠᠨᠠᠭᠠᠨ ᠤ ᠮᠥᠨ ᠴᠢᠨᠠᠷ᠂ ᠰᠢᠨᠵᠢᠯᠡᠬᠦ ᠤᠬᠠᠭᠠᠨᠴᠢ ᠠᠭᠤᠯᠤᠭᠳᠠᠬᠤᠨ᠂ ᠦᠢᠯᠡᠳᠦᠯᠭᠡ ᠶᠢᠨ ᠱᠠᠭᠠᠷᠳᠠᠯᠭ᠎ᠠ ᠶᠢ ᠪᠦᠬᠦ ᠲᠠᠯ᠎ᠠ ᠪᠠᠷ ᠣᠨᠣᠪᠴᠢᠲᠠᠢ ᠡᠵᠡᠮᠳᠡᠵᠦ᠂ ᠨᠠᠮ ᠤᠨ ᠲᠥᠪ ᠬᠤᠷᠢᠶᠠᠨ ᠤ ᠵᠣᠷᠢᠯᠲᠠ ᠶᠢ ᠪᠣᠳᠠᠲᠠᠢ ᠣᠶᠢᠯᠠᠭᠠᠵᠤ᠂ ᠤᠯᠤᠰ ᠲᠦᠷᠦ ᠶᠢᠨ ᠲᠠᠯ᠎ᠠ ᠪᠠᠷ ᠦᠨᠡᠨᠴᠢ ᠰᠢᠳᠤᠷᠭᠤ ᠪᠠᠶᠢᠬᠤ ᠶᠢ ᠲᠠᠰᠤᠷᠠᠯᠲᠠ ᠦᠭᠡᠢ ᠴᠢᠩᠭᠠᠳᠬᠠᠵᠤ᠂ ᠤᠯᠤᠰ ᠲᠦᠷᠦ ᠶᠢᠨ ᠴᠢᠳᠠᠪᠤᠷᠢ ᠪᠠᠨ ᠳᠡᠭᠡᠭᠰᠢᠯᠡᠭᠦᠯᠬᠦ ᠬᠡᠷᠡᠭᠲᠡᠢ ᠭᠡᠵᠤ ᠱᠠᠭᠠᠷᠳᠠᠪᠠ᠃
W020240819331668507495.png
    ᠬᠤᠷᠠᠯ ᠠᠴᠠ᠂ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠶᠢ ᠶᠡᠷᠦᠩᠬᠡᠢ ᠱᠦᠵᠢ ᠰᠢ ᠶᠢᠨ ᠫᠢᠩ ᠤᠨ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠲᠤᠬᠠᠢ ᠠᠯᠢ ᠤᠯᠠᠨ ᠰᠢᠨ᠎ᠡ ᠦᠵᠡᠯ ᠰᠠᠨᠠᠭ᠎ᠠ᠂ ᠰᠢᠨ᠎ᠡ ᠦᠵᠡᠯᠲᠡ᠂ ᠰᠢᠨ᠎ᠡ ᠨᠤᠲᠠᠯᠠᠯᠲᠠ ᠶᠢ ᠰᠤᠷᠤᠯᠴᠠᠨ ᠣᠶᠢᠯᠠᠭᠠᠬᠤ ᠲᠠᠢ ᠤᠶᠠᠯᠳᠤᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠢ ᠴᠢᠬᠤᠯᠠ ᠵᠢᠭᠠᠪᠤᠷᠢ ᠴᠤᠬᠤᠯᠠᠪᠦᠷᠢ ᠶᠢᠨ ᠵᠣᠷᠢᠭ ᠰᠠᠨᠠᠭ᠎ᠠ ᠪᠣᠯᠤᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠠᠵᠢᠯ ᠤᠨ ᠭᠤᠣᠯ ᠰᠢᠵᠢᠮ ᠲᠠᠢ ᠤᠶᠠᠯᠳᠤᠭᠤᠯᠬᠤ ᠪᠠ ᠨᠡᠪᠲᠡᠷᠡᠭᠦᠯᠬᠦ ᠬᠡᠷᠡᠭᠲᠡᠢ᠃ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠶᠢ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠬᠦᠷᠢᠶᠡᠨ ᠳᠠᠬᠢ ᠡᠯ᠎ᠡ ᠵᠦᠢᠯ ᠤᠨ ᠠᠵᠢᠯ ᠤᠨ ︽ᠶᠡᠷᠦᠩᠬᠡᠢ ᠬᠥᠲᠥᠯᠪᠦᠷᠢ︾ ᠪᠣᠯᠭᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠᠷ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠠᠵᠢᠯ ᠤᠨ ᠪᠦᠬᠦ ᠲᠠᠯ᠎ᠠ ᠶᠢ ᠶᠡᠷᠦᠩᠬᠡᠶᠢᠯᠡᠨ ᠡᠵᠡᠮᠳᠡᠬᠦ ᠶᠢ ᠪᠠᠷᠢᠮᠲᠠᠯᠠᠵᠤ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠭᠤᠣᠯᠳᠠᠯᠭ᠎ᠠ ᠶᠢ ᠲᠤᠪᠤᠶᠢᠯᠭᠠᠵᠤ᠂ ᠲᠠᠪᠤᠨ ᠶᠡᠭᠡ ᠠᠵᠢᠯᠯᠠᠭ᠎ᠠ ᠶᠢ ᠭᠦᠨᠵᠡᠭᠡᠢ ᠠᠬᠢᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠤᠬᠠᠭᠤᠯᠭ᠎ᠠ ᠬᠥᠮᠦᠵᠢᠯ ᠢ ᠪᠣᠳᠠᠲᠠᠢ ᠪᠥᠭᠡᠳ ᠰᠠᠭᠤᠭᠳᠠᠯ ᠲᠠᠢ ᠪᠦᠲᠦᠮᠵᠢᠲᠡᠢ ᠥᠷᠨᠢᠭᠦᠯᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠤᠶᠤᠨ ᠰᠠᠨᠠᠭᠠᠨ ᠤ ᠭᠡᠷ ᠣᠷᠣᠨ ᠢ ᠪᠠᠶᠢᠭᠤᠯᠬᠤ ᠶᠢ ᠠᠬᠢᠭᠤᠯᠵᠤ᠂ ᠦᠨᠳᠦᠰᠦᠲᠡᠨ ᠨᠦᠭᠦᠳ ᠤᠨ ᠥᠷᠭᠡᠨ ᠳᠡᠯᠭᠡᠷ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠢ ᠠᠬᠢᠭᠤᠯᠵᠤ᠂ ᠠᠶᠤᠯ ᠲᠦᠭᠰᠢᠭᠦᠷᠢ ᠭᠡᠮ ᠰᠣᠭᠤᠭ ᠢ ᠪᠦᠲᠦᠮᠵᠢᠲᠡᠢ ᠰᠡᠷᠭᠡᠶᠢᠯᠡᠨ ᠠᠷᠢᠯᠭᠠᠵᠤ᠂ ᠣᠷᠣᠨ ᠰᠠᠭᠤᠴᠠ ᠪᠠ ᠬᠤᠳᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠠᠵᠢᠯ ᠤᠨ ᠲᠤᠮᠳᠠ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠠᠵᠢᠯ ᠢ ᠰᠠᠶᠢᠲᠤᠷ ᠬᠢᠬᠦ ᠪᠠᠷ ᠴᠢᠷᠮᠠᠶᠢᠬᠤ ᠬᠡᠷᠡᠭᠳᠡᠢ ᠭᠡᠵᠤ ᠴᠢᠬᠤᠯᠠᠴᠢᠯᠠᠪᠠ᠃    ᠬᠤᠷᠠᠯ ᠠᠴᠠ᠂ ᠬᠥᠭᠵᠢᠯᠲᠡ ᠪᠣᠯᠤᠨ ᠠᠮᠤᠷ ᠲᠦᠪᠰᠢᠨ᠂ ᠠᠶᠤᠯ ᠲᠦᠭᠰᠢᠭᠦᠷᠢ ᠪᠠ ᠰᠡᠷᠭᠡᠶᠢᠯᠡᠨ ᠠᠷᠢᠯᠭᠠᠬᠤ ᠶᠢ ᠨᠢᠭᠡᠳᠦᠯᠲᠡᠢ ᠲᠦᠯᠦᠪᠵᠢᠭᠦᠯᠬᠦ ᠬᠡᠷᠡᠭᠳᠡᠢ᠃ ᠬᠡᠷ ᠪᠠᠶᠢᠰᠢᠩ ᠭᠠᠵᠠᠷ ᠬᠥᠷᠥᠩᠭᠡ ᠶᠢᠨ ᠬᠦᠷᠢᠶᠡᠨ ᠳᠠᠬᠢ ᠲᠦᠭᠰᠢᠭᠦᠷᠢ ᠶᠢ ᠪᠥᠬᠦ ᠬᠦᠴᠦᠨ ᠢᠶᠠᠷ ᠢᠶᠠᠨ ᠰᠡᠷᠭᠡᠶᠢᠯᠡᠨ ᠠᠷᠢᠯᠭᠠᠵᠤ᠂ ᠪᠠᠳᠤᠯᠠᠭᠠᠳᠤ ᠲᠤᠰᠢᠶᠠᠬᠤ ᠠᠰᠠᠷ  ᠪᠠᠳᠤᠯᠠᠭᠠᠳᠤ ᠬᠡᠷ ᠪᠠᠶᠢᠰᠢᠩ ᠤᠨ ᠠᠵᠢᠯ ᠢ ᠰᠠᠶᠢᠲᠤᠷ ᠬᠢᠵᠦ᠂ ᠪᠠᠳᠤᠯᠠᠭᠠᠳᠤ ᠲᠤᠰᠢᠶᠠᠬᠤ ᠠᠰᠠᠷ  ᠪᠠᠳᠤᠯᠠᠭᠠᠳᠤ ᠬᠡᠷ ᠪᠠᠶᠢᠰᠢᠩ ᠤᠨ ᠲᠥᠷᠥᠯ ᠵᠦᠢᠯ ᠤᠨ ᠲᠥᠰᠦᠯ ᠢ ᠴᠢᠩᠭ᠎ᠠ ᠨᠠᠶᠢᠳᠠᠪᠤᠷᠢᠵᠢᠭᠤᠯᠤᠨ᠂ ᠲᠤᠰᠬᠠᠶ ᠵᠦᠢᠯ ᠤᠨ ᠵᠢᠭᠡᠯᠡᠯᠭᠡ ᠶᠢᠨ ᠪᠠᠯᠠ ᠮᠥᠩᠭᠦ ᠶᠢ ᠰᠢᠨᠵᠢᠯᠡᠬᠦ ᠤᠬᠠᠭᠠᠨᠴᠢ ᠪᠠᠷ ᠳᠣᠭᠢᠷᠠᠭᠤᠯᠵᠤ᠂ ᠵᠦᠶ ᠵᠣᠬᠢᠰᠲᠠᠶ ᠬᠡᠷᠡᠭᠯᠡᠵᠦ ᠂ ᠪᠠᠯᠠ ᠮᠥᠩᠭᠦ ᠶᠢ ᠡᠷᠭᠢᠯᠳᠦᠭᠦᠯᠦᠨ ᠬᠡᠷᠡᠭᠯᠡᠬᠦ ᠦᠷ᠎ᠡ ᠪᠦᠲᠦᠮᠵᠢ ᠶᠢ ᠳᠡᠭᠡᠭᠰᠢᠯᠡᠭᠦᠯᠦᠨ᠂ ᠪᠦᠲᠦᠮᠵᠢᠲᠡᠶ ᠠᠵᠢᠯ ᠤᠨ ᠬᠤᠭᠤᠴᠠᠭ᠎ᠠ ᠶᠢ ᠵᠠᠪᠳᠤᠨ ᠂ ᠪᠥᠲᠥᠭᠡᠨ ᠪᠠᠶᠢᠭᠤᠯᠤᠯᠲᠠ ᠶᠢᠨ ᠠᠬᠢᠴᠠ ᠶᠢ ᠲᠦᠷᠭᠡᠳᠬᠡᠨ᠂ ᠲᠤᠰᠢᠶᠠᠬᠤ ᠡᠭᠦᠷᠭᠡ ᠪᠠᠨ ᠤᠷᠤᠭᠰᠢᠲᠠᠶ ᠪᠡᠶᠡᠯᠡᠭᠦᠯᠬᠦ ᠶᠢ ᠦᠨᠡᠨᠬᠦ ᠪᠠᠲᠤᠯᠠᠬᠤ ᠬᠡᠷᠡᠭᠲᠡᠶ ᠭᠡᠵᠤ ᠱᠠᠭᠠᠷᠳᠠᠪᠠ ᠃    ᠬᠤᠷᠠᠯ ᠠᠴᠠ᠂ ᠪᠦᠬᠦ ᠤᠷᠤᠨ ᠤ ᠭᠤᠣᠯ ᠡᠭᠦᠷᠭᠡ ᠶᠢᠨ ᠲᠣᠭᠤᠷᠢᠨ ᠳᠤ ᠡᠯ᠎ᠡ ᠵᠦᠢᠯ ᠤᠨ ᠥᠭᠡᠷᠡᠴᠢᠯᠡᠯᠲᠡ ᠶᠢᠨ ᠪᠠᠶᠢᠷᠢᠯᠠᠭᠤᠯᠤᠯᠲᠠ ᠶᠢ ᠲᠦᠯᠦᠪᠵᠢᠭᠦᠯᠬᠦ ᠬᠡᠷᠡᠭᠲᠡᠢ᠃ ︽ᠬᠤᠲᠠ ᠪᠠᠯᠭᠠᠰᠤᠨ ᠤ ᠢᠯᠴᠢ ᠬᠠᠩᠭᠠᠬᠤ ᠳᠤᠯᠠᠭᠠᠯᠠᠭ᠎ᠠ ᠶᠢᠨ ᠢᠨᠵᠧᠨᠧᠷᠢᠩ︾ ᠢ ᠰᠠᠶᠢᠲᠤᠷ ᠬᠡᠷᠡᠭᠵᠢᠭᠦᠯᠵᠦ᠂ ᠬᠠᠷᠢᠭᠤᠴᠠᠯᠭ᠎ᠠ ᠶᠢ ᠤᠯᠠᠮ ᠨᠢᠭᠡ ᠠᠯᠬᠤᠮ ᠪᠣᠳᠠᠲᠠᠶᠢᠵᠢᠭᠤᠯᠵᠤ᠂ ᠳᠡᠭᠡᠳᠦ ᠳᠣᠤᠷᠠᠳᠤ ᠱᠠᠲᠤ ᠬᠤᠯᠪᠣᠭᠠᠯᠠᠨ ᠬᠥᠳᠡᠯᠦᠯᠴᠡᠵᠦ᠂ ᠠᠵᠢᠯ ᠤᠨ ᠬᠤᠭᠤᠴᠠᠭ᠎ᠠ ᠶᠢ ᠲᠣᠩᠭᠤᠷᠤᠭᠤᠯᠤᠨ ᠵᠢᠭᠰᠠᠭᠠᠵᠤ᠂ ᠵᠢᠷᠤᠭ ᠡᠯᠭᠦᠨ ᠠᠵᠢᠯᠯᠠᠵᠤ᠂ ᠤᠷᠢᠳᠴᠢᠯᠠᠨ ᠪᠡᠶᠡᠯᠡᠭᠦᠯᠵᠦ᠂ ᠲᠥᠬᠦᠭᠡᠷᠦᠮᠵᠢ ᠶᠢ ᠳᠣᠭᠢᠷᠠᠭᠤᠯᠤᠨ ᠲᠤᠷᠰᠢᠬᠤ ᠴᠠᠭ ᠢ ᠭᠦᠢᠴᠡᠳ ᠦᠯᠡᠳᠡᠭᠡᠵᠦ᠂ ᠴᠠᠭ ᠲᠤᠬᠠᠶ ᠳᠤᠨᠢ ᠴᠢᠨᠠᠷ ᠰᠠᠶᠢᠲᠠᠶ ᠢᠯᠴᠢ ᠬᠠᠩᠭᠠᠬᠤ ᠶᠢ ᠦᠨᠡᠨ ᠬᠦ ᠪᠠᠲᠤᠯᠠᠵᠤ᠂ ︽ᠳᠤᠯᠠᠭᠠᠨ ᠤᠷᠤᠰᠬᠠᠯ︾ ᠢ ︽ᠬᠦᠢᠲᠡᠨ ᠤᠷᠤᠰᠬᠠᠯ︾ ᠤᠨ ᠡᠮᠦᠨ᠎ᠡ ᠭᠦᠶᠦᠯᠭᠡᠵᠦ᠂ ᠠᠷᠠᠳ ᠣᠯᠠᠨ ᠤ ᠬᠡᠷ ᠪᠠᠶᠢᠰᠢᠩ ᠢ ᠳᠤᠯᠠᠭᠠᠴᠠᠭᠤᠯᠵᠤ᠂ ᠰᠡᠳᠬᠢᠯ ᠢ ᠨᠢ ᠨᠠᠩ ᠳᠤᠯᠠᠭᠠᠨ ᠪᠣᠯᠭᠠᠬᠤ ᠬᠡᠷᠡᠭᠲᠡᠶ ᠭᠡᠵᠤ ᠱᠠᠭᠠᠷᠳᠠᠪᠠ  ᠃    ᠬᠤᠷᠠᠯ ᠠᠴᠠ᠂ ᠵᠠᠬ᠎ᠠ ᠳᠡᠯᠭᠡᠭᠦᠷᠴᠢᠯᠡᠭᠰᠡᠨ ᠠᠷᠭ᠎ᠠ ᠪᠠᠷᠢᠯ ᠢ ᠴᠢᠳᠠᠮᠠᠭᠠᠢ ᠬᠡᠷᠡᠭᠯᠡᠨ ᠠᠵᠢᠯ ᠢᠶᠠᠨ ᠠᠬᠢᠭᠤᠯᠬᠤ ᠬᠡᠷᠡᠭᠲᠡᠢ᠃ ᠪᠦᠬᠦ ᠣᠷᠣᠨ ᠤ ᠪᠠᠷᠢᠯᠭ᠎ᠠ ᠶᠢᠨ ᠦᠢᠯᠡᠰ ᠤᠨ ︽ᠲᠤᠭᠠᠴᠢᠯᠠᠯᠳᠠ + ᠨᠢᠭᠡ ᠥᠷᠲᠡᠭᠡ ᠮᠠᠶ᠋ᠢᠭ︾  ᠤᠨ ᠡᠵᠡᠩᠨᠡᠯᠲᠡ ᠶᠢᠨ ᠦᠢᠯᠡᠴᠢᠯᠡᠭᠡᠨ ᠤ ᠲᠠᠪᠴᠠᠩ ᠪᠠᠶᠢᠭᠤᠯᠬᠤ ᠶᠢ ᠠᠬᠢᠭᠤᠯᠵᠤ᠂ ᠪᠠᠷᠢᠯᠭ᠎ᠠ ᠶᠢᠨ ᠦᠢᠯᠡᠰ ᠤᠨ ︽ᠲᠤᠤ ᠪᠦᠦ︾ ᠶᠢ ᠪᠠᠶᠢᠭᠤᠯᠤᠨ᠎ᠠ᠃ ︽ᠭᠤᠷᠪᠠ ᠶᠢ ᠨᠢᠭᠡᠳᠬᠡᠵᠦ ᠬᠤᠶᠠᠷ ᠢ ᠰᠠᠯᠭᠠᠬᠤ᠂ ᠬᠤᠶᠠᠷ ᠢ ᠬᠤᠪᠢᠷᠠᠭᠤᠯᠬᠤ︾ ᠵᠠᠭᠪᠤᠷ ᠢ ᠬᠡᠷᠡᠭᠯᠡᠨ ᠬᠤᠲᠠ ᠶᠢᠨ ᠠᠮᠢ ᠨᠠᠰᠤᠨ ᠤ ᠱᠤᠭᠤᠮ ᠤᠨ ᠠᠮᠤᠷ ᠲᠦᠪᠰᠢᠨ ᠤ ᠢᠨᠵᠧᠨᠧᠷᠢᠩ ᠤᠨ ᠪᠠᠶᠢᠭᠤᠯᠤᠯᠲᠠ ᠶᠢ ᠠᠬᠢᠭᠤᠯᠵᠤ᠂ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠰᠡᠳᠬᠢᠬᠦᠶ ᠪᠠᠷ ᠡᠯ᠎ᠡ ᠵᠦᠢᠯ ᠤᠨ ᠠᠵᠢᠯ ᠢᠶᠠᠨ ᠰᠠᠶᠢᠲᠤᠷ ᠬᠢᠵᠦ᠂ ᠵᠠᠬ᠎ᠠ ᠳᠡᠯᠭᠡᠭᠦᠷᠴᠢᠯᠡᠭᠰᠡᠨ ᠰᠡᠳᠬᠢᠬᠦᠶ ᠶᠢ ᠪᠠᠷᠢᠮᠲᠠᠯᠠᠨ᠂ ᠵᠠᠬ᠎ᠠ ᠳᠡᠯᠭᠡᠭᠦᠷ ᠤᠨ ᠵᠢᠮ᠎ᠡ ᠶᠣᠰᠣ ᠶᠢ ᠬᠡᠷᠡᠭᠯᠡᠬᠦ᠂ ᠵᠠᠬ᠎ᠠ ᠳᠡᠯᠭᠡᠭᠦᠷᠴᠢᠯᠡᠭᠰᠡᠨ ᠰᠡᠳᠬᠢᠬᠦᠶ ᠪᠠᠷ ᠥᠭᠡᠷᠡᠴᠢᠯᠡᠯᠲᠡ ᠶᠢ ᠠᠬᠢᠭᠤᠯᠬᠤ ᠴᠢᠳᠠᠪᠤᠷᠢ ᠪᠠᠨ ᠴᠢᠩᠭᠠᠷᠠᠭᠤᠯᠵᠤ᠂ ᠥᠭᠡᠷᠡᠴᠢᠯᠡᠯᠲᠡ ᠪᠠᠷ ᠵᠠᠮ ᠨᠡᠭᠡᠭᠡᠵᠦ᠂ ᠰᠢᠨ᠎ᠡ ᠶᠢ ᠡᠭᠦᠳᠴᠦ ᠬᠠᠭᠤᠴᠢᠨ ᠢ ᠡᠪᠳᠡᠬᠦ ᠬᠡᠷᠡᠭᠲᠡᠶ᠃ ᠲᠠᠸᠠᠷ ᠤᠨ ᠭᠡᠷ ᠪᠠᠶᠢᠰᠢᠩ ᠢ ᠤᠷᠢᠳᠴᠢᠯᠠᠨ ᠬᠤᠳᠠᠯᠳᠤᠬᠤ ᠪᠠᠷᠢᠮᠵᠢᠶ᠎ᠠ ᠶᠢ ᠠᠯᠬᠤᠮ ᠠᠯᠬᠤᠮ ᠢᠶᠠᠷ ᠳᠡᠭᠡᠭᠰᠢᠯᠡᠭᠦᠯᠵᠦ᠂ ᠪᠡᠯᠡᠨ ᠬᠡᠷ ᠪᠠᠶᠢᠰᠢᠩ ᠢ ᠪᠣᠷᠣᠯᠠᠭᠤᠯᠬᠤ ᠵᠠᠭᠪᠤᠷ ᠢ ᠬᠠᠶᠢᠨ ᠰᠦᠪᠡᠭᠴᠢᠯᠡᠵᠦ᠂ ᠲᠤᠷᠰᠢᠯᠲᠠ ᠶᠢᠨ ᠴᠡᠭ ᠤᠨ ᠲᠤᠷᠰᠢᠯᠭ᠎ᠠ ᠪᠠᠨ ᠳ᠋ᠦᠩᠨᠡᠨ᠂ ︽ᠰᠠᠶᠢᠨ ᠬᠡᠷ ᠪᠠᠶᠢᠰᠢᠩ︾ ᠤᠨ ᠪᠥᠲᠥᠭᠡᠨ ᠪᠠᠶᠢᠭᠤᠯᠤᠯᠲᠠ ᠶᠢ ᠢᠳᠡᠪᠬᠢᠲᠡᠶ ᠰᠤᠳᠤᠯᠤᠨ ᠠᠬᠢᠭᠤᠯᠬᠤ ᠬᠡᠷᠡᠭᠲᠡᠶ ᠭᠡᠵᠤ ᠱᠠᠭᠠᠷᠳᠠᠪᠠ ᠃    ᠬᠤᠷᠠᠯ ᠠᠴᠠ᠂ ᠨᠠᠮ ᠤᠨ ᠪᠠᠶᠢᠭᠤᠯᠤᠯᠲᠠ ᠶᠢ ᠯᠠᠪᠳᠠᠭᠤᠨ ᠪᠠᠲᠤᠲᠠᠢ ᠠᠬᠢᠭᠤᠯᠵᠤ᠂ ᠬᠠᠲᠠᠭᠤ ᠴᠢᠩᠭ᠎ᠠ ᠠᠵᠢᠯ ᠤᠨ ᠰᠤᠷᠲᠠᠯ ᠢᠶᠠᠷ ᠥᠭᠡᠷᠡᠴᠢᠯᠡᠯᠲᠡ ᠶᠢᠨ ᠪᠠᠶᠢᠷᠢᠯᠠᠭᠤᠯᠤᠯᠲᠠ ᠶᠢ ᠪᠣᠳᠠᠲᠠᠢ ᠳᠤ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠭᠠᠷᠭᠠᠬᠤ ᠶᠢ ᠠᠬᠢᠭᠤᠯᠬᠤ ᠬᠡᠷᠡᠭᠲᠡᠢ᠃ ᠠᠷᠪᠠᠨ ᠬᠤᠶᠠᠷ ᠢ ᠲᠥᠪᠯᠡᠷᠡᠭᠦᠯᠦᠨ ᠴᠡᠭᠴᠡᠯᠡᠨ ᠵᠠᠰᠠᠬᠤ ᠠᠵᠢᠯᠯᠠᠭ᠎ᠠ ᠪᠠᠷ ᠭᠠᠷᠳᠠᠴᠠ ᠪᠣᠯᠭᠠᠨ ᠣᠯᠠᠨ ᠲᠦᠮᠡᠨ ᠤ ᠳᠡᠷᠭᠡᠳᠡᠬᠢ ᠲᠥᠪ ᠪᠤᠰᠤ ᠰᠤᠷᠲᠠᠯ ᠪᠠ ᠢᠯᠵᠠᠷᠠᠯ ᠤᠨ ᠠᠰᠠᠭᠤᠳᠠᠯ ᠢ ᠲᠥᠪᠯᠡᠷᠡᠭᠦᠯᠦᠨ ᠴᠡᠭᠴᠡᠯᠡᠨ ᠵᠠᠰᠠᠬᠤ ᠶᠢ ᠠᠬᠢᠭᠤᠯᠵᠤ᠂ ᠪᠥᠬᠦ ᠣᠷᠣᠨ ᠤ ᠣᠷᠣᠨ ᠰᠠᠭᠤᠴᠠ ᠶᠢᠨ ᠪᠥᠲᠥᠭᠡᠨ ᠪᠠᠶᠢᠭᠤᠯᠤᠯᠲᠠ ᠪᠠ ᠠᠮᠢ ᠠᠬᠤᠶ ᠣᠷᠴᠢᠨ ᠲᠣᠭᠤᠷᠢᠨ ᠤ ᠬᠦᠷᠢᠶᠡᠨ ᠳᠠᠬᠢ ᠬᠠᠤᠯᠢ ᠠᠴᠠ ᠵᠥᠷᠢᠴᠡᠭᠰᠡᠨ ᠠᠰᠠᠭᠤᠳᠠᠯ ᠢ ᠲᠥᠪᠯᠡᠷᠡᠭᠦᠯᠦᠨ ᠴᠡᠭᠴᠡᠯᠡᠨ ᠵᠠᠰᠠᠬᠤ ᠲᠤᠰᠬᠠᠶ ᠠᠵᠢᠯᠯᠠᠭ᠎ᠠ ᠶᠢ ᠦᠷᠭᠦᠯᠵᠢᠯᠡᠨ ᠠᠬᠢᠭᠤᠯᠤᠨ᠎ᠠ ᠭᠡᠵᠤ ᠴᠢᠬᠤᠯᠠᠴᠢᠯᠠᠪᠠ᠃    ᠬᠤᠷᠠᠯ ᠠᠴᠠ᠂ ᠤᠬᠠᠮᠰᠠᠷ ᠠᠴᠠ ᠪᠠᠨ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠶᠡᠭᠡ ᠲᠠᠯ᠎ᠠ ᠠᠴᠠ ᠣᠷᠣᠨ ᠰᠠᠭᠤᠴᠠ ᠶᠢᠨ ᠪᠦᠳᠦᠬᠡᠨ ᠪᠠᠶᠢᠭᠤᠯᠤᠯᠲᠠ ᠶᠢᠨ ᠪᠠᠶᠢᠷᠢᠰᠢᠯ ᠢᠶᠠᠨ ᠣᠨᠣᠪᠴᠢᠲᠠᠢ ᠣᠯᠵᠤ᠂ ᠥᠭᠡᠷᠡᠴᠢᠯᠡᠯᠲᠡ ᠶᠢᠨ ᠵᠠᠩᠭᠢᠯᠠᠭ᠎ᠠ ᠶᠢᠨ ᠠᠷᠭ᠎ᠠ ᠶᠢ ᠰᠠᠶᠢᠲᠤᠷ ᠬᠡᠷᠡᠭᠯᠡᠵᠦ᠂ ᠪᠦᠳᠦᠬᠡᠨ ᠪᠠᠶᠢᠭᠤᠯᠤᠯᠲᠠ ᠶᠢᠨ ᠬᠦᠷᠢᠶᠡᠨ ᠤ ᠭᠤᠣᠯᠳᠠᠯᠭ᠎ᠠ᠂ ᠬᠦᠴᠢᠷᠳᠡᠯ᠂ ᠲᠦᠭᠵᠢᠷᠡᠯ ᠢ ᠴᠢᠩᠭ᠎ᠠ ᠠᠩᠬᠠᠷᠴᠤ ᠪᠣᠭᠤᠮᠲᠠ ᠰᠢᠪᠲᠤᠯᠤᠨ ᠬᠠᠷᠰᠢ ᠰᠠᠭᠠᠳ ᠢ ᠠᠷᠢᠯᠭᠠᠬᠤ ᠠᠵᠢᠯᠯᠠᠭ᠎ᠠ ᠶᠢ ᠲᠥᠯᠥᠪᠵᠢᠭᠦᠯᠦᠨ ᠬᠡᠷᠡᠭᠵᠢᠭᠦᠯᠵᠦ᠂ ᠡᠯ᠎ᠡ ᠵᠦᠢᠯ ᠤᠨ ᠥᠭᠡᠷᠡᠴᠢᠯᠡᠯᠲᠡ ᠶᠢᠨ ᠡᠭᠦᠷᠭᠡ ᠶᠢᠨ ᠨᠠᠶᠢᠳᠠᠪᠤᠷᠢᠵᠢᠭᠤᠯᠤᠯᠲᠠ ᠶᠢ ᠪᠦᠬᠦ ᠬᠦᠴᠦᠨ ᠢᠶᠠᠷ ᠢᠶᠠᠨ ᠰᠠᠶᠢᠲᠤᠷ ᠠᠳᠬᠤᠵᠤ᠂ ᠬᠤᠶᠠᠷ ᠶᠡᠭᠡ ᠶᠠᠪᠤᠳᠠᠯ ᠢ ᠰᠠᠶᠢᠲᠤᠷ ᠬᠢᠬᠦ ᠳᠤ ᠲᠠᠰᠤᠷᠠᠯᠲᠠ ᠦᠭᠡᠢ ᠰᠢᠨ᠎ᠡ ᠦᠷ᠎ᠡ ᠪᠦᠲᠦᠭᠡᠯ ᠤᠯᠬᠤ ᠶᠢ ᠠᠬᠢᠭᠤᠯᠵᠤ᠂ ᠰᠢᠨ᠎ᠡ ᠵᠠᠮ ᠢᠶᠠᠷ ᠵᠠᠮᠨᠠᠵᠤ ᠳᠤᠮᠳᠠ ᠤᠷᠤᠰᠬᠠᠯ ᠳᠤ ᠣᠷᠣᠬᠤ ᠬᠠᠷᠠᠯᠲᠠ ᠲᠡᠰᠢ ᠤᠷᠤᠭᠰᠢᠯᠠᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠭᠰᠠᠨ ᠥᠪᠥᠷ ᠮᠣᠩᠭᠤᠯ ᠤᠨ ᠰᠢᠨ᠎ᠡ ᠬᠠᠭᠤᠳᠠᠰᠤ ᠶᠢ ᠰᠠᠶᠢᠲᠤᠷ ᠪᠢᠴᠢᠭᠯᠡᠵᠦ᠂ ᠡᠬᠡ ᠤᠯᠤᠰ ᠤᠨ ᠤᠮᠠᠷᠠᠲᠤ ᠬᠢᠯᠢ ᠶᠢᠨ ᠦᠵᠡᠮᠵᠢ ᠶᠢᠨ ᠣᠷᠣᠨ ᠢ ᠨᠡᠩ ᠦᠵᠡᠰᠬᠦᠯᠡᠩᠲᠦ ᠰᠠᠶᠢᠬᠠᠨ ᠪᠣᠯᠭᠠᠨ ᠪᠦᠳᠦᠬᠡᠨ ᠪᠠᠶᠢᠭᠤᠯᠬᠤ ᠬᠡᠷᠡᠭᠲᠡᠢ ᠭᠡᠵᠦ ᠱᠠᠭᠠᠷᠳᠠᠪᠠ᠃ 
ᠢᠷᠡᠯᠲᠡ᠄ ᠲᠢᠩᠬᠢᠮ ᠤᠨ ᠪᠠᠶᠢᠭᠤᠯᠭ᠎ᠠ ᠶᠢᠨ ᠨᠠᠮ ᠤᠨ ᠬᠤᠷᠢᠶ᠎ᠠ
Baidu
map