2024 ᠣᠨ ᠤ ᠭᠤᠴᠢᠨ ᠬᠤᠶᠠᠳᠤᠭᠠᠷ ᠪᠦᠯᠦᠭ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠵᠦᠢᠯᠡᠰ ᠢ ᠬᠢᠨᠠᠨ ᠪᠠᠶᠢᠴᠠᠭᠠᠭᠰᠠᠨ ᠰᠠᠨᠠᠯ ᠤᠨ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠢᠩᠬᠢᠮ ᠤᠨ ᠨᠡᠶᠢᠳᠡᠯᠡᠯ
ᠨᠡᠶᠢᠲᠡᠯᠡᠭᠰᠡᠨ ᠴᠠᠭ᠄
2024/8/25
    ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠠᠰᠠᠭ ᠵᠠᠬᠢᠷᠭᠠᠨ ᠤ ᠵᠥᠪᠰᠢᠶᠡᠷᠡᠯ ᠤᠨ ᠬᠠᠤᠯᠢ︾ ᠵᠢᠴᠢ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠬᠦᠷᠢᠶᠡᠨ ᠳᠠᠬᠢ ᠠᠵᠤ ᠠᠬᠤᠶᠢᠯᠠᠯ ᠤᠨ ᠬᠢᠷᠢ ᠬᠡᠮ ᠤᠨ ᠬᠠᠮᠢᠶᠠᠷᠤᠯᠲᠠ ᠶᠢᠨ ᠬᠤᠯᠪᠣᠭᠳᠠᠯ ᠪᠥᠬᠦᠶ ᠲᠣᠭᠲᠠᠭᠠᠯ ᠶᠣᠰᠣᠭᠠᠷ᠂ ᠮᠠᠨ ᠤ ᠲᠢᠩᠬᠢᠮ ᠠᠴᠠ 2024 ᠣᠨ ᠤ ᠭᠤᠴᠢᠨ ᠬᠤᠶᠠᠳᠤᠭᠠᠷ ᠪᠦᠯᠦᠭ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠵᠦᠢᠯᠡᠰ ᠤᠨ ᠭᠤᠶᠤᠴᠢᠯᠠᠨ ᠮᠡᠳᠡᠭᠦᠯᠬᠦ ᠮᠠᠲ᠋ᠧᠷᠢᠶᠠᠯ ᠢ ᠬᠢᠨᠠᠨ ᠪᠠᠶᠢᠴᠠᠭᠠᠵᠤ᠂ ᠣᠳᠣ 2 ᠬᠠᠶᠢᠨ ᠪᠠᠶᠢᠴᠠᠭᠠᠵᠤ ᠵᠢᠷᠤᠵᠤ ᠲᠥᠯᠥᠪᠯᠡᠬᠦ ᠠᠵᠤ ᠠᠬᠤᠶᠢᠯᠠᠯ᠂12 ᠪᠠᠷᠢᠯᠭ᠎ᠠ ᠶᠢᠨ ᠦᠢᠯᠡᠰ ᠤᠨ ᠠᠵᠤ ᠠᠬᠤᠶᠢᠯᠠᠯ᠂2 ᠪᠦᠲᠦᠭᠡᠨ ᠪᠠᠶᠢᠭᠤᠯᠤᠯᠲᠠ ᠶᠢᠨ ᠢᠨᠵᠧᠨᠧᠷᠢᠩ ᠤᠨ ᠬᠢᠨᠠᠨ ᠬᠠᠮᠢᠶᠠᠷᠬᠤ ᠠᠵᠤ ᠠᠬᠤᠶᠢᠯᠠᠯ᠂10 ᠪᠦᠲᠦᠭᠡᠨ ᠪᠠᠶᠢᠭᠤᠯᠤᠯᠲᠠ ᠶᠢᠨ ᠢᠨᠵᠧᠨᠧᠷᠢᠩ ᠤᠨ ᠪᠠᠶᠢᠴᠠᠭᠠᠨ ᠬᠡᠮᠵᠢᠬᠦ ᠪᠠᠶᠢᠭᠤᠯᠤᠮᠵᠢ᠂ 46 ᠪᠠᠷᠢᠯᠭ᠎ᠠ ᠶᠢᠨ ᠦᠢᠯᠡᠰ ᠤᠨ ᠠᠵᠤ ᠠᠬᠤᠶᠢᠯᠠᠯ ᠤᠨ ᠠᠶᠤᠯᠭᠦᠢ ᠦᠢᠯᠡᠳᠪᠦᠷᠢᠯᠡᠯ ᠤᠨ ᠵᠥᠪᠰᠢᠶᠡᠷᠡᠯ ᠤᠨ ᠦᠨᠡᠮᠯᠡᠯ ᠢ ᠬᠢᠨᠠᠨ ᠪᠠᠶᠢᠴᠠᠭᠠᠭᠰᠠᠨ ᠰᠠᠨᠠᠯ ᠤᠨ ᠨᠡᠷᠡᠰ ︵ᠳᠠᠭᠠᠯᠳᠤᠭᠤᠯᠤᠯ ᠳᠤ ᠦᠵᠡ︶ ᠢ ᠨᠡᠶᠢᠲᠡᠯᠡᠨ᠎ᠡ᠃ ᠬᠢᠨᠠᠨ ᠪᠠᠶᠢᠴᠠᠭᠠᠭᠰᠠᠨ ᠰᠠᠨᠠᠯ ᠢ 2024 ᠣᠨ ᠤ 8 ᠳ᠋ᠤᠭᠠᠷ ᠰᠠᠷ᠎ᠠ ᠶᠢᠨ 29 ᠤ ᠡᠳᠦᠷ ᠤᠨ 17 ᠴᠠᠭ 30 ᠮᠢᠨᠦ᠋ᠲ ᠬᠦᠷᠲᠡᠯ᠎ᠡ ᠨᠡᠶᠢᠲᠡᠯᠡᠵᠦ᠂ ᠨᠡᠶᠢᠲᠡᠯᠡᠭᠰᠡᠨ ᠰᠠᠨᠠᠯ ᠳᠤ ᠣᠨᠳᠣᠤ ᠰᠠᠨᠠᠯ ᠲᠠᠢ ᠪᠤᠶᠤ ᠠᠰᠠᠭᠤᠳᠠᠯ ᠲᠠᠢ ᠪᠠᠶᠢᠪᠠᠯ ᠂ ᠵᠥᠪᠳᠡᠭᠡᠨ ᠲᠣᠳᠣᠷᠬᠠᠶᠢᠯᠠᠬᠤ ᠪᠠᠷ ᠳᠤᠷᠠᠳᠴᠤ ᠪᠣᠯᠤᠨ᠎ᠠ᠂ ᠬᠢᠨᠠᠨ ᠪᠠᠶᠢᠴᠠᠭᠠᠭᠰᠠᠨ ᠰᠠᠨᠠᠯ ᠳᠤ ᠪᠠᠲᠤᠯᠠᠭᠳᠠᠭᠰᠠᠨ ᠥᠬᠡᠶ ᠠᠵᠤ ᠠᠬᠤᠶᠢᠯᠠᠯ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠰᠢᠰᠲ᠋ᠧᠮ ᠠᠴᠠ ᠪᠣᠳᠠᠲᠠᠶ ᠰᠠᠨᠠᠯ ᠢ ᠦᠵᠡᠵᠦ ᠪᠣᠯᠤᠨ᠎ᠠ᠃    ᠶᠠᠮᠠᠷᠪᠠ ᠬᠤᠯᠪᠣᠭᠳᠠᠯ ᠪᠥᠬᠦᠶ ᠨᠢᠭᠡᠴᠢ ᠵᠢᠴᠢ ᠬᠤᠪᠢ ᠬᠥᠮᠦᠨ ᠠᠴᠠ ᠬᠡᠷᠪᠡ ᠠᠵᠤ ᠠᠬᠤᠶᠢᠯᠠᠯ ᠤᠨ ᠮᠡᠳᠡᠭᠦᠯᠦᠭᠰᠡᠨ ᠬᠢᠷᠢ ᠬᠡᠮ ᠤᠨ ᠪᠠᠶᠢᠳᠠᠯ ᠳᠤ ᠣᠨᠳᠣᠤ ᠰᠠᠨᠠᠯ ᠲᠠᠢ ᠪᠠᠶᠢᠪᠠᠯ᠂ ᠴᠥᠮ ᠮᠠᠨ ᠤ ᠲᠢᠩᠬᠢᠮ ᠳᠤ ᠪᠠᠶᠢᠳᠠᠯ ᠢᠶᠠᠨ ᠲᠤᠰᠬᠠᠵᠤ ᠪᠣᠯᠤᠨ᠎ᠠ᠂ ᠨᠢᠭᠡᠴᠢ ᠠᠴᠠ ᠪᠠᠶᠢᠳᠠᠯ ᠢᠶᠠᠨ ᠲᠤᠰᠬᠠᠬᠤ ᠳᠤ ᠠᠯᠪᠠᠨ ᠲᠠᠮᠠᠭ᠎ᠠ ᠪᠠᠨ ᠳᠠᠷᠤᠬᠤ ᠴᠢᠬᠤᠯᠠᠲᠠᠶ᠂ ᠬᠤᠪᠢ ᠬᠥᠮᠦᠨ ᠠᠴᠠ ᠪᠠᠶᠢᠳᠠᠯ ᠢᠶᠠᠨ ᠲᠤᠰᠬᠠᠬᠤ ᠳᠤ ᠦᠨᠡᠨ ᠪᠣᠳᠠᠲᠠᠶ ᠣᠪᠣᠭ ᠨᠡᠷ᠎ᠡ  ᠶᠢᠨ ᠭᠠᠷ ᠤᠨ ᠦᠰᠦᠭ ᠵᠢᠷᠤᠬᠤ ᠶᠢᠨ ᠬᠠᠮᠲᠤ ᠬᠠᠷᠢᠯᠴᠠᠬᠤ ᠤᠲᠠᠰᠤ᠂ ᠬᠠᠶ᠋ᠢᠭ ᠪᠠ ᠰᠢᠤᠳᠠᠨ ᠤ ᠳ᠋ᠤᠭᠠᠷ ᠢᠶᠠᠨ ᠦᠯᠡᠳᠡᠭᠡᠬᠦ ᠬᠡᠷᠡᠭᠲᠡᠶ᠃ ᠮᠠᠲ᠋ᠧᠷᠢᠶᠠᠯ ᠢᠶᠠᠨ ᠰᠢᠦᠳᠠᠨ ᠢᠶᠠᠷ ᠢᠯᠡᠭᠡᠨ ᠮᠡᠳᠡᠭᠦᠯᠦᠨ ᠬᠦᠷᠭᠡᠭᠰᠡᠨ ᠠᠵᠤ ᠠᠬᠤᠶᠢᠯᠠᠯ ᠪᠤᠶᠤ ᠬᠤᠪᠢ ᠬᠥᠮᠦᠨ ᠡᠷᠬᠡᠪᠰᠢ ᠬᠠᠷᠢᠯᠴᠠᠬᠤ ᠠᠷᠭ᠎ᠠ ᠪᠠᠨ ᠦᠯᠡᠳᠡᠭᠡᠵᠦ᠂ ᠬᠡᠷᠡᠭᠴᠡᠭᠡ ᠳᠤ ᠪᠠᠨ ᠪᠡᠯᠡᠳᠬᠡᠬᠦ ᠬᠡᠷᠡᠭᠲᠡᠶ᠃    ᠬᠠᠷᠢᠯᠴᠠᠬᠤ ᠤᠲᠠᠰᠤ᠄ 0471-6944058᠂0471-6944062    ᠬᠠᠷᠢᠯᠴᠠᠬᠤ ᠬᠠᠶ᠋ᠢᠭ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠥᠬᠡᠬᠤᠲᠠ ᠶᠢᠨ ᠰᠠᠶᠢᠬᠠᠨ ᠲᠣᠭᠤᠷᠢᠭ ᠤᠨ ᠴᠡᠯᠡᠭᠡᠷ ᠲᠠᠯ᠎ᠠ ᠶᠡᠭᠡ ᠵᠡᠭᠡᠯᠢ ᠶᠢᠨ 6 ᠳ᠋ᠤᠭᠠᠷ ᠲᠣᠭᠠᠲᠤ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ ᠶᠢᠨ 12 ᠳ᠋ᠤᠭᠠᠷ ᠳᠠᠪᠬᠤᠷᠯᠢᠭ ᠤᠨ ᠶᠡᠷᠦᠩᠬᠡᠶᠢᠯᠡᠭᠰᠡᠨ ᠴᠣᠩᠬᠤᠳᠠᠭᠠᠯᠳᠤᠭᠤᠯᠤᠯ᠄     1. ᠭᠤᠴᠢᠨ ᠬᠤᠶᠠᠳᠤᠭᠠᠷ ᠪᠦᠯᠦᠭ ᠬᠠᠶᠢᠨ ᠪᠠᠶᠢᠴᠠᠭᠠᠵᠤ ᠵᠢᠷᠤᠵᠤ ᠲᠥᠯᠥᠪᠯᠡᠬᠦ ᠠᠵᠤ ᠠᠬᠤᠶᠢᠯᠠᠯ ᠤᠨ ᠬᠢᠷᠢ ᠬᠡᠮ ᠢ ᠬᠢᠨᠠᠨ ᠪᠠᠶᠢᠴᠠᠭᠠᠭᠰᠠᠨ ᠰᠠᠨᠠᠯ    2. ᠭᠤᠴᠢᠨ ᠬᠤᠶᠠᠳᠤᠭᠠᠷ ᠪᠦᠯᠦᠭ ᠪᠠᠷᠢᠯᠭ᠎ᠠ ᠶᠢᠨ ᠦᠢᠯᠡᠰ ᠤᠨ ᠠᠵᠤ ᠠᠬᠤᠶᠢᠯᠠᠯ ᠤᠨ ᠬᠢᠷᠢ ᠬᠡᠮ ᠢ ᠬᠢᠨᠠᠨ ᠪᠠᠶᠢᠴᠠᠭᠠᠭᠰᠠᠨ ᠰᠠᠨᠠᠯ    3. ᠭᠤᠴᠢᠨ ᠬᠤᠶᠠᠳᠤᠭᠠᠷ ᠪᠦᠯᠦᠭ ᠬᠢᠨᠠᠨ ᠬᠠᠮᠢᠶᠠᠷᠬᠤ ᠠᠵᠤ ᠠᠬᠤᠶᠢᠯᠠᠯ ᠤᠨ ᠬᠢᠷᠢ ᠬᠡᠮ ᠢ ᠬᠢᠨᠠᠨ ᠪᠠᠶᠢᠴᠠᠭᠠᠭᠰᠠᠨ ᠰᠠᠨᠠᠯ    4. ᠭᠤᠴᠢᠨ ᠬᠤᠶᠠᠳᠤᠭᠠᠷ ᠪᠦᠯᠦᠭ ᠪᠦᠲᠦᠭᠡᠨ ᠪᠠᠶᠢᠭᠤᠯᠤᠯᠲᠠ ᠶᠢᠨ ᠢᠨᠵᠧᠨᠧᠷᠢᠩ ᠤᠨ ᠶᠠᠰᠤ ᠴᠢᠨᠠᠷ ᠢ ᠪᠠᠶᠢᠴᠠᠭᠠᠨ ᠬᠡᠮᠵᠢᠬᠦ ᠪᠠᠶᠢᠭᠤᠯᠤᠮᠵᠢ ᠶᠢᠨ ᠬᠢᠷᠢ ᠬᠡᠮ ᠢ ᠬᠢᠨᠠᠨ ᠪᠠᠶᠢᠴᠠᠭᠠᠭᠰᠠᠨ ᠰᠠᠨᠠᠯ    5. ᠭᠤᠴᠢᠨ ᠬᠤᠶᠠᠳᠤᠭᠠᠷ ᠪᠠᠷᠢᠯᠭ᠎ᠠ ᠶᠢᠨ ᠦᠢᠯᠡᠰ ᠤᠨ ᠠᠵᠤ ᠠᠬᠤᠶᠢᠯᠠᠯ ᠤᠨ ᠠᠶᠤᠯᠭᠦᠢ ᠦᠢᠯᠡᠳᠪᠦᠷᠢᠯᠡᠯ ᠤᠨ ᠵᠥᠪᠰᠢᠶᠡᠷᠡᠯ ᠤᠨ ᠦᠨᠡᠮᠯᠡᠯ ᠤᠨ ᠬᠢᠷᠢ ᠬᠡᠮ ᠢ ᠬᠢᠨᠠᠨ ᠪᠠᠶᠢᠴᠠᠭᠠᠭᠰᠠᠨ ᠰᠠᠨᠠᠯ         2024 ᠣᠨ ᠤ 8 ᠳ᠋ᠤᠭᠠᠷ ᠰᠠᠷ᠎ᠠ ᠶᠢᠨ 23 ᠤ ᠡᠳᠦᠷ
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠢᠩᠬᠢᠮ
Baidu
map